ᠠᠶᠤᠯᠭᠦᠢ ᠦᠢᠯᠡᠳᠪᠦᠷᠢᠯᠡᠯ ᠳᠤ ᠪᠠᠭ᠎ᠠ ᠶᠠᠪᠤᠳᠠᠯ ᠭᠡᠵᠦ ᠦᠭᠡᠢ ᠦᠷᠭᠦᠯᠵᠢ ᠠᠳᠬᠤᠵᠤ ᠠᠮᠤᠷ ᠲᠦᠪᠰᠢᠨ ᠢ ᠪᠠᠲᠤᠯᠠᠶ᠎ᠠ
ᠨᠡᠶᠢᠲᠡᠯᠡᠭᠰᠡᠨ ᠴᠠᠭ᠄
2024/4/24
        ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠭᠡᠮ ᠰᠣᠭᠤᠭ ᠢ ᠪᠠᠶᠢᠴᠠᠭᠠᠨ ᠵᠠᠰᠠᠬᠤ ᠶᠢ ᠰᠠᠶᠢᠲᠤᠷ ᠠᠳᠬᠤᠵᠤ᠂ ᠮᠠᠨ ᠤ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠬᠤ ᠶᠢᠨ ᠲᠥᠯᠥᠭᠡ᠂ 2024 ᠣᠨ ᠤ 4 ᠰᠠᠷ᠎ᠠ ᠶᠢᠨ 18᠎ ᠤ ᠡᠳᠦᠷ ᠤᠨ ᠦᠳᠡ ᠶᠢᠨ ᠡᠮᠦᠨ᠎ᠡ᠂ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠣᠭᠤᠷᠢᠭ ᠤᠨ ᠭᠠᠯ ᠤᠨᠲᠠᠷᠠᠭᠠᠬᠤ ᠶᠡᠭᠡ ᠠᠩᠭᠢ᠂ ᠴᠠᠬᠢᠯᠭᠠᠨ ᠬᠠᠩᠭᠠᠬᠤ ᠺᠣᠮᠫᠠᠨᠢ ᠲᠠᠢ ᠬᠤᠯᠪᠤᠭᠠᠯᠠᠨ ᠮᠠᠨ ᠤ ᠲᠣᠭᠤᠷᠢᠭ ᠤᠨ ᠡᠵᠡᠩᠨᠡᠯᠲᠡ ᠶᠢᠨ ᠴᠢᠨᠠᠷᠲᠠᠢ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠳᠤ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ ᠬᠤᠳᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠲᠣᠪᠴᠢᠶ᠎ᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠰᠠᠯᠠᠭᠠᠨ ᠤ ᠳᠠᠷᠤᠭ᠎ᠠ ᠹᠦ᠋ ᠪᠢᠨ ᠮᠣᠷᠢᠯᠠᠨ ᠰᠠᠭᠠᠲᠠᠵᠤ ᠵᠢᠭᠠᠨ ᠵᠢᠯᠣᠭᠤᠳᠪᠠ᠃
微信图片_20240424103041.png
        ᠠᠶᠤᠯᠭᠦᠢ ᠦᠢᠯᠡᠳᠪᠦᠷᠢᠯᠡᠯ ᠤᠨ ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠥᠪᠥᠷ ᠮᠣᠩᠭᠤᠯ ᠤᠨ ᠤᠯᠠᠨ ᠲᠦᠮᠡᠨᠴᠢ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠵᠢᠯᠣᠭᠤᠳᠪᠠ᠃ ᠲᠤᠬᠠᠢ ᠶᠢᠨ ᠭᠠᠵᠠᠷ ᠲᠤᠨᠢ ᠯᠠᠪᠯᠠᠨ ᠠᠰᠠᠭᠤᠬᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠮᠠᠲ᠋ᠧᠷᠢᠶᠠᠯ ᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ ᠠᠵᠢᠯᠯᠠᠬᠤ ᠭᠠᠵᠠᠷ ᠤᠨ ᠣᠷᠣᠵᠤ ᠭᠠᠷᠬᠤ ᠵᠠᠮ᠂ ᠭᠠᠯ ᠤᠨᠲᠠᠷᠠᠭᠠᠬᠤ ᠪᠠᠭᠠᠵᠢ ᠬᠡᠷᠡᠭᠰᠡᠯ᠂ ᠴᠠᠬᠢᠯᠭᠠᠨ ᠤᠲᠠᠰᠤ ᠴᠠᠬᠢᠯᠭᠠᠨ ᠬᠡᠯᠬᠢᠶ᠎ᠡ ᠶᠢᠨ ᠠᠮᠤᠷ ᠲᠦᠪᠰᠢᠨ ᠪᠠ ᠠᠵᠤ ᠠᠬᠤᠶᠢᠯᠠᠯ ᠤᠨ ᠡᠵᠡᠩᠨᠡᠯᠲᠡ᠂ ᠠᠵᠢᠯ ᠲᠥᠷᠥᠯ ᠤᠨ ᠬᠠᠮᠢᠶᠠᠷᠤᠯᠲᠠ ᠵᠡᠷᠭᠡ ᠲᠠᠯ᠎ᠠ ᠪᠠᠷ ᠲᠤᠬᠠᠢ ᠶᠢᠨ ᠭᠠᠵᠠᠷ ᠲᠤᠨᠢ ᠪᠠᠶᠢᠴᠠᠭᠠᠨ ᠰᠢᠯᠭᠠᠯᠲᠠ ᠬᠢᠪᠡ᠃ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠮᠤᠷ ᠲᠦᠪᠰᠢᠨ ᠤ ᠪᠠᠭᠠᠵᠢ ᠬᠡᠷᠡᠭᠰᠡᠯ ᠵᠢᠴᠢ ᠬᠠᠮᠠᠭᠠᠯᠠᠯᠲᠠ ᠶᠢᠨ ᠬᠡᠷᠡᠭᠰᠡᠯ ᠢ ᠲᠣᠭᠲᠠᠮᠠᠯ ᠬᠤᠭᠤᠴᠠᠭ᠎ᠠ ᠲᠠᠢ ᠪᠠᠷ ᠲᠤᠷᠰᠢᠯᠲᠠ ᠬᠢᠭᠰᠡᠨ ᠦᠭᠡᠢ ᠵᠡᠷᠭᠡ ᠠᠰᠠᠭᠤᠳᠠᠯ ᠢ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠠᠴᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠠᠪᠴᠤ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠵᠦ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠪᠠ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠭᠠᠯ ᠤᠨ ᠠᠶᠤᠯ ᠭᠠᠷᠬᠤ ᠦᠭᠡᠢ ᠵᠡᠷᠭᠡ ᠠᠮᠤᠷ ᠲᠦᠪᠰᠢᠨ ᠤ ᠠᠳᠡᠯ ᠭᠠᠷᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃
微信图片_20240424103105.png
微信图片_20240424103109.png
        ᠬᠤᠶᠢᠰᠢᠳᠠ ᠶᠢᠨ ᠠᠵᠢᠯ ᠤᠨ ᠳᠤᠮᠳᠠ᠂ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠠᠷᠢᠶ᠎ᠠ ᠣᠷᠣᠨ ᠤ ᠪᠠᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ︽ᠡᠷᠬᠢᠨ ᠬᠠᠷᠠᠬᠤ︾ ᠠᠵᠢᠯ ᠢ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ︽ᠡᠪᠡᠳᠴᠢᠨ ᠳᠤᠨᠢ ᠲᠠᠭᠠᠷᠠᠭᠤᠯᠤᠨ ᠡᠮ ᠥᠭᠬᠦ︾ᠠᠮᠤᠷ ᠲᠦᠪᠰᠢᠨ ᠤ ᠬᠥᠮᠦᠵᠢᠯ ᠢ ᠥᠷᠨᠢᠭᠦᠯᠵᠦ᠂ ᠪᠠᠶᠢᠭᠤᠯᠤᠮᠵᠢ ᠶᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠤᠬᠠᠮᠰᠠᠷ ᠢ ᠦᠨᠡᠨ ᠬᠦ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠪᠠᠶᠢᠭᠤᠯᠤᠮᠵᠢ ᠶᠢᠨ ᠡᠯ᠎ᠡ ᠵᠦᠢᠯ ᠤᠨ ᠠᠵᠢᠯ ᠤᠨ ᠠᠮᠤᠷ ᠲᠦᠪᠰᠢᠨ ᠥᠨᠳᠥᠷ ᠪᠦᠲᠦᠮᠵᠢᠲᠡᠶ ᠶᠠᠪᠤᠭᠳᠠᠬᠤ ᠶᠢ ᠦᠨᠡᠨ ᠬᠦ ᠪᠠᠲᠤᠯᠠᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号