ᠴᠤᠪᠤᠷᠠᠯ ᠳᠤ ᠠᠩᠬᠠᠷᠤᠯ ᠢᠶᠠᠨ ᠲᠥᠪᠯᠡᠷᠡᠭᠦᠯᠦᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠠᠬᠢᠨ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2024/4/24
        ︽ᠬᠢᠨᠠᠨ ᠵᠥᠪᠰᠢᠶᠡᠷᠡᠬᠦ ᠪᠠᠷ ᠬᠠᠮᠤᠭ ᠤᠨ ᠴᠥᠭᠡᠨ᠂ ᠶᠠᠪᠤᠴᠠ ᠪᠠᠷ ᠬᠠᠮᠤᠭ ᠤᠨ ᠰᠢᠯᠢᠳᠡᠭ᠂ ᠪᠠᠶᠢᠭᠤᠯᠤᠯ ᠢᠶᠠᠷ ᠬᠠᠮᠤᠭ ᠤᠨ ᠰᠢᠯᠤᠭᠤᠨ᠂ ᠲᠣᠭᠲᠠᠴᠠ ᠪᠠᠷ ᠬᠠᠮᠤᠭ ᠤᠨ ᠰᠠᠶᠢᠨ᠂ ᠦᠷ᠎ᠡ ᠪᠦᠲᠦᠮᠵᠢ ᠪᠠᠷ ᠬᠠᠮᠤᠭ ᠤᠨ ᠥᠨᠳᠥᠷ᠂ ᠦᠢᠯᠡᠴᠢᠯᠡᠭᠡ ᠪᠠᠷ ᠬᠠᠮᠤᠭ ᠤᠨ ᠰᠠᠶᠢᠨ︾ ᠴᠠᠯᠢᠩ ᠤᠨ ᠲᠤᠬᠠᠶᠢᠯᠠᠭᠰᠠᠨ ᠠᠵᠢᠯ ᠤᠨ ᠬᠢᠨᠠᠨ ᠵᠥᠪᠰᠢᠶᠡᠷᠡᠬᠦ ᠶᠠᠪᠤᠴᠠ ᠶᠢ ᠪᠣᠶ ᠪᠣᠯᠭᠠᠬᠤ ᠶᠢᠨ ᠲᠥᠯᠥᠭᠡ᠂ 2024 ᠣᠨ ᠤ 4 ᠰᠠᠷ᠎ᠠ ᠶᠢᠨ 17᠎ ᠤ ᠡᠳᠦᠷ ᠰᠢᠭᠤᠶᠢᠲᠤ  ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠠᠷᠤᠭ᠎ᠠ ᠴᠠᠯᠢᠩ ᠤᠨ ᠲᠤᠬᠠᠶᠢᠯᠠᠭᠰᠠᠨ ᠠᠵᠢᠯ ᠤᠨ ᠬᠤᠪᠢᠶᠠᠷᠢᠯᠠᠯ ᠵᠢᠴᠢ ᠬᠢᠨᠠᠨ ᠵᠥᠪᠰᠢᠶᠡᠷᠡᠬᠦ ᠶᠠᠪᠤᠴᠠ ᠶᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠷᠠᠯ ᠳᠡᠭᠡᠷ᠎ᠡ ᠴᠠᠯᠢᠩ ᠤᠨ ᠲᠤᠬᠠᠶᠢᠯᠠᠭᠰᠠᠨ ᠠᠵᠢᠯ ᠤᠨ ᠬᠤᠪᠢᠶᠠᠷᠢᠯᠠᠯ᠂ ᠬᠢᠨᠠᠨ ᠵᠥᠪᠰᠢᠶᠡᠷᠡᠬᠦ ᠴᠤᠪᠤᠷᠠᠯ ᠢ ᠡᠮᠬᠢᠯᠡᠨ ᠳᠢᠭᠯᠡᠵᠦ᠂ ᠠᠵᠢᠯ ᠤᠨ ᠰᠡᠳᠬᠢᠴᠡ᠂ ᠬᠢᠨᠠᠨ ᠵᠥᠪᠰᠢᠶᠡᠷᠡᠬᠦ ᠴᠤᠪᠤᠷᠠᠯ᠂ ᠭᠦᠢᠴᠡᠳᠬᠡᠬᠦ ᠴᠠᠭ ᠤᠨ ᠬᠢᠵᠠᠭᠠᠷ ᠢ ᠳᠠᠬᠢᠨ ᠰᠢᠯᠢᠳᠡᠭᠵᠢᠭᠦᠯᠵᠦ᠂ ᠳᠠᠬᠢᠨ ᠲᠡᠭᠦᠯᠳᠡᠷᠵᠢᠭᠦᠯᠵᠦ᠂ ︽ᠦᠢᠯᠡᠴᠢᠯᠡᠭᠡᠨ ᠤ ᠶᠠᠰᠤ ᠴᠢᠨᠠᠷ᠂ ᠦᠢᠯᠡᠴᠢᠯᠡᠭᠡᠨ ᠤ ᠦᠷ᠎ᠡ ᠪᠦᠲᠦᠮᠵᠢ︾᠎ ᠶᠢᠨ ᠬᠤᠣᠰ ᠳᠡᠭᠡᠭᠰᠢᠯᠡᠯᠲᠡ ᠶᠢ ᠪᠠᠲᠤᠯᠠᠪᠠ᠃
微信图片_20240424103041.png
        ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠤᠬᠠᠶᠢᠯᠠᠭᠰᠠᠨ ᠠᠵᠢᠯ ᠢ ᠭᠦᠢᠴᠡᠳᠬᠡᠬᠦ ᠭᠠᠷ ᠳᠡᠪᠲᠡᠷ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠵᠡᠷᠭᠡ ᠠᠷᠭ᠎ᠠ ᠬᠡᠯᠪᠡᠷᠢ ᠶᠢ ᠳᠠᠷᠤᠮᠠᠯᠯᠠᠬᠤ ᠪᠠᠷ ᠳᠠᠮᠵᠢᠭᠤᠯᠤᠨ᠂ ᠲᠤᠬᠠᠶᠢᠯᠠᠭᠰᠠᠨ ᠠᠵᠢᠯ ᠤᠨ ᠶᠠᠪᠤᠴᠠ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠵᠤ᠂ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠴᠠᠯᠢᠩ ᠤᠨ ᠲᠤᠬᠠᠶᠢᠯᠠᠭᠰᠠᠨ ᠠᠵᠢᠯ ᠤᠨ ᠶᠠᠪᠤᠴᠠ ᠶᠢ ᠳᠠᠬᠢᠨ ᠪᠣᠳᠠᠲᠠᠢ ᠪᠥᠭᠡᠳ ᠨᠠᠷᠢᠯᠢᠭ ᠬᠢᠵᠦ᠂ ᠶᠠᠪᠤᠴᠠ ᠶᠢ ᠳᠠᠬᠢᠨ ᠥᠪᠡᠷ ᠢ ᠪᠠᠨ ᠰᠢᠨᠡᠴᠢᠯᠡᠬᠦ ᠶᠢᠨ ᠭᠤᠣᠯ ᠭᠠᠷᠳᠠᠴᠠ ᠪᠣᠯᠭᠠᠵᠤ᠂ ᠦᠵᠡᠯᠲᠡ᠂ ᠦᠵᠡᠯ ᠰᠠᠨᠠᠭ᠎ᠠ᠂ ᠰᠤᠷᠲᠠᠯ ᠵᠡᠷᠭᠡ ᠲᠠᠯ᠎ᠠ ᠠᠴᠠ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠬᠠᠭᠤᠴᠢᠨ ᠰᠡᠳᠬᠢᠬᠦᠢ ᠶᠢ ᠬᠤᠪᠢᠷᠠᠭᠤᠯᠵᠤ᠂ ᠠᠵᠢᠯ ᠤᠨ ᠠᠷᠭ᠎ᠠ ᠮᠠᠶ᠋ᠢᠭ ᠢ ᠠᠷᠢᠯᠭᠠᠨ᠂ ᠦᠢᠯᠡᠴᠢᠯᠡᠭᠡ ᠶᠢ ᠬᠠᠶᠢᠷ᠎ᠠ ᠰᠡᠳᠬᠢᠯᠭᠡ ᠲᠠᠢ᠂ ᠬᠠᠶᠢᠷ᠎ᠠ ᠰᠡᠳᠬᠢᠯᠭᠡ ᠲᠠᠢ᠂ ᠬᠠᠷᠢᠭᠤᠴᠠᠯᠭ᠎ᠠ ᠲᠠᠢ ᠪᠣᠯᠭᠠᠵᠤ᠂ ᠦᠢᠯᠡᠴᠢᠯᠡᠭᠡᠨ ᠤ ᠨᠠᠷᠢᠯᠢᠭᠵᠢᠭᠤᠯᠤᠭᠰᠠᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号