ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ | ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠪᠠ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠢᠮᠠᠭᠲᠠ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠶᠢᠨ ᠲᠤᠰᠢᠶᠠᠭᠰᠠᠨ | ᠲᠠᠪᠤᠨ ᠶᠡᠭᠡ ᠡᠭᠦᠷᠭᠡ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ | ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠲᠥᠯᠥᠭᠡ ᠬᠥᠮᠥᠨ ᠬᠥᠮᠥᠵᠢᠭᠦᠯᠬᠦ᠂ | ᠤᠯᠤᠰ ᠤᠨ ᠲᠥᠯᠥᠭᠡ ᠴᠢᠳᠠᠪᠤᠷᠢᠲᠠᠨ ᠬᠥᠮᠥᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ | ᠪᠣᠯᠭᠠᠵᠤ᠂ ᠳᠤᠮᠳᠠᠳᠤ ᠤᠯᠤᠰ ᠤᠨ ᠣᠨᠴᠠ ᠪᠠᠶᠢᠳᠠᠭ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠶᠡᠭᠡ ᠪᠠᠷ | ᠪᠠᠳᠠᠷᠠᠭᠤᠯᠤᠨ ᠦᠢᠯᠡᠳᠦᠯᠭᠡᠵᠢᠭᠦᠯᠵᠦ᠂ ︽ᠳᠥᠷᠪᠡ ᠶᠢ ᠪᠦᠷᠢᠳᠦᠭᠦᠯᠦᠭᠰᠡᠨ︾ ᠰᠠᠶᠢᠨ ᠪᠠᠭᠰᠢ ᠪᠠ ︽ᠳᠥᠷᠪᠡᠨ | ᠵᠠᠮᠴᠢᠯᠠᠭᠴᠢ︾ ᠶᠢᠨ ᠪᠠᠷᠢᠮᠵᠢᠶ᠎ᠠ ᠶᠢ ᠪᠠᠷᠢᠮᠲᠠᠯᠠᠨ᠂ ᠤᠮᠠᠷᠠᠲᠤ ᠬᠢᠯᠢ ᠳᠤ ᠪᠡᠶ᠎ᠡ ᠪᠠᠷ ᠢᠶᠠᠨ ᠰᠠᠭᠤᠷᠢᠰᠢᠭᠰᠠᠨ ᠪᠠᠭᠰᠢ ᠶᠢᠨ | ᠡᠩᠨᠡᠭᠡ ᠶᠢ ᠬᠦᠴᠦᠯᠡᠨ ᠳᠠᠪᠲᠠᠨ ᠪᠣᠯᠪᠠᠰᠤᠷᠠᠭᠤᠯᠵᠤ᠂ ᠰᠤᠷᠭᠠᠨ ᠬᠥᠮᠦᠵᠢᠯ ᠢᠶᠠᠷ ᠣᠷᠣᠨ ᠢᠶᠠᠨ ᠬᠦᠴᠦᠷᠬᠡᠭᠵᠢᠭᠦᠯᠬᠦ ᠶᠢ | ᠪᠦᠲᠦᠭᠡᠨ ᠪᠠᠶᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ | ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠬᠦᠴᠦᠲᠡᠢ ᠪᠠᠲᠤᠯᠠᠭ᠎ᠠ ᠬᠠᠩᠭᠠᠪᠠ᠃ | ᠨᠢᠭᠡ ᠳᠤ᠂ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠮᠵᠢ ᠶᠢ ᠴᠢᠩᠭᠠᠳᠬᠠᠵᠤ᠂ ᠡᠷᠬᠢᠮ ᠳᠡᠭᠡᠳᠦ | ᠬᠦᠰᠡᠯᠡᠩ ᠢᠲᠡᠭᠡᠯ ᠪᠢᠰᠢᠷᠡᠯ ᠢ ᠪᠤᠢ ᠪᠣᠯᠭᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ | ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ | ᠨᠠᠮ ᠢᠶᠠᠨ ᠲᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠳᠤ ᠠᠭᠤᠰᠤᠯᠴᠠᠬᠤ ᠳᠤ | ᠠᠭᠤᠰᠤᠯᠴᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠵᠢᠭᠠᠬᠤ ᠮᠠᠲ᠋ᠧᠷᠢᠶᠠᠯ ᠳᠤ ᠣᠷᠣᠭᠤᠯᠬᠤ ᠬᠢᠴᠢᠶᠡᠯ ᠤᠨ ᠲᠠᠩᠬᠢᠮ ᠤᠨ ᠲᠠᠷᠢᠬᠢ | ᠲᠣᠯᠣᠭᠠᠢ ᠳᠤ ᠣᠷᠣᠭᠤᠯᠬᠤ ᠰᠤᠳᠤᠯᠤᠨ ᠶᠠᠷᠢᠯᠴᠠᠬᠤ ᠬᠤᠷᠠᠯ ᠢ ᠡᠷᠬᠢᠯᠡᠵᠦ᠂ ᠵᠠᠯᠠᠭᠤ ᠪᠠᠭᠰᠢ ᠰᠤᠷᠤᠭᠴᠢᠳ ᠤᠨ | ᠤᠬᠠᠭᠤᠯᠤᠨ ᠲᠠᠶᠢᠯᠪᠤᠷᠢᠯᠠᠬᠤ ᠪᠦᠯᠬᠦᠮ᠂ ᠤᠨᠤᠯ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ ᠵᠡᠷᠭᠡ ᠶᠢ | ᠮᠢᠩᠭ᠎ᠠ ᠭᠠᠷᠤᠢ ᠤᠳᠠᠭ᠎ᠠ ᠤᠬᠠᠭᠤᠯᠤᠨ ᠲᠠᠶᠢᠯᠪᠤᠷᠢᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠠᠷᠢᠬᠢ ᠲᠣᠯᠣᠭᠠᠢ ᠳᠤ ᠬᠠᠳᠠᠩᠰᠢᠭᠤᠯᠬᠤ ᠶᠢ | ᠠᠬᠢᠭᠤᠯᠵᠤ᠂ ᠥᠷᠭᠡᠨ ᠤᠯᠠᠨ ᠪᠠᠭᠰᠢ ᠶᠢ ᠬᠥᠲᠥᠯᠥᠨ ᠵᠢᠯᠤᠭᠤᠳᠴᠤ ᠪᠠᠶᠢᠭᠠᠳ ︽ᠬᠤᠶᠠᠷ ᠢ ᠲᠣᠭᠲᠠᠭᠠᠬᠤ︾ ᠶᠢᠨ | ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠭᠤᠯᠵᠤ᠂ ︽ᠲᠦᠷᠪᠡᠨ ᠤᠬᠠᠮᠰᠠᠷ︾ ᠢᠶᠠᠨ | ᠦᠨᠡᠨ ᠬᠦ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠦᠨ᠎ᠡ᠃ ︽ᠤᠮᠠᠷᠠᠲᠤ ᠬᠢᠯᠢ ᠳᠤ ᠪᠡᠶ᠎ᠡ ᠪᠠᠷ ᠢᠶᠠᠨ ᠠᠵᠢᠯᠯᠠᠬᠤ · ᠪᠠᠭᠰᠢ ᠶᠢᠨ ᠰᠦᠭ ᠰᠦᠨᠡᠰᠦ ᠶᠢ | ᠦᠷᠭᠦᠯᠵᠢᠯᠡᠭᠦᠯᠬᠦ︾ ᠠᠵᠢᠯᠯᠠᠭ᠎ᠠ ᠶᠢ ᠬᠡᠷᠡᠭᠵᠢᠭᠦᠯᠵᠦ᠂ ᠭᠡᠷ ᠤᠨ ᠰᠤᠷᠭᠠᠨ ᠬᠥᠮᠦᠵᠢᠯ ᠤᠨ ᠵᠣᠷᠢᠭ ᠰᠠᠨᠠᠭ᠎ᠠ ᠶᠢ | ᠪᠠᠭᠰᠢ ᠶᠢᠨ ᠠᠵᠢᠯ ᠳᠤ ᠣᠷᠣᠬᠤ ᠠᠩᠬᠠᠨ ᠤ ᠬᠢᠴᠢᠶᠡᠯ᠂ ᠪᠠᠭᠰᠢ ᠶᠢᠨ ᠮᠣᠷᠠᠯ ᠤᠨ ᠲᠤᠰᠬᠠᠢ ᠰᠡᠳᠦᠪᠲᠦ ᠬᠢᠴᠢᠶᠡᠯ᠂ | ᠪᠠᠭᠰᠢ ᠶᠢᠨ ᠮᠡᠷᠭᠡᠵᠢᠯ ᠤᠨ ᠰᠤᠷᠤᠭᠴᠢᠳ ᠢ ᠬᠥᠮᠥᠵᠢᠭᠦᠯᠬᠦ ᠪᠠ ᠪᠠᠭᠰᠢ ᠶᠢᠨ ᠰᠤᠷᠭᠠᠭᠤᠯᠢ ᠶᠢᠨ ᠵᠠᠬᠢᠷᠤᠯ ᠢ | ᠪᠣᠯᠪᠠᠰᠤᠷᠠᠭᠤᠯᠬᠤ ᠳᠤ ᠵᠠᠪᠠᠯ ᠰᠤᠷᠬᠤ ᠬᠢᠴᠢᠶᠡᠯ ᠳᠤ ᠣᠷᠣᠭᠤᠯᠵᠤ᠂ ᠥᠷᠭᠡᠨ ᠣᠯᠠᠨ ᠪᠠᠭᠰᠢ ᠶᠢ ᠬᠥᠮᠥᠵᠢᠭᠦᠯᠦᠨ | ᠵᠢᠯᠤᠭᠤᠳᠴᠤ ᠪᠠᠶᠢᠭᠠᠳ ᠤᠬᠠᠮᠰᠠᠷ ᠠᠴᠠ ᠪᠠᠨ ᠰᠤᠷᠭᠠᠨ ᠬᠥᠮᠦᠵᠢᠯ ᠭᠡᠷ ᠤᠨ ᠵᠣᠷᠢᠭ ᠰᠠᠨᠠᠭᠠᠨ ᠤ ᠤᠯᠠᠮᠵᠢᠯᠠᠭᠴᠢ᠂ | ᠠᠵᠢᠯᠯᠠᠭᠠᠨ ᠤ ᠪᠦᠯᠦᠭᠲᠡᠨ ᠪᠣᠯᠭᠠᠵᠤ᠂ ᠬᠦᠰᠡᠯᠡᠩ ᠲᠠᠢ᠂ ᠬᠠᠷᠢᠭᠤᠴᠠᠯᠭ᠎ᠠ ᠲᠠᠢ ᠠᠵᠢᠯᠯᠠᠭᠠᠨ ᠤ ᠦᠵᠡᠯᠲᠡᠨ ᠪᠣᠯᠭᠠᠬᠤ | ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠰᠤᠷᠭᠠᠨ ᠬᠥᠮᠦᠵᠢᠯ ᠤᠨ | ᠵᠢᠱᠢᠶ᠎ᠡ ᠦᠵᠡᠭᠦᠯᠬᠦ ᠣᠷᠣᠨ ᠢ ᠢᠳᠡᠪᠬᠢᠲᠡᠢ ᠪᠠᠷ ᠡᠭᠦᠳᠦᠨ ᠪᠠᠶᠢᠭᠤᠯᠵᠤ᠂ ︽ᠠᠨᠠᠷ ᠤᠨ ᠦᠷ᠎ᠡ︾ ᠶᠢᠨ ᠬᠥᠮᠥᠨ | ᠬᠥᠮᠥᠵᠢᠭᠦᠯᠬᠦ ᠢᠨᠵᠧᠨᠧᠷᠢᠩ᠂ ︽ᠶᠡᠭᠡ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠤᠨ ᠪᠦᠲᠦᠭᠡᠨ | ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ︽ᠤᠮᠠᠷᠠᠲᠤ ᠬᠢᠯᠢ ᠶᠢᠨ ᠰᠣᠶᠣᠯ︾ ᠤᠨ ᠲᠣᠭᠤᠷᠢᠨ ᠳᠤ ᠨᠢᠭᠡ | ᠪᠦᠯᠦᠭ ︽ᠨᠠᠷᠠᠲᠤ ᠪᠠᠭᠰᠢ ᠶᠢᠨ ᠠᠯᠲᠠᠨ ᠬᠢᠴᠢᠶᠡᠯ︾ ᠢ ᠪᠣᠶ ᠪᠣᠯᠭᠠᠵᠤ᠂ ᠤᠯᠤᠰ ᠢᠶᠠᠨ ᠬᠠᠶᠢᠷᠠᠯᠠᠬᠤ ᠦᠵᠡᠯ ᠤᠨ | ᠵᠣᠷᠢᠭ ᠰᠠᠨᠠᠭ᠎ᠠ᠂ ᠮᠣᠩᠭᠤᠯ ᠮᠣᠷᠢᠨ ᠤ ᠵᠣᠷᠢᠭ ᠰᠠᠨᠠᠭ᠎ᠠ ᠪᠠ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠶᠢ | ᠠᠭᠤᠰᠤᠯᠴᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠶᠢ ᠰᠤᠷᠭᠠᠭᠤᠯᠢ ᠡᠷᠭᠢᠯᠡᠵᠦ ᠰᠤᠷᠭᠠᠭᠤᠯᠢ ᠶᠢ ᠵᠠᠰᠠᠬᠤ᠂ ᠪᠢᠴᠢᠭ ᠵᠢᠭᠠᠵᠤ ᠬᠥᠮᠥᠨ ᠢ ᠬᠥᠮᠥᠵᠢᠭᠦᠯᠬᠦ | ᠪᠥᠬᠦ ᠶᠠᠪᠤᠴᠠ ᠳᠤ ᠠᠭᠤᠰᠬᠠᠵᠤ᠂ ᠥᠷᠭᠡᠨ ᠣᠯᠠᠨ ᠪᠠᠭᠰᠢ ᠨᠠᠷ ᠢ ︽ᠤᠯᠤᠰ ᠤᠨ ᠶᠡᠭᠡ ᠶᠠᠪᠤᠳᠠᠯ︾ ᠢ ᠪᠠᠲᠤ | ᠴᠡᠭᠡᠵᠢᠯᠡᠵᠦ᠂ ᠰᠡᠳᠬᠢᠯ ᠳᠡᠭᠡᠨ ᠥᠪᠡᠷ ᠢ ᠪᠠᠨ ᠪᠤᠳᠤᠵᠤ᠂ ᠦᠨᠡᠨᠴᠢ ᠰᠢᠳᠤᠷᠭᠤ ᠪᠠᠷ ᠤᠯᠤᠰ ᠲᠠᠭᠠᠨ ᠵᠢᠳᠬᠦᠬᠦ | ᠬᠦᠰᠡᠯᠡᠩ ᠢᠲᠡᠭᠡᠯ ᠪᠢᠰᠢᠷᠡᠯ ᠢ ᠪᠠᠲᠤᠳᠬᠠᠵᠤ᠂ ᠬᠡᠬᠦᠳᠡᠭ ᠴᠡᠭᠡᠵᠢᠨ ᠳᠡᠭᠡᠨ ᠳᠡᠯᠡᠬᠡᠢ ᠳ᠋ᠠᠬᠢᠨ ᠢ ᠪᠠᠭᠲᠠᠭᠠᠵᠤ᠂ | ᠰᠣᠶᠣᠯ ᠢᠶᠠᠷ ᠠᠷᠠᠳ ᠢ ᠮᠠᠨᠳᠤᠭᠤᠯᠬᠤ ᠠᠤᠭ᠎ᠠ ᠶᠡᠭᠡ ᠬᠥᠭᠡᠭᠡᠴᠡᠯᠳᠦᠯ ᠢ ᠪᠠᠲᠤᠳᠬᠠᠨ᠎ᠠ᠃ | ᠬᠤᠶᠠᠷ ᠲᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ | ᠡᠷᠬᠢᠮ ᠳᠡᠭᠡᠳᠦ ᠶᠣᠰᠣ ᠮᠣᠷᠠᠯ ᠦᠵᠡᠯ ᠤᠬᠠᠮᠰᠠᠷ ᠢ ᠪᠣᠶᠢᠵᠢᠭᠤᠯᠤᠨ᠎ᠠ᠃ ᠪᠠᠭᠰᠢ ᠶᠢᠨ ᠮᠣᠷᠠᠯ ᠪᠠᠭᠰᠢ ᠶᠢᠨ | ᠰᠤᠷᠲᠠᠯ ᠤᠨ ᠨᠢᠭᠡᠳᠦᠭᠡᠷ ᠪᠠᠷᠢᠮᠵᠢᠶ᠎ᠠ ᠶᠢ ᠢᠮᠠᠭᠲᠠ ᠪᠠᠷᠢᠮᠲᠠᠯᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠪᠣᠳᠠᠲᠠᠶᠢᠵᠢᠭᠤᠯᠵᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠳᠤ ᠬᠤᠯᠪᠣᠭᠳᠠᠭᠰᠠᠨ ᠬᠡᠷᠡᠭ ᠤᠨ ᠡᠮᠦᠨ᠎ᠡ | ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠨ ᠡᠵᠡᠮᠳᠡᠬᠦ᠂ ᠬᠡᠷᠡᠭ ᠤᠨ ᠳᠠᠷᠠᠭ᠎ᠠ ᠵᠢᠷᠤᠮᠵᠢᠭᠤᠯᠤᠨ ᠬᠠᠷᠭᠤᠭᠤᠯᠤᠨ | ᠪᠠᠶᠢᠴᠠᠭᠠᠬᠤ᠂ ᠬᠡᠷᠡᠭ ᠤᠨ ᠳᠠᠷᠠᠭ᠎ᠠ ᠵᠠᠷᠯᠠᠨ ᠮᠡᠳᠡᠭᠡᠯᠡᠵᠦ ᠰᠡᠷᠡᠮᠵᠢᠯᠡᠭᠦᠯᠬᠦ ᠶᠢ ᠨᠢᠭᠡ ᠴᠣᠭᠴᠠᠵᠢᠭᠤᠯᠤᠭᠰᠠᠨ ᠠᠵᠢᠯ ᠤᠨ | ᠲᠣᠭᠲᠠᠴᠠ ᠶᠢ ᠪᠠᠶᠢᠭᠤᠯᠵᠤ᠂ ᠪᠠᠭᠰᠢ ᠶᠢᠨ ᠮᠣᠷᠠᠯ ᠤᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠡᠯ᠎ᠡ ᠭᠠᠵᠠᠷ ᠤᠨ | ᠡᠯ᠎ᠡ ᠰᠤᠷᠭᠠᠭᠤᠯᠢ ᠶᠢᠨ ᠣᠨ ᠤ ᠰᠢᠯᠭᠠᠨ ᠬᠢᠨᠠᠬᠤ ᠴᠢᠬᠤᠯᠠ ᠠᠭᠤᠯᠭ᠎ᠠ ᠳᠤ ᠣᠷᠣᠭᠤᠯᠵᠤ᠂ ᠰᠢᠰᠲ᠋ᠧᠮ ᠨᠢ ᠪᠦᠷᠢᠨ | ᠲᠡᠭᠦᠯᠳᠡᠷ᠂ ᠬᠡᠷᠡᠭᠵᠢᠭᠦᠯᠦᠯᠲᠡ ᠨᠢ ᠬᠦᠴᠦᠲᠡᠢ᠂ ᠬᠠᠷᠢᠭᠤᠴᠠᠯᠭ᠎ᠠ ᠨᠡᠬᠡᠮᠵᠢᠯᠡᠭᠰᠡᠨ ᠨᠢ ᠦᠨᠳᠦᠰᠦ ᠪᠠᠷᠢᠮᠲᠠ ᠲᠠᠢ | ᠪᠠᠭᠰᠢ ᠶᠢᠨ ᠶᠣᠰᠣ ᠮᠣᠷᠠᠯ ᠤᠨ ᠪᠠᠶᠢᠭᠤᠯᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠪᠠᠶᠢᠭᠤᠯᠤᠨ᠎ᠠ᠃ ᠪᠥᠬᠦ ᠠᠵᠢᠯᠲᠠᠨ ᠤ ᠪᠠᠭᠰᠢ ᠶᠢᠨ ᠶᠣᠰᠣ ᠰᠤᠷᠲᠠᠬᠤᠨ ᠤ ᠬᠥᠮᠦᠵᠢᠯ ᠢ ᠴᠢᠩᠭᠠᠳᠬᠠᠵᠤ᠂ ᠪᠥᠬᠦ | ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠳᠤ ᠬᠠᠨᠳᠤᠭᠤᠯᠤᠨ ᠪᠠᠭᠰᠢ ᠶᠢᠨ ᠶᠣᠰᠣ ᠰᠤᠷᠲᠠᠬᠤᠨ ᠤ | ᠲᠥᠪᠯᠡᠷᠡᠩᠭᠦᠢ ᠰᠤᠷᠤᠯᠴᠠᠯᠭ᠎ᠠ ᠬᠥᠮᠦᠵᠢᠯ ᠤᠨ ︽ᠵᠢᠷᠭᠤᠭᠠᠨ ᠵᠦᠢᠯ ᠤᠨ ᠠᠵᠢᠯᠯᠠᠭ᠎ᠠ︾ ︵ᠤᠯᠤᠰ ᠲᠥᠷᠥ ᠶᠢᠨ | ᠪᠠᠶᠢᠭᠤᠯᠤᠯᠲᠠ ᠶᠢᠨ ︽ᠦᠵᠡᠯ ᠰᠠᠨᠠᠭᠠᠨ ᠤ ᠰᠦᠭ ᠰᠦᠨᠡᠰᠦ ᠶᠢ ᠱᠤᠭᠤᠬᠤ︾ ᠠᠵᠢᠯᠯᠠᠭ᠎ᠠ᠂ ᠶᠣᠰᠣ ᠳᠦᠷᠢᠮ ᠶᠣᠰᠣ | ᠮᠣᠷᠠᠯ ᠤᠨ ︽ᠦᠨᠳᠦᠰᠦ ᠶᠢ ᠪᠠᠬᠢᠵᠢᠭᠦᠯᠵᠦ ᠰᠠᠭᠤᠷᠢ ᠶᠢ ᠪᠠᠬᠢᠵᠢᠭᠦᠯᠬᠦ︾ ᠠᠵᠢᠯᠯᠠᠭ᠎ᠠ᠂ ᠲᠤᠰᠬᠠᠢ ᠴᠡᠭᠴᠡᠯᠡᠨ ᠵᠠᠰᠠᠬᠤ | ︽ᠠᠷᠢᠭᠤᠨ ᠴᠡᠪᠡᠷ ᠢᠶᠠᠷ ᠴᠡᠪᠡᠷᠰᠢᠭᠦᠯᠬᠦ︾ ᠠᠵᠢᠯᠯᠠᠭ᠎ᠠ᠂ ᠵᠠᠩᠭᠢᠯᠠᠭ᠎ᠠ ᠶᠢᠨ ᠬᠠᠮᠲᠤᠯᠢᠭ ᠤᠨ ︽ᠰᠤᠷᠭᠠᠨ ᠬᠥᠮᠦᠵᠢᠯ ᠢ | ᠳᠡᠭᠡᠭᠰᠢᠯᠡᠭᠦᠯᠬᠦ︾ ᠠᠵᠢᠯᠯᠠᠭ᠎ᠠ᠂ ᠬᠡᠷᠡᠭ ᠢᠶᠠᠷ ᠰᠠᠬᠢᠯᠭ᠎ᠠ ᠪᠠᠲᠤ ᠶᠢ ᠲᠣᠳᠣᠷᠬᠠᠶᠢᠯᠠᠬᠤ ᠶᠢᠨ ︽ᠰᠡᠷᠡᠮᠵᠢ ᠶᠢᠨ ᠬᠤᠩᠬᠤ ᠶᠢ | ᠪᠠᠶᠢᠩᠭᠤ ᠳᠤᠤᠭᠠᠷᠭᠠᠬᠤ︾ ᠠᠵᠢᠯᠯᠠᠭ᠎ᠠ᠂ ᠥᠯᠢᠭᠡᠷ ᠳᠠᠭᠤᠷᠢᠶᠠᠯ ᠢᠶᠠᠷ ︽ᠨᠡᠶᠢᠲᠡᠯᠢᠭ ᠵᠢᠱᠢᠶ᠎ᠡ ᠪᠠᠷ ᠡᠨᠧᠷᠭᠢ ᠣᠯᠭᠤᠬᠤ︾ | ᠠᠵᠢᠯᠯᠠᠭ᠎ᠠ ᠶᠢ ᠬᠥᠲᠥᠯᠥᠨ ᠳᠠᠭᠠᠭᠤᠯᠤᠨ᠎ᠠ᠃ ᠨᠡᠶᠢᠲᠡᠯᠢᠭ ᠵᠢᠱᠢᠶ᠎ᠡ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ | ᠰᠤᠷᠭᠠᠨ ᠬᠥᠮᠦᠵᠢᠯ ᠭᠡᠷ ᠪᠦᠯᠢ ᠶᠢᠨ ᠵᠣᠷᠢᠭ ᠰᠠᠨᠠᠭ᠎ᠠ ᠪᠠᠷ ᠣᠨᠴᠠᠯᠢᠭ ᠪᠣᠯᠭᠠᠭᠰᠠᠨ ᠰᠤᠷᠭᠠᠭᠤᠯᠢ ᠶᠢᠨ ᠬᠦᠷᠢᠶᠡᠨ ᠤ | ᠰᠣᠶᠣᠯ ᠢ ᠪᠥᠬᠦ ᠲᠠᠯ᠎ᠠ ᠪᠠᠷ ᠪᠠᠶᠢᠭᠤᠯᠵᠤ᠂ ︽ᠰᠤᠷᠭᠠᠨ ᠬᠥᠮᠥᠵᠢᠯᠲᠡᠨ ᠭᠡᠷ ᠤᠨ ᠵᠣᠷᠢᠭ ᠰᠠᠨᠠᠭ᠎ᠠ︾ ᠨᠠᠷᠠᠲᠤ | ᠪᠠᠭᠰᠢ ᠶᠢᠨ ᠠᠵᠢᠯᠯᠠᠬᠤ ᠲᠠᠰᠤᠭ ᠢ ᠪᠠᠶᠢᠭᠤᠯᠵᠤ᠂ ︽ᠤᠮᠠᠷᠠᠲᠤ ᠬᠢᠯᠢ ᠳᠤ ᠪᠡᠶ᠎ᠡ ᠪᠠᠷ ᠢᠶᠠᠨ ᠲᠠᠷᠢᠶᠠᠯᠠᠬᠤ᠂ | ᠤᠯᠠᠮᠵᠢᠯᠠᠬᠤ ᠳᠤ ᠪᠢ ᠪᠠᠶᠢᠬᠤ︾ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠠᠷᠠᠳ ᠤᠨ ᠰᠤᠷᠭᠠᠨ | ᠬᠥᠮᠥᠵᠢᠯᠲᠡᠨ︾᠂ ︽ᠴᠠᠭ ᠦᠶ᠎ᠡ ᠶᠢᠨ ᠵᠢᠱᠢᠶᠡᠴᠢ︾᠂ ︽ᠬᠠᠮᠤᠭ ᠤᠨ ᠭᠤᠶᠤ ᠪᠠᠭᠰᠢ︾ ᠵᠡᠷᠭᠡ ᠥᠯᠢᠭᠡᠷ ᠳᠠᠭᠤᠷᠢᠶᠠᠯ᠂ | ᠲᠡᠷᠢᠭᠦᠨ ᠤ ᠦᠢᠯᠡ ᠠᠵᠢᠯᠯᠠᠭ᠎ᠠ ᠶᠢ ᠶᠡᠬᠡᠪᠡᠷ ᠤᠬᠠᠭᠤᠯᠵᠤ᠂ ᠥᠷᠭᠡᠨ ᠣᠯᠠᠨ ᠪᠠᠭᠰᠢ ᠨᠠᠷ ᠤᠨ ᠠᠵᠢᠯᠴᠢ | ᠬᠢᠴᠢᠶᠡᠩᠭᠦᠢ ᠪᠠᠷ ᠪᠡᠶ᠎ᠡ ᠪᠠᠨ ᠵᠠᠰᠠᠵᠤ ᠬᠢᠴᠢᠶᠡᠯ ᠵᠢᠭᠠᠬᠤ ᠶᠢ ᠵᠣᠷᠢᠭᠵᠢᠭᠤᠯᠵᠤ᠂ ᠳᠤᠷᠠᠲᠠᠶ᠎ᠠ ᠬᠤᠪᠢ ᠨᠡᠮᠡᠷᠢ | ᠦᠵᠡᠭᠦᠯᠬᠦ ᠡᠨᠡᠷᠢᠩᠭᠦᠢ ᠰᠡᠳᠬᠢᠯ ᠢ ᠬᠥᠮᠥᠵᠢᠭᠦᠯᠵᠦ᠂ ᠦᠢᠯᠡ ᠠᠵᠢᠯᠯᠠᠭ᠎ᠠ ᠨᠢ ᠬᠡᠪ ᠳᠠᠭᠤᠷᠢᠶᠠᠯ ᠪᠣᠯᠬᠤ ᠶᠣᠰᠣ | ᠮᠣᠷᠠᠯ ᠢ ᠬᠥᠮᠥᠵᠢᠭᠦᠯᠦᠨ᠎ᠡ᠃ | ᠭᠤᠷᠪᠠ ᠳᠤ᠂ ᠪᠠᠭᠰᠢ ᠶᠢᠨ ᠲᠤᠰᠬᠠᠢ ᠮᠡᠷᠭᠡᠵᠢᠯ ᠤᠨ ᠬᠡᠪ ᠴᠢᠨᠠᠷ ᠢ ᠳᠡᠭᠡᠭᠰᠢᠯᠡᠭᠦᠯᠵᠦ᠂ ᠰᠢᠯᠭᠠᠷᠠᠭᠰᠠᠨ | ᠬᠥᠮᠥᠨ ᠢ ᠬᠥᠮᠥᠵᠢᠭᠦᠯᠬᠦ ᠴᠢᠳᠠᠪᠤᠷᠢ ᠶᠢ ᠳᠠᠪᠲᠠᠨ ᠪᠣᠯᠪᠠᠰᠤᠷᠠᠭᠤᠯᠤᠨ᠎ᠠ᠃ ᠴᠢᠨᠠᠷ ᠰᠠᠶᠢᠲᠠᠢ ᠪᠠᠭᠰᠢ ᠶᠢᠨ ᠡᠩᠨᠡᠭᠡᠨ ᠤ | ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠬᠡᠪᠴᠢᠶ᠎ᠡ | ᠥᠷᠭᠡᠳᠬᠡᠵᠦ ᠪᠠᠶᠢᠭᠰᠠᠨ ᠠᠴᠠ ᠶᠠᠰᠤ ᠴᠢᠨᠠᠷ ᠤᠨ ᠳᠡᠭᠡᠭᠰᠢᠯᠡᠯᠲᠡ ᠲᠡᠰᠢ ᠬᠤᠪᠢᠷᠠᠭᠤᠯᠬᠤ ᠶᠢ ᠨᠢᠭᠡᠳᠦᠯᠲᠡᠢ | ᠲᠥᠯᠥᠪᠯᠡᠨ ᠠᠬᠢᠭᠤᠯᠤᠨ᠎ᠠ᠃ ᠪᠠᠭᠰᠢ ᠶᠢᠨ ᠬᠠᠩᠭᠠᠯᠭ᠎ᠠ ᠶᠢ ᠡᠬᠢ ᠡᠭᠦᠰᠦᠯ ᠠᠴᠠ ᠨᠢ ᠰᠠᠶᠢᠵᠢᠷᠠᠭᠤᠯᠵᠤ᠂ ︽ᠠᠯᠪᠠᠨ ᠤ | ᠵᠠᠷᠤᠳᠠᠯ ᠢᠶᠠᠷ ᠬᠠᠨᠳᠤᠯᠭ᠎ᠠ ᠲᠠᠢ ᠪᠠᠷ ᠪᠠᠭᠰᠢ ᠬᠥᠮᠥᠵᠢᠭᠦᠯᠬᠦ ᠲᠥᠯᠥᠪᠯᠡᠭᠡ︾᠂︽ᠰᠢᠯᠢᠳᠡᠭ ᠪᠠᠭᠰᠢ ᠶᠢᠨ ᠲᠥᠯᠥᠪᠯᠡᠭᠡ︾᠂ | ︽ᠤᠯᠤᠰ ᠤᠨ ᠰᠢᠯᠢᠳᠡᠭ ᠲᠥᠯᠥᠪᠯᠡᠭᠡ︾᠂ ︽ᠪᠠᠭᠰᠢ ᠶᠢᠨ ᠰᠤᠷᠭᠠᠨ ᠬᠥᠮᠦᠵᠢᠯ ᠤᠨ ᠬᠠᠮᠵᠢᠯᠴᠠᠨ ᠶᠠᠰᠤ ᠴᠢᠨᠠᠷ ᠢ | ᠳᠡᠭᠡᠭᠰᠢᠯᠡᠭᠦᠯᠬᠦ ᠲᠥᠯᠥᠪᠯᠡᠭᠡ︾ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠪᠠᠭᠰᠢ ᠶᠢᠨ ᠲᠥᠷᠥᠯ ᠤᠨ ᠲᠤᠰᠬᠠᠢ | ᠮᠡᠷᠭᠡᠵᠢᠯ ᠤᠨ ᠭᠡᠷᠡᠴᠢᠯᠡᠨ ᠦᠨᠡᠯᠡᠬᠦ ᠠᠵᠢᠯ ᠢ ᠥᠷᠨᠢᠭᠦᠯᠵᠦ᠂ ᠰᠤᠷᠭᠠᠨ ᠬᠥᠮᠦᠵᠢᠯ ᠤᠨ ᠬᠢᠨ ᠤ ᠵᠣᠷᠢᠭ ᠰᠠᠨᠠᠭ᠎ᠠ ᠶᠢ | ᠵᠤᠵᠠᠭᠠᠳᠬᠠᠨ ᠬᠥᠷᠥᠰᠥ ᠰᠢᠷᠣᠢ ᠶᠢ ᠰᠢᠮᠡᠵᠢᠭᠦᠯᠦᠨ᠎ᠡ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠤᠷᠭᠠᠨ | ᠬᠥᠮᠦᠵᠢᠯ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠶᠢ ᠴᠢᠩᠭᠠᠳᠬᠠᠵᠤ᠂ ᠭᠠᠷᠮᠠᠭᠠᠢ ᠪᠠᠭᠰᠢ ᠶᠢᠨ ᠰᠤᠷᠭᠠᠭᠤᠯᠢ ᠶᠢᠨ | ᠵᠠᠬᠢᠷᠤᠯ ᠢ ᠬᠥᠮᠥᠵᠢᠭᠦᠯᠬᠦ ᠲᠦᠷᠦᠯ ᠵᠦᠢᠯ᠂ ᠰᠢᠯᠢᠳᠡᠭ ᠢᠳᠡᠷ ᠵᠠᠯᠠᠭᠤ ᠪᠠᠭᠰᠢ ᠶᠢᠨ ᠬᠥᠳᠡᠭᠡ ᠲᠣᠰᠬᠤᠨ ᠤ ᠰᠤᠷᠭᠠᠨ | ᠬᠥᠮᠦᠵᠢᠯ ᠢ ᠳᠡᠮᠵᠢᠬᠦ ᠵᠡᠷᠭᠡ ᠲᠦᠷᠦᠯ ᠵᠦᠢᠯ ᠢ ᠭᠦᠨᠵᠡᠭᠡᠢ ᠠᠬᠢᠭᠤᠯᠵᠤ᠂ ᠦᠢᠯᠡᠳᠪᠦᠷᠢᠯᠡᠯ ᠵᠢᠭᠠᠨ ᠰᠤᠷᠭᠠᠯᠲᠠ ᠶᠢᠨ | ᠠᠭᠤᠰᠤᠯᠴᠠᠯ ︽ᠬᠤᠣᠰ ᠪᠠᠭᠰᠢ ᠶᠢᠨ ᠬᠡᠯᠪᠡᠷᠢ︾ ᠶᠢᠨ ᠪᠠᠭᠰᠢ ᠶᠢ ᠪᠣᠶᠢᠵᠢᠭᠤᠯᠬᠤ ᠶᠢ ᠭᠦᠨᠵᠡᠭᠡᠶᠢᠷᠡᠭᠦᠯᠵᠦ᠂ | ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ᠂ ᠰᠢᠨᠵᠢᠯᠡᠬᠦ ᠤᠬᠠᠭᠠᠨ ᠤ | ᠰᠤᠳᠤᠯᠭᠠᠨ ᠤ ᠲᠠᠪᠴᠠᠩ ᠤᠨ ᠲᠣᠭᠤᠷᠢᠨ ᠳᠤ ᠳᠡᠭᠡᠳᠦ ᠲᠡᠰ ᠳᠠᠪᠬᠤᠷᠭ᠎ᠠ ᠶᠢᠨ ᠴᠢᠳᠠᠪᠤᠷᠢᠲᠠᠨ ᠢ ᠬᠥᠮᠥᠵᠢᠭᠦᠯᠬᠦ | ᠠᠵᠢᠯ ᠢ ᠵᠣᠬᠢᠶᠠᠨ ᠪᠠᠶᠢᠭᠤᠯᠤᠯᠲᠠ ᠲᠠᠢ ᠪᠠᠷ ᠥᠷᠨᠢᠭᠦᠯᠵᠦ᠂ ᠪᠠᠭᠰᠢ ᠶᠢᠨ ᠲᠤᠰᠬᠠᠢ ᠮᠡᠷᠭᠡᠵᠢᠯ ᠤᠨ ᠪᠤᠶᠢᠵᠢᠯᠲᠠ ᠶᠢ | ᠠᠬᠢᠭᠤᠯᠤᠨ᠎ᠠ᠃ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠰᠤᠷᠤᠯᠴᠠᠨ ᠦᠢᠯᠡᠳᠦᠯᠭᠡᠵᠢᠭᠦᠯᠬᠦ ᠶᠢ ᠪᠠᠭᠰᠢ ᠶᠢᠨ | ᠠᠵᠢᠯ ᠳᠤ ᠣᠷᠣᠬᠤ ᠪᠣᠯᠪᠠᠰᠤᠷᠠᠭᠤᠯᠤᠯ᠂ ᠰᠤᠷᠤᠯᠴᠠᠵᠤ ᠰᠤᠳᠤᠯᠤᠨ ᠰᠤᠷᠤᠯᠴᠠᠬᠤ ᠶᠢᠨ ᠴᠢᠬᠤᠯᠠ ᠠᠭᠤᠯᠭ᠎ᠠ | ᠪᠣᠯᠭᠠᠵᠤ᠂ ᠰᠢᠯᠢᠳᠡᠭ ᠢ ᠰᠢᠯᠭᠠᠷᠠᠭᠤᠯᠵᠤ ᠵᠢᠱᠢᠶᠡᠴᠢ ᠶᠢ ᠪᠣᠶ ᠪᠣᠯᠭᠠᠬᠤ᠂ ᠲᠤᠰᠢᠶᠠᠯ ᠳᠡᠪᠰᠢᠬᠦ ᠶᠢᠨ ᠴᠢᠬᠤᠯᠠ | ᠦᠨᠳᠦᠰᠦᠯᠡᠯ ᠪᠣᠯᠭᠠᠵᠤ᠂ ᠰᠤᠷᠭᠠᠨ ᠬᠥᠮᠥᠵᠢᠭᠦᠯᠦᠭᠴᠢ ᠶᠢᠨ ᠵᠣᠷᠢᠭ ᠰᠠᠨᠠᠭ᠎ᠠ ᠪᠠᠷ ᠪᠠᠭᠰᠢ ᠶᠢᠨ ᠶᠡᠷᠦᠩᠬᠡᠶᠢᠯᠡᠭᠰᠡᠨ | ᠬᠡᠪ ᠴᠢᠨᠠᠷ ᠪᠠ ᠲᠤᠰᠬᠠᠢ ᠮᠡᠷᠭᠡᠵᠢᠯ ᠤᠨ ᠴᠢᠳᠠᠪᠤᠷᠢ ᠶᠢᠨ ︽ᠬᠤᠣᠰ ᠳᠡᠭᠡᠭᠰᠢᠯᠡᠯᠲᠡ︾ ᠶᠢ ᠬᠥᠲᠥᠯᠥᠨ ᠳᠠᠭᠠᠭᠤᠯᠵᠤ᠂ | ᠥᠷᠭᠡᠨ ᠣᠯᠠᠨ ᠪᠠᠭᠰᠢ ᠶᠢ ᠬᠥᠲᠥᠯᠥᠨ ᠵᠢᠯᠤᠭᠤᠳᠴᠤ ᠪᠠᠶᠢᠭᠠᠳ ᠰᠢᠷᠭᠠᠭᠤ ᠰᠤᠷᠤᠯᠴᠠᠵᠤ ᠦᠨᠡᠨ ᠬᠦ | ᠬᠡᠷᠡᠭᠵᠢᠭᠦᠯᠬᠦ᠂ ᠦᠨᠡᠨ ᠬᠦ ᠰᠢᠨ᠎ᠡ ᠶᠢ ᠡᠭᠦᠳᠴᠦ ᠪᠡᠶ᠎ᠡ ᠪᠠᠷ ᠢᠶᠠᠨ ᠠᠵᠢᠯᠯᠠᠬᠤ ᠣᠪᠣᠷ ᠢ ᠪᠠᠷᠢᠮᠲᠠᠯᠠᠨ᠂ ᠣᠶᠤᠨ | ᠤᠬᠠᠭᠠᠨ ᠢ ᠰᠡᠬᠡᠭᠡᠷᠡᠭᠦᠯᠵᠦ ᠰᠡᠳᠬᠢᠯ ᠢ ᠤᠮᠳᠠᠯᠠᠬᠤ᠂ ᠠᠪᠢᠶᠠᠰ ᠲᠤᠨᠢ ᠲᠣᠬᠢᠷᠠᠭᠤᠯᠤᠨ ᠵᠢᠭᠠᠨ ᠰᠤᠷᠭᠠᠬᠤ ᠬᠥᠮᠥᠨ | ᠢ ᠬᠥᠮᠥᠵᠢᠭᠦᠯᠬᠦ ᠣᠶᠤᠨ ᠤᠬᠠᠭᠠᠨ ᠢ ᠬᠠᠳᠠᠭᠠᠯᠠᠬᠤ ᠬᠡᠷᠡᠭᠲᠡᠢ᠃ | ᠳᠥᠷᠪᠡ ᠳᠤ᠂ ᠲᠦᠷᠦ ᠶᠢᠨ ᠪᠣᠳᠣᠯᠭ᠎ᠠ ᠶᠢᠨ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠵᠤ᠂ ᠬᠥᠮᠥᠨ ᠢ | ᠬᠥᠮᠥᠵᠢᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ | ᠪᠣᠯᠣᠨ ᠵᠣᠬᠢᠶᠠᠨ ᠪᠠᠶᠢᠭᠤᠯᠬᠤ᠂ ᠤᠬᠠᠭᠤᠯᠬᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ | ᠵᠡᠷᠭᠡ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ | ᠪᠠᠭᠰᠢ ᠳᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠪᠠᠭᠰᠢ ᠶᠢᠨ ᠣᠯᠭᠤᠮᠵᠢ ᠶᠢ | ᠪᠠᠲᠤᠯᠠᠵᠤ᠂ ᠪᠠᠭᠰᠢ ᠶᠢᠨ ᠡᠷᠬᠡ ᠠᠰᠢᠭ ᠢ ᠬᠠᠮᠠᠭᠠᠯᠠᠵᠤ᠂ ᠪᠠᠭᠰᠢ ᠶᠢᠨ ᠳᠠᠷᠤᠭᠠᠰᠤ ᠶᠢ ᠬᠥᠩᠭᠡᠷᠡᠭᠦᠯᠵᠦ᠂ ᠪᠠᠭᠰᠢ ᠶᠢᠨ | ᠦᠯᠢᠭᠡᠷ ᠢ ᠰᠠᠶᠢᠲᠤᠷ ᠶᠠᠷᠢᠵᠤ᠂ ᠥᠷᠭᠡᠨ ᠤᠯᠠᠨ ᠪᠠᠭᠰᠢ ᠶᠢ ᠠᠵᠢᠯ ᠤᠨ ᠪᠠᠶᠢᠷᠢ ᠳᠡᠭᠡᠷ᠎ᠡ ᠪᠠᠨ ᠵᠣᠯ ᠵᠢᠷᠭᠠᠯᠲᠤ | ᠲᠥᠷᠥᠭᠳᠡᠯ ᠲᠠᠢ᠂ ᠠᠵᠢᠯ ᠦᠢᠯᠡᠰ ᠤᠨ ᠲᠠᠯ᠎ᠠ ᠪᠠᠷ ᠠᠮᠵᠢᠯᠲᠠ ᠪᠦᠲᠦᠮᠵᠢ ᠶᠢᠨ ᠲᠥᠷᠥᠭᠳᠡᠯ ᠲᠠᠢ᠂ ᠨᠡᠶᠢᠭᠡᠮ ᠳᠡᠭᠡᠷ᠎ᠡ | ᠢᠷᠠᠭᠤ ᠠᠯᠳᠠᠷ ᠤᠨ ᠲᠥᠷᠥᠭᠳᠡᠯ ᠲᠠᠢ ᠪᠣᠯᠭᠠᠵᠤ᠂ ᠨᠡᠩ ᠤᠯᠠᠨ ᠰᠢᠯᠢᠳᠡᠭ ᠴᠢᠳᠠᠪᠤᠷᠢᠲᠠᠨ ᠤ ᠬᠠᠯᠠᠭᠤᠨ | ᠰᠡᠳᠬᠢᠯ ᠢᠶᠠᠷ ᠪᠠᠭᠰᠢᠯᠠᠬᠤ᠂ ᠰᠠᠨᠠᠭ᠎ᠠ ᠠᠮᠤᠷ ᠪᠠᠭᠰᠢᠯᠠᠬᠤ᠂ ᠨᠢᠭᠡ ᠰᠡᠳᠬᠢᠯ ᠢᠶᠠᠷ ᠪᠠᠭᠰᠢᠯᠠᠬᠤ ᠶᠢ ᠳᠡᠮᠵᠢᠬᠦ ᠪᠠ | ᠲᠠᠲᠠᠬᠤ ᠬᠡᠷᠡᠭᠲᠡᠢ᠃ ᠪᠠᠭᠰᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠬᠥᠮᠥᠨ ᠠᠮᠠ ᠶᠢᠨ ᠬᠥᠭᠵᠢᠯᠲᠡ ᠶᠢᠨ ᠬᠠᠨᠳᠤᠰᠢ ᠪᠠ ᠰᠣᠷᠣᠭᠴᠢ ᠶᠢᠨ ᠢᠷᠡᠯᠲᠡ ᠶᠢᠨ | ᠬᠤᠪᠢᠷᠠᠯᠲᠠ ᠲᠠᠢ ᠤᠶᠠᠯᠳᠤᠭᠤᠯᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠨ ᠤ ᠣᠷᠣᠨ ᠲᠤᠭ᠎ᠠ ᠶᠢᠨ | ᠪᠦᠲᠦᠴᠡ ᠶᠢ ᠬᠥᠳᠡᠯᠦᠩᠭᠦᠢ ᠪᠠᠷ ᠲᠣᠬᠢᠷᠠᠭᠤᠯᠤᠨ ᠰᠢᠯᠢᠳᠡᠭᠵᠢᠭᠦᠯᠵᠦ᠂ ᠬᠥᠳᠡᠭᠡ ᠲᠣᠰᠬᠤᠨ ᠤ ᠪᠠᠭᠰᠢ ᠶᠢᠨ | ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠬᠢᠷᠤᠯ ᠪᠠᠭᠰᠢ ᠶᠢ | ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠬᠠᠮᠢᠶᠠᠷᠤᠯᠲᠠ ᠶᠢᠨ ᠥᠭᠡᠷᠡᠴᠢᠯᠡᠯᠲᠡ ᠶᠢ | ᠯᠠᠪᠳᠠᠭᠤᠨ ᠢᠶᠠᠷ ᠠᠬᠢᠭᠤᠯᠵᠤ᠂ ᠪᠠᠩᠬᠢ ᠶᠢᠨ ᠨᠠᠰᠤᠨ ᠤ ᠪᠠᠭᠰᠢ ᠶᠢᠨ ᠠᠵᠢᠯᠯᠠᠭᠠᠨ ᠤ ᠲᠥᠯᠥᠪᠯᠡᠭᠡ ᠪᠠ ᠰᠤᠷᠭᠠᠨ | ᠬᠥᠮᠦᠵᠢᠯ ᠤᠨ ᠴᠢᠳᠠᠪᠤᠷᠢᠲᠠᠨ ᠤ ︽ᠪᠦᠯᠬᠦᠮ ᠪᠠᠶᠢᠭᠤᠯᠬᠤ ᠮᠠᠶ᠋ᠢᠭ︾ ᠤᠨ ᠬᠠᠪᠰᠤᠷᠤᠨ ᠲᠡᠳᠬᠦᠬᠦ ᠶᠢ ᠦᠷᠭᠦᠯᠵᠢᠯᠡᠨ | ᠠᠬᠢᠭᠤᠯᠵᠤ᠂ ᠪᠠᠭᠰᠢ ᠶᠢᠨ ᠲᠤᠭ᠎ᠠ ᠬᠡᠮᠵᠢᠶ᠎ᠡ᠂ ᠬᠡᠪ ᠴᠢᠨᠠᠷ᠂ ᠪᠦᠲᠦᠴᠡ ᠶᠢᠨ ᠵᠣᠬᠢᠴᠠᠩᠭᠤᠢ ᠬᠥᠭᠵᠢᠯᠲᠡ ᠶᠢ | ᠠᠬᠢᠭᠤᠯᠤᠨ᠎ᠠ᠃ ᠤᠤᠭᠠᠯ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ᠪᠠᠭᠰᠢ ᠶᠢᠨ | ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠡᠷᠡᠰ ᠭᠤᠶᠢᠪᠢᠰᠢ ᠦᠭᠡᠢ ᠪᠥᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ ᠦᠨᠳᠦᠰᠦᠲᠡᠨ ᠨᠦᠭᠦᠳ ᠤᠨ | ᠵᠠᠯᠠᠭᠤᠴᠤᠳ ᠪᠠᠭᠠᠴᠤᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠰᠠᠶᠢᠲᠤᠷ | ᠡᠵᠡᠮᠰᠢᠨ ᠬᠡᠷᠡᠭᠯᠡᠬᠦ ᠶᠢ ᠦᠨᠡᠨ ᠬᠦ ᠪᠠᠲᠤᠯᠠᠨ᠎ᠠ᠃ ︽ᠬᠤᠣᠰ ᠪᠠᠭᠰᠢ ᠶᠢᠨ ᠬᠡᠯᠪᠡᠷᠢ︾ ᠶᠢᠨ ᠪᠠᠭᠰᠢ ᠶᠢᠨ ᠡᠩᠨᠡᠭᠡ ᠶᠢᠨ | ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠭᠰᠢ ᠶᠢ ᠮᠠᠭᠠᠳᠯᠠᠨ ᠲᠣᠭᠲᠠᠭᠠᠬᠤ ᠶᠢ ᠵᠢᠷᠤᠮᠵᠢᠭᠤᠯᠤᠨ᠂ | ᠲᠤᠰᠬᠠᠢ ᠮᠡᠷᠭᠡᠵᠢᠯ ᠤᠨ ᠬᠢᠴᠢᠶᠡᠯ ᠤᠨ ᠪᠠᠭᠰᠢ ᠶᠢ ᠬᠥᠲᠥᠯᠥᠨ ᠵᠢᠯᠤᠭᠤᠳᠴᠤ ᠪᠠᠶᠢᠭᠠᠳ ᠠᠵᠤ ᠠᠬᠤᠶᠢᠯᠠᠯ ᠤᠨ | ᠦᠢᠯᠡᠳᠦᠯᠭᠡ ᠪᠤᠶᠤ ᠰᠤᠷᠭᠠᠭᠤᠯᠢ ᠶᠢᠨ ᠭᠠᠳᠠᠨᠠᠬᠢ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠲᠤ | ᠳᠠᠳᠤᠯᠭ᠎ᠠ ᠬᠢᠯᠭᠡᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠨᠠᠷᠠᠲᠤ ᠪᠠᠭᠰᠢ ᠶᠢ ᠢᠳᠡᠪᠬᠢᠲᠡᠢ ᠪᠠᠷ | ᠪᠣᠶᠢᠵᠢᠭᠤᠯᠤᠨ᠎ᠠ᠃ ᠪᠠᠭᠰᠢ ᠶᠢᠨ ᠵᠢᠭᠠᠨ ᠰᠤᠷᠭᠠᠯᠲᠠ ᠪᠠ ᠰᠤᠳᠤᠯᠭᠠᠨ ᠤ ᠴᠢᠳᠠᠪᠤᠷᠢ ᠶᠢ ᠳᠡᠭᠡᠭᠰᠢᠯᠡᠭᠦᠯᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠴᠢᠳᠠᠪᠤᠷᠢᠲᠠᠨ ᠤ ᠬᠥᠭᠵᠢᠯᠲᠡ ᠶᠢᠨ ᠲᠥᠷᠥᠯ ᠵᠦᠢᠯ ᠢ ᠬᠡᠷᠡᠭᠵᠢᠭᠦᠯᠦᠨ᠂ ᠰᠢᠨ᠎ᠡ ᠶᠢ ᠡᠭᠦᠳᠬᠦ ᠪᠦᠯᠬᠦᠮ ᠨᠡᠶᠢᠲᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠥᠪᠥᠷ ᠮᠣᠩᠭᠤᠯ ᠤᠨ ᠶᠡᠭᠡ ᠳᠡᠭᠡᠳᠦ ᠰᠤᠷᠭᠠᠭᠤᠯᠢ ᠶᠢᠨ ᠰᠤᠳᠤᠯᠭᠠᠨ ᠤ | ᠬᠦᠷᠢᠶᠡᠯᠡᠩ ᠪᠠ ᠪᠡᠭᠡᠵᠢᠩ ᠥᠪᠥᠷ ᠮᠣᠩᠭᠤᠯ᠂ ᠱᠠᠩᠬᠠᠢ ᠥᠪᠥᠷ ᠮᠣᠩᠭᠤᠯ᠂ ᠱᠠᠨᠰᠢ ᠥᠪᠥᠷ ᠮᠣᠩᠭᠤᠯ ᠵᠢᠴᠢ ︽ᠵᠡᠭᠦᠨ | ᠬᠤᠶᠢᠲᠤ ᠶᠢᠨ ᠭᠤᠷᠪᠠᠨ ᠮᠤᠵᠢ ᠨᠢᠭᠡ ᠣᠷᠣᠨ︾ ᠵᠡᠷᠭᠡ ᠬᠠᠮᠵᠢᠯᠴᠠᠬᠤ ᠲᠠᠪᠴᠠᠩ ᠳᠤ ᠲᠦᠰᠢᠭᠯᠡᠨ᠂ ᠭᠠᠳᠠᠭᠠᠳᠤ | ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ ᠶᠢᠨ ᠪᠠᠭᠰᠢ ᠨᠠᠷ ᠢ ᠬᠥᠲᠥᠯᠥᠨ | ᠵᠢᠯᠤᠭᠤᠳᠴᠤ ᠪᠠᠶᠢᠭᠠᠳ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠠᠨᠠᠭᠠᠴᠢᠯᠠᠭ᠎ᠠ ᠠᠴᠠ ᠪᠠᠨ | ᠠᠭᠤᠰᠤᠯᠴᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠠᠩ ᠰᠠᠶᠢᠲᠤᠷ ᠦᠢᠯᠡᠴᠢᠯᠡᠭᠦᠯᠦᠨ᠎ᠡ᠃ ︵ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠪᠣᠤ | ᠰᠢᠶᠠᠨ ᠬᠤᠸᠠ︶ |