︵ᠭᠤᠷᠪᠠ︶ ᠸᠠᠩ ᠤᠨ ᠰᠦᠮ᠎ᠡ | ᠸᠠᠩ ᠤᠨ ᠰᠦᠮ᠎ᠡ ᠨᠢ 1691 ᠣᠨ ᠤ ᠵᠠᠰᠠᠭᠲᠤ ᠬᠤᠰᠢᠭᠤᠨ ᠤ ᠭᠤᠷᠪᠠᠳᠤᠭᠠᠷ ᠦᠶ᠎ᠡ ᠶᠢᠨ ᠵᠠᠰᠠᠭ | ᠵᠢᠶᠦ᠋ᠨ ᠸᠠᠩ ᠸᠴᠢᠷ ᠤᠨ ᠡᠭᠦᠰᠬᠡᠨ ᠪᠠᠶᠢᠭᠤᠯᠤᠭᠰᠠᠨ ᠭᠡᠷ ᠤᠨ ᠰᠦᠮ᠎ᠡ ᠪᠣᠯᠣᠨ᠎ᠠ᠃ ᠤᠤᠯ ᠤᠨ ᠰᠠᠭᠤᠷᠢ ᠨᠢ | ᠤᠯᠠᠭᠠᠨᠬᠤᠲᠠ ᠶᠢᠨ ᠮᠣᠳᠣᠨ ᠮᠠᠩᠬ᠎ᠠ ᠬᠡᠮᠡᠬᠦ ᠬᠤᠸᠠ ᠠᠭᠤᠯᠠ ᠶᠢᠨ ᠡᠮᠦᠨ᠎ᠡ ᠪᠠᠯ ︵ᠣᠳᠣᠬᠢ ᠤᠯᠠᠭᠠᠨᠬᠤᠲᠠ ᠶᠢᠨ | ᠬᠤᠲᠠᠯᠠ ᠨᠢᠭᠦᠯᠡᠰᠦᠩᠭᠦᠢ ᠵᠡᠭᠡᠯᠢ︶ ᠳᠤ ᠪᠠᠶᠢᠭᠰᠠᠨ ᠶᠤᠮ᠃ 1694 ᠣᠨ ᠳᠤ ᠴᠢᠩ ᠤᠯᠤᠰ ᠤᠨ ᠬᠠᠭᠠᠨ ᠠᠴᠠ | ᠬᠠᠶᠢᠷᠠᠯᠠᠭᠰᠠᠨ ᠨᠡᠷ᠎ᠡ ᠨᠢ ︽ᠬᠤᠲᠠᠯᠠ ᠨᠢᠭᠦᠯᠡᠰᠦᠩᠭᠦᠢ ᠰᠦᠮ᠎ᠡ︾ ᠭᠡᠳᠡᠭ ᠪᠤᠯᠪᠠᠴᠤ ᠠᠷᠠᠳ ᠤᠨ ᠳᠤᠮᠳᠠ ︽ | ᠸᠠᠩ ᠤᠨ ᠰᠦᠮ᠎ᠡ︾ ᠭᠡᠵᠦ ᠠᠯᠳᠠᠷᠰᠢᠵᠠᠢ᠃ ᠤᠤᠯ ᠰᠦᠮ᠎ᠡ ᠨᠢ ᠲᠥᠪᠡᠳ ᠮᠠᠶ᠋ᠢᠭ ᠤᠨ ᠬᠡᠪ ᠨᠠᠮᠪᠠ ᠲᠠᠢ ᠪᠠᠶᠢᠵᠤ᠂ | ᠲᠤᠰ ᠰᠦᠮ᠎ᠡ ᠳᠤ ᠲᠥᠪᠡᠳ ︽ ᠭᠠᠨᠵᠤᠤᠷ︾ 120 ᠪᠣᠳᠢ᠂ ᠲᠥᠪᠡᠳ ︽ᠳ᠋ᠠᠨᠵᠤᠤᠷ︾ ᠰᠤᠳᠤᠷ 300 ᠢᠯᠡᠭᠦᠦ | ᠪᠣᠳᠢ ᠬᠠᠳᠠᠭᠠᠯᠠᠭᠳᠠᠵᠤ᠂ ᠪᠠᠳᠠᠷᠠᠯ ᠤᠨ ᠦᠶ᠎ᠡ ᠳᠡᠭᠡᠨ 500 ᠢᠯᠡᠭᠦᠦ ᠯᠠᠮᠠ ᠲᠠᠢ ᠪᠠᠶᠢᠪᠠ᠃ 20 ᠳ᠋ᠤᠭᠠᠷ | ᠵᠠᠭᠤᠨ ᠤ ᠵᠢᠷᠠᠭᠠᠳ ᠣᠨ ᠤ ᠳᠤᠮᠳᠠᠴᠢ ᠦᠶ᠎ᠡ ᠳᠤ ᠡᠪᠳᠡᠭᠳᠡᠪᠡ᠃ | 1986 ᠣᠨ ᠳᠤ ᠤᠯᠠᠭᠠᠨᠬᠤᠲᠠ ᠶᠢᠨ ᠵᠠᠰᠠᠭ ᠤᠨ ᠣᠷᠳᠣᠨ ᠠᠴᠠ ᠸᠠᠩ ᠤᠨ ᠰᠦᠮ᠎ᠡ ᠶᠢᠨ ᠤᠤᠯ ᠤᠨ | ᠰᠠᠭᠤᠷᠢᠨ ᠳᠡᠭᠡᠷ᠎ᠡ ᠰᠦᠮ᠎ᠡ ︵300 ᠲᠡᠭᠰᠢ ᠳᠥᠷᠪᠡᠯᠵᠢᠨ ᠲᠠᠯᠠᠪᠠᠢ ᠲᠠᠢ ᠨᠢᠭᠡ ᠳᠤᠭᠠᠩ︶ ᠶᠢ ᠰᠡᠷᠭᠦᠭᠡᠨ | ᠪᠠᠶᠢᠭᠤᠯᠵᠤ᠂ 2003 ᠣᠨ ᠳᠤ ᠴᠢᠩᠭᠢᠰ ᠤᠨ ᠰᠦᠮ᠎ᠡ ᠶᠢᠨ ᠵᠡᠭᠦᠨ ᠲᠠᠯ᠎ᠠ ᠳᠤ ᠰᠢᠯᠵᠢᠭᠦᠯᠦᠨ ᠪᠠᠶᠢᠭᠤᠯᠤᠭᠰᠠᠨ | ᠪᠠᠶᠢᠵᠤ᠂ 2016 ᠣᠨ ᠳᠤ ᠤᠯᠠᠭᠠᠨᠬᠤᠲᠠ ᠶᠢᠨ ᠵᠠᠰᠠᠭ ᠤᠨ ᠣᠷᠳᠣᠨ ᠠᠴᠠ ᠦᠨᠳᠦᠰᠦᠲᠡᠨ ᠤ ᠱᠠᠰᠢᠨ | ᠰᠤᠷᠲᠠᠬᠤᠨ ᠤ ᠰᠣᠶᠣᠯ ᠢ ᠤᠯᠠᠮᠵᠢᠯᠠᠨ᠂ ᠵᠤᠭᠠᠴᠠᠯ ᠤᠨ ᠦᠢᠯᠡᠰ ᠢ ᠬᠥᠭᠵᠢᠭᠦᠯᠬᠦ ᠶᠢᠨ ᠲᠥᠯᠥᠭᠡ ᠢᠯᠠᠯᠲᠠ | ᠪᠠᠯᠭᠠᠰᠤ ᠶᠢᠨ ᠬᠢᠵᠠᠭᠠᠷ ᠲᠤ ᠰᠢᠯᠵᠢᠭᠦᠯᠦᠨ ᠪᠠᠶᠢᠭᠤᠯᠵᠤ ᠂ 2020 ᠣᠨ ᠳᠤ ᠠᠰᠢᠭᠯᠠᠯᠲᠠ ᠳᠤ ᠣᠷᠣᠭᠤᠯᠵᠠᠢ᠃ |