ᠰᠢᠭᠤᠶᠢᠲᠤ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/24
        4 ᠰᠠᠷ᠎ᠠ ᠶᠢᠨ 16 ᠤ ᠡᠳᠦᠷ᠂ ᠰᠢᠭᠤᠶᠢᠲᠤ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠬᠠᠰ ᠠᠴᠠ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠪᠦᠬᠦ ᠺᠠᠳ᠋ᠷ ᠠᠵᠢᠯᠲᠠᠨ ᠬᠤᠷᠠᠯ ᠳᠤ ᠣᠷᠣᠯᠴᠠᠪᠠ᠃        ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠵᠢᠴᠢ ᠰᠢᠭᠤᠶᠢᠲᠤ  ᠲᠣᠭᠤᠷᠢᠭ ᠤᠨ ︽ᠪᠦᠬᠦ ᠲᠣᠭᠤᠷᠢᠭ ᠲᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ︾ ᠢ ᠤᠯᠠᠮᠵᠢᠯᠠᠨ ᠰᠤᠷᠤᠯᠴᠠᠭᠰᠠᠨ ᠪᠥᠭᠡᠳ ᠰᠢᠭᠤᠶᠢᠲᠤ ᠵᠡᠭᠡᠯᠢ ᠭᠤᠳᠤᠮᠵᠢ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
1713410250850012054.png
        ᠬᠤᠷᠠᠯ ᠠᠴᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠢ᠃ ᠰᠠᠬᠢᠯᠭ᠎ᠠ ᠪᠠᠲᠤ ᠶᠢ ᠰᠤᠷᠤᠯᠴᠠᠵᠤ᠂ ᠰᠠᠬᠢᠯᠭ᠎ᠠ ᠪᠠᠲᠤ ᠶᠢ ᠣᠶᠢᠯᠠᠭᠠᠵᠤ᠂ ᠰᠠᠬᠢᠯᠭ᠎ᠠ ᠪᠠᠲᠤ ᠶᠢ ᠰᠠᠬᠢᠵᠤ᠂ ᠨᠠᠮ ᠤᠨ ᠰᠠᠬᠢᠯᠭ᠎ᠠ ᠪᠠᠲᠤ ᠶᠣᠰᠣ ᠳᠦᠷᠢᠮ ᠢ ᠲᠣᠳᠣᠷᠬᠠᠢ ᠪᠣᠯᠭᠠᠵᠤ᠂ ᠨᠠᠮ ᠤᠨ ᠰᠠᠬᠢᠯᠭ᠎ᠠ ᠪᠠᠲᠤ ᠶᠣᠰᠣ ᠳᠦᠷᠢᠮ ᠶᠠᠭᠤ ᠪᠣᠯᠬᠤ ᠶᠢ ᠲᠣᠳᠣᠷᠬᠠᠢ ᠣᠶᠢᠯᠠᠭᠠᠵᠤ᠂ ᠶᠠᠭᠤ ᠬᠢᠵᠦ ᠳᠡᠶᠢᠯᠬᠦ᠂ ᠶᠠᠭᠤ ᠬᠢᠵᠦ ᠪᠣᠯᠬᠤ ᠦᠭᠡᠢ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ᠃        ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠲᠡᠷᠡ ᠬᠡᠪ ᠢᠶᠠᠷ ᠨᠢ ᠰᠤᠷᠤᠯᠴᠠᠵᠤ᠂ ᠵᠤᠷᠪᠤᠰ ᠳᠠᠷᠠᠭᠠᠯᠠᠨ ᠦᠭᠡ ᠥᠭᠦᠯᠡᠪᠦᠷᠢ ᠳᠠᠷᠠᠭᠠᠯᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠢ ᠰᠤᠷᠤᠯᠴᠠᠵᠤ᠂ ᠭᠤᠣᠯ ᠵᠣᠷᠢᠯᠲᠠ ᠴᠢᠬᠤᠯᠠ ᠠᠭᠤᠯᠭ᠎ᠠ ᠪᠣᠯᠣᠨ ᠲᠣᠭᠲᠠᠭᠠᠯ ᠤᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠬᠦ ᠬᠡᠷᠡᠭᠲᠡᠢ᠃ ᠥᠪᠡᠷ ᠢ ᠪᠠᠨ ᠪᠠᠭᠲᠠᠭᠠᠵᠤ᠂ ᠡᠭᠦᠷᠭᠡ ᠬᠠᠷᠢᠭᠤᠴᠠᠯᠭ᠎ᠠ ᠪᠠᠨ ᠣᠷᠣᠭᠤᠯᠵᠤ᠂ ᠠᠵᠢᠯ ᠢᠶᠠᠨ ᠣᠷᠣᠭᠤᠯᠵᠤ᠂ ᠤᠬᠠᠮᠰᠠᠷ ᠠᠴᠠ ᠪᠠᠨ ︽ᠳᠦᠷᠢᠮ︾ ᠤᠨ ᠡᠯ᠎ᠡ ᠵᠦᠢᠯ ᠤᠨ ᠲᠣᠭᠲᠠᠭᠠᠯ ᠲᠠᠢ ᠬᠠᠷᠭᠤᠭᠤᠯᠵᠤ᠂ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠪᠠᠶᠢᠴᠠᠭᠠᠨ ᠦᠵᠡᠬᠦ ᠬᠡᠷᠡᠭᠲᠡᠢ᠃ ᠨᠡᠪᠲᠡᠷᠡᠯᠴᠡᠭᠦᠯᠦᠨ ᠬᠠᠮᠵᠢᠯᠴᠠᠬᠤ ᠶᠢ ᠬᠦᠴᠦᠯᠡᠨ ᠰᠠᠶᠢᠲᠤᠷ ᠬᠢᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠤᠣᠯ ᠰᠡᠳᠦᠪᠲᠦ ᠬᠥᠮᠦᠵᠢᠯ ᠪᠣᠯᠣᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠲᠠᠢ ᠤᠶᠠᠯᠳᠤᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠬᠥᠭᠵᠢᠯᠲᠡ ᠶᠢ ᠶᠡᠬᠡᠪᠡᠷ ᠠᠳᠬᠤᠬᠤ᠂ ᠦᠢᠯᠡᠴᠢᠯᠡᠭᠡ ᠶᠢ ᠶᠡᠬᠡᠪᠡᠷ ᠠᠳᠬᠤᠬᠤ᠂ ᠦᠷ᠎ᠡ ᠪᠦᠲᠦᠮᠵᠢ ᠶᠢ ᠶᠡᠬᠡᠪᠡᠷ ᠠᠳᠬᠤᠬᠤ ᠶᠢ ᠬᠥᠲᠥᠯᠥᠨ ᠵᠢᠯᠤᠭᠤᠳᠬᠤ ᠬᠡᠷᠡᠭᠲᠡᠢ᠃        ᠬᠤᠷᠠᠯ ᠠᠴᠠ ᠱᠠᠭᠠᠷᠳᠠᠭᠰᠠᠨ ᠨᠢ᠂ ᠡᠯ᠎ᠡ ᠨᠠᠮ ᠤᠨ ᠡᠭᠦᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠤᠳᠤᠷᠢᠳᠬᠤ ᠬᠠᠷᠢᠭᠤᠴᠠᠯᠭ᠎ᠠ ᠶᠢ ᠪᠠᠲᠤ ᠴᠢᠩᠭ᠎ᠠ ᠡᠭᠦᠷᠭᠡᠯᠡᠵᠦ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠰᠠᠶᠢᠲᠤᠷ ᠠᠳᠬᠤᠵᠤ᠂ ᠱᠠᠯᠠᠪᠳᠠᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ︽ᠨᠢᠭᠡ ᠱᠠᠲᠤ ᠨᠢ ᠨᠢᠭᠡ ᠱᠠᠲᠤ ᠪᠠᠨ ᠠᠳᠬᠤᠵᠤ᠂ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠶᠢ ᠠᠳᠬᠤᠬᠤ︾ ᠠᠵᠢᠯ ᠤᠨ ᠪᠠᠶᠢᠷᠢᠰᠢᠯ ᠢ ᠦᠨᠡᠨᠬᠦ ᠪᠦᠷᠢᠯᠳᠦᠭᠦᠯᠵᠦ᠂ ᠵᠡᠭᠡᠯᠢ ᠭᠤᠳᠤᠮᠵᠢ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号