ᠰᠢᠭᠤᠶᠢᠲᠤ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ 2024 ᠣᠨ ᠤ 4 ᠰᠠᠷ᠎ᠠ ᠶᠢᠨ ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠤᠨ ᠦᠨᠳᠦᠰᠦᠨ ᠠᠮᠢᠳᠤᠷᠠᠯ ᠤᠨ ᠨᠥᠬᠦᠪᠦᠷᠢ ᠮᠥᠩᠭᠦ ᠶᠢ ᠨᠡᠶᠢᠲᠡ ᠳᠤ ᠵᠠᠷᠯᠠᠪᠠ
ᠨᠡᠶᠢᠲᠡᠯᠡᠭᠰᠡᠨ ᠴᠠᠭ᠄
2024/4/17
        ᠣᠳᠣᠬᠠᠨ ᠳᠤ᠂ ᠮᠠᠨ ᠤ  ᠲᠣᠭᠤᠷᠢᠭ ᠤᠨ ᠨᠡᠶᠢᠭᠡᠮ ᠤᠨ ᠲᠠᠷᠠᠬᠠᠢ ᠰᠠᠭᠤᠵᠤ ᠪᠠᠶᠢᠭ᠎ᠠ ᠥᠨᠥᠴᠢᠨ ᠬᠡᠦᠬᠡᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠪᠠᠷᠢᠮᠵᠢᠶ᠎ᠠ ᠨᠢ ᠬᠥᠮᠥᠨ ᠪᠦᠷᠢ ᠰᠠᠷ᠎ᠠ ᠳᠤ 1989 ᠲᠥᠭᠦᠷᠢᠭ︔ ᠨᠡᠶᠢᠭᠡᠮ ᠤᠨ ᠲᠠᠷᠠᠬᠠᠢ ᠰᠠᠭᠤᠵᠤ ᠪᠠᠶᠢᠭ᠎ᠠ ᠪᠣᠳᠠᠲᠤ ᠪᠠᠶᠢᠳᠠᠯ ᠳᠤ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠪᠠᠷᠢᠮᠵᠢᠶ᠎ᠠ ᠨᠢ ᠬᠥᠮᠥᠨ ᠪᠦᠷᠢ ᠳᠤ ᠰᠠᠷ᠎ᠠ ᠳᠤ 1989 ᠲᠥᠭᠦᠷᠢᠭ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠮᠥᠩᠭᠦ᠂ ᠣᠨᠴᠠ ᠬᠦᠴᠢᠷᠳᠡᠯᠲᠡᠢ ᠬᠥᠮᠥᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠮᠥᠩᠭᠦ ᠪᠤᠶᠤ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠶᠢ ᠨᠢᠭᠡᠨᠲᠡ ᠣᠯᠣᠭᠰᠠᠨ ᠮᠥᠷᠲᠡᠭᠡᠨ ᠪᠣᠳᠠᠲᠠᠢ ᠬᠡᠷᠡᠭ ᠳᠡᠭᠡᠷ᠎ᠡ ᠪᠠᠨ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠨᠥᠬᠦᠪᠦᠷᠢ ᠶᠢᠨ ᠪᠠᠷᠢᠮᠵᠢᠶ᠎ᠠ ᠳᠤ ᠥᠯᠥ ᠬᠦᠷᠦᠭᠰᠡᠨ ᠪᠠᠶᠢᠪᠠᠯ ᠵᠥᠷᠢᠶ᠎ᠡ ᠶᠢ ᠨᠢ ᠨᠥᠬᠦᠪᠦᠷᠢᠯᠡᠵᠦ ᠣᠯᠭᠤᠨ᠎ᠠ᠂ ᠪᠤᠰᠤᠳ ᠪᠣᠳᠠᠲᠠᠢ ᠬᠡᠷᠡᠭ ᠳᠡᠭᠡᠷ᠎ᠡ ᠪᠠᠨ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠲᠤ ᠨᠥᠬᠦᠪᠦᠷᠢ ᠶᠢᠨ ᠪᠠᠷᠢᠮᠵᠢᠶ᠎ᠠ ᠶᠣᠰᠣᠭᠠᠷ ᠪᠥᠬᠦ ᠲᠤᠭ᠎ᠠ ᠪᠠᠷ ᠣᠯᠭᠤᠨ᠎ᠠ᠃         2024 ᠣᠨ ᠤ 4᠂ 5 ᠳ᠋ᠤᠭᠠᠷ ᠰᠠᠷ᠎ᠠ ᠳᠤ᠂ ᠮᠠᠨ ᠤ ᠲᠣᠭᠤᠷᠢᠭ ᠲᠤ ᠨᠡᠶᠢᠭᠡᠮ ᠳᠡᠭᠡᠷ᠎ᠡ ᠲᠠᠷᠠᠬᠠᠢ ᠰᠠᠭᠤᠵᠤ ᠪᠠᠶᠢᠭ᠎ᠠ ᠥᠨᠥᠴᠢᠨ ᠬᠡᠦᠬᠡᠳ ᠨᠡᠶᠢᠲᠡ 2 ᠪᠠᠶᠢᠵᠤ᠂ ᠬᠡᠷᠡᠭ ᠳᠡᠭᠡᠷ᠎ᠡ ᠪᠠᠨ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ 11 ᠪᠠᠶᠢᠵᠤ᠂ ᠦᠨᠳᠦᠰᠦᠨ ᠠᠮᠢᠳᠤᠷᠠᠯ ᠤᠨ ᠵᠠᠷᠤᠳᠠᠯ ᠨᠡᠶᠢᠲᠡ 3.71 ᠲᠦᠮᠡᠨ ᠲᠥᠭᠦᠷᠢᠭ ᠲᠠᠷᠬᠠᠭᠠᠪᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号