ᠰᠢᠭᠤᠶᠢᠲᠤ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠪᠥᠬᠦ ᠤᠯᠤᠰ ᠤᠨ ᠬᠠᠪᠤᠳᠠᠷ ᠢ ᠰᠡᠷᠭᠡᠶᠢᠯᠡᠨ ᠵᠠᠰᠠᠬᠤ ᠤᠬᠠᠭᠤᠯᠭ᠎ᠠ ᠵᠢᠴᠢ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/24
        2024 ᠣᠨ ᠤ 4 ᠰᠠᠷ᠎ᠠ ᠶᠢᠨ 15 - 21᠎ ᠤ ᠡᠳᠦᠷ ᠪᠣᠯ 30 ᠳ᠋ᠤᠭᠠᠷ ᠤᠳᠠᠭᠠᠨ ᠤ ᠪᠥᠬᠦ ᠤᠯᠤᠰ ᠤᠨ ᠬᠠᠪᠤᠳᠠᠷ ᠢ ᠰᠡᠷᠭᠡᠶᠢᠯᠡᠨ ᠵᠠᠰᠠᠬᠤ ᠤᠬᠠᠭᠤᠯᠭ᠎ᠠ ᠶᠢᠨ ᠭᠠᠷᠠᠭ ᠪᠠᠶᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠰᠡᠯᠡᠩ ᠢᠶᠠᠨ ᠪᠠᠲᠤᠳᠬᠠᠬᠤ᠂ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠬᠤ ᠪᠠ ᠦᠢᠯᠡᠳᠦᠯᠭᠡ ᠶᠢ ᠵᠢᠯᠤᠭᠤᠳᠬᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠠᠵᠢᠯ ᠤᠨ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠬᠤ ᠶᠢᠨ ᠲᠥᠯᠥᠭᠡ᠂ ︽ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ - ᠥᠮᠡᠨ ᠡᠪᠡᠳᠴᠢᠨ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ︵2021 - 2030 ᠣᠨ︶︾᠎ ᠤᠨ ᠬᠠᠷᠠᠯᠲᠠ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠰᠢᠭᠤᠶᠢᠲᠤ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠢ 2024 ᠣᠨ ᠤ 4 ᠰᠠᠷ᠎ᠠ ᠶᠢᠨ 17᠎ ᠤ ᠡᠳᠦᠷ ᠱᠧᠨ ᠹᠠ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠠᠭᠤᠳᠠᠮ ᠲᠠᠯᠠᠪᠠᠶ ᠳᠤ ᠬᠦᠷᠴᠦ ︽ᠶᠡᠷᠦᠩᠬᠡᠶᠢᠯᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠪᠠᠷ ᠥᠮᠡᠨ ᠰᠡᠷᠭᠡᠶᠢᠯᠡᠬᠦ︾ - ᠪᠥᠬᠦ ᠤᠯᠤᠰ ᠤᠨ ᠬᠠᠪᠤᠳᠠᠷ ᠢ ᠰᠡᠷᠭᠡᠶᠢᠯᠡᠨ ᠵᠠᠰᠠᠬᠤ ᠤᠬᠠᠭᠤᠯᠭ᠎ᠠ ᠵᠢᠴᠢ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃
1713431146859072083.png
        ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠬᠠᠭᠤᠯᠤᠨ ᠲᠠᠶᠢᠯᠪᠤᠷᠢᠯᠠᠭᠴᠢ ᠠᠴᠠ ᠤᠯᠠᠨ ᠲᠦᠮᠡᠨ ᠳᠤ ᠦᠷᠭᠦᠯᠵᠢ ᠲᠣᠬᠢᠶᠠᠯᠳᠤᠳᠠᠭ ᠬᠠᠪᠤᠳᠠᠷ ᠵᠢᠴᠢ ᠲᠡᠭᠦᠨ ᠤ ᠪᠤᠢ ᠪᠣᠯᠤᠭᠰᠠᠨ ᠰᠢᠯᠲᠠᠭᠠᠨ᠂ ᠬᠠᠪᠤᠳᠠᠷ ᠤᠨ ᠠᠶᠤᠯᠲᠠᠢ ᠬᠦᠴᠦᠨ ᠵᠦᠢᠯ᠂ ᠤᠷᠢᠳᠴᠢᠯᠠᠨ ᠰᠡᠷᠭᠡᠶᠢᠯᠡᠬᠦ ᠠᠷᠭ᠎ᠠ᠂ ᠠᠩᠬᠠᠨ ᠤ ᠡᠪᠡᠳᠴᠢᠨ ᠤ ᠢᠯᠡᠷᠡᠯ ᠵᠡᠷᠭᠡ ᠶᠢ ᠲᠠᠶᠢᠯᠪᠤᠷᠢᠯᠠᠵᠤ᠂ ᠤᠯᠠᠨ ᠲᠦᠮᠡᠨ ᠳᠤ ᠡᠷᠡᠭᠦᠯ ᠰᠠᠷᠠᠭᠤᠯ ᠠᠮᠢᠳᠤᠷᠠᠯ ᠤᠨ ᠳᠠᠳᠬᠠᠯ᠂ ᠲᠣᠭᠲᠠᠮᠠᠯ ᠬᠤᠭᠤᠴᠠᠭ᠎ᠠ ᠲᠠᠢ ᠪᠠᠷ ᠪᠡᠶ᠎ᠡ ᠶᠢᠨ ᠪᠠᠶᠢᠴᠠᠭᠠᠯᠲᠠ ᠬᠢᠬᠦ ᠵᠡᠷᠭᠡ ᠠᠷᠭ᠎ᠠ ᠬᠡᠯᠪᠡᠷᠢ ᠶᠢ ᠪᠤᠢ ᠪᠣᠯᠭᠠᠵᠤ᠂ ᠬᠠᠪᠤᠳᠠᠷ ᠤᠨ ᠡᠭᠦᠰᠬᠦ ᠶᠢ ᠢᠳᠡᠪᠬᠢᠲᠡᠢ ᠰᠡᠷᠭᠡᠶᠢᠯᠡᠵᠦ᠂ ︽ᠡᠷᠲᠡ ᠢᠯᠡᠷᠡᠭᠦᠯᠬᠦ᠂ ᠡᠷᠲᠡ ᠣᠨᠣᠰᠢᠯᠠᠬᠤ᠂ ᠡᠷᠲᠡ ᠡᠮᠨᠡᠨ ᠵᠠᠰᠠᠬᠤ︾ ᠰᠡᠷᠭᠡᠶᠢᠯᠡᠨ ᠵᠠᠰᠠᠬᠤ ᠤᠬᠠᠮᠰᠠᠷ ᠢ ᠪᠤᠢ ᠪᠣᠯᠭᠠᠵᠤ᠂ ᠠᠵᠢᠯᠯᠠᠭ᠎ᠠ ᠳᠤ ᠤᠬᠠᠭᠤᠯᠭ᠎ᠠ ᠶᠢᠨ ᠮᠠᠲ᠋ᠧᠷᠢᠶᠠᠯ ᠵᠢᠴᠢ ᠤᠬᠠᠭᠤᠯᠭ᠎ᠠ ᠶᠢᠨ ᠮᠠᠲ᠋ᠧᠷᠢᠶᠠᠯ ᠢ 300 ᠬᠤᠪᠢ ᠲᠠᠷᠬᠠᠭᠠᠵᠤ᠂ ᠵᠢᠱᠢᠭᠰᠡᠨ ᠵᠣᠷᠢᠯᠭ᠎ᠠ ᠳᠠᠭᠠᠨ ᠬᠦᠷᠬᠦ ᠶᠢ ᠰᠠᠨᠠᠭᠤᠯᠪᠠ᠃
1713431156789067820.png
        ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠣᠯᠠᠨ ᠲᠦᠮᠡᠨ ᠤ ᠬᠠᠪᠤᠳᠠᠷ ᠢ ᠰᠡᠷᠭᠡᠶᠢᠯᠡᠨ ᠵᠠᠰᠠᠬᠤ ᠦᠵᠡᠯᠲᠡ ᠪᠠ ᠤᠬᠠᠮᠰᠠᠷ ᠢ ᠳᠡᠭᠡᠭᠰᠢᠯᠡᠭᠦᠯᠵᠦ᠂ ᠬᠤᠶᠢᠰᠢᠳᠠ ᠶᠢᠨ ᠬᠠᠪᠤᠳᠠᠷ ᠢ ᠰᠡᠷᠭᠡᠶᠢᠯᠡᠨ ᠵᠠᠰᠠᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠰᠢᠭᠤᠶᠢᠲᠤ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ ᠬᠠᠪᠤᠳᠠᠷ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠠᠵᠢᠯ ᠢ ᠦᠷᠭᠦᠯᠵᠢᠯᠡᠨ ᠡᠷᠡᠭᠦᠯ ᠮᠡᠨᠳᠦ ᠶᠢᠨ ᠰᠢᠭᠤᠶᠢᠲᠤ ᠪᠦᠲᠦᠭᠡᠨ ᠪᠠᠶᠢᠭᠤᠯᠤᠯᠲᠠ ᠶᠢᠨ ᠠᠵᠢᠯ ᠳᠤ ᠠᠭᠤᠰᠤᠯᠴᠠᠭᠤᠯᠵᠤ᠂ ᠥᠮᠡᠨ ᠡᠪᠡᠳᠴᠢᠨ ᠢ ᠰᠡᠷᠭᠡᠶᠢᠯᠡᠨ ᠡᠵᠡᠮᠳᠡᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠥᠷᠭᠡᠳᠬᠡᠵᠦ᠂ ᠤᠯᠠᠨ ᠲᠦᠮᠡᠨ ᠤ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠬᠡᠯᠪᠡᠷᠢ ᠶᠢ ᠪᠦᠷᠢᠯᠳᠦᠭᠦᠯᠬᠦ ᠶᠢ ᠰᠠᠨᠠᠭᠠᠴᠢᠯᠠᠵᠤ᠂ ᠰᠢᠭᠤᠶᠢᠲᠤ ᠲᠣᠭᠤᠷᠢᠭ ᠤᠨ ᠬᠠᠪᠤᠳᠠᠷ ᠢ ᠰᠡᠷᠭᠡᠶᠢᠯᠡᠨ ᠵᠠᠰᠠᠬᠤ ᠠᠵᠢᠯ ᠢ ᠠᠬᠢᠭᠤᠯᠬᠤ ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠵᠤ᠂ ᠰᠢᠭᠤᠶᠢᠲᠤ   ᠲᠣᠭᠤᠷᠢᠭ ᠤᠨ ᠤᠯᠠᠨ ᠲᠦᠮᠡᠨ ᠤ ᠡᠷᠡᠭᠦᠯ ᠮᠡᠨᠳᠦ ᠶᠢᠨ ᠰᠡᠷᠭᠡᠶᠢᠯᠡᠯᠲᠡ ᠶᠢᠨ ᠱᠤᠭᠤᠮ ᠢ ᠤᠯᠠᠮ ᠨᠢᠭᠡ ᠠᠯᠬᠤᠮ ᠪᠠᠬᠢᠵᠢᠭᠦᠯᠦᠨ᠎ᠡ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号