ᠡᠷᠡᠭᠦᠯ ᠡᠩᠬᠡ ᠬᠤᠲᠠ ᠪᠠᠯᠭᠠᠰᠤᠨ ᠤ ᠡᠷᠡᠭᠦᠯ ᠮᠡᠨᠳᠦ ᠶᠢᠨ ᠪᠡᠶ᠎ᠡ ᠶᠢᠨ ᠬᠦᠨᠳᠦ ᠰᠢᠭᠤᠶᠢᠲᠤ ᠲᠣᠭᠤᠷᠢᠭ 36 ᠳ᠋ᠤᠭᠠᠷ ︽ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ︾ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/4/17
        ᠡᠨᠡ ᠵᠢᠯ ᠤᠨ 4 ᠰᠠᠷ᠎ᠠ ᠪᠣᠯ ᠪᠦᠬᠦ ᠤᠯᠤᠰ ᠤᠨ 36 ᠳ᠋ᠤᠭᠠᠷ ︽ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ︾ ᠪᠣᠯᠣᠨ᠎ᠠ᠂ ᠠᠵᠢᠯᠯᠠᠭ᠎ᠠ ᠶᠢᠨ ᠭᠤᠣᠯ ᠰᠡᠳᠦᠪ ᠪᠣᠯ ︽ᠡᠷᠡᠭᠦᠯ ᠡᠩᠬᠡ ᠬᠤᠲᠠ ᠪᠠᠯᠭᠠᠰᠤᠨ ᠤ ᠡᠷᠡᠭᠦᠯ ᠮᠡᠨᠳᠦ ᠶᠢᠨ ᠪᠡᠶ᠎ᠡ ᠶᠢᠨ ᠬᠦᠨᠳᠦ︾ ᠪᠣᠯᠣᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠰᠢᠯᠢᠳᠡᠭ ᠤᠯᠠᠮᠵᠢᠯᠠᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠪᠦᠬᠦ ᠠᠷᠠᠳ ᠢᠶᠠᠷ ᠢᠶᠠᠨ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠬᠤ ᠶᠢᠨ ᠲᠥᠯᠥᠭᠡ᠂ 4 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠰᠢᠭᠤᠶᠢᠲᠤ ᠲᠣᠭᠤᠷᠢᠭ ᠤᠨ 36 ᠳ᠋ᠤᠭᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠰᠢᠭᠤᠶᠢᠲᠤ ᠣᠷᠣᠨ ᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠡᠭᠦᠳᠡᠨ ᠡᠮᠦᠨ᠎ᠡ ᠶᠠᠪᠤᠭᠳᠠᠪᠠ᠃
1712642885315018330.png
        ᠲᠣᠰ ᠤᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠣᠯᠠᠨ ᠳᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠤᠬᠠᠭᠤᠯᠭ᠎ᠠ ᠶᠢᠨ ᠪᠥᠰ ᠪᠠ ᠴᠠᠭᠠᠰᠤ ᠲᠣᠰ ᠲᠣᠰ 90 ᠬᠤᠪᠢ ᠲᠠᠷᠬᠠᠭᠠᠵᠤ᠂ ᠡᠷᠡᠭᠦᠯ ᠮᠡᠨᠳᠦ ᠠᠮᠢᠳᠤᠷᠠᠯ ᠤᠨ ᠠᠷᠭ᠎ᠠ ᠮᠠᠶ᠋ᠢᠭ ᠤᠨ ᠭᠠᠷ ᠠᠪᠤᠯᠭ᠎ᠠ ᠶᠢᠨ 87 ᠳᠡᠪᠲᠡᠷ᠂ ᠬᠤᠯᠤᠭᠠᠨ᠎ᠠ ᠶᠢᠨ ᠬᠢᠵᠢᠭ ᠤᠨ ᠮᠡᠳᠡᠯᠭᠡ ᠶᠢᠨ ᠤᠬᠠᠭᠤᠯᠭ᠎ᠠ ᠶᠢᠨ ᠭᠠᠷ ᠳᠡᠪᠲᠡᠷ 69 ᠳᠡᠪᠲᠡᠷ᠂ ᠡᠷᠡᠭᠦᠯ ᠮᠡᠨᠳᠦ ᠶᠢᠨ ᠰᠠᠨᠠᠭᠠᠴᠢᠯᠠᠭ᠎ᠠ ᠶᠢᠨ ᠪᠢᠴᠢᠭ 100 ᠬᠤᠪᠢ ᠲᠠᠷᠬᠠᠭᠠᠵᠤ᠂ ︽ᠡᠷᠡᠭᠦᠯ ᠮᠡᠨᠳᠦ ᠶᠢᠨ ᠪᠡᠶ᠎ᠡ ᠶᠢᠨ ᠬᠦᠨᠳᠦ᠂ ᠡᠷᠡᠭᠦᠯ ᠮᠡᠨᠳᠦ ᠠᠮᠢᠳᠤᠷᠠᠯ︾ ᠤᠨ ᠣᠶᠢᠯᠠᠭᠠᠭᠳᠠᠬᠤᠨ ᠢ ᠲᠦᠭᠡᠮᠡᠯᠵᠢᠭᠦᠯᠵᠦ᠂ ᠡᠷᠡᠭᠦᠯ ᠮᠡᠨᠳᠦ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠡᠷᠡᠭᠦᠯ ᠮᠡᠨᠳᠦ ᠶᠢᠨ ᠦᠵᠡᠯ ᠤᠬᠠᠮᠰᠠᠷ ᠤᠨ ᠳᠡᠭᠡᠭᠰᠢᠯᠡᠯᠲᠡ ᠶᠢ ᠠᠬᠢᠭᠤᠯᠵᠤ᠂ ᠲᠣᠰ ᠪᠡᠶ᠎ᠡ ᠶᠢᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠤ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠪᠠ᠃        ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠰᠠᠷ᠎ᠠ ᠶᠢᠨ ᠬᠤᠭᠤᠴᠠᠭᠠᠨ ᠳᠤ᠂ ᠡᠯ᠎ᠡ ᠨᠢᠭᠡᠴᠡ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠡᠷᠡᠭᠦᠯ ᠮᠡᠨᠳᠦ ᠶᠢᠨ ᠡᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠡᠷᠡᠭᠦᠯ ᠮᠡᠨᠳᠦ ᠶᠢᠨ ᠶᠠᠷᠢᠶᠠᠨ ᠤ ᠲᠠᠩᠬᠢᠮ᠂ ᠪᠡᠶ᠎ᠡ ᠶᠢᠨ ᠲᠠᠮᠢᠷ ᠤᠨ ᠡᠷᠡᠭᠦᠯ ᠮᠡᠨᠳᠦ ᠶᠢᠨ ᠬᠢᠴᠢᠶᠡᠯ ᠵᠡᠷᠭᠡ ᠬᠡᠯᠪᠡᠷᠢ ᠪᠠᠷ ᠳᠠᠮᠵᠢᠭᠤᠯᠤᠨ᠂ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ︽ᠵᠢᠷᠭᠤᠭ᠎ᠠ ᠶᠢ ᠣᠷᠣᠭᠤᠯᠬᠤ︾ ᠠᠵᠢᠯᠯᠠᠭ᠎ᠠ ᠶᠢ ᠥᠷᠨᠢᠭᠦᠯᠵᠦ᠂ ᠳᠥᠭᠦᠮ ᠳᠥᠲᠡ ᠪᠠᠷ ᠬᠡᠷᠡᠭᠵᠢᠭᠦᠯᠬᠦ᠂ ᠠᠯᠬᠤᠮ ᠳᠠᠷᠠᠭ᠎ᠠ ᠲᠠᠢ ᠪᠠᠷ ᠠᠬᠢᠭᠤᠯᠬᠤ ᠡᠷᠡᠭᠦᠯ ᠮᠡᠨᠳᠦ ᠶᠢᠨ ᠮᠡᠳᠡᠯᠭᠡ ᠪᠠ ᠡᠷᠡᠭᠦᠯ ᠮᠡᠨᠳᠦ ᠶᠢᠨ ᠤᠷ᠎ᠠ ᠴᠢᠳᠠᠪᠤᠷᠢ ᠶᠢ ᠣᠯᠠᠨ ᠲᠦᠮᠡᠨ ᠳᠤ ᠤᠯᠠᠮᠵᠢᠯᠠᠨ᠎ᠠ᠃ ᠰᠢᠭᠤᠶᠢᠲᠤ ᠲᠣᠭᠤᠷᠢᠭ ᠤᠨ ᠣᠷᠴᠢᠨ ᠲᠣᠭᠤᠷᠢᠨ ᠤ ᠤᠯᠤᠰ ᠲᠥᠷᠥ᠂ ︽ᠵᠢᠷᠭᠤᠭᠠᠨ ᠵᠢᠵᠢᠭ︾ ᠠᠵᠢᠯ ᠲᠥᠷᠥᠯ᠂ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠬᠦ ᠵᠡᠷᠭᠡ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠰᠢᠭᠤᠶᠢᠲᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠤᠪᠢ ᠨᠡᠮᠡᠷᠢ ᠦᠵᠡᠭᠦᠯᠦᠨ᠎ᠡ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号