4 ᠰᠠᠷ᠎ᠠ ᠶᠢᠨ 15 ᠤ ᠡᠳᠦᠷ ᠰᠢᠭᠤᠶᠢᠲᠤ ᠲᠣᠭᠤᠷᠢᠭ ᠤᠨ ᠡᠬᠡ ᠨᠢᠯᠬᠠᠰ ᠤᠨ ᠡᠷᠡᠭᠦᠯᠵᠢᠯ ᠤᠨ ᠭᠠᠵᠠᠷ᠂ | ᠪᠡᠳᠬᠡᠷ ᠵᠣᠣ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ︽ᠨᠠᠮ ᠤᠨ ᠠᠴᠢ ᠳᠤ ᠲᠠᠯᠠᠷᠬᠠᠵᠤ᠂ ᠨᠠᠮ ᠤᠨ | ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ | ᠭᠦᠨᠵᠡᠭᠡᠢ ᠪᠥᠭᠡᠳ ᠪᠣᠳᠠᠲᠠᠶᠢᠵᠢᠭᠤᠯᠬᠤ ᠶᠢᠨ ᠲᠣᠭᠤᠷᠢᠨ ᠳᠤ ︽ᠥᠮᠡᠨ ᠡᠪᠡᠳᠴᠢᠨ ᠢ ᠰᠡᠷᠭᠡᠶᠢᠯᠡᠨ ᠥᠮᠡᠨ | ᠰᠡᠷᠭᠡᠶᠢᠯᠡᠬᠦ᠂ ᠡᠷᠲᠡ ᠰᠢᠭᠰᠢᠵᠦ ᠡᠷᠲᠡ ᠣᠨᠣᠰᠢᠯᠠᠬᠤ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ | ᠥᠷᠨᠢᠭᠦᠯᠪᠡ᠃ | | ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠡᠮᠨᠡᠯᠭᠡ ᠶᠢᠨ ᠠᠵᠢᠯᠲᠠᠳ ᠬᠠᠷᠢᠶ᠎ᠠ ᠣᠷᠣᠨ ᠤ ᠪᠠᠨ | ᠰᠠᠭᠤᠭᠠᠯᠢ ᠠᠷᠠᠳ ᠲᠤ ᠦᠷᠭᠦᠯᠵᠢ ᠬᠡᠷᠡᠭᠯᠡᠳᠡᠭ ᠬᠠᠪᠤᠳᠠᠷ ᠢ ᠡᠰᠡᠷᠭᠦᠴᠡᠬᠦ ᠡᠮ ᠤᠨ ᠡᠮᠴᠢᠯᠡᠭᠡ ᠵᠢᠴᠢ ᠢᠳᠡᠭᠡᠨ | ᠤᠮᠳᠠᠭᠠᠨ ᠤ ᠳᠠᠳᠬᠠᠯ ᠪᠣᠯᠣᠨ ᠬᠠᠪᠤᠳᠠᠷ ᠢ ᠰᠡᠷᠭᠡᠶᠢᠯᠡᠬᠦ ᠠᠷᠭ᠎ᠠ ᠵᠡᠷᠭᠡ ᠮᠡᠳᠡᠯᠭᠡ ᠶᠢ ᠲᠠᠶᠢᠯᠪᠤᠷᠢᠯᠠᠨ ᠥᠭᠴᠦ᠂ ᠨᠠᠩ | ᠣᠯᠠᠨ ᠰᠠᠭᠤᠭᠠᠯᠢ ᠠᠷᠠᠳ ᠲᠤ ᠢᠳᠡᠭᠡᠨ ᠤᠮᠳᠠᠭᠠᠨ ᠤ ᠳᠠᠳᠬᠠᠯ ᠵᠢᠴᠢ ᠣᠶᠤᠨ ᠮᠡᠳᠡᠷᠡᠯ ᠤᠨ ᠪᠠᠶᠢᠳᠠᠯ ᠪᠣᠯᠣᠨ | ᠬᠠᠪᠤᠳᠠᠷ ᠤᠨ ᠡᠪᠡᠳᠴᠢᠨ ᠡᠭᠦᠰᠬᠦ ᠶᠢ ᠬᠡᠷᠬᠢᠨ ᠪᠦᠲᠦᠮᠵᠢᠲᠡᠶ ᠰᠡᠷᠭᠡᠶᠢᠯᠡᠬᠦ ᠶᠢ ᠣᠶᠢᠯᠠᠭᠠᠭᠤᠯᠵᠤ᠂ ᠥᠮᠡᠨ | ᠡᠪᠡᠳᠴᠢᠨ ᠢ ᠵᠥᠪ ᠢᠶᠠᠷ ᠲᠠᠨᠢᠵᠤ᠂ ᠥᠮᠡᠨ ᠡᠪᠡᠳᠴᠢᠨ ᠢ ᠢᠳᠡᠪᠬᠢᠲᠡᠢ ᠪᠠᠷ ᠰᠡᠷᠭᠡᠶᠢᠯᠡᠨ ᠡᠵᠡᠮᠳᠡᠵᠦ᠂ ᠥᠮᠡᠨ | ᠡᠪᠡᠳᠴᠢᠨ ᠢ ᠭᠤᠷᠪᠠᠳᠤᠭᠠᠷ ᠳᠡᠰ ᠤᠨ ᠤᠷᠢᠳᠴᠢᠯᠠᠨ ᠰᠡᠷᠭᠡᠶᠢᠯᠡᠬᠦ ᠣᠶᠢᠯᠠᠭᠠᠭᠳᠠᠬᠤᠨ ᠢ ᠪᠣᠶ ᠪᠣᠯᠭᠠᠵᠤ᠂ ᠡᠷᠡᠭᠦᠯ | ᠰᠠᠷᠠᠭᠤᠯ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠦᠢᠯᠡᠳᠦᠯᠭᠡᠵᠢᠭᠦᠯᠵᠦ᠂ ᠥᠮᠡᠨ ᠡᠪᠡᠳᠴᠢᠨ ᠢ ᠰᠡᠷᠭᠡᠶᠢᠯᠡᠬᠦ | ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠡᠷᠲᠡ ᠰᠡᠷᠭᠡᠶᠢᠯᠡᠬᠦ᠂ | ᠡᠷᠲᠡ ᠢᠯᠡᠷᠡᠭᠦᠯᠬᠦ᠂ ᠡᠷᠲᠡ ᠣᠨᠣᠰᠢᠯᠠᠬᠤ᠂ ᠡᠷᠲᠡ ᠡᠮᠨᠡᠨ ᠵᠠᠰᠠᠬᠤ ᠶᠢ ᠪᠡᠶᠡᠯᠡᠭᠦᠯᠪᠡ᠃ | | ᠳᠠᠷᠠᠭᠠᠴᠢ ᠶᠢᠨ ᠠᠯᠬᠤᠮ ᠳᠤ᠂ ᠰᠢᠭᠤᠶᠢᠲᠤ ᠲᠣᠭᠤᠷᠢᠭ ᠤᠨ ᠡᠬᠡ ᠨᠢᠯᠬᠠᠰ ᠤᠨ ᠡᠷᠡᠭᠦᠯᠵᠢᠯ ᠤᠨ ᠭᠠᠵᠠᠷ᠂ | ᠪᠡᠳᠬᠡᠷ ᠵᠣᠣ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠦᠷᠭᠦᠯᠵᠢᠯᠡᠨ ᠡᠷᠡᠭᠦᠯ ᠮᠡᠨᠳᠦ ᠶᠢᠨ ᠵᠥᠪᠯᠡᠯᠭᠡ ᠥᠭᠬᠦ᠂ | ᠠᠯᠪᠠᠨ ᠵᠢᠷᠤᠮ ᠤᠨ ᠡᠮᠴᠢᠯᠡᠭᠡ ᠬᠢᠬᠦ᠂ ᠲᠤᠰᠬᠠᠢ ᠰᠡᠳᠦᠪᠲᠦ ᠲᠠᠶᠢᠯᠤᠮᠵᠢ ᠬᠢᠬᠦ ᠵᠡᠷᠭᠡ ᠬᠡᠯᠪᠡᠷᠢ ᠪᠠᠷ ᠡᠷᠡᠭᠦᠯ | ᠠᠮᠢᠳᠤᠷᠠᠯ ᠤᠨ ᠣᠶᠢᠯᠠᠭᠠᠭᠳᠠᠬᠤᠨ ᠢ ᠳᠡᠯᠭᠡᠷᠡᠭᠦᠯᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠢ ᠳᠠᠶᠢᠴᠢᠯᠠᠨ | ᠬᠠᠮᠲᠤ ᠪᠠᠷ ᠣᠷᠣᠯᠴᠠᠭᠤᠯᠵᠤ᠂ ᠥᠪᠡᠷ ᠤᠨ ᠪᠡᠶ᠎ᠡ ᠪᠠ ᠭᠡᠷ ᠤᠨ ᠬᠥᠮᠥᠰ ᠤᠨ ᠢᠶᠠᠨ ᠡᠷᠡᠭᠦᠯ ᠮᠡᠨᠳᠦ ᠳᠤ | ᠣᠷᠣᠯᠴᠠᠭᠤᠯᠵᠤ᠂ ᠮᠠᠭᠤ ᠳᠠᠳᠬᠠᠯ ᠢᠶᠠᠨ ᠲᠠᠶᠠᠭᠳᠠᠭᠤᠯᠤᠨ᠂ ᠥᠪᠡᠷ ᠤᠨ ᠡᠷᠡᠭᠦᠯ ᠮᠡᠨᠳᠦ ᠶᠢᠨ ᠨᠢᠭᠡᠳᠦᠭᠡᠷ | ᠬᠠᠷᠢᠭᠤᠴᠠᠯᠭᠠᠲᠠᠨ ᠪᠣᠯᠭᠠᠨ᠎ᠠ᠃ |