3 ᠰᠠᠷ᠎ᠠ ᠶᠢᠨ 27 ᠤ ᠡᠳᠦᠷ᠂ ᠰᠢᠭᠤᠶᠢᠲᠤ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠤᠭ᠎ᠠ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠱᠤᠭᠤᠬᠤ ᠪᠠᠷ ᠭᠤᠣᠯ ᠰᠢᠵᠢᠮ | ᠪᠤᠯᠭᠠᠵᠤ᠂ ︽ᠳᠤᠮᠳᠠᠳᠤ ᠶᠢᠨ ᠦᠨᠳᠦᠰᠦᠲᠡᠨ ᠪᠦᠭᠦᠨ ᠬᠠᠮᠲᠤᠪᠠᠷ ᠬᠥᠳᠡᠯᠦᠯᠴᠡᠨ᠂ ᠳᠤᠮᠳᠠᠳᠤ ᠶᠢᠨ ᠵᠡᠭᠦᠳᠦ ᠪᠠᠨ | ᠬᠠᠮᠲᠤᠪᠠᠷ ᠲᠡᠷᠭᠡᠯᠰᠢᠭᠦᠯᠦᠶ᠎ᠡ︾ ᠭᠡᠬᠦ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠲᠤᠰᠬᠠᠢ ᠰᠡᠳᠦᠪᠲᠦ | ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ | | ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭᠠᠲᠤ ᠬᠤᠷᠠᠯ ᠤᠨ ᠺᠠᠲᠷ ᠠᠵᠢᠯᠲᠠᠨ ᠠᠵᠢᠯᠴᠢᠨ | ᠳᠥᠭᠦᠮ ᠣᠶᠢᠯᠠᠭᠠᠮᠵᠢᠲᠠᠢ ᠦᠭᠡ ᠭᠡᠯᠡ ᠪᠠᠷ ᠵᠡᠮᠳᠡᠭᠴᠦᠳ ᠵᠢᠴᠢ ᠵᠡᠮᠳᠡᠭᠴᠦᠳ ᠤᠨ ᠲᠥᠷᠥᠯ ᠰᠠᠳᠤᠨ ᠨᠠᠶᠢᠵᠢ | ᠨᠥᠬᠦᠳ ᠲᠡᠭᠡᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ | ᠪᠠᠬᠢ ᠴᠣᠭᠴᠠᠯᠠᠬᠤ︾ ᠡᠯᠪᠡᠭ ᠪᠠᠶᠠᠯᠢᠭ ᠠᠭᠤᠯᠤᠭᠳᠠᠬᠤᠨ ᠢ ᠤᠬᠠᠭᠤᠯᠤᠨ ᠲᠠᠶᠢᠯᠪᠤᠷᠢᠯᠠᠵᠤ᠂ ᠥᠷᠭᠡᠨ ᠣᠯᠠᠨ | ᠵᠡᠮᠳᠡᠭᠴᠦᠳ ᠢ ᠢᠳᠡᠪᠬᠢᠲᠡᠢ ᠬᠥᠲᠥᠯᠥᠨ ᠵᠢᠯᠤᠭᠤᠳᠴᠤ ᠪᠠᠶᠢᠭᠠᠳ ᠨᠠᠮ ᠤᠨ ᠦᠨᠳᠦᠰᠦᠲᠡᠨ ᠤ ᠲᠥᠷᠥ ᠶᠢᠨ | ᠪᠣᠳᠣᠯᠭ᠎ᠠ ᠪᠠ ᠦᠨᠳᠦᠰᠦᠲᠡᠨ ᠤ ᠣᠨᠣᠯ ᠵᠢᠴᠢ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ | ᠮᠡᠳᠡᠯᠭᠡ ᠶᠢ ᠭᠦᠨᠵᠡᠭᠡᠢ ᠣᠶᠢᠯᠠᠭᠠᠭᠤᠯᠬᠤ ᠬᠡᠷᠡᠭᠲᠡᠢ᠃ ᠠᠵᠢᠯᠯᠠᠭ᠎ᠠ ᠳᠤ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠯᠭᠠᠬᠤ ᠤᠬᠠᠭᠤᠯᠭ᠎ᠠ ᠶᠢᠨ ᠮᠠᠲ᠋ᠧᠷᠢᠶᠠᠯ 30 ᠭᠠᠷᠤᠢ | ᠳᠡᠪᠲᠡᠷ ᠲᠠᠷᠬᠠᠭᠠᠪᠠ᠃ | ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠨᠢᠭᠡᠳᠦᠯᠲᠡᠢ | ᠪᠠᠶᠢᠷᠢᠯᠠᠭᠤᠯᠤᠯᠲᠠ ᠶᠣᠰᠣᠭᠠᠷ᠂ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠤᠭ᠎ᠠ ᠪᠦᠭᠦ ᠲᠠᠯ᠎ᠠ ᠶᠢᠨ᠂ ᠣᠯᠠᠨ | ᠬᠠᠷᠠᠭᠠᠰᠤ᠂ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠴᠣᠭᠴᠠᠯᠠᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠢ | ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠲᠠᠰᠤᠷᠠᠯᠲᠠ | ᠦᠭᠡᠢ ᠳᠦᠷᠰᠦᠲᠦ᠂ ᠰᠡᠷᠡᠭᠳᠡᠯ ᠲᠠᠢ᠂ ᠪᠦᠲᠦᠮᠵᠢᠲᠡᠢ ᠪᠤᠢ ᠪᠣᠯᠭᠠᠨ᠂ ᠦᠨᠳᠦᠰᠦᠲᠡᠨ ᠤ ᠪᠦᠯᠬᠦᠮᠳᠡᠯ ᠤᠨ ᠦᠷ᠎ᠡ ᠶᠢ | ᠵᠡᠮᠳᠡᠭᠴᠦᠳ ᠵᠢᠴᠢ ᠵᠡᠮᠳᠡᠭᠴᠦᠳ ᠤᠨ ᠳᠣᠲᠣᠨᠣ ᠨᠠᠶᠢᠵᠢ ᠶᠢᠨ ᠰᠡᠳᠬᠢᠯ ᠳᠤ ᠬᠡᠪ ᠢᠶᠠᠨ ᠰᠠᠬᠢᠵᠤ᠂ ᠦᠷ᠎ᠡ ᠵᠢᠮᠢᠰ | ᠭᠠᠷᠭᠠᠨ᠎ᠠ᠃ |