ᠡᠮᠴᠢᠯᠡᠭᠡᠨ ᠤ ᠥᠨᠳᠦᠷᠯᠢᠭ ᠭᠠᠵᠠᠷ ᠢ ᠪᠠᠶᠢᠭᠤᠯᠬᠤ ᠨᠢ ᠣᠯᠠᠨ ᠲᠦᠮᠡᠨ ᠳᠤ ᠲᠦᠰᠢᠭᠯᠡᠯ ᠲᠠᠢ
ᠨᠡᠶᠢᠲᠡᠯᠡᠭᠰᠡᠨ ᠴᠠᠭ᠄
2024/4/24
        ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠴᠢᠯᠡᠭᠡᠨ ᠤ ᠥᠨᠳᠦᠷᠯᠢᠭ ᠢ ᠪᠥᠬᠦ ᠲᠠᠯ᠎ᠠ ᠪᠠᠷ ᠪᠠᠶᠢᠭᠤᠯᠬᠤ ᠬᠠᠷᠠᠯᠲᠠ ᠪᠠ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠰᠢᠭᠤᠶᠢᠲᠤ ᠲᠣᠭᠤᠷᠢᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠨᠠᠷᠢᠯᠢᠭ ᠣᠨᠣᠴᠠᠲᠠᠢ ᠪᠠᠷ ᠠᠩᠬᠠᠷᠤᠯ ᠢᠶᠠᠨ ᠲᠥᠪᠯᠡᠷᠡᠭᠦᠯᠵᠦ᠂ ᠡᠮᠴᠢᠯᠡᠭᠡᠨ ᠤ ᠪᠠᠶᠢᠭᠤᠯᠤᠯᠲᠠ ᠶᠢᠨ ᠥᠨᠳᠥᠷ ᠬᠢᠷᠢ ᠲᠦᠪᠰᠢᠨ ᠢ ᠳᠡᠭᠡᠭᠰᠢᠯᠡᠭᠦᠯᠬᠦ᠂ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢᠨ ᠰᠢᠨ᠎ᠡ ᠳᠠᠪᠰᠢᠯᠲᠠ᠂ ᠦᠢᠯᠡᠴᠢᠯᠡᠭᠡᠨ ᠤ ᠬᠢᠷᠢ ᠲᠦᠪᠰᠢᠨ ᠢ ᠰᠢᠨ᠎ᠡ ᠳᠡᠭᠡᠭᠰᠢᠯᠡᠯᠲᠡ ᠵᠡᠷᠭᠡ ᠪᠠᠷ ᠬᠠᠷᠠᠯᠲᠠ ᠪᠣᠯᠭᠠᠵᠤ᠂ ᠡᠷᠴᠢ ᠵᠣᠷᠢᠭ ᠢᠶᠠᠨ ᠬᠥᠪᠴᠢᠯᠡᠵᠦ ᠪᠠᠶᠢᠭᠠᠳ ᠠᠷᠠᠳ ᠣᠯᠠᠨ ᠳᠤ ᠨᠠᠩ ᠴᠢᠨᠠᠷ ᠰᠠᠶᠢᠲᠠᠢ ᠡᠮᠴᠢᠯᠡᠭᠡᠨ ᠤ ᠦᠢᠯᠡᠴᠢᠯᠡᠭᠡ ᠬᠦᠷᠲᠡᠭᠡᠵᠦ᠂ ᠨᠠᠩ ᠣᠯᠠᠨ ᠣᠯᠠᠨ ᠲᠦᠮᠡᠨ ᠢ ᠡᠪᠡᠳᠴᠢᠨ ᠢᠶᠠᠨ ᠰᠠᠶᠢᠲᠤᠷ ᠦᠵᠡᠭᠦᠯᠵᠦ᠂ ᠳᠤᠷᠠᠲᠠᠶ᠎ᠠ ︽ᠰᠢᠭᠤᠶᠢᠲᠤ ᠲᠣᠭᠤᠷᠢᠭ ᠲᠤ ᠡᠮᠨᠡᠬᠦ︾ ᠪᠣᠯᠭᠠᠪᠠ᠃        ᠨᠢᠭᠡ᠂ ᠡᠮᠨᠡᠯᠭᠡ ᠳᠤ ᠬᠦᠷᠭᠡᠵᠦ ᠡᠮ ᠬᠦᠷᠭᠡᠵᠦ ᠪᠡᠶ᠎ᠡ ᠶᠢᠨ ᠪᠠᠶᠢᠴᠠᠭᠠᠯᠲᠠ ᠬᠢᠯᠭᠡᠵᠦ᠂ ᠪᠥᠬᠦ ᠬᠦᠴᠦᠨ ᠢᠶᠠᠷ ᠢᠶᠠᠨ ᠡᠷᠡᠭᠦᠯ ᠮᠡᠨᠳᠦ ᠶᠢ ᠬᠠᠮᠠᠭᠠᠯᠠᠨ᠎ᠠ          ᠵᠢᠪᠬᠤᠯᠠᠩᠲᠤ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠪᠡᠳᠬᠡᠷ ᠵᠤᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠢ ᠭᠡᠷ ᠪᠦᠯᠢ᠂ ᠥᠨᠥᠴᠢᠨ ᠪᠡᠯᠪᠡᠰᠦᠨ ᠨᠠᠰᠤᠲᠠᠨ ᠵᠡᠷᠭᠡ ᠪᠠᠭᠤᠷᠠᠶᠢᠴᠤᠤᠯ ᠳᠤ ᠴᠢᠭᠯᠡᠭᠦᠯᠦᠨ᠂ 20 ᠭᠠᠷᠤᠢ ᠵᠦᠢᠯ ᠤᠨ ᠡᠮ ᠤᠨ ᠵᠦᠢᠯ ᠢ ᠤᠯᠠᠨ ᠲᠦᠮᠡᠨ ᠤ ᠭᠡᠷ ᠲᠤ ᠬᠦᠷᠭᠡᠵᠦ᠂ ᠥᠪᠡᠷ ᠤᠨ ᠬᠡᠷᠡᠭᠰᠡᠬᠦ ᠡᠮ ᠤᠨ ᠵᠦᠢᠯ ᠢ ᠭᠦᠢᠴᠡᠳ ᠬᠤᠳᠠᠯᠳᠤᠨ ᠠᠪᠴᠤ ᠪᠣᠯᠬᠤ ᠦᠭᠡᠢ︔ ᠬᠦᠨᠳᠦ ᠨᠣᠴᠢᠲᠠᠢ ᠤᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠳᠤ ᠴᠢᠭᠯᠡᠭᠦᠯᠦᠨ ᠲᠣᠭᠲᠠᠮᠠᠯ ᠬᠤᠭᠤᠴᠠᠭ᠎ᠠ ᠲᠠᠢ ᠪᠠᠷ ᠡᠷᠦᠭᠡ ᠳᠤ ᠣᠷᠣᠵᠤ ᠰᠦᠢᠳᠬᠡᠯ ᠬᠤᠷᠢᠶᠠᠬᠤ ᠦᠭᠡᠢ ᠪᠠᠷ ᠡᠮ ᠣᠯᠭᠤᠵᠤ᠂ ᠮᠡᠳᠡᠷᠡᠯ ᠤᠨ ᠡᠪᠡᠳᠴᠢᠲᠡᠨ ᠤ ᠡᠮᠴᠢᠯᠡᠭᠡ ᠪᠠ ᠡᠷᠡᠭᠦᠯᠵᠢᠯ ᠤᠨ ᠠᠵᠤ ᠠᠬᠤᠢ ᠶᠢᠨ ᠳᠠᠷᠤᠭᠠᠰᠤ ᠶᠢ ᠬᠥᠩᠭᠡᠷᠡᠭᠦᠯᠬᠦ ᠶᠢᠨ ᠬᠠᠮᠲᠤ ᠲᠤᠰᠬᠠᠢ ᠡᠮᠴᠢ ᠨᠠᠷ ᠲᠤᠬᠠᠢ ᠶᠢᠨ ᠲᠠᠯᠠᠪᠤᠷ ᠲᠤ ᠡᠮ ᠬᠡᠷᠡᠭᠯᠡᠬᠦ ᠶᠢ ᠵᠢᠭᠠᠨ ᠵᠢᠯᠣᠭᠤᠳᠪᠠ᠃
        1713781822123012763.jpg
         ᠵᠢᠪᠬᠤᠯᠠᠩᠲᠤ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠪᠡᠳᠬᠡᠷ ᠵᠣᠣ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠰᠢᠭᠤᠶᠢᠲᠤ ᠲᠣᠭᠤᠷᠢᠭ ᠤᠨ ᠡᠮᠨᠡᠯᠭᠡ ᠶᠢᠨ ᠬᠤᠷᠢᠶ᠎ᠠ᠂ ᠰᠢᠭᠤᠶᠢᠲᠤ ᠰᠢᠨ᠎ᠡ ᠲᠣᠭᠤᠷᠢᠭ ᠤᠨ ᠶᠣᠰᠣ ᠮᠣᠷᠠᠯ ᠤᠨ ᠠᠭᠤᠳᠠᠮ ᠲᠠᠯᠠᠪᠠᠶ᠂ ᠲᠤᠤ ᠬᠤᠸᠠ ᠶᠤᠸᠠᠨ ᠨᠡᠶᠢᠭᠡᠮ ᠲᠣᠭᠤᠷᠢᠭ᠂  ᠰᠤᠪᠠᠭ᠂ ᠪᠠᠢ ᠼᠠᠢ ᠭᠧᠦ᠂ ᠮᠠᠯ ᠠᠵᠤ ᠠᠬᠤᠢ ᠶᠢᠨ ᠠᠩᠭᠢ᠂ ᠴᠢᠶᠣᠤ ᠭᠧ ᠴᠢ᠂ ᠠᠰᠢᠯᠠᠩ ᠤᠨ ᠭᠤᠤ ᠵᠡᠷᠭᠡ ᠭᠠᠵᠠᠷ ᠲᠤ ᠬᠦᠷᠴᠦ ᠲᠣᠭᠤᠷᠢᠨ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡᠨ ᠢ 21 ᠤᠳᠠᠭ᠎ᠠ ᠥᠷᠨᠢᠭᠦᠯᠵᠦ᠂ 9 ᠤᠳᠠᠭ᠎ᠠ ᠡᠷᠡᠭᠦᠯ ᠮᠡᠨᠳᠦ ᠶᠢᠨ ᠮᠡᠳᠡᠯᠭᠡ ᠶᠢᠨ ᠤᠬᠠᠭᠤᠯᠭ᠎ᠠ ᠬᠢᠵᠦ᠂ 6 ᠤᠳᠠᠭ᠎ᠠ ᠨᠡᠭᠦᠳᠡᠯ ᠡᠮᠴᠢᠯᠡᠭᠡᠨ ᠤ ᠦᠢᠯᠡᠴᠢᠯᠡᠭᠡ ᠬᠠᠩᠭᠠᠵᠤ᠂ ᠠᠳᠠᠯᠢ ᠪᠤᠰᠤ ᠲᠥᠷᠥᠯ ᠤᠨ ᠣᠨᠴᠠᠭᠠᠶ ᠬᠥᠮᠥᠰ ᠲᠤ ᠬᠠᠨᠳᠤᠯᠭᠠᠲᠤ ᠴᠢᠨᠠᠷᠲᠠᠢ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ ᠬᠠᠩᠭᠠᠵᠤ᠂ ᠪᠣᠳᠠᠲᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ ᠬᠠᠷᠢᠶ᠎ᠠ ᠣᠷᠣᠨ ᠤ ᠲᠣᠰᠬᠤᠨ ᠤ ᠠᠷᠠᠳ ᠲᠤ ᠴᠢᠰᠤᠨ  ᠤ ᠵᠤᠷᠰᠢᠯ᠂ ᠰᠢᠭᠡᠰᠦᠨ ᠤ ᠵᠤᠷᠰᠢᠯ᠂ B ᠬᠡᠲᠦ ᠳᠡᠯᠭᠡᠭᠦᠷ᠂ ᠵᠢᠷᠦᠬᠡᠨ ᠤ ᠯᠤᠭᠰᠢᠯᠲᠠ᠂ ᠪᠡᠶ᠎ᠡ ᠶᠢᠨ ᠥᠨᠳᠥᠷ᠂ ᠪᠡᠶ᠎ᠡ ᠶᠢᠨ ᠬᠦᠨᠳᠦ ᠵᠡᠷᠭᠡ ᠪᠡᠶ᠎ᠡ ᠮᠠᠬᠠᠪᠤᠳ ᠤᠨ ᠪᠠᠶᠢᠴᠠᠭᠠᠯᠲᠠ ᠶᠢᠨ ᠲᠥᠷᠥᠯ ᠵᠦᠢᠯ ᠢ ᠬᠢᠪᠡ᠃
1713781810114068246.png
        ᠬᠤᠶᠠᠷ᠂ ᠡᠮᠴᠢᠯᠡᠭᠡᠨ ᠤ ᠦᠢᠯᠡᠴᠢᠯᠡᠭᠡ ᠶᠢᠨ ᠵᠠᠭᠪᠤᠷ ᠢ ᠰᠢᠯᠢᠳᠡᠭᠵᠢᠭᠦᠯᠵᠦ᠂ ᠣᠯᠡᠨ ᠶᠠᠩᠵᠤ ᠶᠢᠨ ᠡᠪᠡᠳᠴᠢᠨ ᠦᠵᠡᠬᠦᠯᠬᠦ ᠶᠢ ᠬᠠᠩᠭᠠᠨ᠎ᠠ᠃        ᠡᠯ᠎ᠡ ᠲᠥᠷᠥᠯ ᠤᠨ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠢ ᠪᠠᠲᠤᠯᠠᠵᠤ᠂ ᠬᠠᠷᠢᠶᠠᠲᠤ ᠣᠷᠣᠨ ᠤ ᠡᠯ᠎ᠡ ᠲᠥᠷᠥᠯ ᠤᠨ ᠤᠷᠤᠯᠳᠤᠭᠠᠨ᠂ ᠰᠢᠯᠭᠠᠯᠲᠠ᠂ ᠵᠤᠭ᠎ᠠ ᠴᠡᠩᠭᠡᠯ ᠤᠨ ᠠᠵᠢᠯᠯᠠᠭ᠎ᠠ ᠵᠡᠷᠭᠡ ᠲᠤᠬᠠᠢ ᠶᠢᠨ ᠲᠠᠯᠠᠪᠤᠷ ᠤᠨ ᠪᠥᠬᠦ ᠶᠠᠪᠤᠴᠠ ᠳᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠬᠠᠩᠭᠠᠵᠤ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠠᠮᠤᠷ ᠲᠦᠪᠰᠢᠨ ᠢ ᠴᠠᠭ ᠢᠮᠠᠭᠲᠠ ᠰᠠᠬᠢᠨ ᠬᠠᠮᠠᠭᠠᠯᠠᠨ᠎ᠠ᠃ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡᠨ ᠤ ᠨᠠᠶᠢᠳᠠᠪᠤᠷᠢᠵᠢᠭᠤᠯᠤᠯᠲᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ ᠶᠢ ᠣᠶᠢᠯᠠᠭᠠᠭᠤᠯᠤᠨ ᠳᠡᠮᠵᠢᠵᠦ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ᠂ ᠭᠡᠷ᠎ᠡ ᠦᠷᠭᠦᠯᠵᠢᠯᠡᠬᠦ᠂ ᠭᠡᠷ᠎ᠡ ᠭᠦᠢᠴᠡᠳᠬᠡᠬᠦ ᠦᠢᠯᠡᠴᠢᠯᠡᠭᠡ ᠶᠢ ᠰᠠᠨᠠᠭᠠᠴᠢᠯᠠᠭ᠎ᠠ ᠠᠴᠠ ᠪᠠᠨ ᠭᠥᠯᠢᠶᠡᠨ ᠠᠪᠴᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠭᠡᠷ᠎ᠡ ᠲᠣᠭᠲᠠᠬᠤ ᠨᠣᠷᠮ᠎ᠠ᠂ ᠣᠶᠢᠯᠠᠭᠠᠬᠤ ᠨᠣᠷᠮ᠎ᠠ ᠵᠢᠴᠢ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃
1713781797842099785.png
        ᠪᠡᠳᠬᠡᠷ ᠵᠣᠣ ᠡᠷᠡᠭᠦᠯ ᠬᠠᠮᠠᠭᠠᠯᠠᠯ ᠤᠨ ᠬᠤᠷᠢᠶ᠎ᠠ ᠨᠢ ᠵᠢᠪᠬᠤᠯᠠᠩᠲᠤ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠡᠭᠡᠯ ᠢᠯᠡ ᠬᠡ ᠶᠢᠨ ᠬᠠᠯᠬᠠᠪᠴᠢ ᠶᠢ ᠪᠠᠲᠤᠳᠭᠠᠵᠤ᠂ ᠨᠠᠰᠤᠲᠠᠶᠢᠴᠤᠳ ᠢᠶᠠᠷ ᠭᠤᠣᠯᠳᠠᠯᠭ᠎ᠠ ᠪᠣᠯᠭᠠᠨ᠂ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢ ᠬᠠᠮᠠᠭᠠᠯᠠᠬᠤ ᠠᠵᠢᠯᠯᠠᠭ᠎ᠠ ᠶᠢ ᠥᠷᠨᠢᠭᠦᠯᠵᠦ᠂ ᠣᠨᠴᠠᠯᠢᠭᠲᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠳᠠᠪᠠᠭᠤᠯᠢᠭ ᠢᠶᠠᠨ ᠠᠱᠢᠭᠯᠠᠵᠤ᠂ ᠨᠢᠭᠡ ᠨᠢᠭᠡ ᠪᠠᠷ ᠨᠠᠰᠤᠲᠠᠶᠢᠴᠤᠳ ᠣᠨᠣᠱᠢᠯᠠᠨ ᠡᠮᠨᠡᠬᠦ ᠦᠢᠯᠡᠴᠢᠯᠡᠭᠡ ᠥᠷᠨᠢᠭᠦᠯᠵᠦ᠂ ᠲᠣᠰᠭᠤᠨ ᠤ ᠠᠷᠠᠳ ᠤᠨ ᠡᠷᠡᠭᠦᠯ ᠮᠡᠨᠳᠦ ᠶᠢ ᠬᠠᠯᠠᠮᠵᠢᠯᠠᠬᠤ ᠠᠷᠭ᠎ᠠ ᠬᠡᠮᠵᠢᠶ᠎ᠡ ᠶᠢ ᠦᠨᠡᠨᠬᠦ ᠪᠣᠳᠠᠲᠠᠢ ᠨᠠᠶᠢᠳᠠᠪᠤᠷᠢᠵᠢᠭᠤᠯᠵᠤ᠂ ᠨᠡᠶᠢᠭᠡᠮ ᠦᠨ ᠡᠷᠡᠭᠦᠯ ᠴᠢᠭᠢᠷᠠᠭ ᠠᠮᠢᠳᠤᠷᠠᠯ ᠤᠨ ᠰᠠᠶᠢᠨ ᠰᠠᠶᠢᠬᠠᠨ ᠠᠭᠤᠷ ᠠᠮᠢᠰᠭᠤᠯ ᠢ ᠪᠣᠢ ᠪᠣᠯᠭᠠᠨ᠎ᠠ᠃         ᠰᠢᠭᠤᠶᠢᠲᠤ ᠲᠣᠭᠤᠷᠢᠭ ᠤᠨ 2024 ᠣᠨ ᠳᠤ ᠡᠮ ᠬᠦᠷᠭᠡᠵᠦ ᠥᠭᠬᠦ ᠠᠵᠢᠯᠯᠠᠭ᠎ᠠ ᠨᠢᠭᠡᠨᠲᠡ ᠨᠠᠰᠤᠲᠠᠶᠢᠴᠤᠳ᠂ ᠬᠦᠴᠢᠷᠳᠡᠯᠲᠡᠢ ᠭᠡᠷ ᠪᠦᠯᠢ ᠵᠡᠷᠭᠡ ᠪᠠᠭᠤᠷᠠᠶᠢᠴᠤᠳ ᠲᠤ 600  ᠰᠢᠬᠠᠮ ᠬᠠᠷᠠᠭᠠᠯᠵᠠᠯ ᠦᠵᠡᠭᠦᠯᠦᠨ᠎ᠡ᠃ ᠲᠠᠷᠠᠭᠠᠴᠢ ᠶᠢᠨ ᠠᠯᠬᠤᠮ ᠳᠤ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠠᠰᠤᠲᠠᠶᠢᠴᠤᠳ᠂ ᠬᠦᠴᠢᠷᠳᠡᠯᠲᠡᠢ ᠭᠡᠷ ᠪᠦᠯᠢ ᠵᠡᠷᠭᠡ ᠪᠠᠭᠤᠷᠠᠶᠢᠴᠤᠤᠯ ᠢ ᠪᠠᠲᠤᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠦᠷ᠎ᠡ ᠪᠦᠲᠦᠮᠵᠢ ᠪᠠ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠣᠯᠠᠨ ᠤ ᠡᠷᠡᠭᠦᠯ ᠮᠡᠨᠳᠦ ᠠᠮᠤᠷ ᠲᠦᠪᠰᠢᠨ ᠢ ᠰᠠᠬᠢᠨ ᠬᠠᠮᠠᠭᠠᠯᠠᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号