ᠠᠷᠪᠢᠯᠠᠨ ᠭᠠᠮᠨᠠᠵᠤ ᠦᠷ᠎ᠡ ᠪᠦᠲᠦᠮᠵᠢ ᠶᠢ  ᠳᠡᠭᠡᠭᠰᠢᠯᠡᠭᠦᠯᠬᠦ ᠳᠤ ᠡᠯᠧᠺᠲᠷᠣᠨ ᠭᠡᠷ᠎ᠡ ᠬᠠᠪᠰᠤᠷᠤᠨ᠎ᠠ
ᠨᠡᠶᠢᠲᠡᠯᠡᠭᠰᠡᠨ ᠴᠠᠭ᠄
2024/4/17
        ᠬᠥᠳᠡᠯᠮᠦᠷᠢ ᠶᠢᠨ ᠭᠡᠷ᠎ᠡ  ᠶᠢᠨ ᠬᠠᠷᠢᠶᠠᠲᠤ ᠣᠷᠣᠨ ᠤ ᠠᠵᠤ ᠠᠬᠤᠶᠢᠯᠠᠯ ᠳᠤ ᠬᠡᠷᠡᠭᠯᠡᠬᠦ ᠦᠷ᠎ᠡ ᠪᠦᠲᠦᠮᠵᠢ ᠶᠢ ᠲᠦᠭᠡᠮᠡᠯᠵᠢᠭᠦᠯᠦᠨ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 12 ᠤᠨ ᠡᠳᠦᠷ ᠤᠨ ᠦᠳᠡ ᠶᠢᠨ ᠬᠤᠶᠢᠨ᠎ᠠ᠂ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠦᠢᠯᠡᠴᠢᠯᠡᠭᠡᠨ ᠤ ᠲᠥᠪ ᠬᠠᠷᠢᠶᠠᠲᠤ ᠣᠷᠣᠨ ᠤ 23 ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠬᠥᠳᠡᠯᠮᠦᠷᠢ ᠶᠢᠨ ᠭᠡᠷ᠎ᠡ ᠶᠢ ᠳᠡᠯᠭᠡᠷᠡᠭᠦᠯᠦᠨ ᠰᠣᠯᠢᠯᠴᠠᠬᠤ ᠶᠠᠷᠢᠯᠴᠠᠬᠤ ᠬᠤᠷᠠᠯ ᠬᠢᠪᠡ᠃ 2 ᠴᠠᠭ ᠭᠠᠷᠤᠢ ᠶᠢᠨ ᠬᠤᠷᠠᠯ ᠳᠡᠭᠡᠷ᠎ᠡ᠂ ᠡᠯ᠎ᠡ ᠠᠵᠢᠯ ᠲᠥᠷᠥᠯ ᠠᠴᠠ ᠢᠷᠡᠭᠰᠡᠨ ᠠᠵᠤ ᠠᠬᠤᠶᠢᠯᠠᠯ ᠤᠨ ᠲᠥᠯᠥᠭᠡᠯᠡᠭᠴᠢ ᠢᠳᠡᠪᠬᠢᠲᠡᠢ ᠪᠠᠷ ᠶᠠᠷᠢᠶ᠎ᠠ ᠲᠠᠯᠪᠢᠵᠤ᠂ ᠡᠯᠧᠺᠲᠷᠣᠨ ᠬᠥᠳᠡᠯᠮᠦᠷᠢ ᠶᠢᠨ ᠭᠡᠷ᠎ᠡ ᠶᠢ ᠬᠡᠷᠡᠭᠯᠡᠬᠦ ᠶᠠᠪᠤᠴᠠ ᠳᠤ ᠲᠤᠯᠭᠠᠷᠠᠭᠰᠠᠨ ᠠᠰᠠᠭᠤᠳᠠᠯ ᠢ ᠭᠦᠨᠵᠡᠭᠡᠢ ᠰᠤᠳᠤᠯᠤᠨ ᠶᠠᠷᠢᠯᠴᠠᠭᠰᠠᠨ ᠪᠥᠭᠡᠳ ᠪᠣᠳᠠᠲᠠᠢ ᠠᠵᠢᠯᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠡᠯᠧᠺᠲᠷᠣᠨ ᠬᠥᠳᠡᠯᠮᠦᠷᠢ ᠶᠢᠨ ᠭᠡᠷ᠎ᠡ ᠶᠢ ᠲᠣᠭᠲᠠᠭᠰᠠᠨ ᠶᠠᠪᠤᠴᠠ ᠶᠢ ᠰᠣᠯᠢᠯᠴᠠᠨ ᠦᠵᠡᠭᠦᠯᠪᠡ᠃
微信截图_20240417110439.png
        ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯᠧᠺᠲᠷᠣᠨ ᠭᠠᠷ ᠤᠨ ᠦᠰᠦᠭ ᠵᠢᠷᠤᠬᠤ ᠬᠠᠤᠯᠢ︾ ᠶᠢᠨ ᠲᠣᠭᠲᠠᠭᠠᠯ ᠢ ᠦᠨᠳᠦᠰᠦᠯᠡᠪᠡᠯ᠂ ᠨᠠᠶᠢᠳᠠᠪᠤᠷᠢᠲᠠᠢ ᠡᠯᠧᠺᠲᠷᠣᠨ ᠭᠠᠷ ᠤᠨ ᠦᠰᠦᠭ ᠵᠢᠷᠤᠬᠤ ᠪᠠ ᠭᠠᠷ ᠤᠨ ᠦᠰᠦᠭ ᠵᠢᠷᠤᠬᠤ ᠪᠠ ᠲᠠᠮᠠᠭ᠎ᠠ ᠪᠠᠨ ᠳᠠᠷᠤᠬᠤ ᠨᠢ ᠠᠳᠠᠯᠢᠬᠠᠨ ᠬᠠᠤᠯᠢ ᠴᠠᠭᠠᠵᠠ ᠶᠢᠨ ᠬᠦᠴᠦᠨ ᠲᠠᠢ᠂ ᠡᠭᠦᠨ ᠤ ᠳᠡᠭᠡᠷ᠎ᠡ ᠡᠯᠧᠺᠲᠷᠣᠨ ᠬᠥᠳᠡᠯᠮᠦᠷᠢ ᠶᠢᠨ ᠭᠡᠷ᠎ᠡ ᠨᠢ ᠬᠠᠳᠠᠭᠠᠯᠠᠬᠤ ᠪᠠ ᠬᠠᠮᠢᠶᠠᠷᠬᠤ ᠳᠤ ᠲᠥᠬᠦᠮ ᠪᠠᠶᠢᠵᠤ᠂ ᠤᠯᠠᠮᠵᠢᠯᠠᠯᠲᠤ ᠴᠠᠭᠠᠰᠤᠨ ᠭᠡᠷ᠎ᠡ ᠨᠢ ᠠᠮᠠᠷᠬᠠᠨ ᠬᠠᠭᠤᠷᠮᠠᠭ ᠢᠶᠠᠷ ᠵᠣᠬᠢᠶᠠᠬᠤ ᠪᠠ ᠥᠭᠡᠷᠡᠴᠢᠯᠡᠭᠳᠡᠬᠦ ᠲᠦᠭᠰᠢᠭᠦᠷᠢ ᠠᠴᠠ ᠪᠦᠲᠦᠮᠵᠢᠲᠡᠶ ᠪᠠᠷ ᠵᠠᠶᠢᠯᠠᠰᠬᠢᠭ᠍ᠰᠡᠨ ᠪᠠᠶᠢᠨ᠎ᠠ᠃ ᠬᠥᠳᠡᠯᠮᠦᠷᠢ ᠶᠢᠨ ᠴᠠᠬᠢᠮ ᠭᠡᠷ᠎ᠡ ᠶᠢ ᠬᠡᠷᠡᠭᠯᠡᠬᠦ ᠶᠠᠪᠤᠴᠠ ᠳᠤ᠂ ᠠᠵᠤ ᠠᠬᠤᠶᠢᠯᠠᠯ ᠴᠦ ᠭᠠᠷᠴᠤ ᠮᠡᠳᠡᠬᠦ ᠠᠰᠠᠭᠤᠳᠠᠯ ᠢ ᠤᠷᠢᠳᠴᠢᠯᠠᠨ ᠰᠤᠳᠤᠯᠤᠨ ᠮᠠᠭᠠᠳᠯᠠᠬᠤ ᠴᠢᠬᠤᠯᠠᠲᠠᠢ ᠪᠣᠯ᠂ ᠭᠡᠷ᠎ᠡ ᠶᠢᠨ ᠠᠭᠤᠯᠭ᠎ᠠ ᠨᠢ ᠬᠠᠤᠯᠢ ᠴᠠᠭᠠᠵᠠ ᠬᠠᠤᠯᠢ ᠲᠣᠭᠲᠠᠭᠠᠯ ᠪᠠ ᠨᠡᠶᠢᠲᠡ ᠶᠢᠨ ᠡᠮᠬᠢ ᠵᠢᠷᠤᠮ ᠰᠠᠶᠢᠨ ᠰᠠᠶᠢᠬᠠᠨ ᠬᠡᠪ ᠵᠠᠩᠰᠢᠯ ᠠᠴᠠ ᠵᠥᠷᠢᠴᠡᠬᠦ ᠦᠭᠡᠢ᠂ ᠬᠠᠳᠠᠭᠠᠯᠠᠬᠤ ᠪᠠ ᠬᠠᠮᠢᠶᠠᠷᠬᠤ ᠳᠤ ᠵᠣᠬᠢᠴᠠᠩᠭᠤᠢ ᠳᠦᠷᠢᠮ ᠪᠠ ᠠᠷᠭ᠎ᠠ ᠬᠡᠮᠵᠢᠶ᠎ᠡ ᠲᠣᠭᠲᠠᠭᠠᠬᠤ ᠡᠰᠡᠬᠦ᠂ ᠡᠯᠧᠺᠲᠷᠣᠨ ᠭᠠᠷ ᠤᠨ ᠦᠰᠦᠭ ᠵᠢᠷᠤᠬᠤ ᠶᠢᠨ ᠦᠨᠡᠨ ᠪᠣᠳᠠᠲᠤ ᠴᠢᠨᠠᠷ ᠪᠠ ᠪᠦᠷᠢᠨ ᠪᠦᠲᠦᠨ ᠴᠢᠨᠠᠷ ᠢ ᠬᠡᠷᠬᠢᠨ ᠪᠠᠲᠤᠯᠠᠬᠤ ᠶᠢ ᠦᠨᠡᠨ ᠬᠦ ᠪᠠᠲᠤᠯᠠᠵᠤ᠂ ᠬᠠᠭᠤᠷᠮᠠᠭᠯᠠᠨ ᠬᠡᠷᠡᠭᠯᠡᠬᠦ᠂ ᠬᠠᠭᠤᠷᠮᠠᠭ ᠢᠶᠠᠷ ᠵᠣᠬᠢᠶᠠᠬᠤ ᠵᠡᠷᠭᠡ ᠪᠠᠶᠢᠳᠠᠯ ᠭᠠᠷᠬᠤ ᠠᠴᠠ ᠵᠠᠶᠢᠯᠠᠰᠬᠢᠬᠦ ᠬᠡᠷᠡᠭᠲᠡᠢ᠃        ᠡᠯᠧᠺᠲᠷᠣᠨ ᠬᠥᠳᠡᠯᠮᠦᠷᠢ ᠶᠢᠨ ᠭᠡᠷ᠎ᠡ ᠪᠣᠯ ᠢᠨᠲ᠋ᠧᠷ ᠰᠦᠯᠵᠢᠶᠡᠨ ᠤ ᠴᠠᠭ ᠦᠶ᠎ᠡ ᠶᠢᠨ ᠬᠥᠳᠡᠯᠮᠦᠷᠢ ᠶᠢᠨ ᠬᠠᠷᠢᠴᠠᠭᠠᠨ ᠤ ᠰᠢᠨ᠎ᠡ ᠪᠠᠷ ᠬᠥᠭᠵᠢᠭᠰᠡᠨ ᠪᠦᠲᠦᠭᠡᠭᠳᠡᠬᠦᠨ ᠪᠣᠯᠣᠨ᠎ᠠ᠂ ᠰᠢᠭᠤᠶᠢᠲᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠡᠯᠧᠺᠲᠷᠣᠨ ᠬᠥᠳᠡᠯᠮᠦᠷᠢ ᠶᠢᠨ ᠭᠡᠷ᠎ᠡ ᠶᠢ ᠳᠡᠯᠭᠡᠷᠡᠭᠦᠯᠦᠨ ᠬᠡᠷᠡᠭᠯᠡᠬᠦ ᠶᠢ ᠢᠳᠡᠪᠬᠢᠲᠡᠢ ᠰᠦᠪᠡᠭᠴᠢᠯᠡᠵᠦ᠂ ᠲᠡᠭᠦᠨ ᠢ ᠡᠶ᠎ᠡ ᠵᠣᠬᠢᠴᠠᠩᠭᠤᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠢᠬᠤᠯᠠ ᠭᠠᠷᠳᠠᠴᠠ ᠪᠣᠯᠭᠠᠵᠤ᠂ ᠨᠠᠩ ᠣᠯᠠᠨ ᠳᠡᠯᠭᠡᠷᠡᠭᠦᠯᠦᠨ ᠲᠣᠯᠢ ᠪᠣᠯᠭᠠᠵᠤ ᠪᠣᠯᠬᠤ ᠰᠠᠶᠢᠨ ᠲᠤᠷᠰᠢᠯᠭ᠎ᠠ᠂ ᠰᠠᠶᠢᠨ ᠠᠷᠭ᠎ᠠ ᠶᠢ ᠪᠣᠯᠪᠠᠰᠤᠷᠠᠭᠤᠯᠤᠨ ᠳ᠋ᠦᠩᠨᠡᠵᠦ᠂ ᠰᠢᠭᠤᠶᠢᠲᠤ ᠲᠣᠭᠤᠷᠢᠭ ᠤᠨ ᠡᠯᠧᠺᠲᠷᠣᠨ ᠬᠥᠳᠡᠯᠮᠦᠷᠢ ᠶᠢᠨ ᠭᠡᠷ᠎ᠡ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ᠬᠥᠳᠡᠯᠮᠦᠷᠢ ᠶᠢᠨ ᠠᠵᠢᠯᠴᠢᠨ ᠬᠡᠷᠡᠭᠯᠡᠬᠦ ᠬᠠᠮᠢᠶᠠᠷᠤᠯᠲᠠ ᠶᠢᠨ ᠰᠢᠨ᠎ᠡ ᠵᠠᠭᠪᠤᠷ ᠢ ᠪᠣᠶ ᠪᠣᠯᠭᠠᠪᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号