︽ᠠᠷᠠᠳ ᠤᠨ ᠪᠠᠶᠢᠳᠠᠯ ᠢ ᠣᠶᠢᠯᠠᠭᠠᠵᠤ᠂ ᠠᠷᠠᠳ ᠤᠨ ᠰᠠᠨᠠᠭ᠎ᠠ ᠶᠢ ᠰᠣᠨᠣᠰᠴᠤ᠂ ᠠᠷᠠᠳ ᠤᠨ ᠰᠠᠨᠠᠭ᠎ᠠ ᠶᠢ ᠣᠶᠢᠯᠠᠭᠠᠬᠤ︾ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠴᠢᠩ ᠰᠡᠳᠬᠢᠯ ᠠᠴᠠ ᠪᠠᠨ ᠰᠣᠨᠣᠰᠴᠤ ᠪᠠᠶᠢᠨ᠎ᠠ
ᠨᠡᠶᠢᠲᠡᠯᠡᠭᠰᠡᠨ ᠴᠠᠭ᠄
2024/4/17
        ᠤᠯᠠᠮᠵᠢᠯᠠᠯᠲᠤ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠵᠠᠭᠪᠤᠷ ᠤᠨ ᠬᠦᠯᠢᠶᠡᠰᠦᠯᠡᠯ ᠢ ᠡᠪᠳᠡᠬᠦ ᠶᠢᠨ ᠲᠥᠯᠥᠭᠡ᠂  ᠰᠢᠨ ᠸᠠᠩ ᠨᠡᠶᠢᠭᠡᠮ ᠲᠣᠭᠤᠷᠢᠭ ᠤᠨ ︽ᠠᠷᠠᠳ ᠤᠨ ᠪᠠᠶᠢᠳᠠᠯ ᠢ ᠰᠤᠷᠪᠤᠯᠵᠢᠯᠠᠬᠤ᠂ ᠠᠷᠠᠳ ᠤᠨ ᠰᠠᠨᠠᠭ᠎ᠠ ᠶᠢ ᠰᠣᠨᠣᠰᠬᠤ᠂ ᠠᠷᠠᠳ ᠤᠨ ᠬᠦᠴᠢᠷᠳᠡᠯ ᠢ ᠰᠢᠢᠳᠪᠦᠷᠢᠯᠡᠬᠦ︾ ᠰᠦᠯᠵᠢᠶᠡᠨ ᠤ ᠠᠵᠢᠯᠲᠠᠨ ᠡᠷᠦᠬᠡ ᠳᠤ ᠬᠦᠷᠴᠦ ᠰᠤᠷᠪᠤᠯᠵᠢᠯᠠᠬᠤ ᠠᠵᠢᠯᠯᠠᠭ᠎ᠠ ᠥᠷᠨᠢᠭᠦᠯᠬᠦ ᠶᠢ ᠪᠠᠶᠠᠷ ᠬᠥᠷ ᠲᠠᠢ ᠪᠠᠶᠢᠨ᠎ᠠ᠃ ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠢ ᠭᠦᠨᠵᠡᠭᠡᠢ ᠣᠶᠢᠯᠠᠭᠠᠵᠤ᠂ ᠰᠠᠭᠤᠭᠠᠯᠢ ᠠᠷᠠᠳ ᠤᠨ ᠦᠨᠡᠨ ᠪᠣᠳᠠᠲᠠᠢ ᠳᠠᠭᠤᠨ ᠢ ᠰᠣᠨᠣᠰᠴᠤ᠂ ᠨᠡᠶᠢᠭᠡᠮ ᠲᠣᠭᠤᠷᠢᠭ ᠤᠨ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠰᠠᠭᠤᠭᠠᠯᠢ ᠠᠷᠠᠳ ᠲᠤ ᠨᠠᠩ ᠲᠠᠭᠠᠯᠠᠮᠵᠢᠲᠠᠢ ᠡᠶ᠎ᠡ ᠵᠣᠬᠢᠴᠠᠯ ᠲᠠᠢ ᠠᠮᠢᠳᠤᠷᠠᠯ ᠤᠨ ᠣᠷᠴᠢᠨ ᠨᠥᠬᠦᠴᠡᠯ ᠢ ᠪᠣᠶ ᠪᠣᠯᠭᠠᠵᠤ ᠥᠭᠭᠦᠨ᠎ᠡ᠃
1712893158560049617.png
        ᠠᠶᠢᠯᠴᠢᠯᠠᠯᠲᠠ ᠶᠢᠨ ᠳᠤᠮᠳᠠ᠂ ᠰᠦᠯᠵᠢᠶᠡᠨ ᠤ ᠠᠵᠢᠯᠲᠠᠳ ᠬᠥᠷᠰᠢ ᠵᠡᠷᠭᠡᠯᠡᠳᠡᠭᠡ ᠶᠢᠨ ᠰᠠᠶᠢᠨ ᠨᠠᠶᠢᠵᠠ ᠪᠣᠯᠵᠤ᠂ ᠰᠠᠭᠤᠭᠠᠯᠢ ᠠᠷᠠᠳ ᠲᠠᠢ ᠬᠠᠮᠲᠤ ᠰᠠᠭᠤᠵᠤ᠂ ᠵᠣᠭᠤᠭᠳᠠᠪᠠ᠃ ᠲᠡᠳᠡ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠢ ᠬᠠᠯᠠᠮᠵᠢᠯᠠᠬᠤ ᠪᠠᠷ ᠪᠠᠷᠠᠬᠤ ᠦᠭᠡᠢ᠂ ᠰᠠᠭᠤᠭᠠᠯᠢ ᠠᠷᠠᠳ ᠤᠨ ᠳᠣᠲᠣᠭᠠᠳᠤ ᠰᠡᠳᠬᠢᠯ ᠤᠨ ᠬᠡᠷᠡᠭᠴᠡᠭᠡ ᠪᠠ ᠬᠦᠴᠢᠷᠳᠡᠯ ᠢ ᠨᠠᠩ ᠴᠤ ᠠᠩᠬᠠᠷᠴᠤ ᠪᠠᠶᠢᠨ᠎ᠠ᠃ ᠰᠠᠭᠤᠭᠠᠯᠢ ᠠᠷᠠᠳ ᠬᠤᠶᠢᠨ᠎ᠠ ᠬᠤᠶᠢᠨ᠎ᠠ ᠠᠴᠠ ᠪᠠᠨ ᠦᠭᠡ ᠬᠡᠯᠡᠬᠦ ᠬᠠᠶᠢᠷᠴᠠᠭ ᠢᠶᠠᠨ ᠨᠡᠭᠡᠭᠡᠵᠦ᠂ ᠰᠦᠯᠵᠢᠶᠡᠨ ᠤ ᠭᠡᠰᠢᠭᠦᠳ ᠲᠤ ᠥᠪᠡᠷ ᠤᠨ ᠠᠮᠢᠳᠤᠷᠠᠯ ᠤᠨ ᠵᠢᠵᠢᠭ ᠰᠠᠵᠢᠭ ᠵᠦᠢᠯᠡᠰ ᠢᠶᠠᠨ ᠬᠤᠪᠢᠶᠠᠯᠴᠠᠵᠤ᠂ ᠪᠠᠰᠠ ᠲᠤᠯᠭᠠᠷᠠᠵᠤ ᠪᠠᠶᠢᠭ᠎ᠠ ᠬᠦᠴᠢᠷᠳᠡᠯ ᠪᠠ ᠥᠷᠢᠰᠦᠯᠳᠦᠭᠡᠨ ᠢ ᠶᠠᠷᠢᠵᠤ ᠪᠠᠶᠢᠯ᠎ᠠ᠃ ᠰᠠᠭᠤᠭᠠᠯᠢ ᠡᠷᠦᠬᠡ ᠶᠢᠨ ᠰᠠᠭᠤᠷᠢ ᠮᠡᠳᠡᠭᠡ ᠵᠠᠩᠭᠢ ᠵᠢᠴᠢ ᠭᠡᠷ ᠪᠠᠶᠢᠰᠢᠩ ᠤᠨ ᠮᠡᠳᠡᠭᠡ ᠵᠠᠩᠭᠢ ᠶᠢᠨ ᠲᠡᠮᠳᠡᠭᠯᠡᠯ ᠢ ᠬᠢᠨᠠᠨ ᠬᠠᠷᠭᠤᠭᠤᠯᠵᠤ᠂ ᠰᠦᠯᠵᠢᠶᠡᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ᠂ ᠵᠥᠷᠢᠴᠡᠯ ᠵᠢᠭᠤᠷᠠᠯᠳᠤᠭᠠᠨ ᠢ ᠨᠢᠭᠲᠠ ᠠᠩᠬᠠᠷᠤᠨ᠎ᠠ᠃ ᠲᠣᠣᠷᠵᠢᠭᠤᠯᠤᠭᠴᠢ ᠰᠠᠨᠠᠯ ᠰᠠᠨᠠᠭᠤᠯᠭ᠎ᠠ ᠪᠠᠨ ᠨᠠᠷᠢᠨ ᠬᠢᠨᠠᠮᠠᠭᠠᠢ ᠲᠡᠮᠳᠡᠭᠯᠡᠵᠦ᠂ ᠲᠡᠳᠡ ᠦᠨᠳᠦᠰᠦᠨ ᠱᠠᠲᠤᠨ ᠠᠴᠠ ᠢᠷᠡᠭᠰᠡᠨ ᠡᠳᠡᠭᠡᠷ ᠲᠠᠭᠤᠨ ᠪᠣᠯ ᠬᠠᠮᠤᠭ ᠤᠨ ᠦᠨᠡᠨ ᠪᠣᠳᠠᠲᠠᠢ᠂ ᠬᠠᠮᠤᠭ ᠤᠨ ᠡᠷᠬᠢᠮ ᠨᠠᠨᠳᠢᠨ ᠬᠠᠷᠢᠭᠤ ᠲᠤᠰᠬᠠᠯ ᠮᠥᠨ ᠭᠡᠳᠡᠭ ᠢ ᠭᠦᠨᠵᠡᠭᠡᠢ ᠣᠶᠢᠯᠠᠭᠠᠪᠠ᠃ ᠰᠤᠷᠪᠤᠯᠵᠢᠯᠠᠬᠤ ᠪᠠᠷ ᠳᠡᠮᠵᠢᠨ᠂ ᠲᠡᠳᠡ ᠰᠠᠭᠤᠭᠠᠯᠢ ᠠᠷᠠᠳ ᠤᠨ ᠬᠡᠷᠡᠭᠴᠡᠭᠡ ᠪᠠ ᠬᠦᠰᠡᠯ ᠡᠷᠡᠮᠡᠯᠵᠡᠯ ᠢ ᠨᠠᠩ ᠢᠯᠡᠭᠦᠦ ᠣᠶᠢᠯᠠᠭᠠᠵᠤ᠂ ᠲᠠᠷᠠᠭᠠᠴᠢ ᠶᠢᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠠᠵᠢᠯ ᠳᠤ ᠬᠦᠴᠦᠲᠡᠢ ᠦᠨᠳᠦᠰᠦᠯᠡᠯ ᠬᠠᠩᠭᠠᠭᠰᠠᠨ ᠪᠠᠶᠢᠨ᠎ᠠ᠃
1712893176184089334.png
        ᠡᠨᠡ ᠤᠳᠠᠭᠠᠨ ᠤ ᠠᠶᠢᠯ ᠡᠷᠦᠬᠡ ᠪᠠᠷ ᠰᠤᠷᠪᠤᠯᠵᠢᠯᠠᠬᠤ ᠠᠵᠢᠯᠯᠠᠭ᠎ᠠ ᠨᠢ ᠨᠢᠭᠡ ᠤᠳᠠᠭᠠᠨ ᠤ ᠭᠦᠨ ᠰᠡᠳᠬᠢᠯᠭᠡ ᠲᠠᠢ ᠪᠠᠷ ᠰᠣᠨᠣᠰᠬᠤ ᠮᠥᠷᠲᠡᠭᠡᠨ ᠨᠡᠩ ᠴᠤ ᠨᠢᠭᠡ ᠤᠳᠠᠭᠠᠨ ᠤ ᠰᠡᠳᠬᠢᠯ ᠤᠨ ᠰᠣᠯᠢᠯᠴᠠᠭ᠎ᠠ ᠪᠣᠯᠣᠨ᠎ᠠ᠃ ᠲᠡᠷᠡ ᠨᠢ ᠰᠦᠯᠵᠢᠶᠡᠨ ᠤ ᠠᠵᠢᠯᠲᠠᠳ ᠲᠤ ᠰᠠᠭᠤᠭᠠᠯᠢ ᠠᠷᠠᠳ ᠤᠨ ᠠᠮᠢᠳᠤᠷᠠᠯ ᠲᠠᠢ ᠨᠠᠩ ᠣᠶᠢᠷᠠᠲᠤᠭᠤᠯᠵᠤ᠂ ᠰᠠᠭᠤᠭᠠᠯᠢ ᠠᠷᠠᠳ ᠲᠤ ᠨᠡᠶᠢᠭᠡᠮ ᠲᠣᠭᠤᠷᠢᠭ ᠤᠨ ᠬᠠᠯᠠᠮᠵᠢᠯᠠᠯ ᠪᠠ ᠳᠡᠮᠵᠢᠯᠭᠡ ᠶᠢ ᠬᠦᠷᠲᠡᠭᠡᠭᠰᠡᠨ ᠪᠠᠶᠢᠨ᠎ᠠ᠃ ᠬᠤᠶᠢᠰᠢᠳᠠ‌‍ᠰᠢᠨ ᠸᠠᠩ  ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠳ ᠦᠷᠭᠦᠯᠵᠢᠯᠡᠨ ᠲᠡᠳᠡᠨ ᠤ ᠬᠠᠯᠠᠭᠤᠨ ᠰᠡᠳᠬᠢᠯᠭᠡ ᠪᠠ ᠦᠨᠡᠨᠴᠢ ᠰᠡᠳᠬᠢᠯᠭᠡ ᠪᠠᠷ ᠰᠠᠭᠤᠭᠠᠯᠢ ᠠᠷᠠᠳ ᠲᠤ ᠨᠡᠩ ᠰᠠᠶᠢᠨ ᠦᠢᠯᠡᠴᠢᠯᠡᠭᠡ ᠬᠠᠩᠭᠠᠵᠤ᠂ ᠬᠠᠯᠠᠭᠤᠨ ᠳᠤᠯᠠᠭᠠᠨ᠂ ᠡᠶ᠎ᠡ ᠵᠣᠬᠢᠴᠠᠩᠭᠤᠢ ᠭᠡᠷ ᠣᠷᠣᠨ ᠢ ᠬᠠᠮᠲᠤᠪᠠᠷ ᠴᠣᠭᠴᠠᠯᠠᠬᠤ ᠪᠣᠯᠣᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号