ᠡᠮ ᠡᠮᠨᠡᠯᠭᠡ ᠶᠢᠨ ᠬᠠᠮ ᠲᠡᠷᠭᠡ ᠂ ᠡᠷᠡᠭᠦᠯ ᠴᠢᠭᠢᠷᠠᠭ ᠨᠢᠭᠡᠳᠦᠭᠡᠷ ᠹᠷᠣᠨᠲ ᠲᠤ ᠣᠷᠣᠨ᠎ᠠ
ᠨᠡᠶᠢᠲᠡᠯᠡᠭᠰᠡᠨ ᠴᠠᠭ᠄
2024/4/24
        ᠤᠯᠤᠰ ᠤᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ  ᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠰᠢᠭᠤᠶᠢᠲᠤ ᠲᠣᠭᠤᠷᠢᠭ ‍ᠤᠨ‌ᠨᠠᠰᠤᠲᠠᠶᠢᠴᠤᠳ ᠵᠢᠴᠢ ᠣᠨᠴᠣᠭᠤᠢ ᠬᠥᠮᠥᠰ ᠤᠨ ᠡᠷᠡᠭᠦᠯ ᠮᠡᠨᠳᠦ ᠶᠢᠨ ᠪᠠᠶᠢᠳᠠᠯ  ᠢ ᠪᠦᠬᠦ ᠲᠠᠯ᠎ᠠ ᠪᠠᠷ ᠡᠵᠡᠮᠰᠢᠵᠦ᠂ ᠡᠪᠡᠳᠴᠢᠨ  ᠢ ᠡᠷᠲᠡ ᠠᠴᠠ ᠣᠯᠵᠤ ᠮᠡᠳᠡᠵᠦ᠂ ᠡᠷᠲᠡ ᠠᠴᠠ ᠡᠮᠨᠡᠨ ᠵᠠᠰᠠᠬᠤ ᠶᠢ ᠦᠨᠡᠨᠬᠦ ᠭᠦᠢᠴᠡᠳᠬᠡᠬᠦ ᠬᠡᠷᠡᠭᠲᠡᠢ᠃ 4 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠰᠢᠭᠤᠶᠢᠲᠤ ᠲᠣᠭᠤᠷᠢᠭ ᠤᠨ  ᠵᠢᠪᠬᠤᠯᠠᠩᠲᠤ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠡᠮᠨᠡᠯᠭᠡ ᠶᠢᠨ ᠠᠵᠢᠯᠲᠠᠨ ᠢᠶᠠᠨ ᠵᠣᠬᠢᠶᠠᠨ ᠪᠠᠶᠢᠭᠤᠯᠵᠤ ᠬᠢᠮᠢ ᠶᠢᠨ ᠦᠢᠯᠡᠳᠪᠦᠷᠢ ᠶᠢᠨ ᠵᠣᠯ ᠵᠢᠷᠭᠠᠯ ᠤᠨ ᠶᠡᠭᠡ ᠬᠦᠷᠢᠶᠡᠯᠡᠩ ᠳᠤ ᠬᠦᠷᠴᠦ ︽ᠡᠮᠴᠢᠯᠡᠭᠡᠨ ᠤ ᠬᠠᠮ ᠲᠡᠷᠭᠡ ᠪᠠᠷ ᠡᠷᠡᠭᠦᠯ ᠮᠡᠨᠳᠦ  ᠰᠢᠭᠤᠶᠢᠲᠤ ᠪᠠᠷ ᠠᠶᠠᠯᠠᠬᠤ︾ ᠲᠣᠭᠤᠷᠢᠨ ᠡᠮᠴᠢᠯᠡᠬᠦ ᠠᠵᠢᠯᠯᠠᠭ᠎ᠠ ᠥᠷᠨᠢᠭᠦᠯᠪᠡ᠃
1713431257509019481.png
        ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠪᠡᠶ᠎ᠡ ᠶᠢᠨ ᠪᠠᠶᠢᠴᠠᠭᠠᠯᠲᠠ ᠶᠢᠨ ᠲᠥᠷᠥᠯ ᠵᠦᠢᠯ ᠳᠤ ᠴᠢᠰᠤᠨ ᠳᠠᠷᠤᠯᠲᠠ ᠶᠢ ᠬᠡᠮᠵᠢᠬᠦ᠂ ᠴᠢᠰᠤᠨ ᠤ ᠵᠤᠷᠰᠢᠯ᠂ ᠡᠯᠢᠭᠡᠨ ᠤ ᠴᠢᠳᠠᠮᠵᠢ᠂ ᠪᠥᠭᠡᠷ᠎ᠡ ᠶᠢᠨ ᠴᠢᠳᠠᠮᠵᠢ᠂ ᠰᠢᠭᠡᠰᠦᠨ ᠤ ᠵᠤᠷᠰᠢᠯ᠂ ᠵᠢᠷᠦᠬᠡᠨ ᠤ ᠯᠤᠭᠰᠢᠯᠲᠠ ᠶᠢᠨ ᠵᠢᠷᠤᠭ᠂ B ᠬᠡᠲᠦ ᠳᠣᠯᠭᠢᠶᠠᠨ ᠵᠡᠷᠭᠡ ᠣᠨᠣᠰᠢᠯᠠᠨ ᠡᠮᠨᠡᠬᠦ ᠦᠢᠯᠡᠴᠢᠯᠡᠭᠡ ᠪᠠᠭᠲᠠᠨ᠎ᠠ᠃ ᠡᠮᠨᠡᠯᠭᠡ ᠶᠢᠨ ᠠᠵᠢᠯᠲᠠᠳ ᠨᠠᠰᠤᠲᠠᠶᠢᠴᠤᠳ ᠤᠨ ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢᠨ ᠲᠤᠬᠠᠢ ᠲᠠᠶᠢᠯᠤᠮᠵᠢ ᠬᠢᠬᠦ ᠶᠢᠨ ᠬᠠᠮᠲᠤ ᠨᠠᠰᠤᠲᠠᠶᠢᠴᠤᠳ ᠲᠤ ᠪᠠᠶᠢᠩᠭᠤ ᠬᠡᠷᠡᠭᠯᠡᠬᠦ ᠡᠮ ᠤᠨ ᠵᠦᠢᠯ ᠬᠦᠷᠭᠡᠵᠦ᠂ ᠡᠮ ᠠᠪᠬᠤ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠵᠦ ᠥᠭᠪᠡ᠃
1713431267175031435.png
        ᠲᠠᠷᠠᠭᠠᠴᠢ ᠶᠢᠨ ᠠᠯᠬᠤᠮ ᠳᠤ᠂ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠬᠠᠷᠢᠶᠠᠲᠤ ᠣᠷᠣᠨ ᠤ ᠪᠠᠨ ᠨᠠᠰᠤᠲᠠᠶᠢᠴᠤᠳ ᠲᠤ ᠨᠠᠩ ᠪᠥᠬᠦ ᠲᠠᠯ᠎ᠠ ᠶᠢᠨ᠂ ᠳᠥᠭᠦᠮ ᠳᠥᠲᠡ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠵᠤ᠂ ᠲᠡᠳᠡᠨ ᠳᠤ ᠨᠡᠶᠢᠭᠡᠮ ᠤᠨ ᠬᠠᠶᠢᠷ᠎ᠠ ᠬᠠᠯᠠᠮᠵᠢ ᠶᠢ ᠬᠦᠷᠲᠡᠭᠡᠬᠦ ᠶᠢ ᠬᠦᠰᠡᠵᠦ ᠪᠠᠶᠢᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号