ᠬᠤᠯᠤᠭᠠᠨ᠎ᠠ ᠶᠢᠨ ᠬᠢᠵᠢᠭ ᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠶᠢ ᠴᠢᠩᠭᠠᠳᠬᠠᠵᠤ ᠬᠤᠯᠤᠭᠠᠨ᠎ᠠ ᠶᠢᠨ ᠠᠮᠤᠷ ᠲᠦᠪᠰᠢᠨ ᠢ ᠰᠡᠷᠭᠡᠶᠢᠯᠡᠬᠦ ᠬᠤᠷᠢᠭ᠎ᠠ ᠱᠤᠭᠤᠮ ᠢ ᠪᠠᠲᠤ ᠰᠠᠬᠢᠨ᠎ᠠ
ᠨᠡᠶᠢᠲᠡᠯᠡᠭᠰᠡᠨ ᠴᠠᠭ᠄
2024/4/24
        ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠦᠢᠯᠡᠳᠦᠯᠭᠡᠵᠢᠭᠦᠯᠵᠦ᠂ ᠬᠥᠷᠰᠢ ᠵᠡᠷᠭᠡᠯᠡᠳᠡᠭᠡ ᠭᠠᠵᠠᠷ ᠣᠷᠣᠨ ᠎ ᠯᠤᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠭᠡ ᠵᠠᠩᠭᠢ ᠶᠢᠨ ᠮᠡᠳᠡᠭᠡᠯᠡᠯ ᠢ ᠴᠢᠩᠭᠠᠳᠬᠠᠵᠤ᠂ ᠬᠤᠯᠤᠭᠠᠨ᠎ᠠ ᠶᠢᠨ ᠬᠢᠵᠢᠭ ᠡᠭᠦᠰᠬᠦ ᠪᠠ ᠳᠡᠯᠭᠡᠷᠡᠬᠦ ᠶᠢ ᠴᠠᠭ ᠲᠤᠬᠠᠢ ᠳᠤᠨᠢ ᠬᠢᠵᠠᠭᠠᠷᠯᠠᠬᠤ ᠶᠢᠨ ᠲᠥᠯᠥᠭᠡ᠂ ᠰᠢᠭᠤᠶᠢᠲᠤ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠳ᠋ᠦᠩ ᠾᠧ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠠᠢ ᠬᠠᠮᠲᠤᠷᠠᠨ 4 ᠰᠠᠷ᠎ᠠ ᠶᠢᠨ 22᠎ ᠤ ᠡᠳᠦᠷ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠠᠵᠢᠯ ᠢ ᠥᠷᠨᠢᠭᠦᠯᠪᠡ᠃
1713781679110046452.png
        ᠡᠩ ᠲᠡᠷᠢᠭᠦᠨ ᠳᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠠᠵᠢᠯ ᠢ ᠵᠣᠬᠢᠴᠠᠭᠤᠯᠬᠤ ᠬᠤᠷᠠᠯ ᠬᠤᠷᠠᠯᠳᠤᠭᠤᠯᠵᠤ᠂ ᠬᠤᠷᠠᠯ ᠠᠴᠠ ᠭᠤᠣᠯᠳᠠᠭᠤ ᠳ᠋ᠦᠩ ᠾᠧ ᠲᠣᠭᠤᠷᠢᠭ᠂ ᠰᠢᠭᠤᠶᠢᠲᠤ  ᠲᠣᠭᠤᠷᠢᠭ ᠤᠨ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠠᠵᠢᠯ ᠢ ᠥᠷᠨᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠵᠦ᠂ ᠬᠤᠯᠤᠭᠠᠨ᠎ᠠ ᠶᠢᠨ ᠬᠢᠵᠢᠭ ᠤᠨ ᠠᠵᠢᠯ ᠢ ᠠᠷᠭᠠᠴᠠᠭᠠᠬᠤ ᠡᠷᠬᠢᠮ ᠨᠠᠨᠳᠢᠨ ᠲᠤᠷᠰᠢᠯᠭ᠎ᠠ ᠪᠠᠨ ᠳ᠋ᠦᠩᠨᠡᠨ ᠬᠤᠪᠢᠶᠠᠯᠴᠠᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠠᠷᠭ᠎ᠠ ᠪᠣᠳᠣᠯᠭ᠎ᠠ ᠶᠢ ᠰᠤᠳᠤᠯᠤᠨ ᠬᠤᠪᠢᠶᠠᠯᠴᠠᠵᠤ᠂ ᠬᠢᠵᠢᠭ ᠤᠨ ᠪᠠᠶᠢᠳᠠᠯ ᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠠᠵᠢᠯ ᠤᠨ ᠬᠠᠮᠢᠶ᠎ᠠ ᠪᠦᠬᠦᠢ ᠠᠷᠭ᠎ᠠ ᠬᠡᠮᠵᠢᠶ᠎ᠡ᠂ ᠠᠷᠭᠠᠴᠠᠬᠤ ᠪᠡᠯᠡᠳᠬᠡᠯ ᠲᠥᠰᠥᠯ ᠢ ᠵᠥᠪᠳᠡᠯᠴᠡᠨ ᠲᠣᠭᠲᠠᠭᠠᠵᠤ᠂ ᠬᠦᠨᠳᠦ ᠶᠡᠭᠡ ᠬᠢᠵᠢᠭ ᠤᠨ ᠪᠠᠶᠢᠳᠠᠯ ᠲᠠᠢ ᠦᠶ᠎ᠡ ᠳᠤ ᠬᠠᠮᠲᠤ ᠪᠠᠷ ᠵᠥᠪᠳᠡᠯᠴᠡᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠬᠠᠮᠵᠢᠯᠴᠠᠨ ᠠᠬᠢᠭᠤᠯᠵᠤ᠂ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠴᠠᠭ ᠲᠤᠬᠠᠢ ᠳᠤᠨᠢ ᠪᠦᠲᠦᠮᠵᠢᠲᠡᠶ ᠰᠢᠢᠳᠪᠦᠷᠢᠯᠡᠪᠡ᠃ ᠳᠠᠷᠠᠭ᠎ᠠ ᠨᠢ᠂ ᠰᠢᠭᠤᠶᠢᠲᠤ  ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠳ᠋ᠦᠩ ᠾᠧ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠠᠢ ᠬᠠᠮᠲᠤᠷᠠᠨ ︽ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠠᠵᠢᠯ ᠤᠨ ᠬᠡᠯᠡᠯᠴᠡᠭᠡᠷ︾ ᠲᠣᠭᠲᠠᠵᠤ᠂ ᠬᠤᠯᠤᠭᠠᠨ᠎ᠠ ᠶᠢᠨ ᠬᠢᠵᠢᠭ ᠤᠨ ᠠᠶᠤᠯ ᠲᠦᠭᠰᠢᠭᠦᠷᠢ ᠶᠢ ᠦᠨᠡᠯᠡᠨ ᠵᠢᠱᠢᠬᠦ ᠪᠠ ᠰᠢᠢᠳᠪᠦᠷᠢᠯᠡᠬᠦ ᠵᠢᠴᠢ ᠰᠤᠳᠤᠯᠤᠨ ᠮᠠᠭᠠᠳᠯᠠᠬᠤ ᠶᠢ ᠴᠢᠩᠭᠠᠳᠬᠠᠵᠤ᠂ ᠬᠤᠶᠠᠷ ᠭᠠᠵᠠᠷ ᠤᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠬᠠᠮᠲᠤᠷᠠᠯᠴᠠᠭ᠎ᠠ ᠶᠢ ᠴᠢᠩᠭᠠᠳᠬᠠᠬᠤ ᠶᠢᠨ ᠲᠥᠯᠥᠭᠡ ᠶᠤᠮ᠃ ᠬᠤᠷᠠᠯ ᠤᠨ ᠳᠠᠷᠠᠭ᠎ᠠ᠂ ᠬᠤᠶᠠᠷ ᠲᠣᠭᠤᠷᠢᠭ ᠬᠠᠮᠲᠤᠷᠠᠨ ᠰᠢᠭᠤᠶᠢᠲᠤ ᠲᠣᠭᠤᠷᠢᠭ ᠤᠨ ᠬᠤᠯᠤᠭᠠᠨ᠎ᠠ ᠶᠢᠨ ᠬᠢᠵᠢᠭ ᠤᠨ ᠬᠡᠭᠡᠷ᠎ᠡ ᠶᠢᠨ ᠬᠢᠨᠠᠨ ᠬᠡᠮᠵᠢᠬᠦ ᠴᠡᠭ ᠢ ᠪᠠᠶᠢᠴᠠᠭᠠᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ᠂ ᠬᠠᠮᠵᠢᠯᠴᠠᠨ ᠬᠠᠪᠰᠤᠷᠤᠯᠴᠠᠬᠤ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠣᠭᠲᠠᠴᠠ ᠶᠢ ᠨᠠᠶᠢᠳᠠᠪᠤᠷᠢᠵᠢᠭᠤᠯᠬᠤ ᠲᠤᠬᠠᠢ ᠰᠤᠳᠤᠯᠤᠨ ᠶᠠᠷᠢᠯᠴᠠᠪᠠ᠃
1713781695045034068.png
        ᠲᠠᠷᠠᠭᠠᠴᠢ ᠶᠢᠨ ᠠᠯᠬᠤᠮ ᠳᠤ᠂ ᠰᠢᠭᠤᠶᠢᠲᠤ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ ᠳ᠋ᠦᠩ ᠾᠧ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠠᠢ ᠬᠤᠯᠤᠭᠠᠨ᠎ᠠ ᠶᠢᠨ ᠬᠢᠵᠢᠭ ᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠬᠢᠵᠢᠭ ᠤᠨ ᠪᠠᠶᠢᠳᠠᠯ ᠢ ᠤᠷᠢᠳᠴᠢᠯᠠᠨ ᠰᠡᠷᠡᠮᠵᠢᠯᠡᠭᠦᠯᠬᠦ ᠪᠠ ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠰᠠᠶᠢᠲᠤᠷ ᠬᠢᠵᠦ᠂ ᠬᠤᠯᠤᠭᠠᠨ᠎ᠠ ᠶᠢᠨ ᠬᠢᠵᠢᠭ ᠡᠭᠦᠰᠬᠦ ᠪᠠ ᠳᠡᠯᠭᠡᠷᠡᠬᠦ ᠶᠢ ᠪᠦᠲᠦᠮᠵᠢᠲᠡᠶ ᠰᠡᠷᠭᠡᠶᠢᠯᠡᠨ ᠡᠵᠡᠮᠳᠡᠵᠦ᠂ ᠬᠥᠮᠥᠨ ᠤ ᠬᠤᠭᠤᠷᠤᠨᠳᠤᠬᠢ ᠬᠤᠯᠤᠭᠠᠨ᠎ᠠ ᠶᠢᠨ ᠬᠢᠵᠢᠭ ᠡᠭᠦᠰᠬᠦ ᠶᠢ ᠴᠢᠩᠭ᠎ᠠ ᠰᠡᠷᠭᠡᠶᠢᠯᠡᠵᠦ᠂ ᠣᠯᠠᠨ ᠲᠦᠮᠡᠨ ᠤ ᠠᠮᠢ ᠨᠠᠰᠤ ᠡᠷᠡᠭᠦᠯ ᠮᠡᠨᠳᠦ ᠶᠢ ᠪᠠᠲᠤᠯᠠᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号