ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠤᠨ ︽ᠠᠶᠤᠯᠭᠦᠢ ᠦᠢᠯᠡᠳᠪᠦᠷᠢᠯᠡᠯ ᠤᠨ ᠵᠢᠭᠰᠠᠭᠠᠨ ᠪᠠᠶᠢᠴᠠᠭᠠᠵᠤ ᠢᠯᠡᠷᠡᠭᠦᠯᠦᠭᠰᠡᠨ | ᠠᠰᠠᠭᠤᠳᠠᠯ ᠤᠨ ᠲᠤᠬᠠᠢ ᠮᠡᠳᠡᠭᠡᠯᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠮᠠᠨ ᠤ ᠲᠣᠪᠴᠢᠶ᠎ᠠ | ᠡᠯ᠎ᠡ ᠲᠥᠷᠥᠯ ᠤᠨ ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠭᠠᠷᠬᠤ ᠶᠢ ᠡᠷᠡᠰ ᠰᠡᠷᠭᠡᠶᠢᠯᠡᠵᠦ᠂ ᠠᠶᠤᠯᠭᠦᠢ | ᠦᠢᠯᠡᠳᠪᠦᠷᠢᠯᠡᠯ ᠤᠨ ᠠᠵᠢᠯ ᠢ ᠦᠨᠡᠨ ᠬᠦ ᠰᠠᠶᠢᠲᠤᠷ ᠬᠢᠨ᠎ᠡ᠃ 4 ᠰᠠᠷ᠎ᠠ ᠶᠢᠨ 12 ᠤᠨ ᠡᠳᠦᠷ᠂ ᠰᠢᠭᠤᠶᠢᠲᠤ | ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠣᠯᠭᠤᠯᠲᠠ ᠶᠢᠨ | ᠰᠠᠯᠠᠭ᠎ᠠ ᠮᠥᠴᠢᠷ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ᠂ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢ ᠤᠷᠢᠵᠤ ᠰᠢᠭᠤᠶᠢᠲᠤ | ᠲᠣᠭᠤᠷᠢᠭ ᠤᠨ ᠲᠦᠷ ᠠᠵᠢᠯᠯᠠᠬᠤ ᠵᠠᠬ᠎ᠠ ᠳᠡᠯᠭᠡᠭᠦᠷ ᠲᠤ ᠠᠶᠤᠯᠭᠦᠢ ᠦᠢᠯᠡᠳᠪᠦᠷᠢᠯᠡᠯ ᠤᠨ ᠬᠠᠮᠲᠤᠷᠠᠭᠰᠠᠨ | ᠪᠠᠶᠢᠴᠠᠭᠠᠯᠲᠠ ᠥᠷᠨᠢᠭᠦᠯᠪᠡ᠃ | | ᠪᠠᠶᠢᠴᠠᠭᠠᠬᠤ ᠶᠠᠪᠤᠴᠠ ᠳᠤ᠂ ᠪᠠᠶᠢᠴᠠᠭᠠᠬᠤ ᠳᠤᠭᠤᠶᠢᠯᠠᠩ ᠲᠤᠬᠠᠢ ᠶᠢᠨ ᠲᠠᠯᠠᠪᠤᠷ ᠲᠤ ᠪᠠᠶᠢᠴᠠᠭᠠᠬᠤ᠂ | ᠬᠠᠷᠢᠭᠤ ᠮᠡᠳᠡᠭᠦᠯᠦᠯᠲᠡ ᠰᠣᠨᠣᠰᠬᠤ᠂ ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠲᠠᠩᠰᠠ ᠡᠪᠬᠡᠮᠡᠯ ᠢ | ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠢᠭᠤᠶᠢᠲᠤ ᠲᠣᠭᠤᠷᠢᠭ ᠤᠨ ᠲᠦᠷ ᠠᠵᠢᠯᠯᠠᠬᠤ | ᠵᠠᠬ᠎ᠠ ᠳᠡᠯᠭᠡᠭᠦᠷ ᠤᠨ ᠭᠡᠷ ᠪᠠᠶᠢᠰᠢᠩ ᠤᠨ ᠶᠠᠰᠤ ᠴᠢᠨᠠᠷ᠂ ᠱᠤᠭᠤᠮ ᠤᠨ ᠪᠠᠶᠢᠷᠢᠰᠢᠭᠤᠯᠤᠯᠲᠠ᠂ ᠭᠠᠯ ᠤᠨᠲᠠᠷᠠᠭᠠᠬᠤ | ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠨᠢ ᠪᠦᠷᠢᠨ ᠭᠦᠢᠴᠡᠳ ᠪᠥᠭᠡᠳ ᠬᠡᠷᠡᠭᠯᠡᠵᠦ ᠪᠣᠯᠬᠤ ᠡᠰᠡᠬᠦ᠂ ᠴᠠᠬᠢᠯᠭᠠᠨ | ᠲᠦᠭᠡᠭᠡᠬᠦ ᠬᠠᠶᠢᠷᠴᠠᠭ ᠲᠤ ᠬᠠᠯᠬᠠᠪᠴᠢ ᠪᠠᠶᠢᠬᠤ ᠡᠰᠡᠬᠦ᠂ ᠴᠠᠬᠢᠯᠭᠠᠨ ᠲᠣᠨᠣᠭᠯᠠᠯ ᠤᠨ ᠴᠠᠬᠢᠯᠭᠠᠨ ᠲᠠᠢ ᠬᠡᠰᠡᠭ ᠨᠢ | ᠢᠯᠡ ᠪᠠᠶᠢᠬᠤ ᠡᠰᠡᠬᠦ᠂ ᠠᠵᠢᠯᠴᠢᠨ ᠬᠡᠷᠡᠭᠯᠡᠬᠦ ᠠᠮᠤᠷ ᠲᠦᠪᠰᠢᠨ ᠢ ᠪᠣᠳᠠᠲᠠᠶᠢᠵᠢᠭᠤᠯᠤᠭᠰᠠᠨ ᠡᠰᠡᠬᠦ ᠵᠡᠷᠭᠡ | ᠠᠰᠠᠭᠤᠳᠠᠯ ᠢ ᠭᠤᠣᠯᠳᠠᠯᠭ᠎ᠠ ᠲᠠᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠪᠠ᠃ ᠢᠯᠡᠷᠡᠭᠦᠯᠦᠭᠰᠡᠨ ᠠᠰᠠᠭᠤᠳᠠᠯ ᠳᠤ | ᠴᠢᠭᠯᠡᠭᠦᠯᠦᠨ᠂ ᠲᠤᠬᠠᠢ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ | ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠢ | ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ | ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠠᠵᠢᠯ ᠣᠯᠭᠤᠯᠲᠠ ᠶᠢᠨ ᠰᠠᠯᠠᠭ᠎ᠠ ᠮᠥᠴᠢᠷ ᠤᠳ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠪᠠ ᠠᠶᠤᠯ ᠦᠭᠡᠢ ᠦᠢᠯᠡᠳᠪᠦᠷᠢᠯᠡᠯ ᠢ ᠲᠣᠭᠤᠷᠢᠨ ᠪᠠᠶᠢᠴᠠᠭᠠᠬᠤ ᠵᠡᠷᠭᠡ ᠳᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠭᠠᠯ ᠤᠨᠲᠠᠷᠠᠭᠠᠬᠤ᠂ ᠭᠡᠷ ᠪᠠᠶᠢᠰᠢᠩ ᠤᠨ ᠪᠠᠷᠢᠯᠭ᠎ᠠ ᠵᠡᠷᠭᠡ ᠠᠮᠤᠷ ᠲᠦᠪᠰᠢᠨ ᠤ | ᠪᠠᠷᠢᠮᠵᠢᠶ᠎ᠠ ᠲᠠᠢ ᠬᠠᠷᠢᠴᠠᠭᠤᠯᠤᠨ᠂ ᠭᠠᠯ ᠤᠨᠲᠠᠷᠠᠭᠠᠬᠤ ᠪᠡᠯᠡᠳᠬᠡᠮᠵᠢ ᠶᠢᠨ ᠡᠳᠦᠷ ᠲᠤᠲᠤᠮ ᠤᠨ ᠬᠠᠮᠠᠭᠠᠯᠠᠯᠲᠠ ᠪᠠ | ᠠᠵᠢᠯᠲᠠᠨ ᠠᠵᠢᠯᠴᠢᠨ ᠤ ᠠᠶᠤᠯ ᠦᠭᠡᠢ ᠦᠢᠯᠡᠳᠪᠦᠷᠢᠯᠡᠯ ᠤᠨ ᠪᠣᠯᠪᠠᠰᠤᠷᠠᠭᠤᠯᠤᠯ ᠵᠡᠷᠭᠡ ᠠᠶᠤᠯ ᠦᠭᠡᠢ | ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠵᠦ᠂ ᠠᠶᠤᠯ ᠦᠭᠡᠢ ᠦᠢᠯᠡᠳᠪᠦᠷᠢᠯᠡᠯ ᠢ ᠠᠯᠢᠪᠠ ᠠᠴᠠ ᠴᠢᠬᠤᠯᠠ᠂ | ᠠᠯᠢᠪᠠ ᠠᠴᠠ ᠴᠢᠬᠤᠯᠠ᠂ ᠠᠯᠢᠪᠠ ᠠᠴᠠ ᠬᠦᠨᠳᠦ ᠪᠠᠶᠢᠷᠢᠨ ᠳᠤ ᠦᠨᠡᠨ ᠬᠦ ᠲᠠᠯᠪᠢᠵᠤ᠂ ᠭᠤᠣᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠮᠤᠷ ᠲᠦᠪᠰᠢᠨ ᠡᠶ᠎ᠡ ᠵᠣᠬᠢᠴᠠᠯ ᠲᠠᠢ ᠠᠵᠢᠯ ᠣᠯᠭᠤᠯᠲᠠ ᠶᠢᠨ | ᠣᠷᠴᠢᠨ ᠨᠥᠬᠦᠴᠡᠯ ᠢ ᠪᠣᠶ ᠪᠣᠯᠭᠠᠵᠤ᠂ ᠬᠥᠯᠥᠰᠦᠨ ᠠᠵᠢᠯ ᠬᠢᠵᠦ ᠪᠠᠶᠢᠭ᠎ᠠ ᠣᠯᠠᠨ ᠲᠦᠮᠡᠨ ᠤ ᠠᠮᠢ ᠨᠠᠰᠤ ᠡᠷᠡᠭᠦᠯ | ᠮᠡᠨᠳᠦ ᠶᠢᠨ ᠠᠮᠤᠷ ᠲᠦᠪᠰᠢᠨ ᠢ ᠪᠠᠲᠤᠯᠠᠨ᠎ᠠ᠃ |