ᠰᠢᠨ ᠸᠠᠩ ᠨᠡᠶᠢᠭᠡᠮ ᠲᠣᠭᠤᠷᠢᠭ ᠤᠨ ᠨᠠᠮ ᠤᠨ ᠡᠭᠦᠷ ︽ᠨᠣᠮ ᠲᠠᠢ ᠪᠣᠯᠵᠣᠵᠤ ᠨᠣᠮ ᠤᠨ ᠦᠨᠦᠷ ᠠᠮᠲᠠ ᠶᠢ ᠡᠳ᠋ᠯᠡᠶ᠎ᠡ︾ ᠭᠡᠬᠦ ᠨᠣᠮ ᠤᠩᠰᠢᠬᠤ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/24
        ᠨᠠᠰᠤᠲᠠᠶᠢᠴᠤᠳ ᠤᠨ ᠣᠶᠤᠨ ᠤ ᠪᠠ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠬᠤ ᠶᠢᠨ ᠲᠥᠯᠥᠭᠡ᠂ ᠢᠯᠡᠭᠦᠬᠡᠨ ᠨᠣᠮ ᠤᠩᠰᠢᠬᠤ᠂ ᠰᠠᠶᠢᠨ ᠨᠣᠮ ᠤᠩᠰᠢᠬᠤ ᠪᠣᠯᠪᠠᠰᠤᠨ ᠬᠡᠪ ᠰᠤᠷᠲᠠᠯ ᠢ ᠰᠠᠨᠠᠭᠠᠴᠢᠯᠠᠵᠤ᠂ ᠨᠠᠰᠤᠲᠠᠶᠢᠴᠤᠳ ᠤᠨ ᠬᠠᠷᠠᠭ᠎ᠠ ᠶᠢ ᠥᠷᠭᠡᠳᠬᠡᠵᠡᠢ᠃ 4 ᠰᠠᠷ᠎ᠠ ᠶᠢᠨ 23 ᠤ ᠡᠳᠦᠷ᠂  ᠰᠢᠨ ᠸᠠᠩ ᠨᠡᠶᠢᠭᠡᠮ ᠲᠣᠭᠤᠷᠢᠭ ᠤᠨ ᠨᠠᠮ ᠤᠨ ᠡᠭᠦᠷ ︽ᠨᠣᠮ ᠯᠤᠭ᠎ᠠ ᠪᠣᠯᠵᠣᠵᠤ᠂ ᠨᠣᠮ ᠤᠨ ᠦᠨᠦᠷ ᠠᠮᠲᠠ ᠶᠢ ᠡᠳ᠋ᠯᠡᠶ᠎ᠡ︾ ᠭᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠨᠠᠰᠤᠲᠠᠶᠢᠴᠤᠳ ᠤᠨ ᠨᠠᠶᠢᠵᠠ ᠨᠠᠷ ᠲᠤ ᠮᠡᠳᠡᠯᠭᠡ ᠶᠢᠨ ᠦᠪᠡᠳᠡᠭᠰᠢ ᠨᠠᠶᠢᠷ ᠢ ᠪᠣᠶ ᠪᠣᠯᠭᠠᠪᠠ᠃
1713863528638070166.png
        ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠠᠵᠢᠯᠯᠠᠭᠴᠢ ᠠᠴᠠ ᠨᠠᠰᠤᠲᠠᠶᠢᠴᠤᠳ ᠲᠤ ︽ᠠᠷᠢᠭᠤᠨ ᠴᠢᠬᠡᠴᠢ ᠪᠠᠷ ᠵᠠᠰᠠᠭ ᠪᠠᠷᠢᠬᠤ ᠰᠣᠶᠣᠯ ᠤᠨ ᠲᠦᠷᠦᠯ᠂ ᠴᠠᠭ ᠤᠨ ᠪᠠᠶᠢᠳᠠᠯ ᠤᠯᠤᠰ ᠲᠦᠷᠦ ᠶᠢᠨ ᠲᠦᠷᠦᠯ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠦᠷᠦᠯ᠂ ᠤᠳᠬ᠎ᠠ ᠵᠣᠬᠢᠶᠠᠯ ᠤᠨ ᠲᠦᠷᠦᠯ᠂ ᠰᠤᠷᠭᠠᠨ ᠬᠥᠮᠦᠵᠢᠯ ᠤᠨ ᠲᠦᠷᠦᠯ ᠵᠡᠷᠭᠡ ᠡᠯ᠎ᠡ ᠲᠦᠷᠦᠯ ᠤᠨ ᠨᠣᠮ ᠪᠢᠴᠢᠭ ᠢ ᠬᠠᠷᠢᠯᠴᠠᠨ ᠲᠤᠰᠬᠠᠭᠤᠯᠵᠤ᠂ ᠨᠠᠰᠤᠲᠠᠶᠢᠴᠤᠳ ᠲᠤ ᠤᠶᠤᠨ ᠤᠬᠠᠭᠠᠨ ᠪᠠ ᠤᠶᠤᠨ ᠤᠬᠠᠭᠠᠨ ᠤ ᠡᠭᠦᠳᠡ ᠶᠢ ᠨᠢ ᠨᠡᠭᠡᠭᠡᠵᠦ ᠥᠭᠴᠡᠢ᠃ ᠨᠠᠰᠤᠲᠠᠨ ᠶᠠᠭ ᠯᠠ ᠨᠢᠭᠡᠨ ᠭᠠᠶᠢᠮᠠᠮᠰᠢᠭᠲᠤ ᠬᠤᠪᠢᠯᠭᠠᠨ ᠪᠣᠯᠣᠨ ᠪᠠᠶᠠᠰᠭᠤᠯᠠᠩ ᠳᠦᠭᠦᠷᠡᠩ ᠳᠡᠯᠡᠬᠡᠢ ᠶᠢᠷᠲᠢᠨᠴᠦ ᠶᠢ ᠤᠩᠰᠢᠵᠤ ᠪᠠᠶᠢᠭ᠎ᠠ ᠮᠡᠲᠦ᠂ ᠲᠡᠳᠡ ᠨᠣᠮ ᠤᠨ ᠬᠠᠭᠤᠳᠠᠰᠤ ᠪᠠᠨ ᠤᠷᠪᠠᠭᠤᠯᠵᠤ ᠂ ᠶᠠᠭ ᠰᠤᠳᠤᠯᠤᠭᠴᠢᠳ ᠮᠡᠲᠦ ᠪᠠᠶᠢᠵᠤ᠂ ᠮᠡᠳᠡᠯᠭᠡ ᠶᠢᠨ ᠳᠠᠯᠠᠢ  ᠳᠤ  ᠲᠣᠭᠤᠷᠢᠨ᠎ᠡ᠃ ᠲᠡᠳᠡ ᠨᠣᠮ ᠤᠨ ᠳᠣᠲᠣᠷᠠᠬᠢ ᠮᠡᠷᠭᠡᠳ ᠲᠠᠢ ᠶᠠᠷᠢᠯᠴᠠᠨ᠂ ᠨᠠᠶᠢᠵᠠ ᠨᠥᠬᠦᠳ ᠲᠠᠢ ᠪᠠᠨ ᠰᠡᠳᠬᠢᠯ ᠢᠶᠠᠨ ᠬᠤᠪᠢᠶᠠᠯᠴᠠᠨ᠂ ᠣᠶᠢᠯᠠᠭᠠᠯᠲᠠ ᠪᠠᠨ ᠰᠣᠯᠢᠯᠴᠠᠵᠠᠢ᠃  ᠨᠠᠮ ᠤᠨ ᠬᠤᠷᠢᠳᠤᠭᠠᠷ ᠶᠡᠭᠡ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠪᠠᠷ ᠢᠷᠡᠭᠰᠡᠨ ᠬᠦᠷᠲᠡᠯ᠎ᠡ︔ ᠲᠤᠬᠠᠢ ᠶᠢᠨ ᠦᠶ᠎ᠡ ᠶᠢᠨ ᠤᠯᠤᠰ ᠲᠦᠷᠦ ᠠᠴᠠ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠬᠦᠷᠲᠡᠯ᠎ᠡ᠂ ᠲᠡᠳᠡᠨ ᠤ ᠨᠢᠳᠦᠨ ᠳᠤ ᠰᠢᠨ᠎ᠡ ᠮᠡᠳᠡᠯᠭᠡ ᠶᠢᠨ ᠲᠤᠬᠠᠢ ᠬᠦᠰᠡᠯ ᠡᠷᠡᠮᠡᠯᠵᠡᠯ ᠭᠢᠯᠠᠯᠵᠠᠵᠤ᠂ ᠢᠷᠡᠭᠡᠳᠦᠢ ᠶᠢᠨ ᠲᠤᠬᠠᠢ ᠬᠦᠰᠡᠯ ᠡᠷᠡᠮᠡᠯᠵᠡᠯ ᠪᠢᠯᠬᠠᠨ᠎ᠠ᠃
        ᠦᠷᠭᠦᠯᠵᠢ ᠨᠣᠮ ᠤᠩᠰᠢᠪᠠᠯ ᠶᠡᠭᠡ ᠲᠠᠷᠢᠬᠢ ᠶᠢ ᠢᠳᠡᠪᠬᠢ ᠪᠠᠶᠢᠳᠠᠯ ᠳᠤ ᠣᠷᠣᠭᠤᠯᠵᠤ᠂ ᠥᠲᠡᠭᠦᠰ ᠤᠨ ᠵᠥᠨᠥᠭ ᠪᠣᠯᠬᠤ ᠶᠢ ᠰᠡᠷᠭᠡᠶᠢᠯᠡᠨ᠂ ᠤᠷᠲᠤ ᠨᠠᠰᠤᠯᠠᠵᠤ ᠤᠳᠠᠭᠠᠨ ᠵᠢᠷᠭᠠᠬᠤ ᠶᠢ ᠰᠡᠷᠭᠡᠶᠢᠯᠡᠵᠦ ᠴᠢᠳᠠᠨ᠎ᠠ᠃ ᠰᠢᠨ ᠸᠠᠩ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠬᠢᠨ ᠤᠩᠰᠢᠯᠭ᠎ᠠ ᠶᠢᠨ ᠲᠠᠰᠤᠭ ᠢ ᠭᠦᠢᠴᠡᠳ ᠠᠰᠢᠭᠯᠠᠵᠤ᠂ ᠬᠠᠷᠢᠶᠠᠨ ᠳᠠᠬᠢ ᠨᠣᠮ ᠤᠩᠰᠢᠵᠤ ᠰᠣᠨᠢᠨ ᠦᠵᠡᠬᠦ ᠳᠤᠷᠠᠲᠠᠢ ᠨᠠᠰᠤᠲᠠᠶᠢᠴᠤᠳ ᠲᠤ ᠠᠵᠢᠯᠯᠠᠭ᠎ᠠ ᠶᠢᠨ ᠲᠠᠯᠠᠪᠤᠷ ᠪᠣᠯᠣᠨ ᠰᠣᠯᠢᠯᠴᠠᠭᠠᠨ ᠤ ᠲᠠᠪᠴᠠᠩ ᠬᠠᠩᠭᠠᠬᠤ ᠶᠢ ᠬᠦᠰᠡᠵᠦ ᠪᠠᠶᠢᠨ᠎ᠠ᠃ ᠤᠩᠰᠢᠯᠭ᠎ᠠ ᠶᠢᠨ ᠲᠠᠰᠤᠭ ᠨᠢ ᠨᠠᠰᠤᠲᠠᠶᠢᠴᠤᠳ ᠤᠨ ᠡᠩ ᠤᠨ ᠴᠠᠭ ᠤᠨ ᠭᠠᠭᠴᠠᠭᠠᠷᠳᠠᠯ᠂ ᠤᠶᠢᠳᠬᠠᠷ ᠢ ᠰᠢᠢᠳᠪᠦᠷᠢᠯᠡᠭᠰᠡᠨ ᠢᠶᠠᠷ ᠪᠠᠷᠠᠬᠤ ᠦᠭᠡᠢ᠂ ᠪᠠᠰᠠ ᠨᠠᠰᠤᠲᠠᠶᠢᠴᠤᠳ ᠢ ᠥᠲᠡᠯᠪᠡᠯ ᠰᠤᠷᠤᠯᠭ᠎ᠠ ᠲᠠᠢ᠂ ᠥᠲᠡᠯᠪᠡᠯ ᠪᠠᠶᠠᠷ ᠴᠡᠩᠭᠡᠯ ᠲᠠᠢ ᠪᠣᠯᠭᠠᠵᠠᠢ᠃ ᠠᠳᠡ ᠵᠣᠭᠤᠭᠳᠠᠬᠤ᠂ ᠨᠣᠮ ᠦᠵᠡᠬᠦ᠂ ᠤᠷᠠᠨ ᠪᠢᠴᠢᠯᠭᠡ ᠪᠣᠯᠪᠠᠰᠤᠷᠠᠬᠤ ᠳᠤ ᠬᠠᠭᠤᠴᠢᠨ ᠨᠠᠶᠢᠵᠠ ᠨᠠᠷ ᠬᠤᠭᠤᠷᠣᠨᠳᠤ ᠪᠠᠨ ᠵᠥᠪᠳᠡᠯᠴᠡᠵᠦ᠂ ᠵᠣᠭᠤᠭᠳᠠᠨ ᠵᠣᠭᠤᠭᠳᠠᠵᠤ᠂ ᠨᠡᠶᠢᠭᠡᠮ ᠲᠣᠭᠤᠷᠢᠭ ᠤᠨ ᠤᠩᠰᠢᠯᠭ᠎ᠠ ᠶᠢᠨ ᠲᠠᠰᠤᠭ ᠨᠢ ᠨᠢᠭᠡᠨᠲᠡ ᠨᠠᠰᠤᠲᠠᠶᠢᠴᠤᠳ ᠤᠨ ᠥᠭᠡᠷ᠎ᠡ ᠨᠢᠭᠡ ︽ᠭᠡᠷ︾ ᠪᠣᠯᠤᠭᠰᠠᠨ ᠪᠠᠶᠢᠨ᠎ᠠ᠃        ᠲᠣᠰ ᠤᠳᠠᠭᠠᠨ ᠤ ᠤᠩᠰᠢᠯᠭ᠎ᠠ ᠶᠢᠨ ᠠᠵᠢᠯᠯᠠᠭ᠎ᠠ ᠶᠢ ᠥᠷᠨᠢᠭᠦᠯᠦᠭᠰᠡᠨ ᠨᠢ ᠨᠠᠰᠤᠲᠠᠶᠢᠴᠤᠳ ᠤᠨ ᠠᠵᠢᠯ ᠤᠨ ᠴᠢᠯᠦᠭᠡᠨ ᠤ ᠠᠮᠢᠳᠤᠷᠠᠯ ᠢ ᠪᠠᠶᠠᠯᠢᠭᠵᠢᠭᠤᠯᠵᠤ᠂ ᠬᠤᠭᠤᠷᠣᠨᠳᠣᠬᠢ ᠨᠥᠬᠦᠷᠯᠡᠯ ᠢ ᠵᠤᠵᠠᠭᠠᠳᠬᠠᠭᠰᠠᠨ ᠢᠶᠠᠷ ᠪᠠᠷᠠᠬᠤ ᠦᠭᠡᠢ᠂ ᠨᠠᠰᠤᠲᠠᠶᠢᠴᠤᠳ ᠪᠣᠯᠣᠨ ᠨᠡᠶᠢᠭᠡᠮ ᠲᠣᠭᠤᠷᠢᠭ ᠤᠨ ᠬᠤᠭᠤᠷᠣᠨᠳᠣᠬᠢ ᠵᠠᠢ ᠶᠢ ᠴᠤ ᠣᠶᠢᠷᠠᠲᠤᠭᠤᠯᠵᠠᠢ᠃ ᠲᠡᠳᠡ ᠥᠪᠡᠷ ᠤᠨ ᠠᠷᠭ᠎ᠠ ᠮᠠᠶ᠋ᠢᠭ ᠢᠶᠠᠷ ᠢᠶᠠᠨ ︽ᠤᠩᠰᠢᠯᠭ᠎ᠠ ᠶᠢᠨ ᠬᠢᠵᠠᠭᠠᠷ ᠦᠭᠡᠢ᠂ ᠪᠦᠲᠦᠭᠡᠯᠴᠢ ᠰᠠᠨᠠᠭ᠎ᠠ ᠬᠢᠵᠠᠭᠠᠷ ᠦᠭᠡᠢ︾ ᠭᠡᠬᠦ ᠣᠶᠢᠯᠠᠭᠠᠭᠳᠠᠬᠤᠨ ᠢ ᠲᠠᠶᠢᠯᠪᠤᠷᠢᠯᠠᠵᠤ᠂ ᠥᠲᠡᠯᠦᠭᠡ ᠨᠠᠰᠤᠨ ᠤ ᠠᠮᠢᠳᠤᠷᠠᠯ ᠢᠶᠠᠨ ᠰᠢᠨ᠎ᠡ ᠭᠡᠷᠡᠯ ᠭᠢᠯᠪᠠᠭ᠎ᠠ ᠲᠠᠢ ᠪᠣᠯᠭᠠᠵᠤ᠂ ᠰᠣᠷᠣᠭᠰᠠᠨ ᠢᠶᠠᠨ ᠦᠨᠡᠨ ᠬᠦ ᠬᠡᠷᠡᠭᠯᠡᠵᠦ᠂ ᠬᠡᠷᠡᠭᠯᠡᠬᠦ ᠪᠠᠷ ᠰᠤᠷᠤᠯᠴᠠᠯᠭ᠎ᠠ ᠪᠠᠨ ᠠᠬᠢᠭᠤᠯᠵᠤ᠂ ᠦᠵᠡᠯ ᠰᠡᠳᠬᠢᠯᠭᠡ ᠪᠠᠨ ᠪᠣᠯᠪᠠᠰᠤᠷᠠᠭᠤᠯᠬᠤ ᠶᠢ ᠦᠨᠡᠨ ᠬᠦ ᠪᠡᠶᠡᠯᠡᠭᠦᠯᠵᠡᠢ᠃             
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号