ᠣᠯᠠᠨ ᠠᠷᠭ᠎ᠠ ᠬᠡᠮᠵᠢᠶ᠎ᠡ ᠠᠪᠴᠤ ᠪᠠᠶᠢᠭᠠᠳ ᠨᠠᠰᠤᠵᠢᠯ ᠤᠨ ᠳᠠᠭᠠᠳᠬᠠᠯ ᠤᠨ ᠣᠯᠭᠤᠮᠵᠢ ᠶᠢ ᠴᠠᠭ ᠬᠤᠭᠤᠴᠠᠭ᠎ᠠ ᠶᠣᠰᠣᠭᠠᠷ ᠭᠦᠢᠴᠡᠳ ᠲᠤᠭ᠎ᠠ ᠪᠠᠷ ᠣᠯᠭᠤᠬᠤ ᠶᠢ ᠦᠨᠡᠨ ᠬᠦ ᠪᠠᠲᠤᠯᠠᠬᠤ ᠬᠡᠷᠡᠭᠲᠡᠢ
ᠨᠡᠶᠢᠲᠡᠯᠡᠭᠰᠡᠨ ᠴᠠᠭ᠄
2024/4/17
        ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠳᠡᠰ ᠳᠡᠪᠰᠢᠭᠦᠯᠬᠦ ᠵᠢᠴᠢ ᠬᠠᠮᠠᠭᠠᠯᠠᠬᠤ ᠠᠵᠢᠯ ᠢ ᠥᠷᠨᠢᠭᠦᠯᠵᠦ᠂ ᠪᠦᠬᠦ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠬᠡᠷᠡᠭᠯᠡᠬᠦ ᠶᠢ ᠲᠦᠷ ᠵᠣᠭᠰᠤᠭᠠᠬᠤ ᠶᠢᠨ ᠲᠤᠰᠠᠳᠠ᠂ ᠮᠠᠨ ᠤ ᠣᠷᠣᠨ ᠤ ᠠᠵᠢᠯ ᠠᠴᠠ ᠪᠠᠨ ᠠᠮᠠᠷᠠᠭᠰᠠᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠪᠠᠨ ᠴᠠᠭ ᠬᠤᠭᠤᠴᠠᠭ᠎ᠠ ᠶᠣᠰᠣᠭᠠᠷ᠂ ᠡᠭᠦᠷᠭᠡ ᠬᠦᠨᠳᠦ ᠪᠠᠶᠢᠭ᠎ᠠ ᠪᠠᠶᠢᠳᠠᠯ ᠳᠣᠣᠷ᠎ᠠ᠂ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠲᠥᠪ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠥᠭᠬᠦ ᠲᠠᠰᠤᠭ ᠬᠢᠭᠡᠳ ᠡᠳ᠋ ᠤᠨ ᠶᠠᠪᠤᠳᠠᠯ ᠤᠨ ᠲᠠᠰᠤᠭ ᠤᠨ ᠠᠵᠢᠯᠲᠠᠨ ᠠᠵᠢᠯ ᠤᠨ ᠲᠣᠬᠢᠷᠠᠭᠤᠯᠤᠯᠲᠠ ᠶᠢ ᠤᠷᠢᠳᠴᠢᠯᠠᠨ ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠤᠷᠢᠳ ᠢᠶᠠᠷ ᠬᠠᠮᠢᠶ᠎ᠠ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠵᠡᠷᠭᠡ ᠨᠢᠭᠡᠴᠡ ᠲᠠᠢ ᠨᠡᠪᠲᠡᠷᠡᠯᠴᠡᠨ ᠵᠣᠬᠢᠴᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ 7792 ᠠᠵᠤ ᠠᠬᠤᠶᠢᠯᠠᠯ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯ ᠠᠴᠠ ᠪᠠᠨ ᠠᠮᠠᠷᠠᠭᠰᠠᠳ ᠲᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠶᠢ ᠤᠷᠤᠭᠰᠢᠲᠠᠢ ᠣᠯᠭᠤᠪᠠ᠃        ᠣᠯᠭᠤᠮᠵᠢ ᠣᠯᠭᠤᠬᠤ ᠠᠵᠢᠯ ᠢ ᠪᠡᠶᠡᠯᠡᠭᠦᠯᠦᠭᠰᠡᠨ ᠤ ᠳᠠᠷᠠᠭ᠎ᠠ᠂ ᠣᠯᠭᠤᠮᠵᠢ ᠥᠭᠬᠦ ᠠᠵᠢᠯ ᠤᠨ ᠳᠤᠮᠳᠠᠬᠢ ᠬᠦᠴᠢᠷ ᠲᠦᠪᠡᠭᠲᠡᠢ ᠵᠣᠭᠤᠰ ᠨᠠᠭᠠᠳᠬᠤ ᠭᠠᠵᠠᠷ᠂ ᠲᠤᠰ ᠪᠡᠶ᠎ᠡ ᠶᠢᠨ ᠳᠤᠲᠠᠭᠤᠳᠠᠯ ᠪᠠᠭᠤᠷᠠᠢ ᠲᠠᠯ᠎ᠠ᠂ ᠲᠤᠯᠭᠠᠷᠠᠵᠤ ᠪᠠᠶᠢᠭ᠎ᠠ ᠬᠦᠴᠢᠷᠳᠡᠯ ᠤᠨ ᠰᠠᠭᠠᠳ ᠲᠠᠢ ᠥᠷᠢᠰᠦᠯᠳᠦᠭᠡᠨ ᠳᠤ ᠴᠢᠭᠯᠡᠭᠦᠯᠦᠨ᠂ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠲᠥᠪ ᠠᠴᠠ ︽ᠠᠰᠠᠭᠤᠳᠠᠯ ᠢ ᠢᠯᠡᠷᠡᠭᠦᠯᠬᠦ - ᠰᠤᠳᠤᠯᠤᠨ ᠵᠠᠳᠠᠯᠬᠤ - ᠣᠯᠠᠨ ᠡᠰᠢᠵᠢᠭᠦᠯᠦᠨ ᠰᠢᠢᠳᠪᠦᠷᠢᠯᠡᠬᠦ - ᠦᠨᠡᠯᠡᠨ ᠵᠢᠱᠢᠵᠦ ᠦᠷ᠎ᠡ ᠪᠦᠲᠦᠮᠵᠢ ᠶᠢ ᠠᠰᠠᠭᠤᠬᠤ︾ ᠲᠤᠰᠬᠠᠢ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠶᠢᠨ ᠬᠠᠮᠲᠤ ᠭᠤᠭᠴᠤᠭ᠎ᠠ ᠨᠢᠭᠡᠪᠦᠷᠢ ᠶᠢᠨ ᠪᠣᠳᠠᠲᠠᠢ ᠠᠵᠢᠯᠯᠠᠬᠤ ᠠᠷᠭ᠎ᠠ ᠶᠢ ᠰᠦᠪᠡᠭᠴᠢᠯᠡᠨ ᠭᠠᠷᠭᠠᠵᠤ᠂ ᠠᠰᠠᠭᠤᠳᠠᠯ ᠪᠠ ᠬᠦᠴᠢᠷᠳᠡᠯ ᠢ ᠴᠠᠭ ᠲᠤᠬᠠᠢ ᠳᠤᠨᠢ ᠢᠯᠡᠷᠡᠭᠦᠯᠵᠦ᠂ ᠣᠨᠣᠪᠴᠢᠲᠠᠢ ᠬᠠᠷᠢᠭᠤᠯᠲᠠ ᠥᠭᠴᠦ᠂ ᠪᠦᠲᠦᠮᠵᠢᠲᠡᠢ ᠰᠢᠢᠳᠪᠦᠷᠢᠯᠡᠵᠦ᠂ ᠣᠯᠭᠤᠮᠵᠢ ᠥᠭᠬᠦ ᠠᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃         ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠲᠥᠪ ᠠᠴᠠ︽ᠦᠵᠡᠯᠲᠡ ᠪᠠᠨ ᠬᠤᠪᠢᠷᠠᠭᠤᠯᠬᠤ᠂ ᠰᠤᠷᠲᠠᠯ ᠢᠶᠠᠨ ᠬᠦᠴᠦᠷᠬᠡᠭᠵᠢᠭᠦᠯᠬᠦ᠂ ᠣᠷᠴᠢᠨ ᠲᠣᠭᠤᠷᠢᠨ ᠢ ᠱᠢᠯᠢᠳᠡᠭᠵᠢᠭᠦᠯᠬᠦ᠂ ᠨᠠᠶᠢᠳᠠᠪᠤᠷᠢᠵᠢᠭᠤᠯᠤᠯᠲᠠ ᠶᠢ ᠴᠢᠬᠤᠯᠠᠴᠢᠯᠠᠬᠤ᠂ ᠳᠦᠷᠢ ᠲᠥᠷᠬᠦ ᠶᠢ ᠪᠣᠢ ᠪᠣᠯᠭᠠᠬᠤ︾ ᠦᠢᠯᠡᠴᠢᠯᠡᠭᠡᠨ ᠤ ᠣᠨᠣᠯᠵᠢᠬᠤᠨ ᠢ ᠭᠦᠨᠵᠡᠭᠡᠢ ᠲᠦᠯᠬᠢᠨ ᠠᠬᠢᠭᠤᠯᠵᠤ᠂ ᠨᠠᠶᠢᠳᠠᠪᠤᠷᠢᠵᠢᠭᠤᠯᠤᠯᠲᠠ ᠶᠢ ᠠᠳᠭᠤᠬᠤ᠂ ᠬᠦᠴᠢᠷ ᠠᠰᠠᠭᠤᠳᠠᠯ ᠢ ᠰᠢᠢᠳᠪᠦᠷᠢᠯᠡᠬᠦ᠂ ᠬᠠᠷᠢᠭᠤ ᠥᠭᠬᠦ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠣᠯᠠᠨ ᠲᠦᠮᠡᠨ ᠤ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠲᠤᠬᠠᠢ ᠬᠠᠨᠤᠮᠵᠢᠲᠠᠢ ᠪᠠᠶᠢᠬᠤ ᠬᠡᠮᠵᠢᠶ᠎ᠡ ᠪᠠ ᠵᠣᠯ ᠵᠢᠷᠭᠠᠯ ᠤᠨ ᠰᠡᠳᠬᠢᠯᠭᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号