ᠰᠢᠭᠤᠶᠢᠲᠤ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ ︽ᠳᠡᠯᠡᠬᠡᠢ ᠶᠢᠨ ᠭᠠᠭᠴᠠᠭᠠᠷᠳᠠᠮᠠᠯ ᠡᠪᠡᠳᠴᠢᠨ ᠤ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/17
        2024 ᠣᠨ ᠤ 4 ᠰᠠᠷ᠎ᠠ ᠶᠢᠨ 2 ᠤᠨ ᠡᠳᠦᠷ ᠪᠣᠯ ᠠᠷᠪᠠᠨ ᠳᠣᠯᠣᠳᠤᠭᠠᠷ ︽ᠳᠡᠯᠡᠬᠡᠢ ᠶᠢᠨ ᠭᠠᠭᠴᠠᠭᠠᠷᠳᠠᠮᠠᠯ ᠡᠪᠡᠳᠴᠢᠨ ᠤ ᠡᠳᠦᠷ︾ ᠪᠣᠯᠣᠨ᠎ᠠ᠂ ᠰᠢᠭᠤᠶᠢᠲᠤ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ ᠲᠣᠰ ᠡᠳᠦᠷ ︽ᠪᠥᠬᠦ ᠠᠮᠢᠳᠤᠷᠠᠯ ᠤᠨ ᠦᠢᠯᠡᠴᠢᠯᠡᠭᠡ ᠶᠢ ᠪᠥᠬᠦ ᠲᠠᠯ᠎ᠠ ᠪᠠᠷ ᠬᠠᠯᠠᠮᠵᠢᠯᠠᠬᠤ︾ ᠪᠠᠷ ᠭᠤᠣᠯ ᠰᠡᠳᠦᠪ ᠪᠣᠯᠭᠠᠭᠰᠠᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
1712544898548077389.png
        ᠵᠡᠮᠳᠡᠭᠴᠦᠳ ᠤᠨ ᠬᠤᠯᠪᠣᠭᠠᠨ ᠤ ᠺᠠᠳ᠋ᠷ ᠠᠵᠢᠯᠲᠠᠨ ᠠᠵᠢᠯᠴᠢᠨ ᠵᠣᠵᠢᠭ ᠡᠪᠡᠳᠴᠢᠨ ᠤ ᠤᠬᠠᠭᠤᠯᠭ᠎ᠠ ᠶᠢᠨ ᠮᠠᠲ᠋ᠧᠷᠢᠶᠠᠯ ᠢ 30 ᠭᠠᠷᠤᠢ ᠬᠤᠪᠢ ᠲᠠᠷᠬᠠᠭᠠᠬᠤ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠭᠠᠭᠴᠠᠭᠠᠷᠳᠠᠮᠠᠯ ᠡᠪᠡᠳᠴᠢᠨ ᠤ ᠬᠠᠮᠢᠶ᠎ᠠ ᠪᠦᠬᠦᠢ ᠮᠡᠳᠡᠯᠭᠡ ᠶᠢ ᠲᠠᠶᠢᠯᠪᠤᠷᠢᠯᠠᠨ ᠥᠭᠴᠦ᠂ ᠪᠥᠬᠦ ᠨᠡᠶᠢᠭᠡᠮ ᠢᠶᠠᠷ ᠢᠶᠠᠨ ᠬᠠᠮᠲᠤ ᠪᠠᠷ ᠴᠢᠷᠮᠠᠶᠢᠵᠤ᠂ ᠭᠠᠭᠴᠠᠭᠠᠷᠳᠠᠮᠠᠯ ᠡᠪᠡᠳᠴᠢᠨ ᠲᠠᠢ ᠬᠥᠮᠥᠰ ᠤᠨ ᠣᠷᠣᠰᠢᠨ ᠲᠣᠭᠲᠠᠨᠢᠬᠤ ᠪᠠ ᠬᠥᠭᠵᠢᠬᠦ ᠳᠤ ᠪᠠᠲᠤᠯᠠᠭ᠎ᠠ ᠬᠠᠩᠭᠠᠬᠤ ᠶᠢ ᠤᠷᠢᠶᠠᠯᠠᠪᠠ᠃
1712544898759099698.jpg
        ᠲᠣᠰ ᠤᠳᠠᠭᠠᠨ ᠤ ᠠᠵᠢᠯᠯᠠᠭ᠎ᠠ ᠨᠢ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠢ ᠭᠠᠭᠴᠠᠭᠠᠷᠳᠠᠮᠠᠯ ᠡᠪᠡᠳᠴᠢᠨ ᠤ ᠲᠤᠬᠠᠢ ᠰᠢᠨᠵᠢᠯᠡᠬᠦ ᠤᠬᠠᠭᠠᠨᠴᠢ ᠲᠠᠨᠢᠯᠲᠠ ᠲᠠᠢ ᠪᠣᠯᠭᠠᠵᠤ᠂ ᠪᠠᠰᠠ ᠵᠣᠵᠢᠭ ᠡᠪᠡᠳᠴᠢᠨ ᠲᠠᠢ ᠬᠥᠮᠥᠰ ᠲᠤ ᠵᠠᠷᠢᠮ ᠪᠠᠭᠲᠠᠭᠠᠮᠵᠢᠲᠠᠢ᠂ ᠭᠥᠯᠢᠶᠡᠨ ᠠᠪᠬᠤ ᠪᠠ ᠬᠠᠶᠢᠷ᠎ᠠ ᠬᠠᠯᠠᠮᠵᠢ ᠶᠢ ᠨᠠᠩ ᠢᠯᠡᠭᠦᠦ ᠣᠯᠭᠤᠵᠤ᠂ ᠲᠡᠳᠡᠨ ᠢ ᠬᠠᠪᠰᠤᠷᠤᠨ ᠨᠡᠶᠢᠭᠡᠮ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠭᠤᠯᠵᠤ᠂ ᠵᠣᠯ ᠵᠢᠷᠭᠠᠯᠲᠤ ᠠᠮᠢᠳᠤᠷᠠᠯ ᠢ ᠡᠭᠦᠳᠴᠦ᠂ ᠰᠠᠶᠢᠨ ᠰᠠᠶᠢᠬᠠᠨ ᠰᠣᠶᠣᠯ ᠢᠷᠭᠡᠨᠰᠢᠯ ᠤᠨ ᠣᠷᠴᠢᠨ ᠨᠥᠬᠦᠴᠡᠯ ᠢ ᠪᠣᠶ ᠪᠣᠯᠭᠠᠵᠤ ᠥᠭᠴᠡᠢ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号