ᠰᠢᠭᠤᠶᠢᠲᠤ ᠵᠡᠭᠡᠯᠢ ᠭᠤᠳᠤᠮᠵᠢ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠢᠲᠡᠭᠡᠮᠵᠢ ᠶᠢᠨ ᠪᠠᠶᠢᠭᠤᠯᠤᠯᠲᠠ ᠶᠢ ᠬᠦᠴᠦᠲᠡᠢ ᠲᠦᠯᠬᠢᠨ ᠠᠬᠢᠭᠤᠯᠤᠨ᠎ᠠ
ᠨᠡᠶᠢᠲᠡᠯᠡᠭᠰᠡᠨ ᠴᠠᠭ᠄
2024/4/24
        ᠪᠥᠬᠦ ᠲᠣᠭᠤᠷᠢᠭ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠲᠦᠷᠭᠡᠳᠬᠡᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠰᠢᠭᠤᠶᠢᠲᠤ ᠵᠡᠭᠡᠯᠢ ᠭᠤᠳᠤᠮᠵᠢ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠬᠦᠴᠦᠲᠡᠢ ᠠᠬᠢᠭᠤᠯᠪᠠ᠃                ᠨᠢᠭᠡ ᠳᠤ᠂ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠤ᠂ ᠡᠯ᠎ᠡ ᠠᠯᠪᠠᠨ ᠭᠡᠷ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠵᠡᠭᠡᠯᠢ ᠭᠤᠳᠤᠮᠵᠢ ᠶᠢᠨ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠪᠥᠬᠦ ᠲᠠᠯ᠎ᠠ ᠪᠠᠷ ᠲᠣᠬᠢᠷᠠᠭᠤᠯᠤᠨ ᠪᠠᠶᠢᠷᠢᠯᠠᠭᠤᠯᠪᠠ᠃
1713777138696059175.png
        ᠬᠤᠶᠠᠷ ᠲᠤ᠂ ᠠᠯᠪᠠᠨ ᠲᠤᠰᠢᠶᠠᠯᠲᠠᠨ ᠤ ᠦᠨᠡᠨᠴᠢ ᠢᠲᠡᠭᠡᠮᠵᠢ ᠶᠢᠨ ᠬᠥᠮᠦᠵᠢᠯ ᠢ ᠴᠢᠩᠭᠠᠳᠬᠠᠨ᠎ᠠ᠃ 2024 ᠣᠨ ᠤ 4 ᠳ᠋ᠦ᠋ᠭᠡᠷ ᠤᠳᠠᠭᠠᠨ ᠤ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠵᠤ᠂ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ᠂ ᠪᠢᠳᠡ ᠪᠣᠯ ᠴᠥᠮ ︿ᠣᠷᠣᠯᠠᠨ ᠥᠭᠦᠯᠡᠭᠴᠢ﹀ ᠮᠥᠨ︾ ᠭᠡᠳᠡᠭ ᠢ ᠰᠤᠷᠤᠯᠴᠠᠵᠤ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠪᠦᠬᠦ ᠺᠠᠳ᠋ᠷ ᠠᠵᠢᠯᠲᠠᠨ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠪᠦᠬᠦ ᠠᠯᠪᠠᠨ ᠲᠤᠰᠢᠶᠠᠯᠲᠠᠨ ᠤ ᠢᠮᠠᠭᠲᠠ ᠢᠲᠡᠭᠡᠯ ᠵᠣᠷᠢᠭ ᠢᠶᠠᠨ ᠪᠠᠲᠤᠳᠬᠠᠵᠤ᠂ ᠤᠯᠤᠰ ᠣᠷᠣᠨ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠤ ᠦᠢᠯᠡᠴᠢᠯᠡᠬᠦ᠂ ᠡᠭᠦᠷᠭᠡ ᠲᠤᠰᠢᠶᠠᠯ ᠢᠶᠠᠨ ᠬᠢᠴᠢᠶᠡᠩᠭᠦᠶᠢᠯᠡᠨ ᠭᠦᠢᠴᠡᠳᠬᠡᠬᠦ᠂ ᠬᠠᠤᠯᠢ ᠶᠣᠰᠣᠭᠠᠷ ᠠᠵᠢᠯ ᠶᠠᠪᠤᠳᠠᠯ ᠭᠦᠢᠴᠡᠳᠬᠡᠬᠦ᠂ ᠲᠥᠪ ᠭᠤᠣᠯᠴᠢ ᠠᠷᠢᠭᠤᠨ ᠴᠢᠬᠡᠴᠢ ᠪᠠᠶᠢᠬᠤ ᠶᠢ ᠪᠠᠲᠤᠯᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠶᠢ ᠪᠠᠷᠢᠮᠲᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃        ᠭᠤᠷᠪᠠ ᠳᠤ᠂ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠵᠡᠭᠡᠯᠢ ᠭᠤᠳᠤᠮᠵᠢ ᠶᠢᠨ ᠸᠢᠴᠠᠲ ᠤᠨ ᠣᠯᠠᠨ ᠨᠡᠶᠢᠲᠡ ᠶᠢᠨ ᠲᠠᠪᠴᠠᠩ᠂ ᠡᠯᠧᠺᠲᠷᠣᠨ ᠳᠡᠯᠭᠡᠴᠡ᠂ ᠤᠬᠠᠭᠤᠯᠭ᠎ᠠ ᠶᠢᠨ ᠪᠤᠯᠤᠩ ᠢ ᠭᠦᠢᠴᠡᠳ ᠠᠰᠢᠭᠯᠠᠨ ᠦᠨᠡᠨᠴᠢ ᠢᠲᠡᠭᠡᠮᠵᠢ ᠶᠢᠨ ᠰᠣᠶᠣᠯ ᠢ ᠥᠷᠭᠡᠨ ᠢᠶᠠᠷ ᠤᠬᠠᠭᠤᠯᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠳᠤ ᠭᠦᠨᠵᠡᠭᠡᠢ ᠠᠭᠤᠰᠤᠯᠴᠠᠨ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠣᠨᠣᠯᠵᠢᠬᠤᠨ ᠢ ᠤᠯᠠᠮ ᠨᠢᠭᠡ ᠠᠯᠬᠤᠮ ᠪᠣᠶᠢᠵᠢᠭᠤᠯᠤᠨ ᠦᠢᠯᠡᠳᠦᠯᠭᠡᠵᠢᠭᠦᠯᠪᠡ᠃        ᠳᠥᠷᠪᠡ ᠳᠤ᠂ ᠵᠠᠰᠠᠭ ᠤᠨ ᠣᠷᠳᠣᠨ ᠤ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠢᠯᠭᠠᠷᠠᠭᠤᠯᠤᠨ ᠪᠠᠶᠢᠴᠠᠭᠠᠪᠠ᠃ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠬᠦᠷᠢᠶ᠎ᠡ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠲᠤᠬᠠᠢ ᠲᠥᠰᠥᠯ︾ ᠢ ᠲᠣᠭᠲᠠᠭᠠᠵᠤ᠂ ᠭᠡᠷ᠎ᠡ ᠶᠢ ᠭᠦᠢᠴᠡᠳᠬᠡᠭᠰᠡᠨ ᠵᠢᠴᠢ ᠥᠷᠢᠲᠦᠭᠰᠡᠨ ᠪᠠᠶᠢᠳᠠᠯ᠂ ᠲᠥᠷᠥ ᠶᠢᠨ ᠪᠣᠳᠣᠯᠭ᠎ᠠ ᠶᠢᠨ ᠠᠮᠠᠯᠠᠯᠲᠠ ᠶᠢ ᠪᠡᠶᠡᠯᠡᠭᠦᠯᠦᠭᠰᠡᠨ ᠪᠠᠶᠢᠳᠠᠯ ᠢ ᠣᠶᠢᠯᠠᠭᠠᠨ ᠵᠢᠭᠰᠠᠭᠠᠵᠤ᠂ ᠥᠷᠢᠲᠦᠭᠰᠡᠨ ᠪᠠ ᠠᠮᠠᠯᠠᠯᠲᠠ ᠪᠠᠨ ᠪᠡᠶᠡᠯᠡᠭᠦᠯᠦᠭᠰᠡᠨ ᠦᠭᠡᠢ ᠪᠠᠶᠢᠳᠠᠯ ᠣᠷᠣᠰᠢᠬᠤ ᠦᠭᠡᠢ᠃        ᠲᠠᠪᠤ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ︾ ᠶᠢ ᠢᠳᠡᠪᠬᠢᠲᠡᠢ ᠠᠬᠢᠭᠤᠯᠤᠨ᠎ᠠ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢ ᠰᠠᠭᠠᠳ ᠦᠭᠡᠢ ᠨᠠᠪᠲᠠᠷᠡᠭᠦᠯᠵᠦ᠂ ᠬᠠᠯᠠᠮᠰᠢᠯ ᠤᠲᠠᠰᠤᠨ ᠤ ᠳᠣᠲᠣᠭᠠᠳᠤ ᠶᠢᠨ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ᠂ ᠤᠯᠠᠨ ᠲᠦᠮᠡᠨ ᠤ ︽ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠰᠢᠢᠳᠪᠦᠷᠢᠯᠡᠵᠦ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠦᠨᠡᠨᠬᠦ ᠠᠬᠢᠭᠤᠯᠤᠨ᠎ᠠ᠃ ᠣᠲᠣ ᠪᠣᠯᠲᠠᠯ᠎ᠠ᠂ ᠬᠠᠯᠠᠭᠤᠨ ᠤᠲᠠᠰᠤ ᠪᠠᠷ ᠣᠯᠠᠨ ᠲᠦᠮᠡᠨ ᠤ ᠡᠯ᠎ᠡ ᠲᠥᠷᠥᠯ ᠤᠨ ᠠᠵᠢᠯ ᠤᠨ ᠬᠠᠭᠤᠳᠠᠰᠤ ᠶᠢ 4 ᠬᠤᠪᠢ ᠭᠥᠯᠢᠶᠡᠨ ᠠᠪᠴᠤ ᠰᠢᠢᠳᠪᠦᠷᠢᠯᠡᠨ᠂ ᠬᠤᠭᠤᠴᠠᠭ᠎ᠠ ᠶᠣᠰᠣᠭᠠᠷ ᠬᠠᠷᠢᠭᠤ ᠥᠭᠭᠦᠭᠰᠡᠨ ᠨᠣᠷᠮ᠎ᠠ 100 % ᠳᠤ ᠬᠦᠷᠪᠡ᠃        ᠵᠢᠷᠭᠤᠭ᠎ᠠ ᠳᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠣᠯᠠᠨ ᠠᠷᠭ᠎ᠠ ᠵᠠᠮ᠂ ᠣᠯᠠᠨ ᠠᠷᠭ᠎ᠠ ᠵᠠᠮ ᠢᠶᠠᠷ ᠢᠯᠡ ᠪᠣᠯᠭᠠᠬᠤ ᠶᠢ ᠪᠠᠷᠢᠮᠲᠠᠯᠠᠵᠤ᠂ ᠮᠡᠳᠡᠭᠡ ᠵᠠᠩᠭᠢ ᠨᠡᠶᠢᠲᠡᠯᠡᠬᠦ ᠬᠠᠷᠢᠭᠤᠴᠠᠯᠭ᠎ᠠ ᠶᠢᠨ ᠳᠦᠷᠢᠮ᠂ ᠮᠡᠳᠡᠭᠡ ᠵᠠᠩᠭᠢ ᠪᠦᠷᠢᠳᠬᠡᠬᠦ ᠰᠠᠷ᠎ᠠ ᠳᠤ ᠮᠡᠳᠡᠭᠦᠯᠬᠦ ᠳᠦᠷᠢᠮ᠂ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠳᠦᠷᠢᠮ ᠢ ᠨᠠᠶᠢᠳᠠᠪᠤᠷᠢᠵᠢᠭᠤᠯᠵᠤ᠂ ᠮᠡᠳᠡᠭᠡ ᠵᠠᠩᠭᠢ ᠶᠢ ᠢᠯᠡ ᠪᠣᠯᠭᠠᠬᠤ ᠶᠢ ᠬᠠᠮᠠᠭᠠᠯᠠᠬᠤ ᠠᠭᠤᠯᠭ᠎ᠠ ᠶᠢᠨ ᠳᠦᠷᠢᠮ ᠢ ᠴᠠᠭ ᠲᠤᠬᠠᠢ ᠳᠤᠨᠢ ᠰᠢᠨᠡᠳᠬᠡᠵᠦ᠂ ᠮᠡᠳᠡᠭᠡ ᠵᠠᠩᠭᠢ ᠶᠢ ᠢᠯᠡ ᠪᠣᠯᠭᠠᠬᠤ ᠶᠢᠨ ᠣᠨᠣᠪᠴᠢᠲᠤ ᠴᠢᠨᠠᠷ᠂ ᠪᠦᠲᠦᠮᠵᠢᠲᠦ ᠴᠢᠨᠠᠷ ᠪᠣᠯᠣᠨ ᠴᠠᠭ ᠲᠤᠬᠠᠶᠢᠲᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠢ᠃        ᠲᠠᠷᠠᠭᠠᠴᠢ ᠶᠢᠨ ᠠᠯᠬᠤᠮ ᠳᠤ᠂ ᠮᠠᠨ ᠤ ᠵᠡᠭᠡᠯᠢ ᠭᠤᠳᠤᠮᠵᠢ ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠴᠢᠩᠭᠠᠳᠬᠠᠵᠤ᠂ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠤᠨ᠂ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠳᠦᠷᠢᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠦᠨᠡᠨᠴᠢ ᠢᠲᠡᠭᠡᠮᠵᠢ ᠶᠢᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠨᠡᠶᠢᠭᠡᠮ ᠪᠠ ᠰᠠᠭᠤᠭᠠᠯᠢ ᠠᠷᠠᠳ ᠲᠤ ᠨᠠᠩ ᠡᠶ᠎ᠡ ᠵᠣᠬᠢᠴᠠᠩᠭᠤᠢ᠂ ᠲᠣᠭᠲᠠᠭᠤᠨ ᠣᠷᠴᠢᠨ ᠨᠥᠬᠦᠴᠡᠯ ᠢ ᠪᠣᠶ ᠪᠣᠯᠭᠠᠵᠤ ᠥᠭᠭᠦᠨ᠎ᠡ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号