ᠴᠠᠬᠠᠷ ᠬᠤᠪᠴᠠᠰᠤ ᠵᠠᠰᠠᠯ ᠢᠶᠠᠷ ᠦᠢᠯᠡᠰ ᠢᠶᠠᠨ ᠭᠤᠶᠤᠭᠰᠠᠨ ᠪᠦᠰᠡᠭᠦᠢ
ᠨᠡᠶᠢᠲᠡᠯᠡᠭᠰᠡᠨ ᠴᠠᠭ᠄
2024/4/18
        ᠴᠠᠬᠠᠷ ᠬᠤᠪᠴᠠᠰᠤ ᠵᠠᠰᠠᠯ ᠢᠶᠠᠷ ᠦᠢᠯᠡᠰ ᠢᠶᠠᠨ ᠭᠤᠶᠤᠭᠰᠠᠨ ᠪᠦᠰᠡᠭᠦᠢ     - ᠴᠠᠬᠠᠷ ᠬᠤᠪᠴᠠᠰᠤ ᠵᠠᠰᠠᠯ ᠤᠨ ᠪᠣᠳᠠᠰ ᠤᠨ ᠪᠤᠰᠤ ᠰᠣᠶᠣᠯ ‍ᠤᠨ‌ᠥᠪ ᠤᠨ ᠥᠪᠯᠡᠨ ᠤᠯᠠᠮᠵᠢᠯᠠᠭᠴᠢ ᠡᠷᠳᠡᠨᠢᠴᠢᠮᠡᠭ ᠢ ᠲᠡᠮᠳᠡᠭᠯᠡᠪᠡ                             ᠰᠤᠷᠪᠤᠯᠵᠢᠯᠠᠭᠴᠢ   ᠲᠤᠷᠠᠨ᠎ᠠ  ᠬᠠᠰᠪᠢᠯᠢᠭ᠌        ᠴᠠᠬᠠᠷ ᠬᠤᠪᠴᠠᠰᠤ ᠵᠠᠰᠠᠯ ᠨᠢ ᠮᠣᠩᠭᠤᠯ ᠬᠤᠪᠴᠠᠰᠤ ᠵᠠᠰᠠᠯ ᠤᠨ ᠶᠡᠬᠡᠮᠰᠦᠭ ᠭᠤᠸ᠎ᠠ ᠰᠢᠨᠵᠢ ᠬᠡᠯᠪᠡᠷᠢ ᠶᠢ  ᠬᠠᠳᠠᠭᠠᠯᠠᠭᠰᠠᠨ ᠪᠥᠭᠡᠳ ᠴᠡᠪᠡᠷ ᠴᠡᠮᠴᠡᠭᠡᠷ ᠥᠪᠡᠷᠮᠢᠴᠡ ᠬᠡᠪ ᠨᠠᠮᠪᠠ ᠲᠠᠢ ᠪᠠᠶᠢᠳᠠᠭ ᠠᠴᠠ ᠬᠡᠷᠡᠭᠯᠡᠭᠴᠢᠳ ᠤᠨ  ᠲᠠᠭᠠᠰᠢᠶᠠᠯ ᠳᠤ ᠬᠦᠷᠴᠦ᠂ ᠣᠷᠴᠢᠮ ᠤᠨ ᠵᠢᠯ ᠠᠴᠠ ᠣᠶᠣᠵᠤ ᠤᠷᠠᠯᠠᠬᠤ ᠣᠶᠣᠳᠠᠯᠴᠢᠨ ᠴᠤ ᠣᠯᠠᠰᠢᠷᠠᠭᠰᠠᠨ  ᠪᠠᠶᠢᠨ᠎ᠠ᠃ ᠣᠶᠣᠳᠠᠯᠴᠢᠨ ᠪᠦᠰᠡᠭᠦᠢ ᠡᠷᠳᠡᠨᠢᠴᠢᠮᠡᠭ ᠪᠣᠯ ᠬᠥᠪᠡᠭᠡᠲᠦ ᠰᠢᠷ᠎ᠠ ᠬᠤᠰᠢᠭᠤᠨ ᠤ ᠪᠣᠭᠳᠠ ᠶᠢᠨ ᠭᠤᠣᠯ  ᠰᠤᠮᠤᠨ ᠤ ᠡᠬᠢᠨ ᠤᠰᠤ ᠭᠠᠴᠠᠭᠠᠨ ᠤ ᠮᠠᠯᠴᠢᠨ᠂ ︽ᠨᠣᠭᠤᠭᠠᠨ ᠪᠤᠯᠠᠭ︾ ᠺᠣᠮᠫᠠᠨᠢ ᠶᠢᠨ ᠵᠠᠬᠢᠷᠤᠯ᠂ ᠮᠥᠨ ᠴᠤ  ᠴᠠᠬᠠᠷ ᠬᠤᠪᠴᠠᠰᠤ ᠵᠠᠰᠠᠯ ᠤᠨ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠥᠪᠯᠡᠨ  ᠤᠯᠠᠮᠵᠢᠯᠠᠭᠴᠢ ᠪᠣᠯᠣᠨ᠎ᠠ᠃        ᠰᠣᠷᠪᠣᠯᠵᠢᠯᠠᠬᠴᠢ ᠰᠢᠨᠡᠪᠤᠯᠠᠭ ᠪᠠᠯᠭᠠᠰᠤᠨ ᠤ ᠦᠨᠳᠦᠰᠦᠲᠡᠨ ᠤ ᠣᠨᠴᠠᠯᠢᠭᠲᠤ ᠵᠠᠩ ᠦᠢᠯᠡ ᠶᠢᠨ ᠵᠡᠭᠡᠯᠢ ᠳᠤ  ᠪᠠᠶᠢᠷᠢᠯᠠᠭ᠎ᠠ ︽ᠨᠣᠭᠤᠭᠠᠨ ᠪᠤᠯᠠᠭ︾ ᠺᠣᠮᠫᠠᠨᠢ ᠳᠤ ᠬᠦᠷᠬᠦ ᠳᠤ ᠡᠷᠳᠡᠨᠢᠴᠢᠮᠡᠭ ᠬᠡᠷᠡᠭᠯᠡᠭᠴᠢ ᠶᠢᠨ ᠵᠠᠬᠢᠶᠠᠯᠠᠭᠰᠠᠨ  ᠴᠠᠬᠠᠷ ᠳᠡᠪᠡᠯ ᠢᠶᠠᠨ ᠣᠶᠣᠵᠤ ᠡᠰᠬᠡᠭᠡᠳ ᠶᠠᠭᠠᠷᠠᠵᠤ ᠪᠠᠶᠢᠯ᠎ᠠ᠃ ᠡᠷᠳᠡᠨᠢᠴᠢᠮᠡᠭ ᠮᠠᠯᠵᠢᠬᠤ ᠣᠷᠣᠨ ᠳᠤ ᠥᠰᠴᠦ  ᠲᠣᠷᠨᠢᠭᠰᠠᠨ ᠪᠣᠯᠬᠤᠷ ᠡᠵᠢ ᠠᠴᠠ ᠪᠠᠨ ᠴᠠᠬᠠᠷ ᠬᠤᠪᠴᠠᠰᠤ ᠵᠠᠰᠠᠯ ᠣᠶᠣᠬᠤ ᠮᠡᠷᠭᠡᠵᠢᠯ ᠰᠤᠷᠴᠤ ᠡᠵᠡᠮᠰᠢᠨ᠂ ᠤᠯᠠᠮ ᠢᠶᠠᠷ ᠳᠤᠷ᠎ᠠ ᠰᠣᠨᠢᠷᠬᠠᠯ ᠲᠠᠢ ᠪᠣᠯᠵᠠᠢ᠃ 2004 ᠣᠨ ᠳᠤ ᠲᠡᠷᠡ ᠬᠥᠬᠡᠬᠤᠲᠠ ᠶᠢᠨ ᠦᠨᠳᠦᠰᠦᠲᠡᠨ ᠤ ᠬᠤᠪᠴᠠᠰᠤ  ᠵᠠᠰᠠᠯ ᠤᠨ ᠦᠢᠯᠡᠳᠪᠦᠷᠢ ᠳᠤ ᠠᠵᠢᠯᠯᠠᠵᠤ ᠰᠤᠷᠤᠯᠴᠠᠬᠤ ᠶᠢᠨ ᠳᠠᠭᠠᠤ᠂ ᠦᠨᠳᠦᠰᠦᠲᠡᠨ ᠤ ᠬᠤᠪᠴᠠᠰᠤ ᠵᠠᠰᠠᠯ ᠤᠨ  ᠲᠤᠬᠠᠢ ᠮᠠᠰᠢ ᠣᠯᠠᠨ ᠮᠡᠳᠡᠯᠭᠡ ᠮᠡᠷᠭᠡᠵᠢᠯ ᠢ ᠡᠵᠡᠮᠰᠢᠵᠦ᠂ 2006 ᠣᠨ ᠳᠤ ᠬᠥᠬᠡᠬᠤᠲᠠ ᠳᠤ ᠦᠨᠳᠦᠰᠦᠲᠡᠨ ᠤ  ᠬᠤᠪᠴᠠᠰᠤ ᠵᠠᠰᠠᠯ ᠣᠶᠣᠬᠤ ᠭᠠᠵᠠᠷ ᠢᠶᠠᠨ ᠡᠵᠡᠩᠨᠡᠵᠦ᠂ ᠠᠳᠠᠯ ᠦᠢᠯᠡᠰ ᠴᠣᠭᠴᠠᠯᠠᠬᠤ ᠵᠠᠮ ᠢᠶᠠᠷ ᠵᠠᠮᠨᠠᠭᠰᠠᠨ  ᠪᠠᠶᠢᠨ᠎ᠠ᠃        ᠬᠡᠳᠦᠨ ᠵᠢᠯ ᠤᠨ ᠲᠠᠷᠠᠭ᠎ᠠ᠂ ᠬᠥᠪᠡᠭᠡᠲᠦ ᠰᠢᠷ᠎ᠠ ᠬᠤᠰᠢᠭᠤᠨ ᠠᠴᠠ ᠦᠨᠳᠦᠰᠦᠲᠡᠨ ᠤ ᠤᠯᠠᠮᠵᠢᠯᠠᠯᠲᠤ ᠴᠠᠬᠠᠷ  ᠬᠤᠪᠴᠠᠰᠤ ᠵᠠᠰᠠᠯ ᠤᠨ ᠠᠵᠤ ᠦᠢᠯᠡᠰ ᠢ ᠬᠥᠭᠵᠢᠭᠦᠯᠬᠦ ᠠᠷᠭ᠎ᠠ ᠪᠣᠳᠣᠯᠭ᠎ᠠ ᠳᠤᠷᠠᠳᠴᠤ᠂ ᠪᠡᠯᠡ ᠮᠥᠩᠭᠦ ᠶᠢᠨ  ᠲᠠᠯ᠎ᠠ ᠪᠠᠷ ᠳᠡᠮᠵᠢᠯᠭᠡ ᠦᠵᠡᠭᠦᠯᠦᠭᠰᠡᠨ ᠠᠴᠠ ᠡᠷᠳᠡᠨᠢᠴᠢᠮᠡᠭ ᠨᠤᠲᠤᠭ ᠲᠤ ᠪᠠᠨ ᠪᠤᠴᠠᠨ ᠦᠢᠯᠡᠰ ᠪᠣᠰᠬᠠᠵᠤ᠂  ᠬᠡᠳᠦᠨ ᠵᠢᠯ ᠤᠨ ᠬᠠᠲᠠᠭᠤᠵᠢᠯᠲᠠᠢ ᠴᠢᠷᠮᠠᠶᠢᠯᠭ᠎ᠠ ᠪᠠᠷ ᠲᠠᠮᠵᠢᠨ 2009 ᠣᠨ ᠳᠤ  ᠬᠥᠪᠡᠭᠡᠲᠦ ᠰᠢᠷ᠎ᠠ ᠬᠤᠰᠢᠭᠤᠨ ᠤ ᠰᠢᠨᠡᠪᠤᠯᠠᠭ ᠪᠠᠯᠭᠠᠰᠤᠨ ᠳᠤ ︽ᠨᠣᠭᠤᠭᠠᠨ ᠪᠤᠯᠠᠭ︾ ᠬᠤᠪᠴᠠᠰᠤ ᠵᠠᠰᠠᠯ ᠤᠨ ᠦᠢᠯᠡᠳᠪᠦᠷᠢ ᠪᠠᠨ ᠡᠷᠬᠢᠯᠡᠨ  ᠪᠠᠶᠢᠭᠤᠯᠪᠠ᠃        ᠠᠮᠢᠳᠤᠷᠠᠯ ᠤᠨ ᠨᠥᠬᠦᠴᠡᠯ ᠪᠣᠯᠣᠯᠴᠠᠭ᠎ᠠ ᠳᠡᠭᠡᠭᠰᠢᠯᠡᠬᠦ ᠶᠢ ᠳᠠᠭᠠᠯᠳᠤᠨ᠂ ᠬᠥᠮᠥᠰ ᠬᠤᠪᠴᠠᠰᠤ ᠵᠠᠰᠠᠯ ᠤᠨ ᠶᠠᠰᠤ  ᠴᠢᠨᠠᠷ ᠢ ᠬᠥᠭᠡᠭᠡᠴᠡᠯᠳᠦᠬᠦ ᠪᠠᠷ ᠪᠠᠷᠠᠬᠤ ᠦᠭᠡᠢ᠂ ᠬᠡᠯᠪᠡᠷᠢ ᠮᠠᠶ᠋ᠢᠭ᠂ ᠣᠨᠴᠠᠯᠢᠭ ᠰᠢᠨᠵᠢ ᠶᠢᠨ ᠲᠠᠯ᠎ᠠ ᠪᠠᠷ ᠴᠣ᠋ ᠥᠨᠳᠥᠷ ᠱᠠᠭᠠᠷᠳᠠᠯᠭ᠎ᠠ ᠲᠠᠢ ᠪᠣᠯᠵᠤ᠂ ᠡᠨᠡ ᠨᠢ ᠡᠷᠳᠡᠨᠢᠴᠢᠮᠡᠭ ᠲᠤ ᠠᠪᠴᠤ ᠬᠡᠯᠡᠪᠡᠯ ᠥᠷᠢᠰᠦᠯᠳᠦᠭᠡᠨ ᠪᠥᠭᠡᠳ  ᠠᠵᠠ ᠲᠣᠬᠢᠶᠠᠯ ᠪᠣᠯᠵᠠᠢ᠃ ᠡᠷᠳᠡᠨᠢᠴᠢᠮᠡᠭ ᠡᠯ᠎ᠡ ᠵᠦᠢᠯ ᠤᠨ ᠮᠣᠩᠭᠤᠯ ᠬᠤᠪᠴᠠᠰᠤ ᠵᠠᠰᠠᠯ ᠤᠨ ᠨᠣᠮ ᠪᠢᠴᠢᠭ ᠢ  ᠰᠤᠷᠤᠯᠴᠠᠨ᠂ ᠵᠢᠷᠤᠭ ᠮᠠᠲ᠋ᠧᠷᠢᠶᠠᠯ ᠴᠤᠭᠯᠠᠭᠤᠯᠬᠤ ᠪᠠᠷ ᠳᠠᠮᠵᠢᠨ᠂ ᠥᠪᠡᠷ ᠤᠨ ᠲᠤᠷᠰᠢᠯᠭ᠎ᠠ ᠲᠠᠢ ᠪᠠᠨ  ᠤᠶᠠᠯᠳᠤᠭᠤᠯᠤᠨ ᠲᠠᠰᠤᠷᠠᠯᠲᠠ ᠦᠭᠡᠢ ᠰᠡᠳᠬᠢᠨ ᠰᠢᠨᠡᠴᠢᠯᠡᠵᠦ᠂ ᠣᠯᠠᠨ ᠲᠦᠷᠦᠯ ᠤᠨ ᠭᠤᠶᠤ ᠰᠠᠶᠢᠬᠠᠨ ᠮᠣᠩᠭᠤᠯ  ᠲᠡᠷᠯᠢᠭ᠂ ᠵᠠᠰᠠᠯ ᠴᠢᠮᠡᠭᠯᠡᠯ ᠵᠡᠷᠭᠡ ᠦᠨᠳᠦᠰᠦᠲᠡᠨ ᠤ ᠬᠤᠪᠴᠠᠰᠤ ᠵᠠᠰᠠᠯ ᠤᠨ ᠪᠦᠲᠦᠭᠡᠭᠳᠡᠬᠦᠨ ᠢ ᠲᠥᠯᠥᠪᠯᠡᠨ  ᠣᠶᠣᠵᠤ᠂ ᠣᠯᠠᠨ ᠤ ᠲᠠᠭᠠᠰᠢᠶᠠᠯ ᠢ ᠣᠯᠣᠭᠰᠠᠨ ᠠᠴᠠ 2018 ᠣᠨ ᠳᠤ᠂ ᠡᠷᠳᠡᠨᠢᠴᠢᠮᠡᠭ ᠦᠢᠯᠡᠳᠪᠦᠷᠢ ᠪᠠᠨ ︽ᠨᠣᠭᠤᠭᠠᠨ ᠪᠤᠯᠠᠭ ᠰᠣᠶᠣᠯ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ︾ ᠪᠣᠯᠭᠠᠨ ᠥᠷᠭᠡᠳᠬᠡᠨ ᠪᠠᠶᠢᠭᠤᠯᠵᠤ᠂ ᠡᠬᠦᠨ᠋ ᠤ ᠳᠠᠭᠠᠤ ᠥᠪᠡᠷ ᠢᠶᠠᠨ ᠪᠡᠯᠡ ᠮᠥᠩᠭᠦ ᠭᠠᠷᠭᠠᠵᠤ ︽ᠠᠩᠬᠠᠳᠤᠭᠠᠷ ᠬᠤᠭᠤᠴᠠᠭᠠᠨ ᠤ ᠨᠣᠭᠤᠭᠠᠨ ᠪᠤᠯᠠᠭ ᠴᠠᠬᠠᠷ  ᠮᠣᠩᠭᠤᠯ ᠬᠤᠪᠴᠠᠰᠤ ᠵᠠᠰᠠᠯ ᠤᠨ ᠦᠵᠡᠭᠦᠯᠦᠯᠭᠡ︾᠂ ᠴᠠᠬᠠᠷ ᠬᠤᠪᠴᠠᠰᠤ ᠵᠠᠰᠠᠯ ᠣᠶᠣᠵᠤ ᠤᠷᠠᠯᠠᠬᠤ ᠪᠣᠯᠪᠠᠰᠤᠷᠠᠯ ᠢ ᠠᠮᠵᠢᠯᠲᠠ ᠲᠠᠢ ᠡᠷᠬᠢᠯᠡᠨ ᠶᠠᠪᠤᠭᠳᠠᠭᠤᠯᠵᠤ᠂ ᠦᠨᠳᠦᠰᠦᠲᠡᠨ ᠤ ᠬᠤᠪᠴᠠᠰᠤ ᠵᠠᠰᠠᠯ ᠤᠨ ᠥᠪ ᠢ ᠨᠡᠩ ᠤᠯᠠᠨ  ᠬᠥᠮᠥᠨ ᠳᠤ ᠥᠪᠯᠡᠭᠦᠯᠵᠦ᠂ ᠰᠣᠶᠣᠯ ᠤᠷᠠᠯᠢᠭ ᠤᠨ ᠬᠢᠨᠢ ᠭᠠᠶᠢᠬᠠᠮᠰᠢᠭ ᠢ ᠤᠯᠠᠨ ᠳᠤ ᠲᠣᠯᠢᠯᠠᠭᠤᠯᠤᠨ  ᠰᠤᠷᠲᠠᠯᠴᠢᠯᠠᠭᠰᠠᠨ ᠪᠠᠶᠢᠨ᠎ᠠ᠃        ᠡᠷᠳᠡᠨᠢᠴᠢᠮᠡᠭ ᠴᠠᠭ ᠦᠶ᠎ᠡ ᠶᠢᠨ ᠬᠡᠪ ᠨᠠᠮᠪᠠ ᠪᠠ ᠦᠨᠳᠦᠰᠦᠲᠡᠨ ᠤ ᠤᠯᠠᠮᠵᠢᠯᠠᠯᠲᠤ ᠬᠡᠪ ᠨᠠᠮᠪᠠ ᠶᠢ ᠪᠦᠷᠢᠨ  ᠲᠡᠭᠦᠯᠳᠡᠷ ᠤᠶᠠᠯᠳᠤᠭᠤᠯᠵᠤ᠂ ᠴᠠᠬᠠᠷ ᠬᠤᠪᠴᠠᠰᠤ ᠵᠠᠰᠠᠯ ᠢᠶᠠᠨ ᠰᠢᠨᠡᠴᠢᠯᠡᠬᠦ ᠶᠢᠨ ᠳᠠᠭᠠᠤ ᠤᠯᠠᠮᠵᠢᠯᠠᠨ ᠵᠠᠯᠭᠠᠮᠵᠢᠯᠠᠬᠤ ᠶᠢ ᠵᠣᠷᠢᠵᠤ᠂ ᠪᠠᠰᠠ ᠪᠣᠳᠠᠲᠤ ᠦᠢᠯᠡ ᠠᠵᠢᠯᠯᠠᠭ᠎ᠠ ᠪᠠᠷ ᠢᠶᠠᠨ ᠬᠤᠪᠴᠠᠰᠤ ᠵᠠᠰᠠᠯ ᠤᠨ ᠦᠢᠯᠡᠰ ᠢ ᠠᠬᠢᠭᠤᠯᠤᠨ  ᠬᠥᠭᠵᠢᠭᠦᠯᠵᠦ ᠶᠠᠪᠤᠭᠰᠠᠨ ᠠᠴᠠ 2011 ᠣᠨ ᠳᠤ ᠠᠶᠢᠮᠠᠭ ᠤᠨ ᠲᠡᠰ ᠤᠨ ᠪᠣᠳᠠᠰ ᠤᠨ ᠪᠤᠰᠤ ᠰᠣᠶᠣᠯ ᠤᠨ  ᠥᠪ ᠤᠨ ︽ᠴᠠᠬᠠᠷ ᠬᠤᠪᠴᠠᠰᠤ ᠵᠠᠰᠠᠯ︾ ᠤᠨ ᠥᠪᠯᠡᠨ ᠤᠯᠠᠮᠵᠢᠯᠠᠭᠴᠢ ᠪᠠᠷ ᠦᠨᠡᠯᠡᠭᠳᠡᠵᠦ᠂ 2014 ᠣᠨ ᠳᠤ  ᠣᠷᠣᠨ ᠤ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ︽ᠴᠠᠬᠠᠷ ᠬᠤᠪᠴᠠᠰᠤ ᠵᠠᠰᠠᠯ︾ ᠤᠨ ᠪᠣᠳᠠᠰ ᠤᠨ  ᠪᠤᠰᠤ ᠰᠣᠶᠣᠯ ᠤᠨ ᠥᠪ ᠤᠨ ᠥᠪᠯᠡᠨ ᠤᠯᠠᠮᠵᠢᠯᠠᠭᠴᠢ ᠪᠠᠷ ᠦᠨᠡᠯᠡᠭᠳᠡᠭᠰᠡᠨ ᠪᠠᠶᠢᠨ᠎ᠠ᠃ ︽ᠴᠠᠬᠠᠷ ᠬᠤᠪᠴᠠᠰᠤ  ᠵᠠᠰᠠᠯ ᠢ ᠣᠶᠣᠵᠤ ᠡᠬᠢᠯᠡᠭᠰᠡᠨ ᠤ ᠲᠠᠷᠠᠭ᠎ᠠ ᠠᠷᠪᠢᠨ ᠰᠠᠶᠢᠬᠠᠨ ᠪᠠᠭᠰᠢ ᠨᠠᠷ ᠪᠣᠯᠣᠨ ᠣᠷᠣᠨ ᠨᠤᠲᠤᠭ ᠤᠨ  ᠲᠣᠮᠣᠴᠤᠤᠯ ᠠᠴᠠ ᠰᠠᠨᠠᠯ ᠵᠥᠪᠯᠡᠯᠭᠡ ᠠᠪᠤᠭᠰᠠᠨ︔ ᠮᠠᠨ ᠤ ᠴᠠᠬᠠᠷ ᠬᠤᠪᠴᠠᠰᠤ ᠵᠠᠰᠠᠯ ᠢᠶᠠᠨ ᠤᠯᠠᠮᠵᠢᠯᠠᠵᠤ  ᠦᠯᠡᠳᠡᠭᠡᠵᠦ ᠳᠡᠯᠭᠡᠷᠡᠭᠦᠯᠵᠦ ᠶᠠᠪᠤᠬᠤ ᠴᠢᠬᠤᠯᠠᠲᠠᠢ ᠭᠡᠰᠡᠨ ᠢ ᠪᠠᠭᠰᠢ ᠨᠠᠷ ᠠᠴᠠ ᠪᠠᠨ ᠮᠡᠳᠡᠭᠰᠡᠨ︔ ᠥᠪᠯᠡᠨ  ᠤᠯᠠᠮᠵᠢᠯᠠᠭᠴᠢ ᠪᠣᠯᠤᠭᠰᠠᠨ ᠤ ᠬᠤᠪᠢ ᠳᠤ ᠦᠷᠬᠦᠯᠵᠢᠯᠠᠨ ᠪᠣᠯᠪᠠᠰᠤᠷᠠᠯ ᠤᠨ ᠠᠩᠭᠢ ᠡᠷᠬᠢᠯᠡᠵᠣ᠂ ᠱᠠᠪᠢ ᠰᠣᠷᠣᠬᠴᠢ  ᠳᠠᠭᠠᠭᠤᠯᠬᠤ ᠠᠵᠢᠯ ᠢ ᠠᠷᠪᠢᠨ ᠬᠢᠪᠡᠯ ᠲᠠᠭᠠᠷᠠᠨ᠎ᠠ ᠭᠡᠵᠦ ᠪᠣᠳᠣᠵᠣ ᠪᠠᠶᠢᠨ᠎ᠠ︾ ᠭᠡᠵᠦ ᠡᠷᠳᠡᠨᠢᠴᠢᠮᠡᠭ ᠶᠠᠷᠢᠯ᠎ᠠ᠃ ᠡᠷᠳᠡᠨᠢᠴᠢᠮᠡᠭ ᠤᠨ ᠣᠶᠣᠳᠠᠯ ᠤᠨ ᠪᠦᠲᠦᠭᠡᠯ ᠨᠢ ᠤᠷᠢᠳ ᠬᠤᠵᠢᠳ ᠣᠯᠠᠨ ᠤᠳᠠᠭ᠎ᠠ ᠬᠤᠰᠢᠭᠤ᠂ ᠠᠶᠢᠮᠠᠭ ᠤᠨ  ᠲᠠᠰ ᠤᠨ ᠬᠤᠪᠴᠠᠰᠤ ᠵᠠᠰᠠᠯ ᠤᠨ ᠣᠷᠣᠯᠳᠣᠭᠠᠨ ᠪᠣᠯᠣᠨ ᠤᠯᠠᠮᠵᠢᠯᠠᠯᠲᠤ ᠬᠤᠪᠴᠠᠰᠤ ᠵᠠᠰᠠᠯ ᠤᠨ ᠦᠵᠡᠭᠦᠯᠦᠯᠭᠡ  ᠳᠡᠭᠡᠷ᠎ᠡ ᠥᠨᠳᠥᠷ ᠬᠢᠷᠢ ᠪᠦᠳᠣᠮᠵᠢ ᠣᠯᠵᠠᠢ᠃ ᠲᠡᠷᠡ ᠴᠠᠬᠠᠷ ᠮᠣᠩᠭᠤᠯ ᠬᠤᠪᠴᠠᠰᠤ ᠵᠠᠰᠠᠯ ᠤᠨ ᠰᠣᠶᠣᠯ ᠤᠷᠠᠯᠠᠯ ᠢ  ᠬᠥᠭᠵᠢᠭᠦᠯᠬᠦ ᠳᠤ ᠥᠪᠡᠷ ᠤᠨ ᠭᠡᠰᠡᠨ ᠬᠤᠪᠢ ᠨᠡᠮᠡᠷᠢ ᠦᠵᠡᠭᠦᠯᠦᠭᠰᠡᠨ ᠢᠶᠠᠷ ᠪᠠᠷᠠᠬᠤ ᠦᠭᠡᠢ᠂ ᠡᠮᠡᠭᠲᠡᠶᠢᠴᠦᠳ ᠤᠨ  ᠠᠵᠢᠯ ᠣᠯᠭᠤᠯᠲᠠ᠂ ᠣᠷᠣᠨ ᠨᠤᠲᠤᠭ ᠤᠨ ᠰᠣᠶᠣᠯ ᠤᠨ ᠨᠡᠷᠡᠲᠦ ᠲᠡᠮᠳᠡᠭᠲᠦ ᠶᠢ ᠠᠯᠳᠠᠷᠰᠢᠭᠤᠯᠬᠤ ᠵᠡᠷᠭᠡ ᠤᠯᠠᠨ  ᠠᠵᠢᠯ ᠲᠦᠷᠦᠯ ᠤᠨ ᠲᠠᠯ᠎ᠠ ᠪᠠᠷ ᠬᠦᠴᠦ ᠬᠥᠯᠥᠰᠦ ᠪᠠᠨ ᠤᠷᠤᠰᠬᠠᠵᠤ᠂ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠴᠤᠭ ᠵᠤᠯᠪᠤᠭ᠎ᠠ ᠶᠢ ᠪᠠᠳᠠᠷᠠᠭᠤᠯᠤᠨ᠂ ᠬᠠᠶᠢᠷ᠎ᠠ ᠲᠠᠢ ᠦᠢᠯᠡᠰ ᠤᠨ ᠢᠶᠠᠨ ᠲᠥᠯᠥᠭᠡ ᠮᠡᠷᠡᠶᠢᠨ  ᠤᠷᠤᠭᠰᠢᠯᠠᠭᠰᠠᠭᠠᠷ ᠪᠠᠶᠢᠨ᠎ᠠ᠃ 
 
ᠢᠷᠡᠯᠲᠡ᠄ ᠬᠥᠪᠡᠭᠡᠲᠦ ᠰᠢᠷ᠎ᠠ ᠬᠤᠰᠢᠭᠤᠨ ᠤ ᠰᠣᠨᠢᠨ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号