︽ᠨᠠᠮ ᠤᠨ ᠠᠴᠢ ᠡᠨᠡᠷᠢᠯ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠰᠢᠭᠤᠶᠢᠲᠤ ᠣᠷᠣᠨ ᠤ ᠵᠡᠮᠳᠡᠭᠴᠦᠳ ᠤᠨ ᠬᠤᠯᠪᠤᠭ᠎ᠠ ᠶᠢᠨ ᠬᠢᠨ ᠳᠡᠯᠡᠬᠡᠢ ᠶᠢᠨ ᠭᠤᠪᠢᠲᠠᠯ ᠡᠪᠡᠳᠴᠢᠨᠲᠦ ᠡᠳᠦᠷ ᠤᠨ ᠲᠣᠭᠯᠠᠭᠠᠮ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/17
        2024 ᠣᠨ ᠤ 4 ᠰᠠᠷ᠎ᠠ ᠶᠢᠨ 2 ᠤ ᠡᠳᠦᠷ ᠪᠣᠯ ᠠᠷᠪᠠᠨ ᠳᠣᠯᠣᠳᠤᠭᠠᠷ ᠤᠳᠠᠭ᠎ᠠ ᠶᠢᠨ ᠳᠡᠯᠡᠬᠡᠢ ᠶᠢᠨ ᠥᠨᠥᠴᠢᠨ ᠥᠷᠥᠭᠡᠰᠦᠨ ᠡᠪᠡᠳᠴᠢᠨᠲᠦ ᠡᠳᠦᠷ ᠪᠣᠯᠣᠨ᠎ᠠ᠂ ᠨᠡᠩ ᠣᠯᠠᠨ ᠬᠥᠮᠥᠰ ᠲᠤ ᠡᠨᠡᠬᠦ ᠪᠦᠯᠦᠭ ︽ᠣᠳᠣᠨ︾  ᠢ ᠣᠶᠢᠯᠠᠭᠠᠭᠤᠯᠬᠤ ᠶᠢᠨ ᠲᠥᠯᠥᠭᠡ᠂ ᠰᠢᠭᠤᠶᠢᠲᠤ ᠲᠣᠭᠤᠷᠢᠭ ᠤᠨ ᠵᠡᠮᠳᠡᠭᠴᠦᠳ ᠤᠨ ᠬᠤᠯᠪᠤᠭ᠎ᠠ ᠲᠤᠰ ᠡᠳᠦᠷ ᠪᠠᠳᠺᠠᠷ ᠵᠣᠣ ᠪᠠᠯᠭᠠᠰᠤ ᠶᠢᠨ ᠵᠡᠮᠳᠡᠭᠴᠦᠳ ᠤᠨ ᠬᠤᠯᠪᠤᠭ᠎ᠠ᠂ ᠶᠡᠭᠡ ᠰᠣᠷᠢᠨᠵᠢᠨ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠤᠭ᠎ᠠ᠂ ᠰᠢᠭᠤᠶᠢᠲᠤ ᠲᠣᠭᠤᠷᠢᠭ ᠤᠨ ᠣᠶᠤᠨ ᠤ ᠨᠡᠶᠢᠭᠡᠮᠯᠢᠭ᠂ ᠰᠢᠭᠤᠶᠢᠲᠤ ᠲᠣᠭᠤᠷᠢᠭ ᠤᠨ ᠵᠡᠮᠳᠡᠭᠴᠦᠳ ᠤᠨ ᠨᠡᠶᠢᠭᠡᠮᠯᠢᠭ᠂ ᠪᠠᠢ ᠼᠤᠤ ᠭᠧᠦ ᠲᠣᠰᠬᠤᠨ ᠤ ᠵᠡᠮᠳᠡᠭᠴᠦᠳ ᠤᠨ ᠨᠡᠶᠢᠭᠡᠮᠯᠢᠭ ︽ᠪᠦᠭᠦ ᠠᠮᠢᠳᠤᠷᠠᠯ ᠤᠨ ᠪᠦᠭᠦ ᠲᠠᠯ᠎ᠠ ᠶᠢᠨ ᠬᠠᠶᠢᠷ᠎ᠠ ᠬᠠᠯᠠᠮᠵᠢ︾ ᠪᠠᠷ ᠭᠤᠣᠯ ᠰᠡᠳᠦᠪ ᠪᠣᠯᠭᠠᠨ᠂ ᠪᠠᠢ ᠼᠤᠤ ᠭᠧᠦ ᠲᠣᠰᠬᠤᠨ ᠤ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠰᠣᠨᠢᠷᠬᠠᠯᠳᠤ ᠲᠣᠭᠯᠠᠭᠠᠮ ᠤᠨ ᠠᠵᠢᠯᠯᠠᠭ᠎ᠠ ᠥᠷᠨᠢᠭᠦᠯᠵᠦ᠂ ᠵᠡᠮᠳᠡᠭᠴᠦᠳ ᠢ ᠬᠠᠪᠰᠤᠷᠴᠤ ᠬᠠᠷᠠᠭᠠᠯᠵᠠᠬᠤ ᠨᠠᠮ ᠤᠨ ᠲᠥᠷᠥ ᠶᠢᠨ ᠪᠣᠳᠣᠯᠭ᠎ᠠ ᠶᠢ ᠨᠠᠷᠢᠨ ᠲᠠᠶᠢᠯᠪᠤᠷᠢᠯᠠᠵᠠᠢ᠃ 
1712544834278097326.png
        ᠪᠡᠳᠬᠡᠷ ᠵᠣᠣ ᠪᠠᠯᠭᠠᠰᠤ ᠶᠢᠨ ᠵᠡᠮᠳᠡᠭᠴᠦᠳ ᠤᠨ ᠬᠤᠯᠪᠤᠭ᠎ᠠ ᠶᠢᠨ ᠺᠠᠲᠷ ᠵᠣᠣ ᠰᠢᠶᠣᠣ ᠵᠢᠤᠸᠠᠨ ᠪᠣᠯᠣᠨ ᠵᠡᠮᠳᠡᠭ ᠬᠥᠮᠥᠰ ᠬᠠᠮᠲᠤᠪᠠᠷ ᠨᠠᠶᠢᠷᠠᠯ ᠳᠠᠭᠤᠤ ᠳᠠᠭᠤᠯᠠᠵᠤ᠂ ᠳᠠᠶᠠᠭᠠᠷ ᠮᠠᠭᠲᠠᠨ ᠳᠠᠭᠤᠯᠠᠭᠰᠠᠨ ᠪᠠᠶᠢᠨ᠎ᠠ᠃ᠢᠷᠠᠭᠤ ᠰᠠᠶᠢᠬᠠᠨ ᠳᠠᠭᠤᠤ ᠪᠠᠷ ᠢᠶᠠᠨ ᠦᠨᠡᠨ ᠰᠡᠳᠬᠢᠯ ᠤᠨ ᠵᠥᠪ ᠰᠡᠳᠬᠢᠯ ᠢᠶᠠᠨ ᠢᠯᠡᠷᠬᠡᠶᠢᠯᠡᠵᠦ᠂ ᠡᠨᠡ ᠠᠷᠭ᠎ᠠ ᠬᠡᠮᠵᠢᠶᠡᠨ ᠳᠤ ᠬᠥᠰᠢᠭ ᠢ ᠨᠡᠭᠡᠭᠡᠯᠭᠡᠵᠦ᠂ ᠵᠣᠬᠢᠬᠤ ᠥᠩᠭᠡ ᠠᠶᠠᠰ ᠣᠯᠭᠤᠪᠠ᠃ ᠳᠠᠷᠠᠭ᠎ᠠ ᠨᠢ᠂ ᠰᠣᠨᠢᠷᠬᠠᠯᠲᠠᠢ ᠠᠵᠢᠯᠯᠠᠭ᠎ᠠ ᠨᠤᠭᠤᠳ ᠲᠠᠰᠤᠷᠠᠯᠲᠠ ᠦᠭᠡᠢ ᠥᠷᠨᠢᠭᠰᠡᠨ ᠪᠥᠭᠡᠳ ᠦᠶ᠋ᠯᠡᠳᠡᠭᠰᠡᠨ ᠳᠡᠭᠡᠰᠦ᠂ ᠰᠠᠮᠤᠷ᠂ ᠰᠤᠪᠤᠳ ᠣᠷᠬᠢᠭᠳᠠᠭᠰᠠᠨ᠂ ᠵᠢᠵᠢᠭ ᠲᠣᠭᠯᠠᠭᠠᠮ ᠵᠣᠬᠢᠶᠠᠨ᠂ ᠵᠡᠮᠳᠡᠭᠴᠦᠳ ᠤᠨ ᠲᠠᠷᠢᠬᠢ ᠬᠥᠳᠡᠯᠭᠡᠬᠦ ᠴᠢᠳᠠᠪᠤᠷᠢ ᠶᠢ ᠨᠡᠮᠡᠭᠳᠡᠭᠦᠯᠵᠦ᠂ ᠬᠥᠳᠡᠯᠭᠡᠭᠡᠨ ᠳᠤ ᠣᠷᠣᠯᠴᠠᠳᠠᠭ ᠵᠡᠮᠳᠡᠭᠴᠦᠳ ᠥᠪᠡᠷ ᠤᠨ ᠴᠢᠳᠠᠪᠤᠷᠢ ᠪᠠᠨ ᠪᠠᠶᠠᠷᠲᠠᠢ ᠳᠡᠯᠭᠡᠨ ᠦᠵᠡᠭᠦᠯᠵᠦ᠂ ᠥᠪᠡᠷ ᠤᠨ ᠴᠢᠷᠮᠠᠶᠢᠯᠲᠠ ᠪᠠᠷ ᠢᠶᠠᠨ ᠱᠠᠩᠨᠠᠯ ᠭᠥᠷᠳᠡᠭᠰᠡᠨ ᠪᠠᠶᠢᠨ᠎ᠠ᠃ 
        ︽ᠡᠶᠢᠮᠦ ᠨᠢᠭᠡ ᠪᠦᠯᠦᠭ ᠣᠨᠴᠠᠭᠠᠢ ᠬᠥᠮᠥᠰ ᠪᠠᠶᠢᠳᠠᠭ᠂ ᠲᠡᠳᠡ ᠥᠪᠡᠷ ᠤᠨ ᠶᠢᠷᠲᠢᠨᠴᠦ ᠳᠡᠭᠡᠨ ᠲᠡᠨᠦᠵᠦ᠂ ᠶᠠᠭ ᠯᠠ ᠰᠥᠨᠢ ᠶᠢᠨ ᠣᠭᠲᠠᠷᠭᠤᠢ ᠳᠤ ᠣᠳᠣᠳ ᠮᠡᠲᠦ᠂ ᠭᠡᠷᠡᠯ ᠭᠢᠯᠪᠠᠭ᠎ᠠ ᠲᠠᠢ᠂ ᠭᠤᠶᠣ ᠰᠠᠶᠢᠬᠠᠨ᠂ ᠪᠠᠰᠠ ᠠᠯᠤᠰ ᠬᠤᠯᠠ᠂ ᠨᠢᠭᠤᠴᠠ ᠳᠠᠯᠳᠠ ᠪᠠᠶᠢᠳᠠᠭ᠂ ᠲᠡᠳᠡ ᠪᠣᠯ  > ᠁ ᠠᠵᠢᠯᠯᠠᠭ᠎ᠠ ᠳᠤᠮᠳᠠ᠂ ᠵᠣᠣ ᠰᠢᠶᠣᠣ ᠵᠢᠤᠸᠠᠨ ᠵᠡᠮᠳᠡᠭᠴᠦᠳ ᠲᠤ ᠭᠠᠭᠴᠠᠭᠠᠷᠳᠠᠮᠠᠯ ᠡᠪᠡᠳᠴᠢᠨ᠂ ᠶᠠᠭᠠᠬᠢᠭᠠᠳ ᠠᠩᠬ᠎ᠠ ᠤᠳᠠᠭ᠎ᠠ ᠭᠠᠭᠴᠠᠭᠠᠷᠳᠠᠭᠰᠠᠨ ᠡᠪᠡᠳᠴᠢᠨ ᠢ ᠢᠯᠭᠠᠨ ᠲᠠᠨᠢᠬᠤ ᠪᠤᠢ ᠭᠡᠳᠡᠭ ᠨᠢ ᠲᠣᠳᠣᠷᠬᠠᠢ ᠪᠥᠭᠡᠳ ᠶᠡᠷᠦᠩᠬᠡᠢ ᠱᠦᠵᠢ ᠱᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠩ ᠰᠡᠳᠬᠢᠯ ᠤᠨ ᠬᠦᠰᠡᠯ ᠡᠷᠡᠮᠡᠯᠵᠡᠯ ᠢ ᠨᠢ ᠲᠠᠶᠢᠯᠪᠤᠷᠢᠯᠠᠵᠤ᠂ ᠪᠠᠰᠠ ᠵᠡᠮᠳᠡᠭᠴᠦᠳ ᠤᠨ ᠦᠢᠯᠡᠰ ᠤᠨ ᠪᠦᠭᠦ ᠲᠠᠯ᠎ᠠ ᠪᠠᠷ ᠬᠥᠭᠵᠢᠬᠦ ᠪᠠᠶᠠᠷᠯᠠᠭᠤᠰᠢᠲᠠᠢ ᠪᠠᠶᠢᠳᠠᠯ ᠢ ᠦᠭᠡ ᠶᠠᠷᠢᠵᠤ᠂ ᠵᠡᠮᠳᠡᠭᠴᠦᠳ ᠲᠤ ᠨᠡᠩ ᠭᠦᠨᠵᠡᠭᠡᠢ ᠣᠶᠢᠯᠠᠭᠠᠭᠤᠯᠤᠭᠰᠠᠨ ᠵᠣᠯ ᠵᠢᠷᠭᠠᠯᠲᠤ ᠠᠮᠢᠳᠤᠷᠠᠯ ᠤᠨ ᠢᠷᠡᠯᠲᠡ ᠪᠣᠯ ᠳᠠᠷᠤᠢ ᠨᠠᠮ ᠤᠨ ᠵᠡᠮᠳᠡᠭᠴᠦᠳ ᠢ ᠲᠤᠰᠠᠯᠠᠬᠤ ᠲᠥᠷᠥ ᠶᠢᠨ ᠪᠣᠳᠣᠯᠭ᠎ᠠ ᠪᠣᠯᠣᠨ᠎ᠠ᠃ 
1712544834879083567.png
        ᠬᠡᠦᠬᠡᠳ ᠤᠨ ᠰᠣᠨᠢᠷᠬᠠᠯᠲᠠᠢ ᠲᠣᠬᠯᠠᠯᠲᠠ ᠪᠠᠷ ᠢᠶᠠᠨ ᠵᠡᠮᠳᠡᠭᠴᠦᠳ ᠤᠨ ᠪᠠᠶᠠᠷ ᠭᠦᠷ ᠲᠠᠢ ᠠᠮᠢᠳᠤᠷᠠᠯ ᠢ ᠶᠠᠩᠵᠤ ᠪᠦᠷᠢᠵᠢᠭᠦᠯᠦᠨ᠎ᠡ︔ ᠨᠠᠮ ᠤᠨ ᠵᠡᠮᠳᠡᠭᠴᠦᠳ ᠢ ᠲᠤᠰᠠᠯᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ᠂ ᠨᠡᠩ ᠴᠤ ᠵᠡᠮᠳᠡᠭᠴᠦᠳ ᠤᠨ ᠭᠡᠷ ᠪᠦᠯᠢ ᠶᠢᠨ ᠢᠷᠡᠭᠡᠳᠦᠢ ᠪᠠ ᠬᠦᠰᠡᠯ ᠡᠷᠡᠮᠡᠯᠵᠡᠯ ᠢ ᠲᠤᠯᠭᠠᠭᠤᠷᠢᠯᠠᠭᠰᠠᠨ ᠪᠠᠶᠢᠨ᠎ᠠ᠃ ᠲᠤᠰ ᠤᠳᠠᠭᠠᠨ ᠤ ᠵᠡᠮᠳᠡᠭᠴᠦᠳ ᠤᠨ ᠬᠤᠯᠪᠣᠭᠠᠨ ᠤ ᠰᠢᠰᠲ᠋ᠧᠮ ᠢᠶᠠᠷ ᠶᠠᠪᠤᠭᠳᠠᠭᠰᠠᠨ ᠠᠵᠢᠯᠯᠠᠭ᠎ᠠ ᠪᠠᠷ ᠳᠠᠮᠵᠢᠭᠤᠯᠤᠨ ᠂ ︽ᠣᠳᠣᠨ ᠭᠠᠷᠠᠭ ᠤᠨ ᠬᠡᠦᠬᠡᠳ︾ ᠭᠡᠭᠴᠢ ᠶᠠᠭᠤ ᠪᠤᠯᠬᠤ ᠶᠢ ᠬᠠᠷᠢᠶ᠎ᠠ ᠣᠷᠣᠨ ᠤ ᠵᠡᠮᠳᠡᠭᠴᠦᠳ ᠲᠤ ᠭᠦᠨᠵᠡᠭᠡᠢ ᠣᠶᠢᠯᠠᠭᠠᠭᠤᠯᠤᠭᠰᠠᠨ ᠪᠥᠭᠡᠳ ᠭᠠᠨᠢ ᠭᠠᠭᠴᠠ ᠡᠪᠡᠳᠴᠢᠲᠡᠨ ᠳᠤ ᠬᠡᠷᠬᠢᠨ ᠵᠥᠪ ᠢᠶᠠᠷ ᠬᠠᠨᠳᠤᠵᠤ᠂ ᠬᠡᠷᠬᠢᠨ ᠬᠥᠮᠥᠨ ᠰᠣᠶᠣᠯ ᠢ ᠬᠠᠯᠠᠮᠵᠢᠯᠠᠬᠤ ᠠᠷᠭ᠎ᠠ ᠮᠠᠶ᠋ᠢᠭ ᠢᠶᠠᠷ ᠲᠡᠳᠡᠨ ᠳᠤ ᠨᠡᠶᠢᠭᠡᠮ ᠵᠢᠷᠤᠮ ᠤᠨ ᠲᠣᠮᠣ ᠭᠡᠷ ᠪᠦᠯᠢ ᠶᠢᠨ ᠬᠠᠶᠢᠷ᠎ᠠ ᠬᠠᠯᠠᠮᠵᠢ ᠶᠢ ᠳᠠᠮᠵᠢᠭᠤᠯᠬᠤ ᠬᠡᠷᠡᠭᠲᠡᠢ︔ ᠵᠡᠮᠳᠡᠭᠴᠦᠳ ᠢ ᠲᠤᠰᠠᠯᠠᠬᠤ ᠵᠡᠮᠳᠡᠭᠴᠦᠳ ᠢ ᠲᠤᠰᠠᠯᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠪᠠᠷ ᠳᠠᠮᠵᠢᠨ᠂ ᠵᠡᠮᠳᠡᠭᠴᠦᠳ ᠤᠨ ᠨᠠᠮ ᠤᠨ ᠬᠠᠶᠢᠷ᠎ᠠ ᠬᠠᠯᠠᠮᠵᠢ ᠶᠢ ᠭᠦᠷᠲᠡᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ ᠶᠠᠪᠤᠬᠤ ᠲᠡᠮᠦᠷ ᠵᠠᠮ ᠮᠡᠲᠦ ᠢᠲᠡᠭᠡᠯ ᠵᠣᠷᠢᠭ ᠢ ᠪᠠᠲᠤᠳᠬᠠᠵᠠᠢ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号