ᠬᠤᠲᠠ ᠶᠢᠨ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ ᠨᠠᠮ ᠤᠨ ᠰᠠᠬᠢᠯᠭ᠎ᠠ  ᠶᠢᠨ ᠰᠤᠷᠤᠯᠴᠠᠯᠭ᠎ᠠ ᠬᠥᠮᠦᠵᠢᠯ ᠢ ᠪᠠᠶᠢᠷᠢᠯᠠᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2024/4/19
        4 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠰᠢᠭᠤᠳ ᠬᠠᠷᠢᠶ᠎ᠠ ᠰᠢᠰᠲ᠋ᠧᠮ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠪᠠᠶᠢᠷᠢᠯᠠᠭᠤᠯᠤᠯᠲᠠ ᠬᠢᠵᠡᠢ᠃ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠬᠤ᠋ ᠬᠠᠢ ᠹᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃        ᠬᠤᠷᠠᠯ ᠳᠡᠭᠡᠷ᠎ᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ︽ᠪᠥᠬᠦ ᠨᠠᠮ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ︽ᠪᠥᠬᠦ ᠣᠷᠣᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ︾ ᠤᠨ ᠵᠣᠷᠢᠭ ᠰᠠᠨᠠᠭ᠎ᠠ ᠪᠠ ᠪᠤᠭᠤᠲᠤ ᠬᠤᠲᠠ ᠶᠢᠨ ︽ᠪᠥᠬᠦ ᠬᠤᠲᠠ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠡᠷᠡᠭᠵᠢᠭᠦᠯᠬᠦ ᠲᠥᠰᠥᠯ ᠢ ᠬᠢᠨᠠᠨ ᠲᠣᠭᠲᠠᠭᠠᠵᠤ᠂ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃        ᠬᠤᠷᠠᠯ ᠠᠴᠠ᠂ ᠨᠠᠮ ᠤᠨ ᠲᠥᠪ ᠬᠤᠷᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠤᠯᠠᠨ ᠤᠳᠠᠭ᠎ᠠ ᠴᠢᠬᠤᠯᠠ ᠶᠠᠷᠢᠶ᠎ᠠ ᠲᠠᠯᠪᠢᠵᠤ᠂ ᠴᠢᠬᠤᠯᠠ ᠵᠢᠭᠠᠪᠤᠷᠢ ᠥᠭᠴᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠳᠤ ᠴᠢᠬᠤᠯᠠ ᠵᠢᠷᠤᠮᠯᠠᠯ ᠬᠠᠩᠭᠠᠵᠠᠢ᠃ ᠰᠢᠭᠤᠳ ᠬᠠᠷᠢᠶ᠎ᠠ ᠰᠢᠰᠲ᠋ᠧᠮ ᠤᠨ ᠨᠠᠮ ᠤᠨ ᠭᠡᠰᠢᠭᠦᠨ᠂ ᠺᠠᠳ᠋ᠷᠴᠤᠳ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠰᠤᠷᠭᠠᠨ ᠬᠥᠮᠦᠵᠢᠯ ᠤᠨ ᠥᠨᠳᠦᠷᠯᠢᠭ ᠢ ᠪᠦᠬᠦ ᠲᠠᠯ᠎ᠠ ᠪᠠᠷ ᠴᠣᠭᠴᠠᠯᠠᠵᠤ᠂ ᠰᠤᠷᠭᠠᠨ ᠬᠥᠮᠦᠵᠢᠯ ᠤᠨ ᠬᠦᠴᠦᠷᠬᠡᠭ ᠬᠤᠳᠠ ᠶᠢ ᠲᠦᠷᠭᠡᠨ ᠪᠠᠶᠢᠭᠤᠯᠬᠤ ᠶᠢᠨ ᠴᠢᠬᠤᠯᠠ ᠪᠠᠲᠤᠯᠠᠭ᠎ᠠ ᠮᠥᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠡᠭᠦᠷᠭᠡᠲᠦ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠢ᠃        ᠬᠤᠷᠠᠯ ᠠᠴᠠ᠂ ᠰᠢᠭᠤᠳ ᠬᠠᠷᠢᠶ᠎ᠠ ᠰᠢᠰᠲ᠋ᠧᠮ ᠤᠨ ᠬᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠦᠨᠡᠨ ᠬᠦ ᠰᠠᠶᠢᠲᠤᠷ ᠥᠷᠨᠢᠭᠦᠯᠵᠦ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠳᠠᠭᠤᠷᠢᠶᠠᠯ ᠪᠣᠯᠵᠤ᠂ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ ᠰᠤᠷᠤᠯᠴᠠᠯᠭ᠎ᠠ ᠶᠢᠨ ᠭᠤᠣᠯᠳᠠᠯᠭ᠎ᠠ ᠶᠢ ᠴᠢᠩᠭ᠎ᠠ ᠠᠳᠬᠤᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠢ ᠰᠤᠷᠤᠯᠴᠠᠨ ᠲᠤᠭᠤᠰᠢᠯᠠᠭᠤᠯᠬᠤ ᠳᠡᠭᠡᠷ᠎ᠡ ᠬᠦᠴᠦ ᠲᠠᠯᠪᠢᠵᠤ ᠦᠷ᠎ᠡ ᠪᠦᠲᠦᠮᠵᠢ ᠣᠯᠵᠤ᠂ ᠤᠭ ᠵᠣᠬᠢᠶᠠᠯ ᠢ ᠰᠤᠷᠤᠯᠴᠠᠵᠤ ᠤᠭ ᠶᠣᠰᠣ ᠶᠢ ᠣᠶᠢᠯᠠᠭᠠᠬᠤ ᠶᠢ ᠪᠠᠷᠢᠮᠲᠠᠯᠠᠵᠤ᠂ ᠳᠦᠷᠢᠮ ᠲᠣᠭᠲᠠᠭᠠᠯ ᠢ ᠨᠢᠭᠡᠳ ᠨᠢᠭᠡ ᠪᠠᠷ ᠰᠤᠷᠤᠯᠴᠠᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠬᠡᠷᠡᠭ ᠢᠶᠠᠷ ᠰᠤᠷᠤᠯᠴᠠᠯᠭ᠎ᠠ ᠶᠢ ᠠᠬᠢᠭᠤᠯᠬᠤ ᠶᠢ ᠰᠠᠶᠢᠲᠤᠷ ᠠᠳᠬᠤᠵᠤ᠂ ᠰᠤᠳᠤᠯᠤᠨ ᠲᠠᠶᠢᠯᠪᠤᠷᠢᠯᠠᠬᠤ ᠶᠢ ᠴᠢᠩᠭᠠᠳᠬᠠᠵᠤ᠂ ᠪᠣᠯᠪᠠᠰᠤᠷᠠᠯ ᠢᠶᠠᠷ ᠰᠤᠷᠤᠯᠭ᠎ᠠ ᠶᠢ ᠲᠡᠳᠬᠦᠬᠦ ᠶᠢ ᠴᠢᠩᠭᠠᠳᠬᠠᠵᠤ᠂ ᠨᠠᠮ ᠤᠨ ᠭᠡᠰᠢᠭᠦᠨ᠂ ᠺᠠᠳ᠋ᠷᠴᠤᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠨᠠᠮ ᠤᠨ ᠰᠠᠬᠢᠯᠭ᠎ᠠ ᠪᠠᠲᠤ ᠶᠣᠰᠣ ᠳᠦᠷᠢᠮ ᠶᠠᠭᠤ ᠪᠣᠯᠬᠤ ᠶᠢ ᠲᠣᠳᠣᠷᠬᠠᠢ ᠪᠣᠯᠭᠠᠵᠤ᠂ ᠶᠠᠭᠤ ᠬᠢᠵᠦ ᠳᠡᠶᠢᠯᠬᠦ᠂ ᠶᠠᠭᠤ ᠬᠢᠵᠦ ᠳᠡᠶᠢᠯᠬᠦ ᠦᠭᠡᠢ ᠪᠠᠶᠢᠬᠤ ᠶᠢ ᠣᠶᠢᠯᠠᠭᠠᠭᠤᠯᠵᠤ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ᠃        ᠬᠤᠷᠠᠯ ᠠᠴᠠ᠂ ᠱᠠᠯᠠᠪᠳᠠᠭᠤᠯᠤᠨ ᠵᠢᠯᠤᠭᠤᠳᠬᠤ ᠪᠠ ᠤᠬᠠᠭᠤᠯᠭ᠎ᠠ ᠰᠣᠯᠢᠯᠴᠠᠭ᠎ᠠ ᠬᠢᠬᠦ ᠶᠢ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠬᠤ ᠬᠡᠷᠡᠭᠲᠡᠢ᠃ ᠰᠢᠭᠤᠳ ᠬᠠᠷᠢᠶ᠎ᠠ ᠰᠢᠰᠲ᠋ᠧᠮ ᠤᠨ ᠤᠳᠤᠷᠢᠳᠬᠤ ᠺᠠᠳ᠋ᠷᠴᠤᠳ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠵᠤ᠂ ᠨᠠᠮ ᠤᠨ ᠰᠠᠬᠢᠯᠭ᠎ᠠ  ᠶᠢᠨ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠡᠭᠦᠷᠭᠡ ᠶᠢ ᠲᠦᠷᠦᠭᠦᠯᠡᠨ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠤᠳᠤᠷᠢᠳᠬᠤ ᠺᠠᠳ᠋ᠷ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠤᠳᠤᠷᠢᠳᠬᠤ ᠪᠠᠭ᠂ ᠤᠳᠤᠷᠢᠳᠬᠤ ᠺᠠᠳ᠋ᠷ ᠪᠣᠯᠣᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠡᠩ ᠤᠨ ᠨᠠᠮ ᠤᠨ ᠭᠡᠰᠢᠭᠦᠨ ᠤ ᠠᠳᠠᠯᠢ ᠪᠤᠰᠤ ᠣᠨᠴᠠᠯᠢᠭ ᠢ ᠦᠨᠳᠦᠰᠦᠯᠡᠨ ᠲᠦᠷᠦᠯ ᠬᠤᠪᠢᠶᠠᠨ ᠵᠢᠯᠤᠭᠤᠳᠬᠤ ᠪᠠᠨ ᠴᠢᠩᠭᠠᠳᠬᠠᠵᠤ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠤᠯᠤᠰ ᠲᠦᠷᠦ ᠶᠢᠨ ᠲᠣᠭᠲᠠᠯ ᠬᠦᠴᠦᠨ᠂ ᠰᠠᠬᠢᠯᠭ᠎ᠠ ᠪᠠᠲᠤ ᠶᠢᠨ ᠲᠣᠭᠲᠠᠯ ᠬᠦᠴᠦᠨ᠂ ᠶᠣᠰᠣ ᠰᠤᠷᠲᠠᠬᠤᠨ ᠤ ᠲᠣᠭᠲᠠᠯ ᠬᠦᠴᠦᠨ᠂ ᠢᠯᠵᠢᠷᠡᠯ ᠢ ᠡᠰᠡᠷᠭᠦᠴᠡᠬᠦ ᠲᠣᠭᠲᠠᠯ ᠬᠦᠴᠦᠨ ᠢᠶᠠᠨ ᠦᠨᠡᠨᠬᠦ ᠴᠢᠩᠭᠠᠳᠬᠠᠵᠤ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃        ᠬᠤᠲᠠ ᠶᠢᠨ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠪᠦᠷᠢᠯᠳᠦᠭᠦᠨ ᠬᠤᠷᠠᠯ ᠳᠤ ᠣᠷᠣᠯᠴᠠᠵᠤ᠂ ᠪᠠᠶᠢᠭᠤᠯᠭ᠎ᠠ ᠶᠢᠨ ᠡᠯ᠎ᠡ ᠰᠠᠯᠠᠭ᠎ᠠ ᠲᠠᠰᠤᠭ ᠤᠨ ᠬᠠᠷᠢᠭᠤᠴᠠᠯᠭᠠᠲᠠᠨ᠂ ᠰᠢᠭᠤᠳ ᠬᠠᠷᠢᠶ᠎ᠠ ᠡᠯ᠎ᠡ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠪᠤᠭᠤᠲᠤ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号