ᠬᠡᠷᠬᠢᠨ ᠬᠦᠨᠳᠦ ᠡᠪᠡᠳᠴᠢᠨ ᠤ ᠳᠠᠭᠠᠳᠬᠠᠯ ᠢ ᠳᠠᠩᠰᠠ ᠠᠴᠠ ᠲᠠᠶᠢᠯᠬᠤ ᠪᠤᠢ︖
ᠨᠡᠶᠢᠲᠡᠯᠡᠭᠰᠡᠨ ᠴᠠᠭ᠄
2024/4/18
          ᠲᠦᠭ ᠲᠦᠮᠡᠨ ᠬᠡᠷ ᠪᠦᠯᠢ ᠶᠢ ᠬᠠᠪᠰᠤᠷᠤᠨ ᠡᠪᠡᠳᠴᠢᠨ ᠡᠮᠭᠡᠭ ᠤᠨ ᠡᠮᠴᠢᠯᠡᠭᠡᠨ ᠤ ᠰᠦᠢᠳᠭᠡᠯ  ᠤᠨ ᠵᠠᠷᠤᠯᠭ᠎ᠠ ᠠᠴᠠ ᠪᠣᠯᠤᠭᠰᠠᠨ ᠠᠵᠤ ᠠᠬᠤᠶ ᠶᠢᠨ ᠠᠶᠤᠯ ᠲᠦᠭᠰᠢᠭᠦᠷᠢ ᠶᠢ ᠠᠷᠭᠠᠴᠠᠬᠤ ᠶᠢᠨ ᠲᠥᠯᠥᠭᠡ᠂ ᠤᠯᠤᠰ ᠡᠴᠠ‌ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ  ᠡᠮᠨᠡᠯᠭᠡ ᠶᠢᠨ ᠠᠪᠤᠷᠠᠨ ᠲᠤᠰᠠᠯᠠᠯᠳᠠ ᠭᠡᠬᠦ ᠭᠤᠷᠪᠠᠨ‌ᠵᠦ᠋ᠢᠯ ᠤᠨ ᠲᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠣᠯᠠᠨ ᠲᠦᠮᠡᠨ ᠤ ᠡᠮ‌ᠡᠮᠨᠡᠯᠭᠡ ᠶᠢᠨ ᠰᠦᠢᠳᠭᠡᠯ ᠤᠨ ᠳᠠᠷᠤᠭᠠᠰᠤ ᠶᠢ ᠱᠠᠲᠤ  ᠳᠠᠷᠠᠭᠠᠯᠠᠨ ᠬᠥᠩᠭᠡᠷᠡᠭᠦᠯᠪᠡ᠃  ᠡᠭᠦᠨ ᠳᠤ᠂ ᠬᠤᠲᠠ ᠬᠥᠳᠡᠭᠡ ᠵᠢᠨ‌‍ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ︵ᠳᠣᠷᠣᠭᠰᠢ ︽ᠬᠦᠨᠳᠦ ᠡᠪᠡᠳᠴᠢᠨ ᠤ ᠳᠠᠭᠠᠳᠬᠠᠯ︾ ᠭᠡᠵᠦ ᠲᠣᠪᠴᠢᠯᠠᠨ᠎ᠠ︶ ᠪᠣᠯ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠤᠨ ᠰᠠᠭᠤᠷᠢᠨ ᠳᠡᠭᠡᠷ᠎ᠡ᠂ ᠬᠦᠨᠳᠦ ᠡᠪᠡᠳᠴᠢᠲᠡᠨ ᠤ ᠶᠡᠭᠡ ᠲᠣᠭᠠᠨ ᠤ ᠡᠮ ᠡᠮᠨᠡᠯᠭᠡ ᠶᠢᠨ ᠰᠦᠢᠳᠭᠡᠯ ᠤᠨ ᠲᠦᠷᠢᠮ ᠤᠨ ᠲᠣᠬᠢᠷᠠᠭᠤᠯᠤᠯᠲᠠ ᠶᠢ ᠤᠯᠠᠮ ᠴᠢᠨᠠᠬᠰᠢᠳᠠ ᠪᠠᠲᠤᠯᠠᠬᠤ ᠪᠣᠯᠤᠨ᠎ᠠ᠃               ᠬᠦᠨᠳᠦ ᠡᠪᠡᠳᠴᠢᠨ ᠤ ᠳᠠᠭᠠᠳᠬᠠᠯ ᠢ ᠶᠠᠭᠠᠬᠢᠵᠦ ᠭᠤᠶᠤᠴᠢᠯᠠᠬᠤ ᠪᠣᠶ᠂ ᠪᠠᠰᠠ  ᠶᠠᠭᠠᠬᠢᠵᠦ ᠰᠦᠢᠳᠭᠡᠯ ᠲᠤᠰᠢᠶᠠᠬᠤ ᠪᠣᠶ︖               ᠲᠦᠷᠢᠮ ᠢ ᠲᠤᠬᠳᠠᠭᠠᠬᠰᠠᠨ ᠠᠴᠠ ᠡᠬᠢᠯᠡᠨ᠂ ᠬᠦᠨᠳᠦ ᠡᠪᠡᠳᠴᠢᠨ ᠤ ᠳᠠᠭᠠᠳᠬᠠᠯ ᠤᠨ ᠲᠦᠷᠢᠮ ᠢ ᠲᠤᠰᠠᠭᠠᠷ ᠭᠤᠶᠤᠴᠢᠯᠠᠨ‌‍ᠲ᠋ᠠᠭᠠᠳᠬᠠᠯ ᠳᠤ ᠣᠷᠣᠬᠤ ᠴᠢᠬᠤᠯᠠ ᠥᠬᠡᠶ ᠪᠣᠯᠵᠣ᠂  ᠪᠣᠶ ᠪᠥᠬᠦᠶ ᠰᠦᠢᠳᠭᠡᠯ ᠢ ᠲᠤᠰᠢᠶᠠᠵᠦ ᠬᠤᠲᠠ‌‍ᠬᠥ᠋ᠳᠡᠭᠡ ᠵᠢᠨ‌‍ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠪᠤᠯ ᠴᠥᠮ ᠬᠦᠨᠳᠦ ᠡᠪᠡᠳᠴᠢᠨ ᠤ ᠳᠠᠭᠠᠳᠬᠠᠯ ᠳᠤ ᠣᠷᠣᠯᠴᠠᠭᠰᠠᠨ ᠬᠦᠮᠦᠰ ᠪᠣᠯᠬᠤᠷ ᠲᠤᠰᠠᠭᠠᠷ ᠰᠦᠢᠳᠭᠡᠯ ᠲᠤᠰᠢᠶᠠᠬᠤ ᠴᠢᠬᠤᠯᠠ‌ᠥᠬᠡᠶ ᠪᠣᠯᠵᠠᠶ᠃ ᠬᠦᠨᠳᠦ ᠡᠪᠡᠳᠴᠢᠨ ᠤ ᠳᠠᠭᠠᠳᠬᠠᠯ ᠤᠨ  ᠳᠦᠷᠢᠮ ᠢ 2012 ᠣᠨ ᠳᠤ ᠲᠤᠷᠰᠢᠯᠲᠠ ᠬᠢᠬᠦ ᠠᠵᠢᠯ ᠢ‌ᠡᠭᠢᠯᠡᠬᠦᠯᠵᠦ᠂ 2015 ᠣᠨ ᠠᠴᠠ ᠡᠬᠢᠯᠡᠨ ᠪᠦᠬᠦ ᠲᠠᠯ᠎ᠠ ᠪᠠᠷ ᠬᠡᠷᠡᠭᠵᠢᠭᠦᠯᠵᠡᠢ᠃               ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠤᠰᠢᠶᠠᠬᠤ ᠪᠠᠷᠢᠮᠵᠢᠶ᠎ᠠ ᠨᠢ ᠶᠠᠮᠠᠷᠰᠢᠦ ᠪᠤᠢ︖               ᠣᠳᠣᠬᠠᠨ ᠳᠤ᠂ ᠤᠯᠤᠰ ᠠᠴᠠ ᠲᠣᠭᠲᠠᠭᠠᠭᠰᠠᠨ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠤᠰᠢᠶᠠᠬᠤ ᠪᠠᠷᠢᠮᠵᠢᠶ᠎ᠠ ᠶᠢ ᠵᠠᠷᠴᠢᠮ ᠳᠡᠭᠡᠷ᠎ᠡ ᠪᠠᠨ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠰᠠᠭᠤᠭᠠᠯᠢ ᠠᠷᠠᠳ ᠤᠨ ᠲᠦᠷᠦᠭᠦᠦ ᠵᠢᠯ ‍ᠤᠨ‌‍ᠬᠥ᠋ᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 50 % ᠠᠴᠠ ᠥᠨᠳᠥᠷ ᠪᠠᠶᠢᠯᠭᠠᠵᠤ ᠪᠣᠯᠬᠤ ᠥᠬᠡᠶ᠂ ᠲᠤᠰᠢᠶᠠᠬᠤ‌ᠬᠠᠷᠢᠴᠠᠯ ᠢ 60 % ᠠᠴᠠ ᠳᠤᠤᠷ᠎ᠠ ᠪᠠᠶᠢᠯᠭᠠᠵᠤ ᠪᠣᠯᠬᠤ ᠥᠬᠡᠶ︔ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠨᠢ ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ ᠲᠤᠰᠢᠶᠠᠬᠤ ᠬᠢᠵᠠᠭᠠᠷ ᠲᠤᠭ᠎ᠠ ᠶᠢ ᠳᠠᠪᠬᠤᠴᠠᠭᠤᠯᠤᠨ ᠨᠡᠮᠡᠭᠳᠡᠭᠦᠯᠵᠦ᠂ ᠵᠠᠷᠴᠢᠮ  ᠳᠡᠭᠡᠷ᠎ᠡ ᠪᠠᠨ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 6 ᠳᠠᠬᠢᠨ ᠣᠷᠴᠢᠮ ᠬᠦᠷᠭᠡᠨ᠎ᠡ᠃ ᠬᠦᠴᠢᠷᠳᠡᠯᠲᠡᠶ  ᠬᠥᠮᠦᠰ ᠲᠤ ᠴᠢᠭᠯᠡᠭᠦᠯᠦᠨ᠂ ᠤᠯᠤᠰ ᠠᠴᠠ ᠬᠦᠨᠳᠦ ᠡᠪᠡᠳᠴᠢᠨ ᠤ ᠳᠠᠭᠠᠳᠬᠠᠯ ᠤᠨ ᠲᠠᠩᠰᠠ ᠲᠠᠶᠢᠯᠬᠤ ᠲᠥᠷᠥ ᠶᠢᠨ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠲᠦᠢᠯ ᠤᠨ ᠣᠨᠣᠪᠴᠢᠲᠠᠶ ᠪᠠᠷ ᠬᠠᠷᠠᠭᠠᠯᠵᠠᠯ ᠦᠵᠡᠭᠦᠯᠦᠨ᠎ᠡ᠃ ᠠᠮᠢᠳᠤᠷᠠᠯ ᠤᠨ ᠨᠠᠭᠠᠳᠤ ᠵᠠᠬ᠎ᠠ ᠵᠢᠨ‌‍ᠪᠠᠲᠤᠯᠠᠭ᠎ᠠ ᠭᠥᠷᠳᠡᠭᠰᠡᠳ᠂ ᠣᠨᠴᠠ ᠬᠦᠴᠢᠷᠳᠡᠯᠲᠡᠶ ᠬᠥᠮᠦᠰ ᠪᠠ ᠳᠠᠬᠢᠨ ᠶᠠᠳᠠᠭᠤᠷᠠᠭᠰᠠᠨ ᠶᠠᠳᠠᠭᠤ ᠬᠥᠮᠦᠨ ᠠᠮᠠ ᠶᠢᠨ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠤᠰᠢᠶᠠᠬᠤ ᠪᠠᠷᠢᠮᠵᠢᠶ᠎ᠠ ᠶᠢ 50 % ᠪᠠᠷ ᠪᠠᠭᠤᠷᠠᠭᠤᠯᠵᠤ᠂ ᠲᠤᠰᠢᠶᠠᠬᠤ ᠬᠠᠷᠢᠴᠠᠯ ᠢ 5ᠵᠠᠭᠤᠨ ᠤ ᠬᠤᠪᠢ ᠶᠢᠨ ᠴᠡᠭ ᠳᠡᠭᠡᠭᠰᠢᠯᠡᠭᠦᠯᠬᠦ ᠶᠢᠨ ᠵᠡᠷᠭᠡᠪᠡᠷ ᠬᠠᠮᠤᠭ ᠤᠨ ᠥᠨᠳᠥᠷ ᠲᠤᠰᠢᠶᠠᠬᠤ ᠬᠢᠵᠠᠭᠠᠷ ᠲᠤᠭ᠎ᠠ ᠶᠢ  ᠬᠦᠴᠦᠨ‌ᠥᠬᠡᠶ ᠪᠣᠯᠭᠠᠨ᠎ᠠ᠃               ᠬᠦᠨᠳᠦ ᠡᠪᠡᠳᠴᠢᠨ ᠤ ᠳᠠᠭᠠᠳᠬᠠᠯ ᠢ ᠬᠡᠷᠬᠢᠨ ᠲᠠᠰᠤᠯᠤᠨ ᠪᠣᠳᠣᠬᠤ ᠪᠤᠢ︖               ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠳ ᠤᠨ ᠲᠣᠭᠲᠠᠭᠰᠠᠨ ᠡᠮ ᠡᠮᠨᠡᠯᠭᠡ ᠵᠢᠨ‌‍ᠪᠠᠶᠢᠭᠤᠯᠤᠮᠵᠢ ᠳᠤ ᠦᠵᠡᠬᠦᠯᠦᠭᠰᠡᠨ ᠡᠮ ᠡᠮᠨᠡᠯᠭᠡ ᠶᠢᠨ ᠰᠦᠢᠳᠭᠡᠯ ᠨᠢ ᠬᠦᠨᠳᠦ ᠡᠪᠡᠳᠴᠢᠨ ᠤ ᠳᠠᠭᠠᠳᠬᠠᠯ ᠤᠨ ᠰᠦᠢᠳᠭᠡᠯ ‍ᠤᠨ‌‍ᠬᠡᠰᠡᠭ ᠲᠤ ᠣᠷᠣᠭᠰᠠᠨ ᠪᠠᠶᠢᠪᠠᠯ᠂ ︽ᠨᠢᠭᠡ ᠥᠷᠲᠡᠭᠡ ᠮᠠᠶ᠋ᠢᠭ︾ ᠤᠨ ᠲᠠᠰᠤᠯᠤᠨ ᠪᠤᠳᠤᠬᠤ ᠶᠢ ᠪᠡᠶᠡᠯᠡᠭᠦᠯᠦᠭᠰᠡᠨ ᠭᠠᠵᠠᠷ ᠣᠷᠣᠨ‌ᠨᠢ ᠲᠡᠷᠡ ᠲᠠᠷᠤᠢ ᠳᠤᠨᠢ ᠲᠠᠰᠤᠯᠤᠨ ᠪᠤᠳᠤᠵᠦ ᠦᠭᠭᠦᠨ᠂ ᠬᠠᠮᠢᠶ᠎ᠠ ᠪᠥᠬᠦᠶ ᠣᠯᠭᠤᠮᠵᠢ ᠶᠢ ᠠᠶᠠᠨᠳᠠᠭᠠᠨ ᠬᠦᠷᠳᠡᠭᠦ ᠪᠤᠯᠤᠨ᠎ᠠ᠂ ᠲᠤᠰᠬᠠᠶᠢᠯᠠᠨ ᠭᠤᠶᠤᠴᠢᠯᠠᠨ ᠮᠡᠳᠡᠭᠦᠯᠬᠦ ᠴᠢᠬᠤᠯᠠ ᠥᠬᠡᠶ᠃               ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠬᠦᠨᠳᠦ ᠡᠪᠡᠳᠴᠢᠨ ᠤ ᠳᠠᠭᠠᠳᠬᠠᠯ ᠳᠤ ᠤᠷᠤᠯᠴᠠᠬᠰᠠᠨ ᠪᠤᠯ  ᠪᠠᠰᠠ‌‍ᠲ᠋ᠤᠰᠠᠭᠠᠷ ᠢᠶᠠᠨ ᠬᠤᠳᠠᠯᠳᠤᠭᠠᠨ ᠤ ᠳᠠᠭᠠᠳᠬᠠᠯ ᠠᠪᠬᠤ ᠴᠢᠬᠤᠯᠠ ᠲᠠᠢ ᠦᠦ︖               ᠬᠦᠨᠳᠦ ᠡᠪᠡᠳᠴᠢᠨ ᠤ ᠳᠠᠭᠠᠳᠬᠠᠯ ᠤᠨ ᠲᠦᠷᠢᠮ ᠢ ᠲᠤᠬᠳᠠᠭᠠᠬᠰᠠᠨ ᠡᠬᠢᠨ ᠤ  ᠦᠶ᠎ᠡ ᠳᠤ᠂ ᠡᠮ ᠡᠮᠨᠡᠯᠭᠡ ᠵᠢᠨ‌‍ᠲ᠋ᠠᠭᠠᠳᠬᠠᠯ ᠤᠨ ᠰᠠᠯᠠᠭ᠎ᠠ ᠮᠥᠴᠢᠷ ᠨᠢ ᠵᠠᠬ᠎ᠠ ᠳᠡᠯᠭᠡᠭᠦᠷ ᠤᠨ ᠣᠷᠣᠯᠴᠠᠬᠤ ᠶᠢ ᠢᠮᠠᠭᠲᠠ  ᠵᠣᠷᠢᠭᠵᠢᠭᠤᠯᠵᠤ᠂ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢᠨ ᠳᠠᠭᠠᠭᠠᠨ ᠡᠷᠭᠢᠯᠡᠬᠦ ᠶᠢ ᠢᠳᠡᠪᠬᠢᠲᠡᠶ ᠳᠡᠮᠵᠢᠵᠦ᠂ ᠡᠮ ᠡᠮᠨᠡᠯᠭᠡ  ᠶᠢᠨ ᠳᠠᠭᠠᠳᠬᠠᠯ ‍ᠤᠨ‌ᠬᠤᠷᠰᠢᠶ᠎ᠠ ᠶᠢᠨ ᠬᠤᠳᠠᠯᠳᠤᠭᠠᠴᠢᠨ ᠬᠠᠮᠳᠤᠷᠠᠨ ᠠᠵᠢᠯᠯᠠᠬᠤ ᠰᠢᠨ᠎ᠡ ᠵᠠᠭᠪᠤᠷ ᠢ ᠰᠢᠨ᠎ᠡ ᠪᠠᠷ ᠡᠭᠦᠳᠦᠨ ᠪᠠᠶᠢᠭᠤᠯᠵᠤ ᠪᠦᠷᠢᠨᠰᠢᠭᠦᠯᠪᠡ᠃ ᠣᠳᠣᠬᠠᠨ ᠳᠤ᠂ 90 % ᠠᠴᠠ ᠳᠡᠭᠡᠭᠰᠢᠬᠢ ᠨᠢᠭᠡᠳᠦᠯᠲᠡᠶ ᠲᠥᠯᠥᠪᠯᠡᠬᠦ  ᠭᠠᠵᠠᠷ ᠣᠷᠣᠨ  ᠨᠢ ᠵᠠᠰᠠᠭ ‍ᠤᠨ‌ᠣᠷᠳᠣᠨ ᠦᠢᠯᠡᠴᠢᠯᠡᠭᠡ ᠶᠢ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠬᠤᠳᠠᠯᠳᠤᠭᠠᠨ ᠤ ᠳᠠᠭᠠᠳᠬᠠᠯ ‍ᠤᠨ‌‍ᠺᠣᠮᠫᠠᠨᠢ ᠳᠤ ᠨᠠᠶᠢᠳᠠᠵᠤ ᠬᠦᠨᠳᠦ ᠡᠪᠡᠳᠴᠢᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠢ ᠳᠠᠭᠠᠭᠠᠨ ᠬᠢᠯᠭᠡᠵᠦ ᠪᠠᠶᠢᠨ᠎ᠠ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠬᠦᠨᠳᠦ ᠡᠪᠡᠳᠴᠢᠨ ᠤ ᠳᠠᠭᠠᠳᠬᠠᠯ ᠠᠴᠠ ᠭᠠᠳᠠᠨ᠎ᠠ᠂ ᠳᠠᠭᠠᠳᠬᠠᠯ ᠳᠤ ᠣᠷᠣᠯᠴᠠᠭᠰᠠᠳ ᠬᠤᠳᠠᠯᠳᠤᠭᠠᠨ ᠤ ᠳᠠᠭᠠᠳᠬᠠᠯ ᠨᠥᠬᠦᠪᠥᠷᠢᠯᠡᠬᠦ ᠴᠢᠬᠤᠯᠠᠲᠠᠶ ᠡᠰᠡᠬᠦ ᠶᠢ ᠬᠤᠪᠢ ᠬᠥᠮᠦᠨ ᠤ ᠬᠦᠰᠡᠯ ᠡᠷᠡᠮᠡᠯᠵᠡᠯ ᠪᠠ ᠳᠠᠭᠠᠭᠠᠬᠤ ᠴᠢᠳᠠᠪᠤᠷᠢ ᠠᠴᠠ ᠰᠢᠯᠳᠠᠭᠠᠯᠠᠬᠳᠠᠨ᠎ᠠ᠃
 
ᠢᠷᠡᠯᠲᠡ᠄ ᠠᠷᠠᠳ ᠤᠨ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号