ᠰᠢᠭᠤᠶᠢᠲᠤ ᠲᠣᠭᠤᠷᠢᠭ ᠤᠨ ᠡᠬᠡ ᠨᠢᠯᠬᠠᠰ ᠤᠨ ᠡᠷᠡᠭᠦᠯᠵᠢᠯ ᠤᠨ ᠭᠠᠵᠠᠷ ᠪᠦᠬᠦ ᠤᠯᠤᠰ ᠤᠨ ᠬᠤᠣᠷᠲᠤ ᠬᠠᠪᠤᠳᠠᠷ ᠢ ᠰᠡᠷᠭᠡᠶᠢᠯᠡᠨ ᠵᠠᠰᠠᠬᠤ ᠤᠬᠠᠭᠤᠯᠭ᠎ᠠ ᠶᠢᠨ ᠭᠠᠷᠠᠭ ᠤᠨ ᠰᠠᠶᠢᠨ ᠳᠤᠷ᠎ᠠ ᠶᠢᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/24
        ︽ᠡᠷᠲᠡ ᠣᠯᠵᠤ  ᠮᠡᠳᠡᠵᠦ᠂ ᠡᠷᠲᠡ ᠣᠨᠣᠰᠢᠯᠠᠵᠤ᠂ ᠡᠷᠲᠡ ᠡᠮᠨᠡᠨ ᠵᠠᠰᠠᠬᠤ︾︽ᠭᠤᠷᠪᠠᠨ ᠡᠷᠲᠡ︾  ᠶᠢᠨ ᠠᠷᠭ᠎ᠠ ᠪᠣᠳᠣᠯᠭ᠎ᠠ ᠶᠢ ᠪᠡᠶᠡᠯᠡᠭᠦᠯᠬᠦ ᠶᠢᠨ ᠲᠥᠯᠥᠭᠡ᠂ 4 ᠰᠠᠷ᠎ᠠ ᠶᠢᠨ 17  ᠤ ᠡᠳᠦᠷ᠂ ᠰᠢᠭᠤᠶᠢᠲᠤ ᠲᠣᠭᠤᠷᠢᠭ ᠤᠨ ᠡᠬᠡ ᠨᠢᠯᠬᠠᠰ ᠤᠨ ᠡᠷᠡᠭᠦᠯᠵᠢᠯ ᠤᠨ ᠭᠠᠵᠠᠷ ᠨᠢ ᠰᠢᠭᠤᠶᠢᠲᠤ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠵᠢᠴᠢ ᠪᠤᠭᠤᠲᠤ ᠬᠤᠲᠠ ᠶᠢᠨ ᠬᠠᠪᠤᠳᠠᠷ ᠤᠨ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠳ᠋ᠠ ᠼᠢ ᠵᠡᠭᠡᠯᠢ ᠭᠤᠳᠤᠮᠵᠢ ᠶᠢᠨ ᠱᠧᠨ ᠹᠠ ᠨᠡᠶᠢᠭᠡᠮ ᠲᠣᠭᠤᠷᠢᠭ ᠲᠤ︽ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠠᠪᠴᠤ᠂ ᠥᠮᠡᠨ ᠰᠡᠷᠭᠡᠶᠢᠯᠡᠬᠦ ᠰᠢᠨᠵᠢᠯᠡᠬᠦ ᠤᠬᠠᠭᠠᠨᠴᠢ ᠪᠠᠷ ᠥᠮᠡᠨ ᠰᠡᠷᠭᠡᠶᠢᠯᠡᠬᠦ︾ ᠪᠦᠬᠦ ᠤᠯᠤᠰ ᠤᠨ ᠬᠤᠣᠷᠲᠤ ᠬᠠᠪᠤᠳᠠᠷ ᠢ ᠰᠡᠷᠭᠡᠶᠢᠯᠡᠨ ᠵᠠᠰᠠᠬᠤ ᠤᠬᠠᠭᠤᠯᠭ᠎ᠠ ᠶᠢᠨ ᠭᠠᠷᠠᠭ ᠤᠨ ᠭᠤᠣᠯ ᠰᠡᠳᠦᠪᠲᠦ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃
1713428280510092044.png
        ᠱᠧᠨ ᠹᠠ ᠨᠡᠶᠢᠭᠡᠮ ᠲᠣᠭᠤᠷᠢᠭ ᠤᠨ ᠠᠵᠢᠯᠲᠠᠨ ᠤ ᠵᠣᠬᠢᠶᠠᠨ ᠪᠠᠶᠢᠭᠤᠯᠤᠯᠲᠠ ᠪᠠ ᠵᠢᠯᠣᠭᠤᠳᠤᠯᠭ᠎ᠠ ᠳᠣᠣᠷ᠎ᠠ ᠰᠢᠭᠰᠢᠨ ᠪᠠᠶᠢᠴᠠᠭᠠᠬᠤ ᠠᠵᠢᠯᠯᠠᠭ᠎ᠠ ᠶᠢ ᠡᠮᠬᠢ ᠵᠢᠷᠤᠮ ᠲᠠᠢ ᠶᠠᠪᠤᠭᠳᠠᠭᠤᠯᠵᠤ᠂ ᠡᠬᠡ ᠨᠢᠯᠬᠠᠰ ᠤᠨ ᠡᠷᠡᠭᠦᠯᠵᠢᠯ ᠤᠨ ᠭᠠᠵᠠᠷ ᠤᠨ ᠡᠮᠨᠡᠯᠭᠡ ᠶᠢᠨ ᠠᠵᠢᠯᠲᠠᠳ ᠬᠥᠬᠦᠨ ᠪᠤᠯᠴᠢᠷᠬᠠᠢ ᠶᠢ ᠦᠵᠡᠵᠦ ᠣᠨᠣᠰᠢᠯᠠᠬᠤ᠂ ᠬᠥᠬᠦᠨ ᠪᠤᠯᠴᠢᠷᠬᠠᠢ ᠵᠢᠴᠢ ᠳᠣᠣᠷᠠᠳᠤ ᠬᠡᠪᠡᠯᠢ ᠶᠢᠨ ᠬᠡᠰᠡᠭ ᠲᠠᠬᠢ ᠪᠤᠳᠤᠭᠲᠤ ᠬᠡᠲᠦ ᠪᠠᠶᠢᠴᠠᠭᠠᠯᠲᠠ ᠬᠢᠬᠦ᠂ ᠡᠩ ᠤᠨ ᠡᠮᠡᠭᠲᠡᠢ ᠶᠢᠨ ᠰᠠᠯᠠᠭᠠᠨ ᠤ ᠪᠠᠶᠢᠴᠠᠭᠠᠯᠲᠠ᠂ ᠰᠠᠪᠠ ᠶᠢᠨ ᠬᠦᠵᠦᠭᠦᠨ ᠤ ᠤᠨᠠᠯᠲᠠ ᠶᠢᠨ ᠡᠰ ᠤᠨ ᠪᠠᠶᠢᠴᠠᠭᠠᠯᠲᠠ ᠵᠡᠷᠭᠡ ᠴᠤᠪᠤᠷᠠᠯ ᠤᠨ ᠶᠣᠰᠣᠭᠠᠷ ᠬᠦᠯᠢᠴᠡᠩᠭᠦᠢ ᠨᠢᠮᠪᠠᠢ ᠪᠠᠶᠢᠴᠠᠭᠠᠯᠲᠠ ᠬᠢᠪᠡ᠃ ᠡᠭᠦᠨ ᠤ ᠬᠠᠮᠲᠤ ᠰᠢᠭᠰᠢᠨ ᠪᠠᠶᠢᠴᠠᠭᠠᠬᠤ ᠳᠤ ᠣᠷᠣᠯᠴᠠᠭᠰᠠᠨ ᠡᠮᠡᠭᠲᠡᠶᠢᠴᠦᠳ ᠲᠤ ᠨᠠᠷᠢᠯᠢᠭ ᠰᠠᠶᠢᠬᠠᠨ ᠤᠬᠠᠭᠤᠯᠭ᠎ᠠ ᠶᠢᠨ ᠡᠳ᠋᠂ ᠤᠬᠠᠭᠤᠯᠭ᠎ᠠ ᠶᠢᠨ ᠤᠭᠤᠲᠠ ᠵᠢᠴᠢ ᠰᠠᠪᠠ ᠶᠢᠨ ᠬᠦᠵᠦᠭᠦᠨ ᠤ ᠥᠮᠡᠨ᠂ ᠬᠥᠬᠦᠨ ᠪᠤᠯᠴᠢᠷᠬᠠᠢ ᠶᠢᠨ ᠥᠮᠡᠨ ᠤ ᠡᠷᠡᠭᠦᠯ ᠮᠡᠨᠳᠦ ᠶᠢᠨ ᠤᠬᠠᠭᠤᠯᠭ᠎ᠠ ᠶᠢᠨ ᠳᠡᠪᠲᠡᠷ ᠵᠡᠷᠭᠡ 120 ᠭᠠᠷᠤᠢ ᠬᠤᠪᠢ ᠲᠠᠷᠬᠠᠭᠠᠪᠠ᠃
1713428289037091553.png
        ᠲᠣᠰ ᠤᠳᠠᠭᠠᠨ ᠤ ᠡᠮᠡᠭᠲᠡᠶᠢᠴᠦᠳ ᠤᠨ ᠰᠠᠯᠠᠭᠠᠨ ᠤ ᠠᠯᠪᠠᠨ ᠵᠢᠷᠤᠮ ᠤᠨ ᠡᠮᠴᠢᠯᠡᠭᠡ ᠪᠣᠯ ᠨᠢᠭᠡ ᠤᠳᠠᠭᠠᠨ ᠤ ᠲᠤᠶᠢᠯ ᠤᠨ ᠤᠳᠬ᠎ᠠ ᠠᠭᠤᠯᠭ᠎ᠠ ᠲᠠᠢ ᠠᠵᠢᠯᠯᠠᠭ᠎ᠠ ᠮᠥᠨ᠂ ᠲᠡᠷᠡ ᠨᠢ ᠪᠢᠳᠡᠨ ᠳᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠷᠡᠭᠴᠡᠭᠡ ᠶᠢ ᠨᠠᠩ ᠭᠦᠨᠵᠡᠭᠡᠢ ᠣᠶᠢᠯᠠᠭᠠᠭᠤᠯᠤᠭᠰᠠᠨ ᠪᠥᠭᠡᠳ ᠪᠠᠰᠠ ᠪᠢᠳᠡᠨ ᠢ ᠨᠡᠶᠢᠭᠡᠮ ᠲᠣᠭᠤᠷᠢᠭ ᠤᠨ ᠡᠷᠡᠭᠦᠯ ᠮᠡᠨᠳᠦ ᠶᠢᠨ ᠦᠢᠯᠡᠰ ᠲᠤ ᠬᠦᠴᠦᠨ ᠴᠢᠳᠠᠯ ᠢᠶᠠᠨ ᠡᠷᠭᠦᠬᠦ ᠡᠷᠡᠰ ᠵᠣᠷᠢᠭ ᠢ ᠨᠠᠩ ᠪᠠᠲᠤᠳᠬᠠᠵᠠᠢ᠃ ᠪᠢᠳᠡ ᠦᠷᠭᠦᠯᠵᠢᠯᠡᠨ ᠴᠢᠷᠮᠠᠶᠢᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠨᠡᠩ ᠴᠢᠨᠠᠷ ᠰᠠᠶᠢᠲᠠᠢ᠂ ᠥᠨᠳᠥᠷ ᠪᠦᠲᠦᠮᠵᠢᠲᠡᠢ ᠡᠮᠴᠢᠯᠡᠭᠡᠨ ᠤ ᠦᠢᠯᠡᠴᠢᠯᠡᠭᠡ ᠬᠠᠩᠭᠠᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号