ᠰᠢᠭᠤᠶᠢᠲᠤ ᠵᠡᠭᠡᠯᠢ ᠭᠤᠳᠤᠮᠵᠢ ︽ᠡᠷᠡᠭᠦᠯ ᠡᠩᠬᠡ ᠬᠤᠲᠠ  ᠪᠠᠯᠭᠠᠰᠤ᠂ ᠡᠷᠡᠭᠦᠯ ᠴᠢᠭᠢᠷᠠᠭ ᠪᠡᠶ᠎ᠡ ᠶᠢᠨ ᠬᠦᠨᠳᠦ︾ ᠶᠢᠨ 36 ᠳ᠋ᠤᠭᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/24
        2024 ᠣᠨ ᠤ 4 ᠰᠠᠷ᠎ᠠ ᠪᠣᠯ 36 ᠳ᠋ᠤᠭᠠᠷ ︽ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ︾ ᠪᠣᠯᠣᠨ᠎ᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠤᠬᠠᠭᠤᠯᠬᠤ ᠶᠢᠨ ᠲᠥᠯᠥᠭᠡ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠣᠯᠪᠠᠰᠤᠨ ᠡᠷᠡᠭᠦᠯ ᠮᠡᠨᠳᠦ᠂ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠠᠮᠢᠳᠤᠷᠠᠯ ᠤᠨ ᠠᠷᠭ᠎ᠠ ᠬᠡᠯᠪᠡᠷᠢ ᠶᠢ ᠪᠣᠶ ᠪᠣᠯᠭᠠᠬᠤ ᠶᠢ ᠠᠬᠢᠭᠤᠯᠵᠤ᠂ ᠰᠢᠭᠤᠶᠢᠲᠤ ᠵᠡᠭᠡᠯᠢ ᠭᠤᠳᠤᠮᠵᠢ ᠶᠢᠨ ᠬᠢᠨ ︽ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ︾ ᠪᠠᠷ ᠠᠵᠠ ᠲᠣᠬᠢᠶᠠᠯ ᠪᠣᠯᠭᠠᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠢᠶᠠᠨ ᠳᠡᠭᠡᠭᠰᠢᠯᠡᠭᠦᠯᠬᠦ ᠶᠢ ᠰᠠᠨᠠᠭᠠᠴᠢᠯᠠᠵᠤ᠂ ᠲᠡᠩᠴᠡᠭᠦᠷᠢᠲᠡᠢ ᠢᠳᠡᠭᠡᠨ ᠤᠮᠳᠠᠭᠠᠨ ᠢ ᠪᠠᠶᠢᠭᠤᠯᠪᠠ᠃
1713777429051018368.png
        ᠲᠣᠰ ᠤᠳᠠᠭᠠᠨ ᠤ ᠠᠵᠢᠯᠯᠠᠭ᠎ᠠ ᠳᠤ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠶᠢ ᠵᠡᠷᠭᠡ ᠪᠠᠷ ᠬᠡᠷᠡᠭᠵᠢᠭᠦᠯᠬᠦ ᠠᠷᠭ᠎ᠠ ᠮᠠᠶ᠋ᠢᠭ ᠢᠶᠠᠷ ᠤᠬᠠᠭᠤᠯᠭ᠎ᠠ ᠥᠷᠨᠢᠭᠦᠯᠪᠡ᠃ ᠰᠦᠯᠵᠢᠶᠡᠨ ᠳᠡᠭᠡᠷ᠎ᠡ᠂ ᠨᠡᠶᠢᠭᠡᠮ ᠲᠣᠭᠤᠷᠢᠭ ᠤᠨ ᠠᠵᠢᠯᠲᠠᠳ ᠸᠢᠴᠠᠲ ᠤᠨ ᠰᠠᠭᠤᠭᠠᠯᠢ ᠠᠷᠠᠳ ᠤᠨ ᠬᠤᠯᠪᠤᠭ᠎ᠠ ᠪᠠᠷ ᠳᠠᠮᠵᠢᠭᠤᠯᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠲᠠᠯ᠎ᠠ ᠶᠢᠨ ᠮᠡᠳᠡᠯᠭᠡ ᠶᠢ ᠬᠦᠷᠭᠡᠵᠦ᠂ ᠰᠠᠭᠤᠭᠠᠯᠢ ᠠᠷᠠᠳ ᠲᠤ ᠰᠠᠶᠢᠨ ᠰᠠᠶᠢᠬᠠᠨ ᠠᠮᠢᠳᠤᠷᠠᠯ ᠤᠨ ᠠᠷᠭ᠎ᠠ ᠮᠠᠶ᠋ᠢᠭ ᠪᠠ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠮᠡᠳᠡᠯᠭᠡ ᠶᠢ ᠲᠦᠭᠡᠮᠡᠯᠵᠢᠭᠦᠯᠵᠦ᠂ ᠰᠠᠭᠤᠭᠠᠯᠢ ᠠᠷᠠᠳ ᠤᠨ ᠪᠣᠯᠪᠠᠰᠤᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠲᠤ ᠢᠳᠡᠪᠬᠢᠲᠡᠢ ᠣᠷᠣᠯᠴᠠᠬᠤ ᠶᠢ ᠰᠠᠨᠠᠭᠠᠴᠢᠯᠠᠵᠤ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠢ ᠦᠨᠡᠨ ᠬᠦ ᠴᠢᠩᠭᠠᠳᠬᠠᠪᠠ᠃ ᠰᠦᠯᠵᠢᠶᠡᠨ ᠭᠠᠳᠠᠨ᠎ᠠ ᠪᠠᠰᠠ ᠤᠬᠠᠭᠤᠯᠭ᠎ᠠ ᠶᠢᠨ ᠵᠠᠷᠯᠠᠯ ᠨᠠᠭᠠᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠤᠬᠠᠭᠤᠯᠭ᠎ᠠ ᠶᠢᠨ ᠮᠡᠳᠡᠯᠭᠡ ᠶᠢ ᠲᠠᠶᠢᠯᠪᠤᠷᠢᠯᠠᠵᠤ ᠰᠠᠭᠤᠭᠠᠯᠢ ᠠᠷᠠᠳ ᠢ ᠬᠠᠪᠰᠤᠷᠤᠨ ︽ᠬᠥᠮᠥᠨ ᠨᠢᠭᠡᠪᠦᠷᠢ ᠪᠣᠯ ᠥᠪᠡᠷ ᠤᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠮᠥᠨ︾ ᠭᠡᠬᠦ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠪᠠᠬᠢᠵᠢᠭᠦᠯᠬᠦ ᠶᠢᠨ ᠬᠠᠮᠲᠤ ︽ᠡᠷᠡᠭᠦᠯ ᠮᠡᠨᠳᠦ ᠶᠢᠨ ᠬᠦᠨᠳᠦ︾ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠᠷ ᠭᠤᠣᠯᠳᠠᠯᠭ᠎ᠠ ᠪᠣᠯᠭᠠᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠲᠣᠰ ᠪᠡᠶ᠎ᠡ ᠶᠢᠨ ᠡᠷᠡᠭᠦᠯ ᠮᠡᠨᠳᠦ ᠪᠠᠨ ᠠᠩᠬᠠᠷᠴᠤ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢ ᠤᠷᠢᠶᠠᠯᠠᠪᠠ᠃ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠮᠡᠳᠡᠯᠭᠡ ᠶᠢᠨ ᠲᠤᠬᠠᠢ ᠣᠶᠢᠯᠠᠭᠠᠯᠲᠠ ᠵᠢᠴᠢ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠬᠤ ᠶᠢ ᠠᠬᠢᠭᠤᠯᠵᠤ᠂ ᠬᠥᠮᠥᠨ ᠪᠦᠬᠦᠨ ᠰᠡᠳᠬᠢᠯ ᠲᠠᠯᠪᠢᠬᠤ᠂ ᠬᠥᠮᠥᠨ ᠪᠦᠬᠦᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠳᠤ ᠰᠠᠶᠢᠨ ᠰᠠᠶᠢᠬᠠᠨ ᠰᠠᠭᠤᠷᠢ ᠶᠢ ᠲᠠᠯᠪᠢᠭᠰᠠᠨ ᠪᠠᠶᠢᠨ᠎ᠠ᠃        ᠳᠠᠷᠠᠭᠠᠴᠢ ᠶᠢᠨ ᠠᠯᠬᠤᠮ ᠳᠤ᠂ ᠰᠢᠭᠤᠶᠢᠲᠤ ᠵᠡᠭᠡᠯᠢ ᠭᠤᠳᠤᠮᠵᠢ ᠶᠢᠨ ᠬᠢᠨ ︽ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ︾ ᠪᠠᠷ ᠭᠤᠣᠯ ᠰᠡᠳᠦᠪ ᠪᠣᠯᠭᠠᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠶᠢᠨ ᠬᠤᠰᠢᠭᠤᠴᠢ ᠶᠢ ᠰᠠᠶᠢᠲᠤᠷ ᠬᠢᠵᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭ᠎ᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠪᠣᠯᠣᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号