ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠤᠨ᠎ᠠ
ᠨᠡᠶᠢᠲᠡᠯᠡᠭᠰᠡᠨ ᠴᠠᠭ᠄
2024/4/24
        ᠶᠡᠷᠦᠩᠬᠡᠢ ᠱᠦᠵᠢ ᠰᠢ ᠶᠢᠨ ᠫᠢᠩ ᠤᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠤ ᠲᠤᠬᠠᠢ ᠴᠢᠬᠤᠯᠠ ᠶᠠᠷᠢᠶ᠎ᠠ ᠪᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠣᠷᠳᠣ ᠬᠤᠭᠤᠴᠠᠭᠠᠲᠤ ᠴᠢᠨᠠᠷᠲᠠᠢ᠂ ᠮᠤᠵᠢᠭᠤᠳᠠ ᠴᠢᠨᠠᠷᠲᠠᠢ᠂ ᠳᠠᠬᠢᠨ ᠳᠠᠪᠲᠠᠬᠤ ᠴᠢᠨᠠᠷᠲᠠᠢ ᠣᠨᠴᠠᠯᠢᠭ ᠲᠠᠢ ᠠᠰᠠᠭᠤᠳᠠᠯ ᠢ ᠦᠷᠭᠦᠯᠵᠢᠯᠡᠨ ᠦᠨᠳᠦᠰᠦᠨ ᠠᠴᠠ ᠨᠢ ᠵᠠᠰᠠᠵᠤ᠂ ︽ᠪᠤᠭᠤᠲᠤ ᠬᠤᠲᠠ ᠶᠢᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠶᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 2023 ᠣᠨ ᠤ 7 ᠰᠠᠷ᠎ᠠ ᠠᠴᠠ ᠡᠬᠢᠯᠡᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠶᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃
微信图片_20240424105448.png
微信图片_20240424105452.png
        ᠣᠶᠢᠷ᠎ᠠ ᠳᠤ᠂ ᠬᠤᠲᠠ ᠶᠢᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠭᠤᠷᠪᠠᠳᠤᠭᠠᠷ ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠮᠠᠨ ᠤ ᠲᠣᠪᠴᠢᠶ᠎ᠠ ᠳᠤ ᠬᠦᠷᠴᠦ ᠲᠤᠬᠠᠢ ᠶᠢᠨ ᠭᠠᠵᠠᠷ ᠲᠤᠨᠢ ᠰᠤᠭᠤᠴᠢᠨ ᠪᠠᠶᠢᠴᠠᠭᠠᠵᠤ᠂ ᠮᠠᠨ ᠤ ᠲᠣᠭᠤᠷᠢᠭ ᠤᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢᠨ ᠠᠵᠢᠯ ᠢ ᠭᠦᠨᠵᠡᠭᠡᠢ ᠱᠠᠯᠠᠪᠳᠠᠭᠤᠯᠤᠨ ᠵᠢᠯᠤᠭᠤᠳᠴᠤ ᠪᠠᠶᠢᠴᠠᠭᠠᠪᠠ᠂ ᠲᠣᠰ ᠤᠳᠠᠭᠠᠨ ᠤ ᠪᠠᠶᠢᠴᠠᠭᠠᠯᠲᠠ ᠨᠢ ᠬᠠᠷᠢᠭᠤ ᠮᠡᠳᠡᠭᠦᠯᠦᠯᠲᠡ ᠶᠢ ᠰᠣᠨᠣᠰᠬᠤ᠂ ᠭᠠᠷᠲᠠᠨ ᠭᠦᠢᠴᠡᠳᠬᠡᠬᠦ ᠪᠠᠶᠢᠭᠤᠯᠤᠮᠵᠢ ᠶᠢᠨ ᠠᠩᠬᠠᠨ ᠤ ᠡᠬᠡ ᠲᠠᠩᠰᠠ ᠶᠢ ᠪᠠᠶᠢᠴᠠᠭᠠᠨ ᠦᠵᠡᠬᠦ᠂ ᠬᠠᠮᠢᠶ᠎ᠠ ᠪᠦᠬᠦᠢ ᠮᠠᠲ᠋ᠧᠷᠢᠶᠠᠯ ︵ᠬᠤᠯᠪᠣᠭᠳᠠᠯ ᠪᠦᠬᠦᠢ ᠳᠦᠷᠢᠮ ᠲᠣᠭᠲᠠᠭᠠᠯ᠂ ᠴᠡᠭᠴᠡᠯᠡᠨ ᠰᠠᠶᠢᠵᠢᠷᠠᠭᠤᠯᠬᠤ ᠮᠠᠲ᠋ᠧᠷᠢᠶᠠᠯ᠂ ᠨᠢᠭᠲᠠᠯᠠᠨ ᠪᠤᠳᠤᠬᠤ ᠲᠠᠩᠰᠠ ᠳᠡᠪᠲᠡᠷ᠂ ᠰᠡᠵᠢᠭ ᠲᠠᠢ ᠭᠠᠵᠠᠷ ᠤᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠵᠡᠷᠭᠡ ᠶᠢ ᠪᠠᠶᠢᠴᠠᠭᠠᠨ ᠦᠵᠡᠬᠦ︶᠂ ᠲᠤᠰᠠᠯᠠᠮᠵᠢ ᠶᠢᠨ ᠪᠡᠯᠡ ᠮᠥᠩᠭᠦ ᠭᠥᠷᠳᠡᠭᠰᠡᠨ ᠬᠡᠰᠡᠭ ᠬᠤᠪᠢ ᠬᠥᠮᠥᠨ ᠤ ᠮᠡᠳᠡᠭᠡ ᠵᠠᠩᠭᠢ ᠶᠢᠨ ᠦᠨᠡᠨ ᠪᠣᠳᠠᠲᠠᠢ ᠲᠣᠭᠲᠠᠭᠠᠯ ᠳᠤ ᠨᠡᠶᠢᠴᠡᠬᠦ ᠡᠰᠡᠬᠦ ᠵᠡᠷᠭᠡ ᠬᠡᠯᠪᠡᠷᠢ ᠪᠠᠷ ᠮᠠᠨ ᠤ ᠲᠣᠪᠴᠢᠶ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠶᠢᠨ ᠪᠠᠶᠢᠳᠠᠯ ᠳᠤ ᠨᠠᠷᠢᠨ ᠨᠢᠭᠲᠠ ᠪᠠᠶᠢᠴᠠᠭᠠᠯᠲᠠ ᠥᠷᠨᠢᠭᠦᠯᠪᠡ᠃ ᠡᠯ᠎ᠡ ᠲᠠᠰᠤᠭ ︵ᠲᠠᠰᠤᠭ︶᠂ ᠬᠤᠶᠠᠳᠤᠭᠠᠷ ᠳᠡᠰ ᠤᠨ ᠰᠠᠯᠠᠭ᠎ᠠ ᠮᠥᠴᠢᠷ ᠤᠳ ᠰᠢᠮᠳᠠᠭᠤᠯᠤᠨ ᠵᠢᠯᠣᠭᠤᠳᠤᠭᠰᠠᠨ ᠪᠠᠶᠢᠳᠠᠯ ᠤᠨ ᠬᠦᠰᠦᠨᠦᠭᠲᠦ ᠲᠠᠢ ᠴᠢᠩᠭ᠎ᠠ ᠬᠠᠷᠢᠴᠠᠭᠤᠯᠤᠨ᠂ ᠠᠵᠢᠯ ᠤᠨ ᠴᠤᠪᠤᠷᠠᠯ ᠢ ᠬᠢᠨᠠᠮᠠᠭᠠᠢ ᠡᠮᠬᠢᠯᠡᠵᠦ᠂ ᠬᠠᠷᠢᠭᠤᠴᠠᠯᠭ᠎ᠠ ᠶᠢ ᠲᠣᠳᠣᠷᠬᠠᠶᠢᠯᠠᠬᠤ ᠶᠢᠨ ᠬᠠᠮᠲᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠶᠢ ᠬᠢᠨᠠᠮᠠᠭᠠᠢ ᠥᠷᠨᠢᠭᠦᠯᠬᠦ ᠬᠡᠷᠡᠭᠲᠡᠢ᠃        ᠲᠣᠰ ᠤᠳᠠᠭᠠᠨ ᠤ ᠲᠤᠰᠬᠠᠢ ᠪᠠᠶᠢᠴᠠᠭᠠᠯᠲᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠡᠯ᠎ᠡ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠭᠠᠷᠲᠠᠨ ᠭᠦᠢᠴᠡᠳᠬᠡᠬᠦ ᠶᠠᠪᠤᠴᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠵᠢᠯᠲᠠᠨ ᠤ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠢ ᠬᠠᠮᠠᠭᠠᠯᠠᠬᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠶᠯᠡ ᠠᠵᠢᠯᠯᠠᠭᠠᠨ ᠤ ᠤᠬᠠᠮᠰᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠪᠦᠲᠦᠮᠵᠢᠲᠡᠶ ᠠᠵᠢᠯᠯᠠᠭᠠᠨ ᠢ ᠪᠠᠲᠤᠯᠠᠪᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号