ᠰᠢᠭᠤᠶᠢᠲᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠰᠢᠷᠢᠰ ︽4.15 ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/17
        ᠤᠯᠤᠰ ᠣᠷᠣᠨ ᠤ ᠠᠮᠤᠷ ᠲᠦᠪᠰᠢᠨ ᠨᠢ ᠤᠯᠤᠰ ᠣᠷᠣᠨ ᠤ ᠠᠰᠢᠭ ᠲᠤᠰᠠ ᠲᠠᠢ ᠬᠤᠯᠪᠣᠭᠳᠠᠵᠤ᠂ ᠤᠯᠤᠰ ᠣᠷᠣᠨ ᠤ ᠲᠣᠭᠲᠠᠭᠤᠨ ᠪᠠᠶᠢᠳᠠᠯ ᠲᠠᠢ ᠬᠤᠯᠪᠣᠭᠳᠠᠬᠤ ᠪᠥᠭᠡᠳ ᠠᠷᠠᠳ ᠢᠷᠭᠡᠨ ᠨᠢᠭᠡᠪᠦᠷᠢ ᠶᠢᠨ ᠠᠮᠢ ᠪᠡᠶ᠎ᠡ ᠶᠢᠨ ᠠᠰᠢᠭ ᠲᠤᠰᠠ ᠲᠠᠢ ᠨᠢᠭᠲᠠ ᠬᠤᠯᠪᠣᠭ᠎ᠠ ᠲᠠᠢ ᠶᠤᠮ᠃ ᠰᠢᠭᠤᠶᠢᠲᠤ  ᠲᠣᠭᠤᠷᠢᠭ ‍ᠤᠨ‌ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠬᠢᠨ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ᠂ ᠤᠯᠤᠰ ᠤᠨ ᠠᠮᠤᠷ ᠲᠦᠪᠰᠢᠨ ᠤ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠦᠵᠡᠯ ᠤᠬᠠᠮᠰᠠᠷ ᠪᠠ ᠴᠢᠳᠠᠪᠤᠷᠢ ᠶᠢ ᠪᠦᠲᠦᠮᠵᠢᠲᠡᠶ ᠴᠢᠩᠭᠠᠳᠬᠠᠵᠤ᠂ ᠰᠢᠷᠢᠰ ᠠᠵᠢᠯᠯᠠᠭ᠎ᠠ ᠶᠢ ᠥᠷᠨᠢᠭᠦᠯᠵᠦ᠂ ︽ᠤᠯᠤᠰ ᠤᠨ ᠠᠮᠤᠷ ᠲᠦᠪᠰᠢᠨ ᠳᠤ ᠬᠥᠮᠥᠨ ᠪᠦᠬᠦᠨ ᠬᠠᠷᠢᠭᠤᠴᠠᠯᠭ᠎ᠠ ᠲᠠᠢ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃        ᠨᠢᠭᠡ᠂ ᠰᠢᠭᠤᠶᠢᠲᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠢᠰᠲ᠋ᠧᠮ ᠤᠨ ᠡᠯ᠎ᠡ ᠨᠢᠭᠡᠴᠡ ᠰᠢᠭᠤᠶᠢᠲᠤ ᠰᠢᠨ᠎ᠡ ᠲᠣᠭᠤᠷᠢᠭ ᠤᠨ ᠠᠭᠤᠳᠠᠮ ᠲᠠᠯᠠᠪᠠᠶ ᠳᠤ ᠬᠦᠷᠴᠦ ︽ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠦᠨ10 ᠵᠢᠯ ᠤᠨ ᠣᠢ ᠶᠢ ᠬᠥᠲᠥᠯᠥᠨ ᠳᠠᠭᠠᠭᠤᠯᠬᠤ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ        ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ 4 ᠰᠠᠷ᠎ᠠ ᠶᠢᠨ 15 ᠤ ᠡᠳᠦᠷ᠂ ᠰᠢᠭᠤᠶᠢᠲᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠢᠰᠲ᠋ᠧᠮ ᠤᠨ ᠡᠯ᠎ᠡ ᠨᠢᠭᠡᠴᠡ ᠰᠢᠭᠤᠶᠢᠲᠤ ᠰᠢᠨ᠎ᠡ ᠲᠣᠭᠤᠷᠢᠭ ᠤᠨ ᠠᠭᠤᠳᠠᠮ ᠲᠠᠯᠠᠪᠠᠢ ᠳᠤ ᠬᠦᠷᠴᠦ ︽ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ᠂ ᠰᠢᠨ᠎ᠡ ᠶᠢ ᠡᠭᠦᠳᠴᠦ ᠬᠥᠲᠥᠯᠥᠨ ᠳᠠᠭᠠᠭᠤᠯᠬᠤ 10 ᠵᠢᠯ ᠤᠨ ᠤᠢ︾ ᠶᠢᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
1713169271568059476.jpg
        ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠠᠵᠢᠯᠲᠠᠳ ᠬᠠᠷᠢᠶ᠎ᠠ ᠣᠷᠣᠨ ᠤ ᠪᠠᠨ ᠰᠠᠭᠤᠭᠠᠯᠢ ᠠᠷᠠᠳ ᠲᠤ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠤᠬᠠᠭᠤᠯᠵᠤ᠂ ᠬᠠᠮᠢᠶ᠎ᠠ ᠪᠦᠬᠦᠢ ᠬᠠᠤᠯᠢ ᠴᠠᠭᠠᠵᠠ ᠶᠢ ᠲᠦᠭᠡᠮᠡᠯᠵᠢᠭᠦᠯᠦᠨ᠂ ᠨᠢᠭᠤᠴᠠ ᠶᠢ ᠬᠠᠮᠠᠭᠠᠯᠠᠬᠤ ᠦᠵᠡᠯ ᠤᠬᠠᠮᠰᠠᠷ ᠪᠠ ᠦᠵᠡᠯᠲᠡ ᠶᠢ ᠲᠠᠰᠤᠷᠠᠯᠲᠠ ᠦᠭᠡᠢ ᠴᠢᠩᠭᠠᠳᠬᠠᠪᠠ᠃ ᠡᠭᠦᠨ ᠤ ᠬᠠᠮᠲᠤ᠂ ᠥᠷᠭᠡᠨ ᠣᠯᠠᠨ ᠲᠦᠮᠡᠨ ᠢ ᠤᠯᠤᠰ ᠤᠨ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ ᠦᠵᠡᠯ ᠤᠬᠠᠮᠰᠠᠷ ᠤᠨ ᠲᠤᠬᠠᠢ ᠲᠠᠨᠢᠯᠲᠠ ᠪᠠ ᠬᠠᠮᠠᠭᠠᠯᠠᠯᠲᠠ ᠪᠠᠨ ᠳᠡᠭᠡᠭᠰᠢᠯᠡᠭᠦᠯᠵᠦ᠂ ᠰᠠᠨᠠᠭᠠᠰᠢᠷᠠᠬᠤ ᠦᠵᠡᠯ ᠤᠬᠠᠮᠰᠠᠷ ᠪᠠ ᠬᠠᠷᠢᠭᠤᠴᠠᠯᠭᠠᠲᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠣᠯᠠᠨ ᠲᠦᠮᠡᠨ ᠤ ᠦᠵᠡᠯ ᠰᠠᠨᠠᠭᠠᠨ ᠳᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠲᠤ ᠪᠠᠬᠢ ᠪᠠᠶᠢᠭᠤᠯᠬᠤ ᠶᠢ ᠤᠷᠢᠶᠠᠯᠠᠪᠠ᠃ ᠲᠣᠰ ᠤᠳᠠᠭᠠᠨ ᠤ ᠠᠵᠢᠯᠯᠠᠭ᠎ᠠ ᠳᠤ ᠨᠠᠷᠢᠯᠢᠭ ᠰᠠᠶᠢᠬᠠᠨ ᠤᠬᠠᠭᠤᠯᠭ᠎ᠠ ᠶᠢᠨ ᠮᠠᠲ᠋ᠧᠷᠢᠶᠠᠯ ᠢ 30 ᠭᠠᠷᠤᠢ ᠬᠤᠪᠢ᠂ ᠤᠬᠠᠭᠤᠯᠭ᠎ᠠ ᠶᠢᠨ ᠤᠭᠤᠲᠠ ᠵᠢᠴᠢ ᠬᠤᠶᠠᠷ ᠥᠮᠡᠨ ᠢ ᠰᠡᠷᠭᠡᠶᠢᠯᠡᠨ ᠵᠠᠰᠠᠬᠤ ᠮᠡᠳᠡᠯᠭᠡ ᠶᠢᠨ ᠤᠬᠠᠭᠤᠯᠭ᠎ᠠ ᠶᠢᠨ ᠳᠡᠪᠲᠡᠷ ᠵᠡᠷᠭᠡ 100 ᠭᠠᠷᠤᠢ ᠬᠤᠪᠢ ᠲᠠᠷᠬᠠᠭᠠᠪᠠ᠃        ᠬᠤᠶᠠᠷ᠂ ᠰᠢᠭᠤᠶᠢᠲᠤ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ︽4.15 ᠤᠨ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾ ᠤᠨ ᠤᠬᠠᠭᠤᠯᠭ᠎ᠠ ᠬᠥᠮᠦᠵᠢᠯ ᠤᠨ ᠲᠤᠰᠬᠠᠢ ᠰᠡᠳᠦᠪᠲᠦ ᠬᠤᠷᠠᠯ ᠥᠷᠨᠢᠭᠦᠯᠪᠡᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠷᠭᠡᠨ ᠤᠯᠠᠨ ᠺᠠᠳ᠋ᠷ ᠠᠵᠢᠯᠲᠠᠨ ᠤ ᠤᠯᠤᠰ ᠤᠨ ᠠᠮᠤᠷ ᠲᠦᠪᠰᠢᠨ ᠤ ᠤᠬᠠᠮᠰᠠᠷ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠤᠯᠤᠰ ᠤᠨ ᠠᠮᠤᠷ ᠲᠦᠪᠰᠢᠨ ᠤ ᠦᠵᠡᠯ ᠰᠠᠨᠠᠭᠠᠨ ᠤ ᠰᠠᠭᠤᠷᠢ ᠶᠢ ᠪᠠᠲᠤᠳᠬᠠᠬᠤ ᠶᠢᠨ ᠲᠥᠯᠥᠭᠡ᠂ ᠰᠢᠭᠤᠶᠢᠲᠤ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ ︽ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ · ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠬᠤ 10 ᠵᠢᠯ ᠤᠨ ᠤᠢ︾ - ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠲᠤᠰᠬᠠᠢ ᠰᠡᠳᠦᠪᠲᠦ ᠬᠤᠷᠠᠯ ᠢ ᠥᠷᠨᠢᠭᠦᠯᠵᠡᠢ᠃
1713169284165075881.jpg
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号