ᠰᠢᠭᠤᠶᠢᠲᠤ ᠵᠡᠭᠡᠯᠢ ᠭᠤᠳᠤᠮᠵᠢ 36 ᠳ᠋ᠤᠭᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/24
        2024 ᠣᠨ ᠤ 4 ᠰᠠᠷ᠎ᠠ ᠪᠣᠯ 36 ᠳ᠋ᠤᠭᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠪᠣᠯᠣᠨ᠎ᠠ᠃ ᠣᠶᠢᠷ᠎ᠠ ᠳᠤ᠂ ᠰᠢᠭᠤᠶᠢᠲᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠺᠠᠳ᠋ᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠵᠤ ᠬᠠᠷᠢᠶ᠎ᠠ ᠣᠷᠣᠨ ᠤ ᠪᠠᠨ ᠳᠣᠲᠣᠷ᠎ᠠ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃
1713776816121044440.png
        ᠠᠵᠢᠯᠯᠠᠭ᠎ᠠ ᠶᠢᠨ ᠳᠤᠮᠳᠠ᠂ ᠨᠠᠮ ᠤᠨ ᠭᠡᠰᠢᠭᠦᠨ ᠺᠠᠳ᠋ᠷ ᠬᠤᠰᠢᠭᠤᠴᠢ ᠵᠢᠱᠢᠶᠡᠴᠢ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠬᠥᠮᠥᠰ᠂ ᠰᠠᠶᠢᠨ ᠳᠤᠷ᠎ᠠ ᠶᠢᠨ ᠦᠢᠯᠡᠴᠢᠯᠡᠭᠴᠢ᠂ ᠣᠯᠠᠨ ᠲᠦᠮᠡᠨ ᠵᠡᠷᠭᠡ ᠣᠯᠠᠨ ᠲᠠᠯ᠎ᠠ ᠶᠢᠨ ᠬᠦᠴᠦᠨ ᠢ ᠢᠳᠡᠪᠬᠢᠲᠡᠢ ᠪᠠᠷ ᠳᠠᠶᠢᠴᠢᠯᠠᠨ᠂ ︽ᠳᠠᠬᠢᠨ ᠰᠡᠷᠭᠦᠬᠦ᠂ ᠳᠠᠯᠳᠠᠯᠠᠬᠤ᠂ ᠤᠮᠳᠤᠭᠠᠶᠢᠯᠠᠬᠤ︾ ᠴᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠭᠤᠳᠤᠮᠵᠢ ᠶᠢᠨ ᠵᠠᠮ᠂ ᠭᠡᠷ ᠤᠨ ᠡᠮᠦᠨ᠎ᠡ ᠬᠤᠶᠢᠨ᠎ᠠ ᠵᠡᠷᠭᠡ ᠭᠠᠵᠠᠷ ᠤᠨ ᠲᠣᠭᠤᠷᠢᠨ ᠳᠤ ᠭᠤᠣᠯᠳᠠᠯᠭ᠎ᠠ ᠲᠠᠢ ᠴᠡᠪᠡᠷᠯᠡᠵᠦ᠂︽ᠨᠠᠷᠢᠯᠢᠭ︾ ᠭᠠᠵᠠᠷ ᠠᠴᠠ ᠭᠠᠷᠳᠠᠵᠤ᠂︽ᠪᠣᠳᠠᠲᠠᠢ︾ ᠲᠠᠯ᠎ᠠ ᠠᠴᠠ ᠬᠦᠴᠦᠯᠡᠵᠦ᠂ ᠪᠠᠯᠠᠢ ᠣᠷᠣᠨ ᠦᠯᠡᠳᠡᠭᠡᠬᠦ ᠦᠭᠡᠢ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠶᠢ ᠪᠠᠷᠢᠮᠲᠠᠯᠠᠨ᠂ ᠭᠤᠣᠯᠳᠠᠯᠭ᠎ᠠ ᠲᠠᠢ ᠣᠷᠣᠨ ᠪᠦᠰᠡ ᠶᠢᠨ ᠠᠷᠢᠭᠤᠨ ᠴᠡᠪᠡᠷ ᠴᠡᠪᠡᠷ ᠲᠡᠭᠰᠢ ᠪᠠᠶᠢᠬᠤ ᠶᠢ ᠦᠨᠡᠨᠬᠦ ᠪᠠᠲᠤᠯᠠᠪᠠ᠃ ᠡᠭᠦᠨ ᠤ ᠬᠠᠮᠲᠤ᠂ ᠴᠡᠭᠴᠡᠯᠡᠨ ᠵᠠᠰᠠᠬᠤ ᠪᠠ ᠤᠬᠠᠭᠤᠯᠭ᠎ᠠ ᠶᠢ ᠵᠡᠷᠭᠡ ᠪᠠᠷ ᠴᠢᠬᠤᠯᠠᠴᠢᠯᠠᠬᠤ ᠵᠠᠷᠴᠢᠮ ᠶᠣᠰᠣᠭᠠᠷ᠂ ᠥᠷᠭᠡᠨ ᠣᠯᠠᠨ ᠲᠦᠮᠡᠨ ᠳᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢᠨ ᠴᠢᠬᠤᠯᠠ ᠴᠢᠨᠠᠷ᠂ ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ ᠳᠠᠳᠬᠠᠯ ᠢ ᠪᠣᠶ ᠪᠣᠯᠭᠠᠵᠤ ᠥᠭᠬᠦ ᠵᠡᠷᠭᠡ ᠮᠡᠳᠡᠯᠭᠡ ᠶᠢ ᠤᠬᠠᠭᠤᠯᠵᠤ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ︽ᠡᠵᠡᠨ ᠬᠥᠮᠥᠨ︾ ᠤ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠬᠥᠮᠥᠨ ᠪᠦᠬᠦᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠳᠤ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠵᠤ᠂ ᠴᠡᠪᠡᠷ ᠲᠡᠭᠰᠢ ᠲᠠᠭᠠᠯᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠬᠠᠮᠲᠤ ᠪᠠᠷ ᠪᠣᠶ ᠪᠣᠯᠭᠠᠬᠤ ᠬᠡᠷᠡᠭᠲᠡᠢ᠃        ᠲᠣᠰ ᠤᠳᠠᠭᠠᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠨᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠳᠤ ᠥᠷᠭᠡᠨ ᠢᠶᠠᠷ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠬᠠᠷᠢᠶᠠᠲᠤ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠳᠦᠷᠰᠦ ᠪᠠᠶᠢᠳᠠᠯ ᠢ ᠤᠯᠠᠮ ᠨᠢᠭᠡ ᠠᠯᠬᠤᠮ ᠰᠠᠶᠢᠵᠢᠷᠠᠭᠤᠯᠪᠠ᠂ ᠲᠠᠷᠠᠭᠠᠴᠢ ᠶᠢᠨ ᠠᠯᠬᠤᠮ ᠳᠤ ᠰᠢᠭᠤᠶᠢᠲᠤ ᠵᠡᠭᠡᠯᠢ ᠭᠤᠳᠤᠮᠵᠢ ᠦᠷᠭᠦᠯᠵᠢᠯᠡᠨ ᠣᠯᠠᠨ ᠵᠦᠢᠯ ᠤᠨ ᠬᠡᠯᠪᠡᠷᠢ ᠶᠢ ᠠᠪᠴᠤ᠂ ︽ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ︾ ᠶᠢᠨ ᠰᠢᠷᠢᠰ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠲᠣᠭᠤᠷᠢᠭ ᠢ ᠡᠭᠦᠳᠦᠨ ᠪᠠᠶᠢᠭᠤᠯᠬᠤ ᠠᠵᠢᠯ ᠲᠠᠢ ᠤᠶᠠᠯᠳᠤᠭᠤᠯᠤᠨ᠂ ᠬᠠᠷᠢᠶᠠᠲᠤ ᠣᠷᠣᠨ ᠤ ᠣᠷᠴᠢᠨ ᠲᠣᠭᠤᠷᠢᠨ ᠢ ᠲᠠᠰᠤᠷᠠᠯᠲᠠ ᠦᠭᠡᠢ ᠰᠠᠶᠢᠵᠢᠷᠠᠭᠤᠯᠵᠤ᠂ ᠣᠯᠠᠨ ᠲᠦᠮᠡᠨ ᠤ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠂ ᠡᠷᠡᠭᠦᠯ ᠮᠡᠨᠳᠦ᠂ ᠠᠮᠤᠷ ᠲᠦᠪᠰᠢᠨ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号