ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠰᠢᠭᠤᠶᠢᠲᠤ | ᠲᠣᠭᠤᠷᠢᠭ ᠤᠨ ︿ᠭᠤᠷᠪᠠ ᠶᠢ ᠲᠡᠮᠡᠴᠡᠨ ᠣᠯᠬᠤ﹀ ᠶᠢ ᠬᠢᠨᠠᠨ ᠰᠢᠯᠭᠠᠵᠤ ᠱᠠᠩᠨᠠᠨ ᠬᠥᠭᠢᠭᠦᠯᠬᠦ ᠠᠷᠭ᠎ᠠ ︵ᠲᠤᠷᠰᠢᠨ | ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ | ᠰᠢᠭᠤᠶᠢᠲᠤ ᠵᠠᠰᠠᠭ ᠠᠯᠪᠠᠨ ᠲᠠᠷᠬᠠᠭᠠᠭᠰᠠᠨ﹇2024﹈ 3 ᠳ᠋ᠤᠭᠠᠷ ᠲᠣᠭᠠᠲᠤ | | ᠵᠢᠪᠬᠤᠯᠠᠩᠲᠤ ᠰᠤᠮᠤ᠂ ᠪᠡᠳᠬᠡᠷ ᠵᠤᠤ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠯ᠎ᠡ | ᠬᠦᠷᠢᠶᠡᠯᠡᠩ ᠲᠣᠭᠤᠷᠢᠭ᠂ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠰᠢᠭᠤᠳ | ᠬᠠᠷᠢᠶ᠎ᠠ ᠡᠯ᠎ᠡ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ᠂ ᠡᠯ᠎ᠡ ᠠᠷᠠᠳ ᠤᠨ ᠪᠦᠯᠬᠦᠮ᠂ ᠲᠣᠭᠤᠷᠢᠭ ᠲᠤ ᠰᠠᠭᠤᠭ᠎ᠠ | ᠡᠯ᠎ᠡ ᠨᠢᠭᠡᠴᠡ ᠳᠤ᠄ | ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ 2 ᠳ᠋ᠤᠭᠠᠷ ᠤᠳᠠᠭᠠᠨ ᠤ | ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ︽ᠰᠢᠭᠤᠶᠢᠲᠤ ᠲᠣᠭᠤᠷᠢᠭ ᠤᠨ ︿ᠭᠤᠷᠪᠠ ᠶᠢ | ᠲᠡᠮᠡᠴᠡᠨ ᠣᠯᠬᠤ﹀ ᠶᠢ ᠬᠢᠨᠠᠨ ᠰᠢᠯᠭᠠᠵᠤ ᠱᠠᠩᠨᠠᠨ ᠬᠥᠭᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠲᠤᠭᠠᠢ᠃ | | ᠰᠢᠭᠤᠶᠢᠲᠤ ᠲᠣᠭᠤᠷᠢᠭ ᠤᠨ ᠠᠷᠠᠳ ᠶᠢᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 1 ᠰᠠᠷ᠎ᠠ ᠶᠢᠨ 26 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠬᠦ︶ | | | ᠰᠢᠭᠤᠶᠢᠲᠤ ᠲᠣᠭᠤᠷᠢᠭ ᠤᠨ ︿ᠭᠤᠷᠪᠠ ᠶᠢ ᠲᠡᠮᠡᠴᠡᠨ ᠣᠯᠬᠤ﹀ ᠶᠢ ᠬᠢᠨᠠᠨ ᠰᠢᠯᠭᠠᠵᠤ ᠱᠠᠩᠨᠠᠨ | ᠬᠥᠭᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶ | | | ᠰᠢᠭᠤᠶᠢᠲᠤ ᠲᠣᠭᠤᠷᠢᠭ ᠤᠨ ᠰᠠᠯᠠᠭᠠᠨ ᠳᠡᠰ ᠤᠨ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠤᠨ | ᠵᠣᠷᠢᠭᠲᠠᠢ ᠪᠠᠷ ᠰᠡᠳᠬᠢᠵᠦ ᠵᠣᠷᠢᠭᠲᠠᠢ ᠪᠠᠷ ᠠᠵᠢᠯᠯᠠᠬᠤ᠂ ᠵᠣᠷᠢᠭᠲᠠᠢ ᠪᠠᠷ ᠲᠡᠷᠢᠭᠦᠯᠡᠬᠦ ᠶᠢ ᠤᠯᠠᠮ ᠨᠢᠭᠡ ᠠᠯᠬᠤᠮ | ᠵᠣᠷᠢᠭᠵᠢᠭᠤᠯᠬᠤ ᠶᠢᠨ ᠲᠥᠯᠥᠭᠡ᠂ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠢ ᠬᠥᠲᠥᠯᠥᠨ ᠵᠢᠯᠤᠭᠤᠳᠴᠤ | ᠪᠠᠶᠢᠭᠠᠳ ︽ᠰᠢᠯᠢᠳᠡᠭ ᠢ ᠨᠢ ᠲᠠᠶᠢᠯᠬᠤ ᠰᠡᠳᠬᠢᠬᠦᠢ︾ ᠪᠣᠯᠭᠠᠵᠤ᠂ ᠢᠳᠡᠪᠬᠢᠲᠡᠢ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ | ᠳᠡᠭᠡᠳᠦ ᠱᠠᠲᠤᠨ ᠤ ᠪᠡᠯᠡ ᠮᠥᠩᠭᠦ᠂ ᠲᠥᠷᠥ ᠶᠢᠨ ᠪᠣᠳᠣᠯᠭ᠎ᠠ ᠪᠠ ᠲᠤᠷᠰᠢᠯᠲᠠ ᠶᠢᠨ ᠴᠢᠭ ᠢᠶᠠᠷ ᠵᠢᠱᠢᠶ᠎ᠡ | ᠦᠵᠡᠭᠦᠯᠬᠦ ᠪᠠᠷ ᠬᠦᠴᠦᠯᠡᠨ ᠴᠢᠷᠮᠠᠶᠢᠵᠤ᠂ ᠡᠨᠡ ᠵᠢᠯ ᠪᠦᠬᠦ ᠤᠯᠤᠰ ᠤᠨ ᠵᠠᠭᠤᠨ ᠬᠦᠴᠦᠷᠬᠡᠭ ᠬᠤᠲᠠ ᠶᠢᠨ ᠳᠤᠮᠳᠠ | ᠳᠠᠬᠢᠨ ᠠᠷᠪᠠᠨ ᠣᠷᠣᠨ ᠣᠷᠴᠢᠮ ᠤᠷᠤᠭᠰᠢᠯᠠᠬᠤ ᠶᠡᠭᠡ ᠬᠠᠨᠳᠤᠰᠢ ᠪᠠᠷ ᠰᠢᠭᠤᠶᠢᠲᠤ ᠶᠢᠨ ᠬᠤᠪᠢ ᠨᠡᠮᠡᠷᠢ | ᠦᠵᠡᠭᠦᠯᠵᠦ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠣᠨᠴᠠᠯᠢᠭ ᠢᠶᠠᠷ ᠢᠯᠡ ᠲᠣᠳᠣ ᠴᠢᠨᠠᠷ ᠰᠠᠶᠢᠲᠠᠢ | ᠬᠡᠯᠪᠡᠷᠢ ᠪᠠᠨ ᠬᠤᠪᠢᠷᠠᠭᠤᠯᠬᠤ ᠬᠥᠭᠵᠢᠯᠲᠡ ᠶᠢᠨ ᠬᠤᠰᠢᠭᠤᠴᠢ ᠲᠣᠭᠤᠷᠢᠭ ᠢ ᠪᠦᠲᠦᠭᠡᠨ ᠪᠠᠶᠢᠭᠤᠯᠬᠤ ᠠᠯᠢ ᠣᠯᠠᠨ | ᠴᠢᠬᠤᠯᠠ ᠶᠡᠭᠡ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠣᠯᠬᠤ ᠶᠢ ᠠᠬᠢᠭᠤᠯᠤᠨ᠎ᠠ᠃ ᠭᠠᠵᠠᠷ ᠣᠷᠣᠨ ᠤ | ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃ | ᠨᠢᠭᠡ᠂ ᠱᠠᠩᠨᠠᠬᠤ ᠡᠲᠡᠭᠡᠳ ᠵᠢᠴᠢ ᠪᠡᠯᠡ ᠮᠥᠩᠭᠦ ᠶᠢᠨ ᠢᠷᠡᠯᠲᠡ | ︵ᠨᠢᠭᠡ︶ᠳᠡᠭᠡᠳᠦ ᠱᠠᠲᠤᠨ ᠤ ᠪᠡᠯᠡ ᠮᠥᠩᠭᠦ ᠶᠢ ᠣᠯᠬᠤ | ᠲᠤᠰ ᠵᠦᠢᠯ ᠤᠨ ᠭᠦᠢᠴᠡᠳᠬᠡᠯ ᠲᠤᠭ᠎ᠠ ᠶᠢ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ | ᠲᠦᠷᠦᠭᠦᠯᠡᠨ ᠬᠠᠷᠢᠭᠤᠴᠠᠵᠤ᠂ ᠭᠤᠣᠯᠳᠠᠭᠤ᠄ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ᠂ ᠡᠩ ᠤᠨ | ᠵᠢᠭᠡᠯᠡᠯᠭᠡ ᠶᠢᠨ ᠲᠡᠮᠳᠡᠭᠲᠦ᠂ ᠲᠥᠯᠥᠪᠦᠷᠢ ᠦᠭᠡᠢ ᠤᠯᠤᠰ ᠤᠨ ᠵᠢᠭᠡᠯᠡᠯᠭᠡ ᠶᠢᠨ ᠪᠡᠯᠡ ᠮᠥᠩᠭᠦ᠂ ᠲᠤᠰᠬᠠᠢ ᠵᠦᠢᠯ ᠤᠨ | ᠰᠢᠯᠵᠢᠭᠦᠯᠦᠨ ᠥᠭᠬᠦ᠂ ᠬᠡᠷᠡᠭᠯᠡᠬᠦ ᠬᠡᠷᠡᠭᠴᠡᠭᠡ ᠪᠦᠬᠦᠢ ᠡᠩ ᠤᠨ ᠴᠢᠨᠠᠷᠲᠠᠢ ᠰᠢᠯᠵᠢᠭᠦᠯᠦᠨ ᠥᠭᠬᠦ᠂ ᠡᠳ᠋ ᠤᠨ ᠬᠦᠴᠦᠨ ᠤ | ᠴᠢᠨᠠᠷᠲᠠᠢ ᠰᠢᠯᠵᠢᠭᠦᠯᠦᠨ ᠥᠭᠬᠦ ᠨᠡᠮᠡᠭᠳᠡᠯ ᠵᠡᠷᠭᠡ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ᠂ ᠬᠤᠲᠠ ᠶᠢᠨ | ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ ᠵᠢᠴᠢ ᠪᠤᠰᠤᠳ ᠲᠠᠯ᠎ᠠ ᠶᠢᠨ ᠲᠥᠷᠥᠯ | ᠵᠦᠢᠯ ᠤᠨ ᠪᠡᠯᠡ ᠮᠥᠩᠭᠦ ᠶᠢ ᠪᠠᠭᠲᠠᠭᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠪᠤᠭᠤᠲᠤ ᠬᠤᠲᠠ ᠶᠢᠨ | ᠲᠦᠭᠡᠮᠡᠯ ᠴᠢᠨᠠᠷᠲᠠᠢ ᠲᠣᠬᠢᠷᠠᠭᠤᠯᠤᠯᠲᠠ ᠪᠤᠶᠤ ᠬᠠᠨᠳᠤᠯᠭ᠎ᠠ ᠲᠠᠢ ᠪᠠᠷ ᠲᠣᠬᠢᠷᠠᠭᠤᠯᠤᠭᠰᠠᠨ ᠲᠥᠷᠥᠯ ᠵᠦᠢᠯ ᠤᠨ ᠪᠡᠯᠡ | ᠮᠥᠩᠭᠦ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠭᠠᠮᠰᠢᠭ ᠠᠴᠠ ᠠᠪᠤᠷᠠᠬᠤ ᠮᠥᠩᠭᠦ᠂ ᠡᠳ᠋ ᠪᠣᠳᠠᠰ᠂ ᠠᠰᠠᠷᠠᠮᠵᠢ ᠶᠢᠨ | ᠪᠡᠯᠡ ᠮᠥᠩᠭᠦ᠂ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ᠂ ᠲᠤᠬᠠᠶᠢᠯᠠᠭᠰᠠᠨ ᠠᠵᠢᠯ ᠤᠨ ᠰᠦᠢᠳᠬᠡᠯ᠂ | ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠵᠤᠷᠭᠠᠨ ᠤ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ | ᠨᠥᠬᠦᠪᠦᠷᠢ᠂ ᠳᠡᠭᠡᠭᠰᠢ ᠪᠤᠴᠠᠭᠠᠵᠤ ᠥᠭᠬᠦ ᠲᠤᠰᠬᠠᠢ ᠪᠡᠯᠡ ᠮᠥᠩᠭᠦ ᠵᠡᠷᠭᠡ ︵ᠰᠡᠭᠦᠯᠡᠷ ᠨᠢ ᠪᠡᠯᠡ ᠮᠥᠩᠭᠦ ᠶᠢ ᠲᠡᠮᠡᠴᠡᠨ | ᠣᠯᠬᠤ ᠱᠠᠩᠨᠠᠯ ᠤᠨ ᠬᠡᠪᠴᠢᠶᠡᠨ ᠳᠤ ᠣᠷᠣᠭᠤᠯᠬᠤ ᠦᠭᠡᠢ︶ ᠵᠡᠷᠭᠡ ᠪᠠᠭᠲᠠᠵᠤ ᠪᠣᠯᠬᠤ ᠦᠭᠡᠢ᠃ ᠱᠠᠩᠨᠠᠯ ᠬᠦᠷᠲᠡᠬᠦ | ᠡᠲᠡᠭᠡᠳ ᠢ ᠳᠣᠣᠷᠠᠬᠢ ᠭᠤᠷᠪᠠᠨ ᠲᠥᠷᠥᠯ ᠢᠶᠠᠷ ᠬᠤᠪᠢᠶᠠᠨ᠎ᠠ᠃ | ᠨᠢᠭᠡᠳᠦᠭᠡᠷ ᠲᠥᠷᠥᠯ᠄ ᠬᠥᠭᠵᠢᠭᠦᠯᠦᠯᠲᠡ ᠥᠭᠡᠷᠡᠴᠢᠯᠡᠯᠲᠡ ᠶᠢᠨ ᠲᠣᠪᠴᠢᠶ᠎ᠠ᠂ ᠰᠣᠶᠣᠯ ᠪᠡᠶ᠎ᠡ ᠶᠢᠨ ᠲᠠᠮᠢᠷ ᠤᠨ | ᠲᠣᠪᠴᠢᠶ᠎ᠠ᠂ ᠰᠢᠭᠤᠶᠢᠲᠤ ᠠᠵᠤ ᠦᠢᠯᠡᠰ ᠤᠨ ᠬᠦᠷᠢᠶᠡᠯᠡᠩ᠂ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ | ᠶᠡᠷᠦᠩᠬᠡᠶᠢᠯᠡᠭᠰᠡᠨ ᠬᠠᠯᠬᠠᠪᠴᠢ ᠬᠠᠮᠠᠭᠠᠯᠠᠯᠲᠠ ᠶᠢᠨ ᠲᠥᠪ᠂ ᠡᠳ᠋ ᠤᠨ ᠵᠠᠰᠠᠭ ᠤᠨ ᠲᠣᠪᠴᠢᠶ᠎ᠠ᠂ ᠰᠤᠷᠭᠠᠨ | ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ︵ᠤᠯᠤᠰ ᠤᠨ | ᠥᠮᠴᠢᠯᠡᠯᠲᠦ ᠠᠵᠤ ᠠᠬᠤᠶᠢᠯᠠᠯ ᠪᠠᠭᠲᠠᠨ᠎ᠠ︶᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠃ | ᠬᠤᠶᠠᠳᠤᠭᠠᠷ ᠲᠥᠷᠥᠯ᠄ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ | ᠵᠥᠪᠯᠡᠯᠭᠡᠨ᠂ ᠨᠢᠭᠡᠳᠦᠮᠡᠯ ᠹᠷᠣᠨᠲ ᠤᠨ ᠬᠡᠯᠲᠡᠰ᠂ ᠲᠣᠮᠣ ᠳ᠋ᠠᠶᠢᠲ᠋ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠳᠠᠩᠰᠠ ᠡᠪᠬᠡᠮᠡᠯ ᠤᠨ ᠲᠣᠪᠴᠢᠶ᠎ᠠ᠂ ᠤᠬᠠᠭᠤᠯᠬᠤ ᠬᠡᠯᠲᠡᠰ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠭᠠᠯ ᠤᠨᠲᠠᠷᠠᠭᠠᠬᠤ ᠶᠡᠭᠡ ᠠᠩᠭᠢ᠂ | ᠠᠷᠠᠳ ᠤᠨ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠠᠮ ᠵᠠᠭᠤᠴᠢᠯᠠᠭᠤᠷᠬᠥ᠋ᠮᠥᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ᠂ ᠵᠠᠬᠢᠳᠠᠯ ᠰᠣᠷᠪᠤᠯᠵᠢᠯᠠᠭ᠎ᠠ ᠶᠢᠨ | ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ᠂ ᠴᠡᠷᠢᠭ ᠠᠴᠠ | ᠬᠠᠯᠠᠭᠳᠠᠭᠰᠠᠳ ᠤᠨ ᠲᠣᠪᠴᠢᠶ᠎ᠠ᠂ ᠠᠵᠢᠯᠴᠢᠨ ᠤ ᠶᠡᠷᠦᠩᠬᠡᠢ ᠡᠪᠯᠡᠯ᠂ᠠᠮᠢ ᠠᠬᠤᠢ ᠶᠢᠨ ᠣᠷᠴᠢᠨ ᠲᠣᠭᠤᠷᠢᠨ ᠤ | ᠲᠣᠪᠴᠢᠶ᠎ᠠ᠂ ᠵᠡᠪᠰᠡᠭᠲᠦ ᠬᠦᠴᠦᠨ ᠤ ᠬᠡᠯᠲᠡᠰ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠪᠡᠳᠬᠡᠷ ᠵᠤᠤ ᠪᠠᠯᠭᠠᠰᠤ᠂ | ᠵᠢᠪᠬᠤᠯᠠᠩᠲᠤ ᠰᠤᠮᠤ᠂ ᠳ᠋ᠠ ᠳ᠋ᠧ ᠾᠧᠩ ᠵᠡᠭᠡᠯᠢ ᠭᠤᠳᠤᠮᠵᠢ᠂ ᠪᠠᠢ ᠬᠤ᠋ ᠭᠸᠦ ᠬᠡᠷᠡᠭ ᠡᠷᠬᠢᠯᠡᠬᠦ ᠭᠠᠵᠠᠷ᠃ | ᠭᠤᠷᠪᠠᠳᠤᠭᠠᠷ ᠲᠥᠷᠥᠯ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ ᠤᠨ ᠣᠷᠳᠣᠨ ᠤ | ᠠᠯᠪᠠᠨ ᠭᠡᠷ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠨᠠᠮ ᠤᠨ ᠰᠤᠷᠭᠠᠭᠤᠯᠢ᠂ ᠬᠢᠨᠠᠨ ᠪᠣᠳᠣᠬᠤ ᠲᠣᠪᠴᠢᠶ᠎ᠠ᠂ | ᠡᠪᠯᠡᠯ ᠤᠨ ᠬᠤᠷᠢᠶ᠎ᠠ᠂ ᠬᠠᠮᠲᠤᠷᠠᠯᠴᠠᠭ᠎ᠠ ᠰᠣᠯᠢᠯᠴᠠᠭᠠᠨ ᠤ ᠲᠥᠪ᠂ ᠲᠣᠭᠤᠷᠢᠨ ᠪᠠᠶᠢᠴᠠᠭᠠᠬᠤ ᠠᠯᠪᠠᠨ ᠭᠡᠷ᠂ ᠡᠮ | ᠡᠮᠨᠡᠯᠭᠡ ᠶᠢᠨ ᠳᠠᠭᠠᠳᠬᠠᠯ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠲᠤᠭ᠎ᠠ ᠪᠦᠷᠢᠳᠬᠡᠯ ᠤᠨ | ᠲᠣᠪᠴᠢᠶ᠎ᠠ᠂ ᠳ᠋ᠠ ᠹᠠ ᠬᠡᠷᠡᠭ ᠡᠷᠬᠢᠯᠡᠬᠦ ᠭᠠᠵᠠᠷ᠂ ᠲᠣᠮᠣ᠂ ᠳ᠋ᠠ ᠼᠢ ᠬᠡᠷᠡᠭ ᠡᠷᠬᠢᠯᠡᠬᠦ ᠭᠠᠵᠠᠷ᠂ ᠰᠢᠭᠤᠶᠢᠲᠤ ᠬᠡᠷᠡᠭ | ᠡᠷᠬᠢᠯᠡᠬᠦ ᠭᠠᠵᠠᠷ᠃ | ︵ᠬᠤᠶᠠᠷ︶ᠳᠡᠮᠵᠢᠯᠭᠡ ᠣᠯᠬᠤ ᠲᠥᠷᠥ ᠶᠢᠨ ᠪᠣᠳᠣᠯᠭ᠎ᠠ | ᠲᠣᠰ ᠭᠦᠢᠴᠡᠳᠬᠡᠯ ᠲᠤᠭ᠎ᠠ ᠶᠢ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | ᠲᠦᠷᠦᠭᠦᠯᠡᠨ ᠬᠠᠷᠢᠭᠤᠴᠠᠵᠤ᠂ ᠭᠤᠣᠯᠳᠠᠭᠤ ᠡᠯ᠎ᠡ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠤᠯᠤᠰ᠂ ᠮᠤᠵᠢ ᠶᠢᠨ | ᠱᠠᠲᠤ᠂ ᠬᠤᠲᠠ ᠶᠢᠨ ᠱᠠᠲᠤᠨ ᠳᠤ ᠲᠦᠭᠡᠮᠡᠯ ᠬᠠᠷᠠᠭᠠᠯᠵᠠᠯ ᠤᠨ ᠪᠤᠰᠤ ᠴᠢᠨᠠᠷᠲᠠᠢ ᠲᠥᠷᠥ ᠶᠢᠨ ᠪᠣᠳᠣᠯᠭ᠎ᠠ ᠶᠢ ᠲᠡᠮᠡᠴᠡᠨ | ᠣᠯᠵᠤ᠂ ᠲᠣᠰ ᠬᠤᠭᠤᠴᠠᠭᠠᠨ ᠤ ᠪᠤᠶᠤ ᠵᠢᠱᠢᠵᠦ ᠪᠣᠯᠬᠤᠶᠢᠴᠠ ᠲᠥᠷᠥᠯ ᠵᠦᠢᠯ ᠤᠨ ᠳᠡᠮᠵᠢᠯᠭᠡ᠂ ᠪᠡᠯᠡ ᠮᠥᠩᠭᠦ ᠶᠢᠨ | ᠳᠡᠮᠵᠢᠯᠭᠡ᠂ ᠴᠢᠳᠠᠪᠤᠷᠢᠲᠠᠨ ᠤ ᠳᠡᠮᠵᠢᠯᠭᠡ ᠵᠡᠷᠭᠡ ᠵᠢᠴᠢ ᠰᠢᠭᠤᠶᠢᠲᠤ ᠲᠣᠭᠤᠷᠢᠭ ᠤᠨ ᠠᠵᠤ ᠠᠬᠤᠢ ᠨᠡᠶᠢᠭᠡᠮ ᠤᠨ | ᠬᠥᠭᠵᠢᠯᠲᠡ ᠳᠤ ᠠᠯᠤᠰ ᠬᠡᠲᠦ ᠶᠢᠨ ᠴᠢᠨᠠᠷᠲᠠᠢ ᠠᠴᠢ ᠬᠤᠯᠪᠣᠭᠳᠠᠯ ᠲᠠᠢ ᠪᠤᠰᠤᠳ ᠭᠦᠢᠴᠡᠳᠬᠡᠯ ᠲᠤᠭ᠎ᠠ ᠶᠢᠨ | ᠲᠥᠷᠥᠯ ᠤᠨ ᠲᠥᠷᠥ ᠶᠢᠨ ᠪᠣᠳᠣᠯᠭ᠎ᠠ ᠶᠢ ᠬᠦᠷᠲᠡᠵᠦ᠂ ᠪᠣᠳᠠᠲᠠᠢ ᠪᠠᠷ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ᠂ ᠤᠯᠤᠰ ᠤᠨ ᠡᠯ᠎ᠡ ᠶᠠᠮᠤᠨ ᠵᠥᠪᠯᠡᠯ ᠤᠨ ᠰᠢᠭᠤᠳ ᠳᠡᠮᠵᠢᠯᠭᠡ ᠶᠢᠨ ᠲᠥᠷᠥ ᠶᠢᠨ ᠪᠣᠳᠣᠯᠭ᠎ᠠ | ᠪᠣᠯᠭᠠᠨ᠎ᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ | ᠣᠷᠣᠨ ᠤ ᠡᠯ᠎ᠡ ᠰᠠᠯᠠᠭ᠎ᠠ ᠮᠥᠴᠢᠷ ᠨᠢᠭᠡᠴᠡ ᠶᠢᠨ ᠰᠢᠭᠤᠳ ᠳᠡᠮᠵᠢᠬᠦ ᠲᠥᠷᠥ ᠶᠢᠨ ᠪᠣᠳᠣᠯᠭ᠎ᠠ︔ ᠪᠤᠭᠤᠲᠤ | ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ | ᠰᠢᠭᠤᠳ ᠳᠡᠮᠵᠢᠬᠦ ᠲᠥᠷᠥ ᠶᠢᠨ ᠪᠣᠳᠣᠯᠭ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ | ᠨᠡᠶᠢᠳᠡᠮ ᠲᠣᠬᠢᠷᠠᠭᠤᠯᠤᠭᠰᠠᠨ ᠪᠤᠶᠤ ᠬᠠᠨᠳᠤᠯᠭ᠎ᠠ ᠲᠠᠢ ᠪᠠᠷ ᠲᠣᠬᠢᠷᠠᠭᠤᠯᠤᠭᠰᠠᠨ ᠲᠥᠷᠥ ᠶᠢᠨ ᠪᠣᠳᠣᠯᠭ᠎ᠠ ᠶᠢ | ᠪᠠᠭᠲᠠᠭᠠᠬᠤ ᠦᠭᠡᠢ᠂ ᠲᠥᠷᠥᠯ ᠵᠦᠢᠯ᠂ ᠪᠡᠯᠡ ᠮᠥᠩᠭᠦ᠂ ᠴᠢᠳᠠᠪᠤᠷᠢᠲᠠᠨ ᠤ ᠳᠡᠮᠵᠢᠯᠭᠡ ᠦᠭᠡᠢ ᠵᠢᠴᠢ ᠰᠢᠭᠤᠶᠢᠲᠤ | ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠯᠤᠰ ᠬᠡᠲᠦ ᠶᠢᠨ ᠠᠰᠢᠭ ᠲᠤᠰᠠ ᠦᠭᠡᠢ | ᠲᠥᠷᠥ ᠶᠢᠨ ᠪᠣᠳᠣᠯᠭ᠎ᠠ ᠶᠢ ᠱᠠᠩᠨᠠᠬᠤ ᠬᠡᠪᠴᠢᠶᠡᠨ ᠳᠤ ᠣᠷᠣᠭᠤᠯᠬᠤ ᠦᠭᠡᠢ᠃ | ︵ᠭᠤᠷᠪᠠ︶ᠲᠤᠷᠰᠢᠯᠲᠠ ᠬᠢᠵᠦ ᠵᠢᠱᠢᠶ᠎ᠡ ᠦᠵᠡᠭᠦᠯᠬᠦ ᠪᠠᠷ ᠴᠢᠷᠮᠠᠶᠢᠬᠤ | ᠡᠨᠡᠬᠦ ᠭᠦᠢᠴᠡᠳᠬᠡᠬᠦ ᠲᠤᠭ᠎ᠠ ᠶᠢ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ | ᠲᠦᠷᠦᠭᠦᠯᠡᠨ ᠬᠠᠷᠢᠭᠤᠴᠠᠨ᠎ᠠ᠃ ᠱᠠᠩᠨᠠᠯ ᠬᠥᠬᠢᠭᠦᠯᠦᠯ ᠢ ᠣᠯᠣᠭᠰᠠᠨ ᠢᠷᠠᠭᠤ ᠠᠯᠳᠠᠷ ᠤᠨ ᠲᠠᠰ ᠤᠨ ᠶᠣᠰᠣᠭᠠᠷ | ᠤᠯᠤᠰ ᠤᠨ ᠲᠠᠰ᠂ ᠮᠤᠵᠢ ᠶᠠᠮᠤᠨ ᠤ ᠲᠠᠰ᠂ ᠬᠤᠲᠠ ᠲᠢᠩᠬᠢᠮ ᠤᠨ ᠲᠠᠰ ᠵᠡᠷᠭᠡ ᠭᠤᠷᠪᠠᠨ ᠲᠥᠷᠥᠯ ᠬᠤᠪᠢᠶᠠᠨ᠎ᠠ᠃ | ᠬᠤᠲᠠ ᠶᠢᠨ ᠲᠢᠩᠬᠢᠮ ᠤᠨ ᠳᠡᠰ ᠨᠢ ᠪᠤᠭᠤᠲᠤ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ᠂ | ᠥᠪᠡᠷᠲᠡᠭᠡᠨ ᠵᠠᠰᠠᠬᠤ ᠣᠷᠣᠨ ᠤ ᠲᠢᠩᠬᠢᠮ ᠲᠣᠪᠴᠢᠶ᠎ᠠ ᠠᠴᠠ ᠰᠢᠭᠤᠳ ᠣᠯᠭᠤᠭᠰᠠᠨ ᠱᠠᠩᠨᠠᠯ᠂ ᠮᠤᠵᠢ ᠶᠠᠮᠤᠨ ᠤ | ᠳᠡᠰ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠤᠨ ᠶᠠᠮᠤᠨ | ᠵᠥᠪᠯᠡᠯ ᠤᠨ ᠰᠢᠭᠤᠳ ᠣᠯᠭᠤᠭᠰᠠᠨ ᠱᠠᠩᠨᠠᠯ᠂ ᠤᠯᠤᠰ ᠤᠨ ᠲᠠᠰ ᠨᠢ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠠᠴᠠ ᠰᠢᠭᠤᠳ ᠣᠯᠭᠤᠭᠰᠠᠨ ᠬᠥᠬᠢᠭᠦᠯᠦᠯ ᠪᠣᠯᠣᠨ᠎ᠠ᠃ | ᠱᠠᠩᠨᠠᠯ ᠤᠨ ᠪᠡᠯᠡ ᠮᠥᠩᠭᠦ ᠶᠢ ᠡᠳ᠋ ᠤᠨ ᠵᠠᠰᠠᠭ ᠤᠨ ᠣᠨ ᠤ ᠲᠥᠰᠥᠪ ᠤᠨ ᠨᠢᠭᠡᠳᠦᠯᠲᠡᠢ | ᠲᠣᠬᠢᠷᠠᠭᠤᠯᠤᠯᠲᠠ ᠳᠤ ᠣᠷᠣᠭᠤᠯᠬᠤ ᠣᠷᠣᠭᠤᠯᠤᠨ᠎ᠠ᠃ | ᠬᠤᠶᠠᠷ᠂ ᠱᠠᠩᠨᠠᠬᠤ ᠠᠷᠭ᠎ᠠ ᠬᠡᠮᠵᠢᠶ᠎ᠡ | ︵ᠨᠢᠭᠡ︶ᠵᠠᠷᠤᠳᠠᠯ ᠤᠨ ᠤᠷᠠᠮᠰᠢᠭᠤᠯᠤᠯ | 1. ᠪᠡᠯᠡ ᠮᠥᠩᠭᠦ ᠶᠢᠨ ᠱᠠᠩᠨᠠᠯ ᠣᠯᠬᠤ ᠪᠠᠷ ᠴᠢᠷᠮᠠᠶᠢᠬᠤ | ︵1︶ᠣᠨ ᠤ ᠪᠣᠳᠠᠲᠠᠢ ᠪᠣᠳᠠᠲᠠᠶᠢᠵᠢᠭᠤᠯᠤᠭᠰᠠᠨ ᠲᠥᠯᠥᠪᠦᠷᠢ ᠦᠭᠡᠢ ᠪᠡᠯᠡ ᠮᠥᠩᠭᠦ ᠶᠢ ᠨᠢᠭᠡᠴᠡ ᠶᠢᠨ | ᠰᠢᠨᠵᠢ ᠴᠢᠨᠠᠷ ᠤᠨ ᠠᠳᠠᠯᠢ ᠪᠤᠰᠤ ᠬᠡᠰᠡᠭ ᠬᠤᠪᠢᠶᠠᠨ ᠠᠬᠢᠭᠤᠯᠤᠨ ᠪᠣᠳᠣᠵᠤ ᠱᠠᠩᠨᠠᠬᠤ ᠲᠤᠭ᠎ᠠ ᠶᠢ ᠪᠣᠳᠣᠬᠤ | ᠬᠡᠷᠡᠭᠲᠡᠢ᠃ | 500 ᠲᠦᠮᠡᠨ ᠲᠥᠭᠦᠷᠢᠭ ᠠᠴᠠ ᠳᠣᠷᠣᠭᠰᠢ ︵500 ᠲᠦᠮᠡᠨ ᠲᠥᠭᠦᠷᠢᠭ ᠢ ᠪᠠᠭᠲᠠᠭᠠᠨ᠎ᠠ︶᠄ ᠨᠢᠭᠡᠳᠦᠭᠡᠷ | ᠲᠥᠷᠥᠯ ᠤᠨ ᠨᠢᠭᠡᠴᠢ 2% ᠢᠶᠠᠷ ᠱᠠᠩᠨᠠᠵᠤ᠂ ᠬᠤᠶᠠᠳᠤᠭᠠᠷ ᠲᠥᠷᠥᠯ ᠤᠨ ᠨᠢᠭᠡᠴᠢ 3% ᠪᠠᠷ ᠱᠠᠩᠨᠠᠵᠤ᠂ | ᠭᠤᠷᠪᠠᠳᠤᠭᠠᠷ ᠲᠥᠷᠥᠯ ᠤᠨ ᠨᠢᠭᠡᠴᠢ 4% ᠪᠠᠷ ᠱᠠᠩᠨᠠᠨ᠎ᠠ︔ | 500 ᠲᠦᠮᠡᠨ ᠠᠴᠠ 2000 ᠲᠦᠮᠡᠨ ᠲᠥᠭᠦᠷᠢᠭ ︵2000 ᠲᠦᠮᠡᠨ ᠲᠥᠭᠦᠷᠢᠭ ᠢ ᠪᠠᠭᠲᠠᠭᠠᠨ᠎ᠠ︶ ᠤᠨ | ᠨᠢᠭᠡᠳᠦᠭᠡᠷ ᠲᠥᠷᠥᠯ᠂ ᠬᠤᠶᠠᠳᠤᠭᠠᠷ ᠲᠥᠷᠥᠯ᠂ ᠭᠤᠷᠪᠠᠳᠤᠭᠠᠷ ᠲᠥᠷᠥᠯ ᠤᠨ ᠨᠢᠭᠡᠴᠢ ᠶᠢ ᠨᠢᠭᠡᠳᠦᠯᠲᠡᠢ 1% ᠪᠠᠷ | ᠱᠠᠩᠨᠠᠨ᠎ᠠ︔ | 2000 ᠲᠦᠮᠡᠨ ᠲᠥᠭᠦᠷᠢᠭ ᠠᠴᠠ 5000 ᠲᠦᠮᠡᠨ ᠲᠥᠭᠦᠷᠢᠭ ︵5000 ᠲᠦᠮᠡᠨ ᠲᠥᠭᠦᠷᠢᠭ ᠢ | ᠪᠠᠭᠲᠠᠭᠠᠨ᠎ᠠ︶ ᠤᠨ ᠨᠢᠭᠡᠳᠦᠭᠡᠷ ᠲᠥᠷᠥᠯ᠂ ᠬᠤᠶᠠᠳᠤᠭᠠᠷ ᠲᠥᠷᠥᠯ᠂ ᠭᠤᠷᠪᠠᠳᠤᠭᠠᠷ ᠲᠥᠷᠥᠯ ᠤᠨ ᠨᠢᠭᠡᠴᠡ ᠶᠢ 0. | 5% ᠪᠠᠷ ᠨᠢᠭᠡᠳᠦᠯᠲᠡᠢ ᠱᠠᠩᠨᠠᠨ᠎ᠠ︔ | 5000ᠲᠦᠮᠡᠨ ᠲᠥᠭᠦᠷᠢᠭ ᠠᠴᠠ ᠳᠡᠭᠡᠭᠰᠢᠬᠢ ᠨᠢᠭᠡᠳᠦᠭᠡᠷ ᠲᠥᠷᠥᠯ᠂ ᠬᠤᠶᠠᠳᠤᠭᠠᠷ ᠲᠥᠷᠥᠯ᠂ | ᠭᠤᠷᠪᠠᠳᠤᠭᠠᠷ ᠲᠥᠷᠥᠯ ᠤᠨ ᠨᠢᠭᠡᠴᠡ ᠶᠢ ᠨᠢᠭᠡᠳᠦᠯᠲᠡᠢ ᠪᠠᠷ 0.3% ᠪᠠᠷ ᠱᠠᠩᠨᠠᠨ᠎ᠠ᠃ | ︵2︶ᠣᠨ ᠤ ᠣᠯᠵᠤ ᠠᠪᠤᠭᠰᠠᠨ ᠡᠩ ᠤᠨ ᠵᠢᠭᠡᠯᠡᠯᠭᠡ ᠶᠢᠨ ᠲᠡᠮᠳᠡᠭᠲᠦ᠂ ᠲᠤᠰᠬᠠᠢ ᠵᠦᠢᠯ ᠤᠨ | ᠵᠢᠭᠡᠯᠡᠯᠭᠡ ᠶᠢᠨ ᠲᠡᠮᠳᠡᠭᠲᠦ ᠵᠡᠷᠭᠡ ᠲᠥᠯᠥᠪᠦᠷᠢ ᠲᠠᠢ ᠬᠦᠦ ᠮᠥᠩᠭᠦ ᠶᠢᠨ ᠪᠡᠯᠡ ᠮᠥᠩᠭᠦ ᠳᠤ ᠪᠣᠯ 1.5 ‰ ᠱᠠᠩᠨᠠᠯ | ᠣᠯᠭᠤᠨ᠎ᠠ᠃ | ︵3︶ᠨᠢᠭᠡ ᠯᠡ ᠤᠳᠠᠭ᠎ᠠ ᠶᠢᠨ ᠴᠢᠨᠠᠷᠲᠠᠢ ᠪᠠᠷ ᠲᠡᠮᠡᠴᠡᠨ ᠣᠯᠣᠭᠰᠠᠨ᠂ ᠵᠢᠯ ᠠᠯᠤᠰᠯᠠᠨ ᠰᠠᠯᠭᠠᠨ ᠥᠭᠭᠦᠭᠰᠡᠨ | ᠪᠤᠶᠤ ᠣᠨ ᠬᠤᠪᠢᠶᠠᠨ ᠰᠠᠯᠭᠠᠨ ᠥᠭᠭᠦᠭᠰᠡᠨ ᠪᠣᠯ ᠲᠤᠬᠠᠢ ᠶᠢᠨ ᠵᠢᠯ ᠤᠨ ᠪᠣᠳᠠᠲᠠᠢ ᠰᠠᠯᠭᠠᠨ ᠥᠭᠭᠦᠭᠰᠡᠨ ᠪᠡᠯᠡ | ᠮᠥᠩᠭᠦ ᠶᠢᠨ ᠲᠤᠭ᠎ᠠ ᠪᠠᠷ ᠪᠤᠳᠤᠨ᠎ᠠ᠃ | ︵4︶ ᠨᠢᠭᠡ ᠨᠢᠭᠡᠴᠡ ᠪᠠᠷ ᠭᠠᠭᠴᠠᠭᠠᠷ ᠣᠯᠵᠤ ᠠᠪᠤᠭᠰᠠᠨ ᠳᠡᠭᠡᠳᠦ ᠱᠠᠲᠤᠨ ᠤ ᠪᠡᠯᠡ ᠮᠥᠩᠭᠦ ᠶᠢ | ᠱᠠᠩᠨᠠᠯ ᠤᠨ ᠪᠡᠯᠡ ᠮᠥᠩᠭᠦ ᠶᠢ ᠪᠦᠬᠦ ᠲᠤᠭ᠎ᠠ ᠪᠠᠷ ᠣᠯᠵᠤ ᠪᠠᠶᠢᠭ᠎ᠠ ᠨᠢᠭᠡᠴᠢ ᠳᠤ ᠥᠭᠭᠦᠨ᠎ᠡ᠃ | ︵5︶ᠬᠤᠶᠠᠷ ᠪᠤᠶᠤ ᠬᠤᠶᠠᠷ ᠠᠴᠠ ᠳᠡᠭᠡᠭᠰᠢᠬᠢ ᠨᠢᠭᠡᠴᠢ ᠶᠢᠨ ᠬᠠᠮᠲᠤ ᠪᠠᠷ ᠣᠯᠣᠭᠰᠠᠨ ᠳᠡᠭᠡᠳᠦ ᠱᠠᠲᠤᠨ ᠤ | ᠲᠥᠷᠥᠯ ᠵᠦᠢᠯ ᠤᠨ ᠪᠡᠯᠡ ᠮᠥᠩᠭᠦ ᠶᠢ ᠪᠡᠯᠡ ᠮᠥᠩᠭᠦ ᠣᠯᠬᠤ ᠭᠤᠣᠯ ᠨᠢᠭᠡᠴᠢ ᠪᠠ ᠬᠠᠮᠵᠢᠯᠴᠠᠬᠤ ᠨᠢᠭᠡᠴᠢ ᠭᠡᠵᠦ | ᠬᠤᠪᠢᠶᠠᠨ᠎ᠠ᠃ ᠡᠭᠦᠨ ᠳᠤ ᠭᠤᠣᠯ ᠪᠣᠯᠬᠤ ᠨᠢᠭᠡᠴᠢ ᠶᠢᠨ ᠱᠠᠩᠨᠠᠯ ᠤᠨ ᠪᠡᠯᠡ ᠮᠥᠩᠭᠦ ᠶᠢ 60% ᠠᠴᠠ ᠬᠡᠲᠦᠷᠡᠭᠦᠯᠵᠦ | ᠪᠣᠯᠬᠤ ᠦᠭᠡᠢ᠃ ᠬᠤᠶᠠᠷ ᠪᠤᠶᠤ ᠬᠤᠶᠠᠷ ᠠᠴᠠ ᠳᠡᠭᠡᠭᠰᠢ ᠬᠠᠮᠵᠢᠯᠴᠠᠬᠤ ᠨᠢᠭᠡᠴᠡ ᠳᠤ ᠬᠤᠯᠪᠣᠭᠳᠠᠭᠰᠠᠨ ᠱᠠᠩᠨᠠᠯ ᠤᠨ | ᠪᠡᠯᠡ ᠮᠥᠩᠭᠦ ᠶᠢ ᠭᠤᠣᠯ ᠪᠣᠯᠬᠤ ᠨᠢᠭᠡᠴᠡ ᠠᠴᠠ ᠬᠠᠮᠵᠢᠯᠴᠠᠬᠤ ᠨᠢᠭᠡᠴᠡ ᠲᠠᠢ ᠵᠥᠪᠳᠡᠯᠴᠡᠨ ᠬᠤᠪᠢᠶᠠᠷᠢᠯᠠᠬᠤ | ᠰᠠᠨᠠᠯ ᠢᠶᠠᠨ ᠳᠤᠷᠠᠳᠴᠤ ᠪᠣᠯᠣᠨ᠎ᠠ᠃ | 2. ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢᠨ ᠱᠠᠩᠨᠠᠯ ᠢ ᠲᠡᠮᠡᠴᠡᠨ ᠣᠯᠣᠨ᠎ᠠ | ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢ ᠲᠡᠮᠡᠴᠡᠨ ᠣᠯᠬᠤ ᠳᠤ᠂ ᠲᠥᠷᠥ ᠶᠢᠨ ᠪᠣᠳᠣᠯᠭ᠎ᠠ ᠶᠢ ᠣᠯᠬᠤ ᠶᠢᠨ | ᠬᠠᠮᠲᠤ ᠢᠵᠢ ᠪᠦᠷᠢᠳᠦᠭᠦᠯᠬᠦ ᠪᠡᠯᠡ ᠮᠥᠩᠭᠦ ᠶᠢ ᠪᠣᠳᠠᠲᠠᠶᠢᠵᠢᠭᠤᠯᠤᠭᠰᠠᠨ ᠪᠠᠶᠢᠪᠠᠯ᠂ ᠥᠨᠳᠥᠷ ᠪᠥᠭᠡᠳ | ᠳᠠᠪᠬᠤᠷᠳᠠᠭᠤᠯᠬᠤ ᠦᠭᠡᠢ ᠵᠠᠷᠴᠢᠮ ᠤᠨ ᠶᠣᠰᠣᠭᠠᠷ ᠬᠥᠬᠢᠭᠦᠯᠦᠨ ᠱᠠᠩᠨᠠᠨ᠎ᠠ᠃ ᠤᠯᠤᠰ ᠤᠨ ᠲᠠᠰ ᠤᠨ ᠲᠥᠷᠥ ᠶᠢᠨ | ᠪᠣᠳᠣᠯᠭ᠎ᠠ ᠶᠢ ᠨᠢᠭᠡ ᠯᠡ ᠤᠳᠠᠭ᠎ᠠ ᠳᠤ 20 ᠲᠦᠮᠡᠨ ᠲᠥᠭᠦᠷᠢᠭ ᠢᠶᠠᠷ ᠱᠠᠩᠨᠠᠵᠤ᠂ ᠮᠤᠵᠢ ᠶᠢᠨ ᠱᠠᠲᠤᠨ ᠤ | ᠲᠥᠷᠥ ᠶᠢᠨ ᠪᠣᠳᠣᠯᠭ᠎ᠠ ᠶᠢ ᠨᠢᠭᠡ ᠯᠡ ᠤᠳᠠᠭ᠎ᠠ ᠳᠤ 10 ᠲᠦᠮᠡᠨ ᠲᠥᠭᠦᠷᠢᠭ ᠢᠶᠠᠷ ᠱᠠᠩᠨᠠᠵᠤ᠂ ᠬᠤᠲᠠ ᠶᠢᠨ | ᠱᠠᠲᠤᠨ ᠤ ᠲᠥᠷᠥ ᠶᠢᠨ ᠪᠣᠳᠣᠯᠭ᠎ᠠ ᠶᠢ ᠨᠢᠭᠡ ᠯᠡ ᠤᠳᠠᠭ᠎ᠠ ᠳᠤ 5 ᠲᠦᠮᠡᠨ ᠲᠥᠭᠦᠷᠢᠭ ᠢᠶᠠᠷ ᠱᠠᠩᠨᠠᠨ᠎ᠠ᠃ | 3. ᠵᠢᠱᠢᠶ᠎ᠡ ᠦᠵᠡᠭᠦᠯᠬᠦ ᠲᠤᠷᠰᠢᠯᠲᠠ ᠶᠢᠨ ᠴᠢᠭ ᠤᠨ ᠱᠠᠩᠨᠠᠯ ᠣᠯᠬᠤ ᠪᠠᠷ ᠴᠢᠷᠮᠠᠶᠢᠬᠤ ᠬᠡᠷᠡᠭᠲᠡᠢ | ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠳᠤᠮᠳᠠ᠂ ᠤᠯᠤᠰ ᠤᠨ ᠲᠠᠰ ᠤᠨ ᠢᠷᠠᠭᠤ ᠠᠯᠳᠠᠷ ᠢ | ᠭᠥᠷᠳᠡᠭᠰᠡᠨ ᠨᠢᠭᠡ ᠯᠡ ᠤᠳᠠᠭ᠎ᠠ ᠳᠤ 20 ᠲᠦᠮᠡᠨ ᠲᠥᠭᠦᠷᠢᠭ ᠤᠨ ᠱᠠᠩᠨᠠᠯ ᠣᠯᠭᠤᠵᠤ᠂ ᠮᠤᠵᠢ ᠶᠠᠮᠤᠨ ᠤ ᠲᠠᠰ ᠤᠨ | ᠢᠷᠠᠭᠤ ᠠᠯᠳᠠᠷ ᠢ ᠨᠢᠭᠡ ᠯᠡ ᠤᠳᠠᠭ᠎ᠠ ᠳᠤ 10 ᠲᠦᠮᠡᠨ ᠲᠥᠭᠦᠷᠢᠭ ᠤᠨ ᠱᠠᠩᠨᠠᠯ ᠣᠯᠭᠤᠵᠤ᠂ ᠬᠤᠲᠠ ᠶᠢᠨ | ᠲᠢᠩᠬᠢᠮ ᠤᠨ ᠲᠠᠰ ᠤᠨ ᠢᠷᠠᠭᠤ ᠠᠯᠳᠠᠷ ᠢ ᠨᠢᠭᠡ ᠯᠡ ᠤᠳᠠᠭ᠎ᠠ ᠳᠤ 5 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ | | ︵ᠬᠤᠶᠠᠷ︶ᠤᠳᠤᠷᠢᠳᠬᠤ ᠪᠠᠭ ᠪᠣᠯᠣᠨ ᠤᠳᠤᠷᠢᠳᠬᠤ ᠺᠠᠲᠠᠷ ᠤᠨ ᠵᠣᠷᠢᠭᠵᠢᠭᠤᠯᠤᠯ | 1. ᠬᠤᠶᠠᠷ ᠵᠢᠯ ᠳᠠᠷᠠᠭᠠᠯᠠᠨ ᠳᠡᠭᠡᠳᠦ ᠱᠠᠲᠤᠨ ᠤ ᠪᠡᠯᠡ ᠮᠥᠩᠭᠦ ᠶᠢ 1000 ᠲᠦᠮᠡᠨ ᠲᠥᠭᠦᠷᠢᠭ ᠠᠴᠠ | ᠳᠡᠭᠡᠭᠰᠢ ᠲᠡᠮᠡᠴᠡᠨ ᠣᠯᠣᠭᠰᠠᠨ ᠪᠥᠭᠡᠳ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ ᠡᠮᠦᠨ᠎ᠡ ᠭᠤᠷᠪᠠ ᠳᠤ | ᠵᠢᠭᠰᠠᠭᠠᠭᠳᠠᠭᠰᠠᠨ ᠨᠢᠭᠡᠴᠢ ᠶᠢᠨ ᠺᠠᠳ᠋ᠷ ᠠᠵᠢᠯᠲᠠᠨ ᠤ ᠰᠢᠯᠢᠳᠡᠭ ᠢ ᠨᠢ ᠰᠢᠯᠭᠠᠷᠠᠭᠤᠯᠬᠤ ᠬᠠᠷᠢᠴᠠᠯ ᠢ ᠬᠠᠮᠤᠭ ᠤᠨ | ᠥᠨᠳᠥᠷ ᠲᠡᠭᠡᠨ 25% ᠠᠴᠠ ᠬᠡᠲᠦᠷᠡᠭᠦᠯᠵᠦ ᠪᠣᠯᠬᠤ ᠦᠭᠡᠢ᠂ ᠠᠵᠢᠯ ᠦᠢᠯᠡᠰ ᠤᠨ ᠬᠥᠮᠥᠰ ᠤᠨ ᠰᠢᠯᠢᠳᠡᠭ ᠢ ᠨᠢ | ᠰᠢᠯᠭᠠᠷᠠᠭᠤᠯᠬᠤ ᠬᠠᠷᠢᠴᠠᠯ ᠢ ᠬᠠᠮᠤᠭ ᠤᠨ ᠥᠨᠳᠥᠷ ᠲᠡᠭᠡᠨ 20% ᠠᠴᠠ ᠬᠡᠲᠦᠷᠡᠭᠦᠯᠵᠦ ᠪᠣᠯᠬᠤ ᠦᠭᠡᠢ ᠰᠠᠭᠤᠷᠢᠨ | ᠳᠡᠭᠡᠷ᠎ᠡ ᠵᠣᠬᠢᠰᠲᠠᠢ ᠳᠡᠭᠡᠭᠰᠢᠯᠡᠭᠦᠯᠦᠨ᠎ᠡ᠃ ᠬᠤᠶᠠᠷ ᠵᠢᠯ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠤ ᠱᠠᠲᠤ ᠵᠢᠴᠢ | ᠲᠡᠭᠦᠨ ᠠᠴᠠ ᠳᠡᠭᠡᠭᠰᠢᠬᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠣᠯᠣᠨ ᠲᠤᠷᠰᠢᠯᠲᠠ ᠶᠢᠨ ᠴᠢᠭ ᠢᠶᠠᠷ ᠵᠢᠱᠢᠶ᠎ᠡ | ᠦᠵᠡᠭᠦᠯᠬᠦ ᠨᠢᠭᠡᠴᠡ ᠶᠢ ᠴᠢᠷᠮᠠᠶᠢᠨ ᠣᠯᠵᠤ᠂ ᠵᠣᠬᠢᠶᠠᠨ ᠪᠠᠶᠢᠭᠤᠯᠤᠨ ᠰᠤᠳᠤᠯᠤᠨ ᠮᠠᠭᠠᠳᠯᠠᠬᠤ ᠪᠠᠷ ᠳᠠᠮᠵᠢᠨ᠂ ᠲᠤᠰ | ᠵᠦᠢᠯ ᠢᠶᠠᠷ ᠯᠠᠪᠯᠠᠯᠲᠠ ᠪᠣᠯᠭᠠᠨ ᠤᠷᠮᠠᠰᠢᠭᠤᠯᠤᠨ᠎ᠠ᠃ | 2. ︽ᠭᠤᠷᠪᠠ ᠶᠢ ᠲᠡᠮᠡᠴᠡᠨ ᠣᠯᠬᠤ︾ ᠠᠵᠢᠯ ᠤᠨ ᠳᠤᠮᠳᠠ᠂ ᠲᠣᠭᠤᠷᠢᠭ ᠤᠨ ᠨᠠᠮ ᠤᠨ ᠬᠤᠷᠢᠶ᠎ᠠ᠂ | ᠲᠣᠭᠤᠷᠢᠭ ᠤᠨ ᠵᠠᠰᠠᠭ ᠤᠨ ᠣᠷᠳᠣᠨ ᠤ ᠰᠤᠳᠤᠯᠤᠨ ᠮᠠᠭᠠᠳᠯᠠᠭᠰᠠᠨ ᠢᠯᠡᠷᠡᠯ ᠢᠶᠠᠷ ᠲᠣᠪᠣᠶᠢᠮ᠎ᠠ ᠺᠠᠳ᠋ᠷ ᠤᠨ | ᠰᠢᠯᠢᠳᠡᠭ ᠢ ᠰᠢᠯᠭᠠᠷᠠᠭᠤᠯᠤᠨ ᠲᠡᠷᠢᠭᠦᠨ ᠤ ᠬᠢ ᠶᠢ ᠰᠢᠯᠭᠠᠷᠠᠭᠤᠯᠬᠤ᠂ ᠲᠤᠰᠢᠶᠠᠯ ᠤᠨ ᠳᠡᠰ ᠢ ᠳᠡᠪᠰᠢᠭᠦᠯᠬᠦ ᠵᠡᠷᠭᠡ | ᠲᠠᠯ᠎ᠠ ᠪᠠᠷ ᠤᠷᠢᠳᠠᠪᠠᠷ ᠪᠣᠳᠣᠯᠬᠢᠯᠠᠨ᠎ᠠ᠃ | 3. ᠳᠡᠭᠡᠳᠦ ᠱᠠᠲᠤᠨ ᠤ ᠱᠠᠩᠨᠠᠯ ᠪᠠ ᠳᠡᠮᠵᠢᠯᠭᠡ ᠶᠢ ᠣᠯᠪᠠᠯ᠂ ᠣᠨ ᠤ ᠬᠢᠨᠠᠨ ᠰᠢᠯᠭᠠᠯᠲᠠ ᠶᠢᠨ ᠶᠡᠷᠦᠩᠬᠡᠢ | ᠬᠤᠪᠢ ᠶᠢᠨ ᠳᠣᠲᠣᠷ᠎ᠠ ᠠᠴᠠ ᠬᠤᠪᠢ ᠨᠡᠮᠡᠵᠦ᠂ ᠪᠣᠳᠠᠲᠠᠢ ᠪᠠᠷ ᠬᠡᠯᠡᠪᠡᠯ ᠤᠯᠤᠰ ᠤᠨ ᠲᠠᠰ ᠤᠨ 2 ᠬᠤᠪᠢ ᠨᠡᠮᠡᠵᠦ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠤᠯᠤᠰ ᠤᠨ ᠶᠠᠮᠤᠨ ᠵᠥᠪᠯᠡᠯ ᠤᠨ | 1 ᠬᠤᠪᠢ ᠨᠡᠮᠡᠵᠦ᠂ ᠪᠤᠭᠤᠲᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠥᠪᠡᠷᠲᠡᠭᠡᠨ ᠵᠠᠰᠠᠬᠤ | ᠣᠷᠣᠨ ᠤ ᠲᠢᠩᠬᠢᠮ ᠲᠣᠪᠴᠢᠶ᠎ᠠ ᠶᠢᠨ 0.5 ᠬᠤᠪᠢ ᠨᠡᠮᠡᠨ᠎ᠡ᠃ ᠲᠤᠰᠬᠠᠢ ᠠᠵᠢᠯ ᠨᠢ ᠳᠡᠭᠡᠳᠦ ᠱᠠᠲᠤᠨ ᠤ ᠰᠠᠯᠠᠭ᠎ᠠ | ᠮᠥᠴᠢᠷ ᠢ ᠳᠡᠯᠭᠡᠷᠡᠭᠦᠯᠦᠭᠰᠡᠨ ᠪᠠᠶᠢᠪᠠᠯ᠂ ᠤᠯᠤᠰ ᠤᠨ ᠱᠠᠲᠤᠨ ᠳᠤ 2 ᠬᠤᠪᠢ ᠨᠡᠮᠡᠵᠦ᠂ ᠥᠪᠡᠷᠲᠡᠭᠡᠨ ᠵᠠᠰᠠᠬᠤ | ᠣᠷᠣᠨ ᠤ ᠲᠠᠰ ᠨᠢ 1 ᠬᠤᠪᠢ᠂ ᠬᠤᠲᠠ ᠶᠢᠨ ᠲᠠᠰ ᠨᠢ 0.5 ᠬᠤᠪᠢ ᠪᠣᠯᠣᠨ᠎ᠠ᠃ ᠠᠳᠠᠯᠢ ᠪᠤᠰᠤ ᠢᠷᠠᠭᠤ ᠠᠯᠳᠠᠷ ᠢ | ᠨᠡᠶᠢᠲᠡ ᠬᠤᠪᠢ ᠨᠡᠮᠡᠬᠦ ᠳᠡᠭᠡᠳᠦ ᠬᠢᠵᠠᠭᠠᠷ ᠢ 5 ᠬᠤᠪᠢ ᠠᠴᠠ ᠬᠡᠲᠦᠷᠡᠭᠦᠯᠬᠦ ᠦᠭᠡᠢ᠃ ᠡᠭᠦᠨ ᠠᠴᠠ ᠭᠠᠳᠠᠨ᠎ᠠ᠂ | ︽ᠭᠤᠷᠪᠠ ᠶᠢ ᠲᠡᠮᠡᠴᠡᠨ ᠣᠯᠬᠤ︾ ᠠᠵᠢᠯ ᠨᠢ ᠰᠢᠭᠤᠶᠢᠲᠤ ᠲᠣᠭᠤᠷᠢᠭ ᠤᠨ ᠲᠤᠰᠬᠠᠢ ᠰᠢᠯᠭᠠᠨ ᠬᠢᠨᠠᠬᠤ ᠳᠤ | ᠣᠷᠣᠭᠤᠯᠵᠤ᠂ ᠲᠤᠰᠬᠠᠢ ᠰᠢᠯᠭᠠᠨ ᠬᠢᠨᠠᠬᠤ ᠳᠤ ᠡᠮᠦᠨ᠎ᠡ ᠪᠠᠶᠢᠭ᠎ᠠ ᠨᠢᠭᠡᠴᠡ ︽ᠰᠢᠭᠤᠶᠢᠲᠤ ᠲᠣᠭᠤᠷᠢᠭ ᠤᠨ ᠰᠠᠯᠠᠭᠠᠨ | ᠲᠠᠰ ︵ᠳᠡᠳ᠋ ᠭᠠᠵᠠᠷ ᠤᠨ ᠲᠠᠰ ᠢ ᠪᠠᠭᠲᠠᠭᠠᠨ᠎ᠠ︶ ᠤᠨ ᠤᠳᠤᠷᠢᠳᠬᠤ ᠪᠠᠭ ᠪᠠ ᠤᠳᠤᠷᠢᠳᠬᠤ ᠺᠠᠳ᠋ᠷ ᠤᠨ ︿ᠨᠢᠭᠡ | ᠭᠠᠵᠠᠷ ᠲᠤ ᠬᠤᠶᠠᠷ ᠤᠳᠠᠭ᠎ᠠ ᠰᠢᠯᠭᠠᠨ ᠪᠠᠶᠢᠴᠠᠭᠠᠵᠤ ᠭᠤᠷᠪᠠᠨ ᠳᠦᠷᠢᠮ﹀ ᠤᠨ ᠰᠢᠯᠭᠠᠨ ᠦᠨᠡᠯᠡᠬᠦ ᠠᠷᠭ᠎ᠠ︾ ︵ | ᠰᠢᠭᠤᠶᠢᠲᠤ ᠨᠠᠮ ᠲᠠᠷᠬᠠᠭᠠᠭᠰᠠᠨ﹇2023﹈ 17 ᠳ᠋ᠤᠭᠠᠷ ᠲᠣᠭᠠᠲᠤ︶ ᠳᠠᠬᠢ ︽ᠬᠤᠪᠢ ᠨᠡᠮᠡᠵᠦ ᠬᠠᠰᠠᠬᠤ︾ ᠠᠷᠭ᠎ᠠ ᠪᠠᠷ | ᠦᠷᠭᠦᠯᠵᠢᠯᠡᠨ ᠬᠤᠪᠢ ᠨᠡᠮᠡᠵᠦ ᠪᠣᠯᠣᠨ᠎ᠠ᠃ | ︵ᠭᠤᠷᠪᠠ︶ᠬᠢᠨᠠᠨ ᠵᠥᠪᠰᠢᠶᠡᠷᠡᠬᠦ ᠵᠢᠷᠤᠮ | 1.ᠮᠡᠳᠡᠭᠦᠯᠬᠦ᠃ ᠡᠯ᠎ᠡ ᠨᠢᠭᠡᠴᠡ ᠨᠦᠭᠦᠳ ᠴᠢᠷᠮᠠᠶᠢᠨ ᠣᠯᠣᠭᠰᠠᠨ ᠳᠡᠭᠡᠳᠦ ᠱᠠᠲᠤᠨ ᠤ ᠲᠥᠷᠥᠯ ᠵᠦᠢᠯ ᠤᠨ | ᠪᠡᠯᠡ ᠮᠥᠩᠭᠦ ᠶᠢᠨ ᠪᠣᠳᠠᠲᠠᠢ ᠳᠠᠩᠰᠠᠨ ᠳᠤ ᠬᠦᠷᠦᠭᠰᠡᠨ ᠤ ᠳᠠᠷᠠᠭ᠎ᠠ᠂ ᠴᠢᠷᠮᠠᠶᠢᠨ ᠣᠯᠣᠭᠰᠠᠨ ᠲᠥᠷᠥ ᠶᠢᠨ ᠪᠣᠳᠣᠯᠭ᠎ᠠ᠂ | ᠵᠢᠱᠢᠶ᠎ᠡ ᠦᠵᠡᠭᠦᠯᠬᠦ ᠲᠤᠷᠰᠢᠯᠲᠠ ᠶᠢᠨ ᠴᠡᠭ ᠤᠨ ᠪᠢᠴᠢᠭ ᠮᠠᠲ᠋ᠧᠷᠢᠶᠠᠯ ᠢ ᠵᠢᠩᠬᠢᠨᠢ ᠪᠠᠷ ᠪᠠᠭᠤᠯᠭᠠᠭᠰᠠᠨ ᠤ ᠳᠠᠷᠠᠭ᠎ᠠ᠂ | ᠲᠣᠭᠤᠷᠢᠭ ᠤᠨ ᠡᠳ᠋ ᠤᠨ ᠵᠠᠰᠠᠭ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠢᠴᠢ | ᠲᠣᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠲᠤ ᠲᠣᠰ ᠲᠣᠰ ᠴᠢᠷᠮᠠᠶᠢᠨ ᠣᠯᠣᠭᠰᠠᠨ | ᠪᠠᠶᠢᠳᠠᠯ ᠢᠶᠠᠨ ᠮᠡᠳᠡᠭᠦᠯᠵᠦ᠂ ︽ᠰᠢᠭᠤᠶᠢᠲᠤ ᠲᠣᠭᠤᠷᠢᠭ ᠤᠨ ︿ᠭᠤᠷᠪᠠ ᠶᠢ ᠲᠡᠮᠡᠴᠡᠨ ᠣᠯᠬᠤ﹀ ᠱᠠᠩᠨᠠᠯ ᠤᠨ ᠪᠡᠯᠡ | ᠮᠥᠩᠭᠦ ᠶᠢᠨ ᠭᠤᠶᠤᠴᠢᠯᠠᠯ ᠤᠨ ᠬᠦᠰᠦᠨᠦᠭᠲᠦ︾ ᠶᠢ ᠲᠠᠭᠯᠠᠨ ᠮᠡᠳᠡᠭᠦᠯᠬᠦ ᠶᠢᠨ ᠬᠠᠮᠲᠤ ᠳᠡᠭᠡᠳᠦ ᠱᠠᠲᠤᠨ ᠤ ᠰᠠᠯᠠᠭ᠎ᠠ | ᠮᠥᠴᠢᠷ ᠤᠨ ᠪᠠᠭᠤᠯᠭᠠᠭᠰᠠᠨ ᠪᠡᠯᠡ ᠮᠥᠩᠭᠦ ᠶᠢᠨ ᠭᠦᠢᠴᠡᠳᠬᠡᠯ ᠲᠤᠭ᠎ᠠ ᠶᠢᠨ ᠪᠢᠴᠢᠭ ᠮᠠᠲ᠋ᠧᠷᠢᠶᠠᠯ ᠤᠨ | ᠬᠠᠭᠤᠯᠪᠤᠷᠢ ᠶᠢ ᠬᠠᠩᠭᠠᠬᠤ ᠬᠡᠷᠡᠭᠲᠡᠢ᠃ ᠬᠤᠶᠠᠷ ᠪᠤᠶᠤ ᠬᠤᠶᠠᠷ ᠠᠴᠠ ᠳᠡᠭᠡᠭᠰᠢᠬᠢ ᠨᠢᠭᠡᠴᠡ ᠶᠢᠨ ᠬᠠᠮᠲᠤᠪᠠᠷ | ᠣᠯᠣᠭᠰᠠᠨ ᠲᠥᠷᠥᠯ ᠵᠦᠢᠯ ᠢ ᠭᠤᠣᠯ ᠴᠢᠷᠮᠠᠶᠢᠨ ᠣᠯᠣᠭᠰᠠᠨ ᠨᠢᠭᠡᠴᠡ ᠠᠴᠠ ᠮᠡᠳᠡᠭᠦᠯᠵᠦ᠂ ᠠᠳᠠᠯᠢ ᠨᠢᠭᠡᠨ | ᠲᠥᠷᠥᠯ ᠵᠦᠢᠯ ᠢ ᠳᠠᠪᠬᠤᠷᠳᠠᠭᠤᠯᠤᠨ ᠪᠣᠳᠣᠬᠤ ᠦᠭᠡᠢ᠃ | 2. ᠮᠠᠭᠠᠳᠯᠠᠨ ᠲᠣᠭᠲᠠᠭᠠᠬᠤ᠃ ᠪᠡᠯᠡ ᠮᠥᠩᠭᠦ ᠶᠢ ᠲᠡᠮᠡᠴᠡᠨ ᠣᠯᠬᠤ ᠳᠤ ᠲᠣᠭᠤᠷᠢᠭ ᠤᠨ ᠡᠳ᠋ ᠤᠨ | ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠢᠨᠠᠨ ᠪᠤᠳᠤᠬᠤ ᠲᠣᠪᠴᠢᠶ᠎ᠠ ᠠᠴᠠ | ᠲᠥᠷᠥᠯ ᠵᠦᠢᠯ ᠤᠨ ᠪᠡᠯᠡ ᠮᠥᠩᠭᠦ ᠶᠢ ᠮᠠᠭᠠᠳᠯᠠᠨ ᠲᠣᠭᠲᠠᠭᠠᠬᠤ ᠳᠤᠭᠤᠶᠢᠯᠠᠩ ᠪᠠᠶᠢᠭᠤᠯᠵᠤ᠂ ᠲᠥᠷᠥ ᠶᠢᠨ ᠪᠣᠳᠣᠯᠭ᠎ᠠ | ᠪᠠ ᠵᠢᠱᠢᠶ᠎ᠡ ᠦᠵᠡᠭᠦᠯᠬᠦ ᠲᠤᠷᠰᠢᠯᠲᠠ ᠶᠢᠨ ᠴᠡᠭ ᠢ ᠲᠣᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ | ᠬᠡᠯᠲᠡᠰ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠡᠳ᠋ ᠤᠨ ᠵᠠᠰᠠᠭ ᠤᠨ | ᠲᠣᠪᠴᠢᠶ᠎ᠠ ᠠᠴᠠ ᠬᠠᠮᠲᠤ ᠪᠠᠷ ᠮᠠᠭᠠᠳᠯᠠᠨ ᠲᠣᠭᠲᠠᠭᠠᠬᠤ ᠳᠤᠭᠤᠶᠢᠯᠠᠩ ᠪᠠᠶᠢᠭᠤᠯᠵᠤ᠂ ᠡᠯ᠎ᠡ ᠨᠢᠭᠡᠴᠡ ᠶᠢᠨ | ᠮᠡᠳᠡᠭᠦᠯᠦᠭᠰᠡᠨ ᠲᠥᠷᠥᠯ ᠵᠦᠢᠯ ᠤᠨ ᠪᠡᠯᠡ ᠮᠥᠩᠭᠦ ᠶᠢ ᠴᠢᠷᠮᠠᠶᠢᠨ ᠣᠯᠣᠭᠰᠠᠨ ᠪᠠᠶᠢᠳᠠᠯ᠂ ᠲᠥᠷᠥ ᠶᠢᠨ ᠪᠣᠳᠣᠯᠭ᠎ᠠ ᠶᠢᠨ | ᠪᠠᠶᠢᠳᠠᠯ᠂ ᠵᠢᠱᠢᠶ᠎ᠡ ᠦᠵᠡᠭᠦᠯᠬᠦ ᠲᠤᠷᠰᠢᠯᠲᠠ ᠶᠢᠨ ᠴᠡᠭ ᠤᠨ ᠪᠠᠶᠢᠳᠠᠯ ᠢ ᠬᠢᠨᠠᠨ ᠬᠠᠷᠭᠤᠭᠤᠯᠵᠤ ᠨᠤᠲᠠᠯᠠᠨ᠎ᠠ᠃ | 3. ᠬᠢᠨᠠᠨᠵᠥ᠋ᠪᠰᠢᠶᠡᠷᠡᠬᠦ᠃ ᠲᠥᠷᠥᠯ ᠵᠦᠢᠯ ᠤᠨ ᠪᠡᠯᠡ ᠮᠥᠩᠭᠦ ᠶᠢ ᠮᠠᠭᠠᠳᠯᠠᠨ ᠲᠣᠭᠲᠠᠭᠠᠬᠤ | ᠳᠤᠭᠤᠶᠢᠯᠠᠩ ᠠᠴᠠ ᠡᠯ᠎ᠡ ᠨᠢᠭᠡᠴᠡ ᠶᠢᠨ ᠱᠠᠩᠨᠠᠯ ᠤᠨ ᠪᠡᠯᠡ ᠮᠥᠩᠭᠦ ᠶᠢ ᠲᠥᠰᠥᠭᠡᠯᠡᠨ ᠪᠤᠳᠤᠵᠤ᠂ ᠱᠠᠩᠨᠠᠬᠤ | ᠲᠥᠰᠥᠯ ᠢ ᠳᠤᠷᠠᠳᠤᠨ ᠭᠠᠷᠭᠠᠵᠤ᠂ ᠲᠣᠭᠤᠷᠢᠭ ᠤᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ | ᠵᠥᠪᠰᠢᠶᠡᠷᠡᠭᠦᠯᠦᠨ᠎ᠡ᠃ | 4. ᠪᠤᠲᠠᠲᠠᠶᠢᠵᠢᠭᠤᠯᠬᠤ᠃ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠲᠣᠭᠤᠷᠢᠭ ᠤᠨ ᠵᠠᠰᠠᠭ ᠤᠨ | ᠣᠷᠳᠣᠨ ᠤ ᠬᠢᠨᠠᠨ ᠵᠥᠪᠰᠢᠶᠡᠷᠡᠭᠰᠡᠨ ᠰᠠᠨᠠᠯ ᠢ ᠦᠨᠳᠦᠰᠦᠯᠡᠨ᠂ 5 ᠠᠵᠢᠯᠯᠠᠬᠤ ᠡᠳᠦᠷ ᠤᠨ ᠳᠣᠲᠣᠷ᠎ᠠ ᠱᠠᠩᠨᠠᠯ ᠤᠨ | ᠪᠡᠯᠡ ᠮᠥᠩᠭᠦ ᠶᠢ ᠨᠢᠭᠡᠴᠢ ᠳᠤ ᠰᠠᠯᠭᠠᠨ ᠥᠭᠭᠦᠨ᠎ᠡ᠃ | ︵ᠳᠥᠷᠪᠡ︶ᠱᠠᠩᠨᠠᠯ ᠤᠨ ᠪᠡᠯᠡ ᠮᠥᠩᠭᠦ ᠶᠢᠨ ᠬᠡᠷᠡᠭᠯᠡᠯᠲᠡ | ᠱᠠᠩᠨᠠᠯ ᠤᠨ ᠪᠡᠯᠡ ᠮᠥᠩᠭᠦ ᠶᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠵᠠᠷᠤᠳᠠᠯ᠂ ᠲᠥᠷᠥᠯ | ᠵᠦᠢᠯ ᠤᠨ ᠪᠡᠯᠡ ᠮᠥᠩᠭᠦ ᠶᠢ ᠴᠢᠷᠮᠠᠶᠢᠨ ᠣᠯᠬᠤ ᠠᠵᠢᠯ ᠤᠨ ᠵᠠᠷᠤᠳᠠᠯ᠂ ᠲᠤᠰ ᠨᠢᠭᠡᠴᠡ ᠶᠢᠨ ᠢᠶᠠᠨ ᠠᠯᠪᠠᠨ | ᠬᠡᠷᠡᠭᠯᠡᠭᠡᠨ ᠤ ᠵᠠᠷᠤᠳᠠᠯ ᠵᠡᠷᠭᠡ ᠳᠤ ᠬᠡᠷᠡᠭᠯᠡᠵᠦ ᠪᠣᠯᠣᠨ᠎ᠠ᠃ | ᠭᠤᠷᠪᠠ᠂ ᠬᠠᠷᠢᠭᠤᠴᠠᠯᠭ᠎ᠠ ᠶᠢᠨ ᠬᠤᠪᠢᠶᠠᠷᠢᠯᠠᠯ | ᠨᠢᠭᠡ ᠳᠤ᠂ ᠡᠯ᠎ᠡ ᠨᠢᠭᠡᠴᠡ ᠨᠦᠭᠦᠳ ︽ᠭᠤᠷᠪᠠ ᠶᠢ ᠲᠡᠮᠡᠴᠡᠨ ᠣᠯᠬᠤ︾ ᠬᠠᠷᠢᠭᠤᠴᠠᠯᠭ᠎ᠠ ᠶᠢᠨ ᠭᠤᠣᠯ | ᠴᠣᠭᠴᠠ ᠪᠣᠯᠤᠭᠰᠠᠨ ᠤ ᠬᠤᠪᠢ ᠳᠤ᠂ ᠲᠥᠷᠥᠯ ᠵᠦᠢᠯ ᠤᠨ ᠪᠡᠯᠡ ᠮᠥᠩᠭᠦ ᠶᠢ ᠲᠡᠮᠡᠴᠡᠨ ᠣᠯᠬᠤ᠂ ᠲᠥᠷᠥ ᠶᠢᠨ | ᠪᠣᠳᠣᠯᠭ᠎ᠠ ᠶᠢᠨ ᠳᠡᠮᠵᠢᠯᠭᠡ ᠶᠢ ᠣᠯᠬᠤ᠂ ᠲᠤᠷᠰᠢᠯᠲᠠ ᠶᠢᠨ ᠴᠢᠭ ᠢᠶᠠᠷ ᠵᠢᠱᠢᠶ᠎ᠡ ᠦᠵᠡᠭᠦᠯᠬᠦ ᠶᠢ ᠲᠡᠮᠡᠴᠡᠨ ᠣᠯᠬᠤ | ᠵᠡᠷᠭᠡ ᠠᠵᠢᠯ ᠢ ᠨᠠᠩ ᠴᠢᠬᠤᠯᠠ ᠪᠠᠶᠢᠷᠢᠨ ᠳᠤ ᠲᠠᠯᠪᠢᠬᠤ ᠬᠡᠷᠡᠭᠲᠡᠢ᠃ ︽ᠨᠢᠭᠡᠳᠦᠭᠡᠷ ᠭᠠᠷ︾ ᠡᠷᠬᠡᠪᠰᠢ ᠪᠡᠶ᠎ᠡ ᠪᠠᠷ ᠢᠶᠠᠨ | ᠠᠳᠬᠤᠬᠤ ᠬᠡᠷᠡᠭᠲᠡᠢ᠃ ᠡᠭᠦᠨ ᠤ ᠬᠠᠮᠲᠤ᠂ ᠺᠠᠳ᠋ᠷ ᠠᠵᠢᠯᠲᠠᠨ ᠢ ᠳᠠᠶᠢᠴᠢᠯᠠᠨ ︽ᠭᠤᠷᠪᠠ ᠶᠢ ᠲᠡᠮᠡᠴᠡᠨ ᠣᠯᠬᠤ︾ | ᠠᠵᠢᠯ ᠳᠤ ᠪᠥᠬᠦ ᠬᠦᠴᠦᠨ ᠢᠶᠠᠷ ᠢᠶᠠᠨ ᠣᠷᠣᠯᠴᠠᠭᠤᠯᠵᠤ᠂ ᠨᠢᠭᠡ ᠱᠠᠲᠤ ᠨᠢ ᠨᠢᠭᠡ ᠱᠠᠲᠤ ᠪᠠᠨ ᠠᠳᠬᠤᠬᠤ᠂ ᠱᠠᠲᠤ | ᠱᠠᠲᠤ ᠪᠠᠷ ᠨᠠᠶᠢᠳᠠᠪᠤᠷᠢᠵᠢᠭᠤᠯᠬᠤ ᠶᠢ ᠠᠳᠬᠤᠬᠤ᠂ ᠲᠥᠷᠥᠯ ᠵᠦᠢᠯ ᠤᠨ ᠠᠵᠢᠯ ᠢ ᠬᠠᠮᠲᠤ ᠪᠠᠷ ᠠᠬᠢᠭᠤᠯᠬᠤ ᠰᠠᠶᠢᠨ | ᠰᠠᠶᠢᠬᠠᠨ ᠪᠠᠶᠢᠳᠠᠯ ᠢ ᠪᠣᠶ ᠪᠣᠯᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃ | ᠬᠤᠶᠠᠷ ᠲᠤ᠂ ᠢᠷᠠᠭᠤ ᠠᠯᠳᠠᠷ ᠢ ᠮᠡᠳᠡᠭᠦᠯᠬᠦ ᠪᠠ᠂ ᠲᠦᠷᠦᠯ ᠵᠦᠢᠯ ᠢ ᠲᠥᠯᠥᠪᠵᠢᠭᠦᠯᠦᠨ ᠪᠣᠭᠤᠳᠠᠯᠯᠠᠬᠤ | ᠠᠵᠢᠯ ᠢ ᠤᠷᠢᠳᠴᠢᠯᠠᠨ ᠰᠠᠶᠢᠲᠤᠷ ᠬᠢᠬᠦ ᠬᠡᠷᠡᠭᠲᠡᠢ᠃ ᠨᠠᠷᠢᠨ ᠨᠢᠮᠪᠠᠢ ᠰᠢᠯᠢᠨ ᠰᠣᠩᠭᠤᠵᠤ᠂ ᠨᠠᠩ ᠣᠯᠠᠨ ᠲᠥᠷᠥᠯ | ᠵᠦᠢᠯ ᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠲᠥᠷᠥᠯ ᠵᠦᠢᠯ ᠤᠨ | ᠬᠡᠪᠴᠢᠶᠡᠨ ᠳᠤ ᠣᠷᠣᠭᠤᠯᠬᠤ ᠪᠠᠷ ᠴᠢᠷᠮᠠᠶᠢᠵᠤ᠂ ᠲᠥᠷᠥ ᠶᠢᠨ ᠪᠣᠳᠣᠯᠭ᠎ᠠ ᠶᠢᠨ ᠲᠥᠷᠥᠯ ᠵᠦᠢᠯ ᠤᠨ ᠪᠡᠯᠡ ᠮᠥᠩᠭᠦ ᠶᠢ | ᠪᠣᠳᠠᠲᠠᠶᠢᠵᠢᠭᠤᠯᠬᠤ ᠶᠢᠨ ᠲᠦᠷᠭᠡᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠭᠤᠷᠪᠠ ᠳᠤ᠂ ᠳᠡᠭᠡᠳᠦ ᠱᠠᠲᠤᠨ ᠳᠤ ᠬᠠᠷᠢᠭᠤ ᠮᠡᠳᠡᠭᠦᠯᠵᠦ ᠳᠦᠷᠢᠮᠵᠢᠭᠦᠯᠦᠯᠲᠡ ᠶᠢ ᠪᠦᠷᠢᠯᠳᠦᠭᠦᠯᠵᠦ᠂ | ᠳᠡᠭᠡᠳᠦ ᠱᠠᠲᠤᠨ ᠳᠤ ᠬᠠᠷᠢᠭᠤ ᠮᠡᠳᠡᠭᠦᠯᠬᠦ ᠳᠦᠷᠢᠮ ᠢ ᠪᠠᠶᠢᠭᠤᠯᠤᠨ᠎ᠠ᠃ ᠨᠢᠭᠡᠴᠡ ᠶᠢᠨ ᠤᠳᠤᠷᠢᠳᠤᠯᠭ᠎ᠠ ᠶᠢ ᠰᠠᠷ᠎ᠠ | ᠪᠦᠷᠢ ᠠᠳᠠᠭ ᠲᠠᠭᠠᠨ ᠨᠢᠭᠡ ᠤᠳᠠᠭ᠎ᠠ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠠᠵᠢᠯ ᠲᠥᠷᠥᠯ ᠤᠨ | ᠰᠢᠰᠲ᠋ᠧᠮ ᠤᠨ ᠰᠠᠯᠠᠭ᠎ᠠ ᠮᠥᠴᠢᠷ ᠲᠤ ᠬᠦᠷᠴᠦ ᠠᠵᠢᠯ ᠢᠶᠠᠨ ᠬᠠᠷᠢᠭᠤ ᠮᠡᠳᠡᠭᠦᠯᠵᠦ᠂ ᠳᠡᠭᠡᠳᠦ ᠱᠠᠲᠤᠨ ᠤ ᠳᠡᠮᠵᠢᠭᠰᠡᠨ | ᠭᠤᠣᠯᠳᠠᠯᠭ᠎ᠠ ᠲᠠᠢ ᠲᠥᠷᠥᠯ ᠵᠦᠢᠯ ᠪᠠ ᠬᠦᠷᠢᠶ᠎ᠡ ᠴᠠᠷᠠᠭ᠎ᠠ ᠶᠢ ᠴᠠᠭ ᠲᠤᠬᠠᠢ ᠳᠤᠨᠢ ᠣᠶᠢᠯᠠᠭᠠᠵᠤ᠂ ᠳᠡᠭᠡᠳᠦ | ᠱᠠᠲᠤᠨ ᠤ ᠳᠡᠮᠵᠢᠯᠭᠡ ᠶᠢ ᠢᠳᠡᠪᠬᠢᠲᠡᠢ ᠪᠠᠷ ᠴᠢᠷᠮᠠᠶᠢᠨ ᠣᠯᠬᠤ ᠬᠡᠷᠡᠭᠲᠡᠢ᠃ | ᠳᠥᠷᠪᠡ ᠳᠤ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ ᠨᠢ ᠡᠯ᠎ᠡ ᠰᠠᠯᠠᠭ᠎ᠠ | ᠮᠥᠴᠢᠷ ᠲᠠᠢ ᠨᠡᠪᠲᠡᠷᠡᠯᠴᠡᠭᠡ ᠪᠠᠨ ᠴᠢᠩᠭᠠᠳᠬᠠᠵᠤ᠂ ᠲᠥᠷᠥᠯ ᠵᠦᠢᠯ ᠤᠨ ᠪᠡᠯᠡ ᠮᠥᠩᠭᠦ᠂ ᠲᠥᠷᠥ ᠶᠢᠨ ᠪᠣᠳᠣᠯᠭ᠎ᠠ ᠶᠢᠨ | ᠪᠠᠶᠢᠳᠠᠯ ᠢ ᠵᠠᠳᠠᠯᠵᠤ᠂ ᠦᠨ᠎ᠡ ᠥᠷᠲᠡᠭ ᠲᠠᠢ ᠮᠡᠳᠡᠭᠡ ᠵᠠᠩᠭᠢ ᠶᠢ ᠴᠠᠭ ᠲᠤᠬᠠᠢ ᠳᠤᠨᠢ ᠬᠠᠷᠢᠭᠤ ᠲᠤᠰᠬᠠᠬᠤ ᠶᠢᠨ | ᠬᠠᠮᠲᠤ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠪᠡᠯᠡ ᠮᠥᠩᠭᠦ ᠶᠢ ᠴᠢᠷᠮᠠᠶᠢᠨ ᠣᠯᠬᠤ ᠲᠥᠷᠥ ᠶᠢᠨ | ᠪᠣᠳᠣᠯᠭ᠎ᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ | ᠳᠥᠷᠪᠡ᠂ ᠨᠢᠭᠡᠳᠦᠯᠲᠡᠢ ᠲᠥᠯᠥᠪᠯᠡᠨ ᠬᠠᠮᠢᠶᠠᠷᠬᠤ | ᠪᠡᠯᠡ ᠮᠥᠩᠭᠦ ᠶᠢᠨ ᠰᠢᠨᠵᠢ ᠴᠢᠨᠠᠷ᠂ ᠬᠡᠷᠡᠭᠴᠡᠭᠡ ᠶᠢ ᠨᠢ ᠦᠯᠦ ᠬᠤᠪᠢᠷᠠᠭᠤᠯᠬᠤ ᠤᠷᠢᠲᠠᠯ ᠳᠣᠣᠷ᠎ᠠ᠂ | ᠵᠠᠰᠠᠭ ᠤᠨ ᠣᠷᠳᠣᠨ ᠢᠶᠠᠷ ᠭᠤᠣᠯᠯᠠᠭᠤᠯᠤᠨ᠂ ᠨᠢᠭᠡᠳᠦᠯᠲᠡᠢ ᠲᠥᠯᠥᠪᠯᠡᠬᠦ ᠪᠠᠷ ᠭᠤᠣᠯ ᠪᠣᠯᠭᠠᠵᠤ᠂ ᠡᠳ᠋ ᠤᠨ | ᠵᠠᠰᠠᠭ ᠤᠨ ᠲᠤᠰᠬᠠᠢ ᠵᠦᠢᠯ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠲᠥᠪᠯᠡᠷᠡᠭᠦᠯᠦᠨ | ᠣᠷᠣᠭᠤᠯᠵᠤ᠂ ᠬᠠᠮᠢᠶᠠᠷᠤᠯᠲᠠ ᠶᠢ ᠨᠢ ᠵᠢᠷᠤᠮᠵᠢᠭᠤᠯᠬᠤ ᠠᠵᠢᠯᠯᠠᠭᠠᠨ ᠤ ᠲᠣᠭᠲᠠᠴᠠ ᠶᠢ ᠪᠠᠶᠢᠭᠤᠯᠬᠤ ᠬᠡᠷᠡᠭᠲᠡᠢ᠃ | ᠡᠳ᠋ ᠤᠨ ᠵᠠᠰᠠᠭ ᠤᠨ ᠡᠬᠢ ᠪᠠᠶᠠᠯᠢᠭ ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠣᠬᠢᠷᠠᠭᠤᠯᠵᠤ᠂ ᠡᠳ᠋ ᠤᠨ | ᠵᠠᠰᠠᠭ ᠤᠨ ᠪᠡᠯᠡ ᠮᠥᠩᠭᠦ ᠶᠢᠨ ᠨᠥᠯᠥᠭᠡᠯᠡᠯ ᠢ ᠶᠡᠬᠡᠰᠬᠡᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠪᠦᠬᠦᠯᠢ | ᠴᠣᠭᠴᠠ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ | ᠲᠠᠪᠤ᠂ ᠲᠣᠰ ᠠᠷᠭ᠎ᠠ ᠶᠢ ᠵᠣᠬᠢᠶᠠᠨ ᠪᠠᠶᠢᠭᠤᠯᠬᠤ ᠬᠡᠯᠲᠡᠰ᠂ ᠡᠳ᠋ ᠤᠨ ᠵᠠᠰᠠᠭ ᠤᠨ ᠲᠣᠪᠴᠢᠶ᠎ᠠ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠬᠠᠷᠢᠭᠤᠴᠠᠨ ᠲᠠᠶᠢᠯᠪᠤᠷᠢᠯᠠᠵᠤ᠂ 2024 ᠣᠨ ᠤ 1 | ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠵᠦ᠂ ᠨᠢᠭᠡ ᠵᠢᠯ ᠲᠤᠷᠰᠢᠨ ᠬᠡᠷᠡᠭᠵᠢᠭᠦᠯᠦᠨ᠎ᠡ᠃ | ᠪᠡᠯᠡ ᠮᠥᠩᠭᠦ ᠵᠢᠨᠱᠠᠩᠨᠠᠯ ᠣᠯᠬᠤ ᠬᠡᠪᠴᠢᠶᠡᠨ ᠳᠤ ᠣᠷᠣᠭᠤᠯᠬᠤ ᠦᠭᠡᠢ ᠨᠠᠷᠢᠨ ᠳᠠᠩᠰᠠ | | | | | | | ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠥᠷᠪᠡᠳᠦᠭᠡᠷ ᠤᠳᠠᠭᠠᠨ ᠤ ᠪᠦᠬᠦ | ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠢ ᠮᠡᠳᠡᠭᠳᠡᠯ | ᠰᠢᠭᠤᠶᠢᠲᠤ ᠵᠠᠰᠠᠭ ᠲᠠᠷᠬᠠᠭᠠᠭᠰᠠᠨ﹇2024﹈ 4 ᠳ᠋ᠦ᠋ᠭᠡᠷ ᠲᠣᠭᠠᠲᠤ | | ᠵᠢᠪᠬᠤᠯᠠᠩᠲᠤ ᠰᠤᠮᠤ᠂ ᠪᠡᠳᠬᠡᠷ ᠵᠤᠤ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠯ᠎ᠡ | ᠬᠦᠷᠢᠶᠡᠯᠡᠩ ᠲᠣᠭᠤᠷᠢᠭ᠂ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠰᠢᠭᠤᠳ | ᠬᠠᠷᠢᠶ᠎ᠠ ᠡᠯ᠎ᠡ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ᠂ ᠡᠯ᠎ᠡ ᠠᠷᠠᠳ ᠤᠨ ᠪᠦᠯᠬᠦᠮ᠂ ᠲᠣᠭᠤᠷᠢᠭ ᠲᠤ ᠰᠠᠭᠤᠭ᠎ᠠ | ᠡᠯ᠎ᠡ ᠨᠢᠭᠡᠴᠡ ᠳᠤ᠄ | ︽ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ | ᠪᠠᠶᠢᠴᠠᠭᠠᠯᠲᠠ ᠶᠢ ᠥᠷᠨᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ | ᠲᠠᠷᠬᠠᠭᠠᠭᠰᠠᠨ﹇2023﹈ 18 ᠳ᠋ᠤᠭᠠᠷ ᠲᠣᠭᠠᠲᠤ︶᠂ ︽ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭᠠᠨ ᠤ | ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ | ᠵᠠᠰᠠᠭ ᠲᠠᠷᠬᠠᠭᠠᠭᠰᠠᠨ︹2023︺ 26 ᠳ᠋ᠤᠭᠠᠷ ᠲᠣᠭᠠᠲᠤ︶᠂ ︽ᠪᠤᠭᠤᠲᠤ ᠬᠤᠲᠠ ᠶᠢᠨ ᠳᠥᠷᠪᠡᠳᠦᠭᠡᠷ | ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ | ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ | ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠲᠣᠭᠤᠷᠢᠭ ᠤᠨ ᠳᠥᠷᠪᠡᠳᠦᠭᠡᠷ | ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ | ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠡᠯ᠎ᠡ ᠵᠦᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ | ᠦᠨᠡᠨᠬᠦ ᠪᠠᠲᠤᠯᠠᠬᠤ ᠶᠢᠨ ᠲᠤᠰᠠᠳᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠪᠣᠯᠣᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ︽ᠵᠢᠱᠢᠶᠡᠴᠢ | ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ︽ᠬᠠᠮᠠᠭᠠᠯᠠᠬᠤ ᠶᠢ ᠨᠢᠭᠡᠳᠦᠭᠡᠷ ᠲᠤ ᠲᠠᠯᠪᠢᠬᠤ᠂ ᠬᠠᠮᠢᠶᠠᠷᠤᠯᠲᠠ ᠶᠢ | ᠴᠢᠩᠭᠠᠳᠬᠠᠬᠤ᠂ ᠦᠨ᠎ᠡ ᠥᠷᠲᠡᠭ ᠢ ᠠᠭᠤᠳᠠᠯᠬᠤ᠂ ᠪᠦᠲᠦᠮᠵᠢᠲᠡᠢ ᠠᠰᠢᠭᠯᠠᠬᠤ᠂ ᠲᠡᠦᠬᠡ ᠶᠢᠨ ᠳᠤᠷᠠᠰᠬᠠᠯᠲᠤ | ᠵᠦᠢᠯᠡᠰ ᠢ ᠠᠮᠢᠳᠤᠯᠢᠭ ᠪᠣᠯᠭᠠᠬᠤ︾ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠦᠨᠡᠨ ᠠᠴᠠ ᠵᠥᠪ ᠢ | ᠡᠷᠢᠬᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠬᠠᠤᠯᠢ ᠶᠣᠰᠣᠭᠠᠷ ᠬᠡᠷᠡᠭᠵᠢᠭᠦᠯᠬᠦ ᠶᠢ ᠪᠠᠷᠢᠮᠲᠠᠯᠠᠵᠤ᠂ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠣᠯᠣᠨ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠴᠢᠩᠭᠠᠳᠬᠠᠵᠤ᠂ ᠨᠡᠶᠢᠳᠡᠮ | ᠪᠠᠶᠢᠴᠠᠭᠠᠯᠲᠠ ᠶᠢᠨ ᠦᠷ᠎ᠡ ᠳ᠋ᠦᠩ ᠢ ᠰᠢᠭᠤᠶᠢᠲᠤ ᠲᠣᠭᠤᠷᠢᠭ ᠤᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ | ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠦᠨᠳᠦᠰᠦᠨ ᠪᠠᠶᠢᠳᠠᠯ ᠢ ᠪᠦᠬᠦ ᠲᠠᠯ᠎ᠠ ᠪᠠᠷ ᠪᠤᠰᠤᠳᠴᠢ ᠪᠠᠷ | ᠲᠤᠰᠬᠠᠬᠤ ᠶᠢ ᠪᠠᠲᠤᠯᠠᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃ | ᠬᠤᠶᠠᠷ᠂ ᠬᠠᠷᠠᠯᠲᠠ ᠶᠢᠨ ᠡᠭᠦᠷᠭᠡ | ᠲᠥᠷᠥ ᠶᠢᠨ ᠶᠠᠪᠤᠳᠠᠯ ᠤᠨ ᠬᠤᠷᠢᠶᠠᠨ ᠤ ᠳᠤᠷᠠᠳᠤᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠤᠨ | ᠨᠡᠶᠢᠳᠡᠮ ᠪᠠᠶᠢᠴᠠᠭᠠᠯᠲᠠ ᠶᠢᠨ ᠶᠡᠷᠦᠩᠬᠡᠢ ᠬᠠᠷᠠᠯᠲᠠ ᠶᠣᠰᠣᠭᠠᠷ᠂ ᠪᠤᠭᠤᠲᠤ ᠬᠤᠲᠠ ᠶᠢᠨ ᠬᠠᠷᠠᠯᠲᠠᠲᠤ ᠡᠭᠦᠷᠭᠡ ᠶᠢᠨ | ᠶᠣᠰᠣᠭᠠᠷ᠂ ᠯᠠᠪᠳᠠᠭᠤᠨ ᠪᠠᠲᠤᠲᠠᠢ ᠪᠥᠭᠡᠳ ᠪᠦᠲᠦᠮᠵᠢᠲᠡᠶ ᠨᠡᠶᠢᠳᠡᠮ ᠪᠠᠶᠢᠴᠠᠭᠠᠯᠲᠠ ᠶᠢᠨ ᠠᠵᠢᠯ ᠢᠶᠠᠷ ᠳᠠᠮᠵᠢᠭᠤᠯᠤᠨ᠂ | ᠳᠣᠣᠷᠠᠬᠢ ᠮᠡᠲᠦ ᠠᠵᠢᠯ ᠤᠨ ᠬᠠᠷᠠᠯᠲᠠ ᠪᠠ ᠡᠭᠦᠷᠭᠡ ᠶᠢ ᠪᠡᠶᠡᠯᠡᠭᠦᠯᠦᠨ᠎ᠡ᠄ ᠨᠢᠭᠡ ᠳᠤ ᠪᠥᠬᠦ ᠲᠣᠭᠤᠷᠢᠭ ᠤᠨ | ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠶᠡᠷᠦᠩᠬᠡᠢ ᠭᠠᠷᠴᠠᠭ ᠪᠠ | ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠡᠳ᠋ | ᠬᠥᠷᠥᠩᠭᠡ ᠶᠢᠨ ᠬᠥᠳᠡᠯᠦᠩᠭᠦᠢ ᠬᠠᠮᠢᠶᠠᠷᠤᠯᠲᠠ ᠶᠢ ᠪᠡᠶᠡᠯᠡᠭᠦᠯᠦᠨ᠎ᠡ︔ᠬᠤᠶᠠᠷ ᠲᠤ ᠰᠢᠯᠵᠢᠭᠦᠯᠵᠦ ᠪᠣᠯᠬᠤ ᠦᠭᠡᠢ | ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ | ᠪᠥᠬᠦ ᠲᠠᠯ᠎ᠠ ᠪᠠᠷ ᠨᠡᠶᠢᠳᠡᠮ ᠪᠠᠶᠢᠴᠠᠭᠠᠬᠤ᠂ ᠲᠤᠰᠬᠠᠢ ᠵᠦᠢᠯ ᠢᠶᠠᠷ ᠪᠠᠶᠢᠴᠠᠭᠠᠬᠤ᠂ ᠣᠷᠣᠨ ᠵᠠᠢ ᠶᠢ ᠬᠠᠮᠢᠶᠠᠷᠤᠨ | ᠡᠵᠡᠮᠳᠡᠬᠦ᠂ ᠬᠥᠳᠡᠯᠦᠩᠭᠦᠢ ᠪᠠᠷ ᠬᠢᠨᠠᠨ ᠬᠡᠮᠵᠢᠬᠦ ᠶᠢ ᠬᠠᠷᠢᠯᠴᠠᠨ ᠤᠶᠠᠯᠳᠤᠭᠤᠯᠤᠭᠰᠠᠨ ᠲᠡᠦᠬᠡ ᠶᠢᠨ ᠳᠤᠷᠠᠰᠬᠠᠯᠲᠤ | ᠵᠦᠢᠯᠡᠰ ᠤᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ︔ᠭᠤᠷᠪᠠ ᠳᠤ᠂ ᠲᠤᠰᠬᠠᠢ | ᠮᠡᠷᠭᠡᠵᠢᠯ ᠤᠨ ᠠᠵᠢᠯᠲᠠᠨ ᠢ ᠬᠥᠮᠥᠵᠢᠭᠦᠯᠦᠨ ᠪᠣᠯᠪᠠᠰᠤᠷᠠᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ | ᠡᠩᠨᠡᠭᠡ ᠶᠢᠨ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠦᠨ᠂ ᠪᠥᠬᠦ ᠠᠷᠠᠳ ᠤᠨ ᠰᠣᠶᠣᠯ ᠤᠨ ᠥᠪ ᠢ | ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ | ᠭᠤᠷᠪᠠ᠂ ᠨᠡᠶᠢᠳᠡᠮ ᠪᠠᠶᠢᠴᠠᠭᠠᠬᠤ ᠬᠡᠪᠴᠢᠶ᠎ᠡ | ︵ᠨᠢᠭᠡ︶ᠨᠡᠶᠢᠳᠡᠮ ᠪᠠᠶᠢᠴᠠᠭᠠᠬᠤ ᠬᠦᠷᠢᠶ᠎ᠡ ᠬᠡᠪᠴᠢᠶ᠎ᠡ᠃ ᠨᠢᠭᠡᠨᠲᠡ ᠮᠠᠭᠠᠳᠯᠠᠨ ᠲᠣᠭᠲᠠᠭᠠᠭᠰᠠᠨ᠂ | ᠳᠠᠩᠰᠠᠯᠠᠭᠰᠠᠨ 149 ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠢ ᠳᠠᠬᠢᠨ | ᠪᠠᠶᠢᠴᠠᠭᠠᠬᠤ ᠶᠢᠨ ᠬᠠᠮᠲᠤ ᠰᠢᠨ᠎ᠡ ᠪᠠᠷ ᠢᠯᠡᠷᠡᠭᠦᠯᠦᠭᠰᠡᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ | ᠵᠦᠢᠯ ᠢ ᠪᠠᠶᠢᠴᠠᠭᠠᠬᠤ ᠬᠡᠷᠡᠭᠲᠡᠢ᠃ | ︵ᠬᠤᠶᠠᠷ︶ᠨᠡᠶᠢᠳᠡᠮ ᠪᠠᠶᠢᠴᠠᠭᠠᠯᠲᠠ ᠶᠢᠨ ᠠᠭᠤᠯᠭ᠎ᠠ᠃ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ | ᠨᠡᠷᠡᠶᠢᠳᠦᠯ᠂ ᠣᠷᠣᠨ ᠵᠠᠢ ᠶᠢᠨ ᠬᠠᠮᠠᠭᠠᠯᠠᠯᠲᠠ ᠶᠢᠨ ᠵᠡᠷᠭᠡ ᠳᠡᠰ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠲᠥᠷᠥᠯ | ᠢᠯᠭᠠᠯ᠂ ᠣᠨ ᠵᠢᠯ᠂ ᠡᠷᠬᠡ ᠶᠢᠨ ᠬᠠᠷᠢᠶ᠎ᠠ᠂ ᠬᠡᠷᠡᠭᠯᠡᠭᠰᠡᠨ ᠪᠠᠶᠢᠳᠠᠯ᠂ ᠬᠠᠳᠠᠭᠠᠯᠠᠭᠰᠠᠨ ᠪᠠᠶᠢᠳᠠᠯ ᠵᠡᠷᠭᠡ ᠪᠠᠭᠲᠠᠨ᠎ᠠ᠃ | ᠳᠥᠷᠪᠡ᠂ ᠴᠠᠭ ᠬᠤᠭᠤᠴᠠᠭᠠᠨ ᠤ ᠲᠣᠬᠢᠷᠠᠭᠤᠯᠤᠯᠲᠠ | ᠲᠥᠷᠥ ᠶᠢᠨ ᠶᠠᠪᠤᠳᠠᠯ ᠤᠨ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠲᠣᠰ ᠤᠳᠠᠭᠠᠨ ᠤ | ᠨᠡᠶᠢᠳᠡᠮ ᠪᠠᠶᠢᠴᠠᠭᠠᠯᠲᠠ ᠨᠢ 2023 ᠣᠨ ᠤ 11 ᠰᠠᠷ᠎ᠠ ᠠᠴᠠ ᠡᠬᠢᠯᠡᠨ 2026 ᠣᠨ ᠤ 6 ᠰᠠᠷ᠎ᠠ ᠳᠤ | ᠳᠠᠭᠤᠰᠴᠤ᠂ ᠭᠤᠷᠪᠠᠨ ᠱᠠᠲᠤ ᠬᠤᠪᠢᠶᠠᠨ᠎ᠠ᠃ ᠨᠡᠶᠢᠳᠡᠮ ᠪᠠᠶᠢᠴᠠᠭᠠᠯᠲᠠ ᠶᠢᠨ ᠪᠠᠷᠢᠮᠵᠢᠶ᠎ᠠ ᠴᠠᠭ ᠪᠣᠯ 2024 ᠣᠨ ᠤ | 4 ᠰᠠᠷ᠎ᠠ ᠶᠢᠨ 30 ᠤ ᠡᠳᠦᠷ ᠪᠣᠯᠣᠨ᠎ᠠ᠃ | (ᠨᠢᠭᠡ)ᠨᠢᠭᠡᠳᠦᠭᠡᠷ ᠱᠠᠲᠤ᠃ 2023 ᠣᠨ ᠤ 11 ᠰᠠᠷ᠎ᠠ ᠠᠴᠠ 2024 ᠣᠨ ᠤ 4 ᠰᠠᠷ᠎ᠠ ᠪᠣᠯᠲᠠᠯ᠎ᠠ᠃ | ᠠᠵᠢᠯ ᠤᠨ ᠡᠭᠦᠷᠭᠡ᠄ ᠰᠢᠭᠤᠶᠢᠲᠤ ᠲᠣᠭᠤᠷᠢᠭ ᠤᠨ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠪᠣᠯᠣᠨ ᠨᠡᠶᠢᠳᠡᠮ | ᠪᠠᠶᠢᠴᠠᠭᠠᠯᠲᠠ ᠶᠢᠨ ᠡᠩᠨᠡᠭᠡ ᠶᠢ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠥᠯᠥᠪᠯᠡᠭᠡ ᠶᠢ | ᠲᠣᠭᠲᠠᠭᠠᠵᠤ᠂ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ ᠪᠠᠷᠢᠮᠵᠢᠶ᠎ᠠ ᠪᠣᠯᠣᠨ ᠵᠢᠷᠤᠮᠵᠢᠯ ᠶᠣᠰᠣᠭᠠᠷ᠂ ᠨᠡᠶᠢᠳᠡᠮ | ᠪᠠᠶᠢᠴᠠᠭᠠᠯᠲᠠ ᠶᠢᠨ ᠰᠢᠰᠲ᠋ᠧᠮ ᠪᠣᠯᠣᠨ ᠵᠥᠭᠡᠯᠡᠨ ᠲᠣᠨᠤᠭ ᠢ ᠦᠨᠳᠦᠰᠦᠯᠡᠨ᠂ ᠪᠣᠯᠪᠠᠰᠤᠷᠠᠭᠤᠯᠤᠯ ᠢ ᠵᠣᠬᠢᠶᠠᠨ | ᠪᠠᠶᠢᠭᠤᠯᠤᠨ ᠥᠷᠨᠢᠭᠦᠯᠬᠦ ᠬᠡᠷᠡᠭᠲᠡᠢ᠃ | (ᠬᠤᠶᠠᠷ)ᠬᠤᠶᠠᠳᠤᠭᠠᠷ ᠱᠠᠲᠤ᠃ 2024 ᠣᠨ ᠤ 5 ᠰᠠᠷ᠎ᠠ ᠠᠴᠠ 2025 ᠣᠨ ᠤ 5 ᠰᠠᠷ᠎ᠠ ᠪᠣᠯᠲᠠᠯ᠎ᠠ᠃ | ᠠᠵᠢᠯ ᠤᠨ ᠡᠭᠦᠷᠭᠡ᠄ ᠣᠷᠣᠨ ᠪᠦᠰᠡ ᠪᠠᠷ ᠦᠨᠳᠦᠰᠦᠨ ᠨᠢᠭᠡᠴᠢ ᠪᠣᠯᠭᠠᠵᠤ᠂ ᠲᠤᠬᠠᠢ ᠶᠢᠨ ᠭᠠᠵᠠᠷ ᠲᠤᠨᠢ | ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠶᠢᠴᠠᠭᠠᠯᠲᠠ ᠬᠢᠨ᠎ᠡ᠃ | (ᠭᠤᠷᠪᠠ)ᠭᠤᠷᠪᠠᠳᠤᠭᠠᠷ ᠱᠠᠲᠤ᠃ 2025 ᠣᠨ ᠤ 6 ᠰᠠᠷ᠎ᠠ ᠠᠴᠠ 2026 ᠣᠨ ᠤ 6 ᠰᠠᠷ᠎ᠠ ᠪᠣᠯᠲᠠᠯ᠎ᠠ᠃ | ᠠᠵᠢᠯ ᠤᠨ ᠡᠭᠦᠷᠭᠡ᠄ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠤᠯᠢ ᠶᠣᠰᠣᠭᠠᠷ | ᠦᠨᠡᠮᠰᠢᠵᠦ᠂ ᠳᠠᠩᠰᠠᠯᠠᠬᠤ ᠶᠢᠨ ᠬᠠᠮᠲᠤ ᠨᠡᠶᠢᠲᠡᠯᠡᠵᠦ᠂ ᠪᠦᠬᠦ ᠣᠷᠣᠨ ᠤ ᠰᠢᠯᠵᠢᠭᠦᠯᠵᠦ ᠪᠣᠯᠣᠰᠢ ᠦᠭᠡᠢ ᠲᠡᠦᠬᠡ ᠶᠢᠨ | ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠶᠡᠷᠦᠩᠬᠡᠢ ᠭᠠᠷᠴᠠᠭ ᠢ ᠪᠠᠶᠢᠭᠤᠯᠵᠤ᠂ ᠰᠢᠯᠭᠠᠨ ᠠᠪᠬᠤ ᠠᠵᠢᠯ ᠢ | ᠪᠡᠶᠡᠯᠡᠭᠦᠯᠬᠦ ᠶᠢᠨ ᠬᠠᠮᠲᠤ ᠨᠡᠶᠢᠭᠡᠮ ᠨᠡᠶᠢᠲᠡ ᠳᠤ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠨᠡᠶᠢᠲᠡᠯᠡᠬᠦ | ᠬᠡᠷᠡᠭᠲᠡᠢ᠃ | ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ᠂ ᠰᠢᠯᠵᠢᠭᠦᠯᠵᠦ ᠪᠣᠯᠣᠰᠢ ᠦᠭᠡᠢ ᠴᠢᠬᠤᠯᠠ | ᠪᠤᠰᠤ ᠲᠡᠦᠬᠡ ᠶᠢᠨ ᠳᠤᠷᠠᠰᠬᠠᠯᠲᠤ ᠵᠦᠢᠯᠡᠰ ᠢ ᠴᠠᠭ ᠲᠤᠨᠢ ᠲᠣᠬᠢᠷᠠᠭᠤᠯᠤᠨ ᠵᠣᠬᠢᠴᠠᠩᠭᠤᠢ ᠪᠦᠬᠦᠢ ᠲᠠᠰ ᠤᠨ | ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠪᠠᠷ ᠨᠡᠶᠢᠲᠡᠯᠡᠬᠦ ᠬᠡᠷᠡᠭᠲᠡᠢ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠎ᠡ᠃ ᠳᠥᠷᠪᠡᠳᠦᠭᠡᠷ ᠤᠳᠠᠭᠠᠨ ᠤ ᠪᠦᠬᠦ | ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠪᠣᠯ ᠤᠯᠤᠰ ᠤᠨ ᠪᠠᠶᠢᠳᠠᠯ | ᠤᠯᠤᠰ ᠤᠨ ᠬᠦᠴᠦᠨ ᠤ ᠪᠠᠶᠢᠴᠠᠭᠠᠯᠲᠠ ᠶᠢᠨ ᠴᠢᠬᠤᠯᠠ ᠪᠦᠷᠢᠯᠳᠦᠭᠦᠨ ᠬᠡᠰᠡᠭ ᠮᠥᠨ᠂ ᠤᠯᠤᠰ ᠤᠨ ᠲᠡᠦᠬᠡ | ᠰᠣᠶᠣᠯ ᠤᠨ ᠥᠪ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠮᠥᠨ᠂ ᠮᠠᠨ ᠤ | ᠤᠯᠤᠰ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠴᠢᠬᠤᠯᠠ ᠰᠠᠭᠤᠷᠢ ᠠᠵᠢᠯ ᠮᠥᠨ᠂ ᠶᠡᠷᠦᠩᠬᠡᠢ ᠱᠦᠵᠢ | ᠰᠢ ᠶᠢᠨ ᠫᠢᠩ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠠ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠬᠤ᠂ ᠰᠢᠭᠤᠶᠢᠲᠤ | ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠭᠰᠠᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠲᠤᠶᠢᠯ ᠤᠨ | ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠬᠠᠮᠢᠶ᠎ᠠ ᠪᠦᠬᠦᠢ ᠨᠢᠭᠡᠴᠡ ᠨᠦᠭᠦᠳ ᠤᠯᠤᠰ ᠲᠥᠷᠥ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠴᠢᠬᠤᠯᠠ | ᠴᠢᠨᠠᠷ ᠢ ᠭᠦᠢᠴᠡᠳ ᠲᠠᠨᠢᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠨᠠᠷᠢᠨ ᠨᠢᠮᠪᠠᠢ | ᠪᠠᠶᠢᠷᠢᠯᠠᠭᠤᠯᠵᠤ᠂ ᠤᠬᠠᠭᠤᠯᠬᠤ ᠠᠵᠢᠯ ᠢ ᠰᠠᠶᠢᠲᠤᠷ ᠬᠢᠵᠦ᠂ ᠨᠡᠶᠢᠳᠡᠮ ᠪᠠᠶᠢᠴᠠᠭᠠᠯᠲᠠ ᠶᠢᠨ ᠡᠭᠦᠷᠭᠡ ᠪᠠᠨ ᠲᠣᠭᠲᠠᠭᠰᠠᠨ | ᠬᠤᠭᠤᠴᠠᠭᠠᠨ ᠳᠤ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ | ︵ᠬᠤᠶᠠᠷ︶ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠᠶᠢᠭᠤᠯᠤᠨ᠎ᠠ᠃ ᠰᠢᠭᠤᠶᠢᠲᠤ ᠲᠣᠭᠤᠷᠢᠭ ᠤᠨ | ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ | ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢ ᠵᠣᠬᠢᠶᠠᠨ | ᠪᠠᠶᠢᠭᠤᠯᠤᠨ ᠬᠡᠷᠡᠭᠵᠢᠭᠦᠯᠬᠦ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠬᠤ ᠪᠠ ᠰᠢᠢᠳᠪᠦᠷᠢᠲᠦ ᠪᠣᠳᠣᠯᠭ᠎ᠠ | ᠲᠣᠭᠲᠠᠭᠠᠬᠤ ᠶᠢ ᠬᠠᠷᠢᠭᠤᠴᠠᠵᠤ᠂ ᠨᠡᠶᠢᠳᠡᠮ ᠪᠠᠶᠢᠴᠠᠭᠠᠯᠲᠠ ᠶᠢᠨ ᠶᠡᠷᠦᠩᠬᠡᠢ ᠴᠣᠭᠴᠠ ᠶᠢᠨ ᠲᠥᠰᠥᠯ ᠢ ᠬᠢᠨᠠᠨ | ᠲᠣᠭᠲᠠᠭᠠᠵᠤ᠂ ᠬᠤᠯᠪᠣᠭᠳᠠᠯ ᠪᠦᠬᠦᠢ ᠴᠢᠬᠤᠯᠠ ᠵᠦᠢᠯᠡᠰ ᠢ ᠬᠢᠨᠠᠨ ᠲᠣᠭᠲᠠᠭᠠᠨ᠎ᠠ᠃ ᠤᠳᠤᠷᠢᠳᠬᠤ ᠳᠤᠭᠤᠶᠢᠯᠠᠩ | ᠨᠢ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠡᠷᠡᠭ ᠵᠥᠪᠯᠡᠵᠦ ᠵᠣᠬᠢᠴᠠᠭᠤᠯᠬᠤ | ᠪᠠᠶᠢᠭᠤᠯᠤᠮᠵᠢ ᠪᠣᠯᠬᠤ ᠦᠭᠡᠢ᠂ ᠡᠭᠦᠷᠭᠡ ᠪᠠᠨ ᠪᠡᠶᠡᠯᠡᠭᠦᠯᠦᠭᠰᠡᠨ ᠤ ᠳᠠᠷᠠᠭ᠎ᠠ ᠠᠶᠠᠨᠳᠠᠭᠠᠨ ᠬᠦᠴᠦᠨ ᠦᠭᠡᠢ ᠪᠣᠯᠭᠠᠨ᠎ᠠ | ᠃ ᠪᠤᠭᠤᠲᠤ ᠬᠤᠲᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠵᠣᠬᠢᠴᠠᠩᠭᠤᠢ ᠨᠡᠶᠢᠳᠡᠮ ᠪᠠᠶᠢᠴᠠᠭᠠᠯᠲᠠ ᠶᠢᠨ | ᠲᠣᠭᠲᠠᠴᠠ ᠶᠢ ᠪᠠᠶᠢᠭᠤᠯᠵᠤ᠂ ᠬᠠᠮᠢᠶᠠᠷᠤᠯᠲᠠ ᠶᠢᠨ ᠬᠡᠪᠴᠢᠶᠡᠨ ᠳᠣᠲᠣᠷᠠᠬᠢ ᠲᠡᠦᠬᠡ ᠶᠢᠨ ᠳᠤᠷᠠᠰᠬᠠᠯᠲᠤ ᠵᠦᠢᠯᠡᠰ ᠤᠨ | ᠨᠡᠶᠢᠳᠡᠮ ᠪᠠᠶᠢᠴᠠᠭᠠᠯᠲᠠ ᠶᠢᠨ ᠠᠵᠢᠯ ᠢ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ | ︵ᠭᠤᠷᠪᠠ︶ᠨᠡᠶᠢᠳᠡᠮ ᠪᠠᠶᠢᠴᠠᠭᠠᠯᠲᠠ ᠶᠢᠨ ᠡᠩᠨᠡᠭᠡ ᠶᠢ ᠲᠣᠭᠲᠠᠪᠤᠷᠢᠵᠢᠭᠤᠯᠤᠨ᠎ᠠ᠃ ᠠᠵᠢᠯ ᠤᠨ | ᠬᠡᠷᠡᠭᠴᠡᠭᠡ ᠪᠠᠨ ᠦᠨᠳᠦᠰᠦᠯᠡᠨ᠂ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠢ ᠤᠷᠢᠵᠤ ᠬᠡᠷᠡᠭᠯᠡᠬᠦ ᠪᠤᠶᠤ | ᠬᠤᠯᠪᠣᠭᠳᠠᠯ ᠪᠦᠬᠦᠢ ᠨᠢᠭᠡᠴᠡ ᠠᠴᠠ ᠨᠥᠬᠦᠴᠡᠯ ᠳᠤ ᠨᠡᠶᠢᠴᠡᠬᠦ ᠬᠥᠮᠥᠰ ᠢ ᠵᠥᠪᠳᠡᠯᠴᠡᠵᠦ ᠪᠠᠶᠢᠭᠠᠳ ᠨᠡᠶᠢᠳᠡᠮ | ᠪᠠᠶᠢᠴᠠᠭᠠᠯᠲᠠ ᠶᠢᠨ ᠡᠩᠨᠡᠭᠡ ᠳᠤ ᠣᠷᠣᠭᠤᠯᠵᠤ᠂ ᠤᠷᠢᠵᠤ ᠬᠡᠷᠡᠭᠯᠡᠭᠰᠡᠨ ᠬᠥᠮᠥᠰ ᠤᠨ ᠬᠥᠳᠡᠯᠮᠦᠷᠢ ᠦᠢᠯᠡᠴᠢᠯᠡᠭᠡᠨ ᠤ | ᠵᠠᠷᠤᠳᠠᠯ ᠢ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠳᠣᠲᠣᠷ᠎ᠠ ᠠᠴᠠ ᠭᠠᠷᠭᠠᠵᠤ᠂ ᠤᠷᠢᠵᠤ ᠬᠡᠷᠡᠭᠯᠡᠭᠰᠡᠨ | ᠨᠢᠭᠡᠴᠡ ᠠᠴᠠ ᠭᠠᠷᠭᠠᠵᠤ᠂ ᠤᠷᠢᠵᠤ ᠬᠡᠷᠡᠭᠯᠡᠭᠰᠡᠨ ᠠᠵᠢᠯᠲᠠᠳ ᠨᠢ ᠤᠤᠯ ᠨᠢᠭᠡᠴᠡ ᠶᠢᠨ ᠠᠵᠢᠯ ᠤᠨ ᠪᠠᠶᠢᠷᠢ ᠪᠠᠨ | ᠦᠯᠡᠳᠡᠭᠡᠵᠦ᠂ ᠴᠠᠯᠢᠩ᠂ ᠠᠰᠠᠷᠠᠮᠵᠢ ᠵᠢᠴᠢ ᠪᠤᠰᠤᠳ ᠣᠯᠭᠤᠮᠵᠢ ᠶᠢ ᠨᠢ ᠪᠠᠭᠤᠷᠠᠭᠤᠯᠬᠤ ᠦᠭᠡᠢ᠃ ᠣᠷᠣᠨ | ᠨᠤᠲᠤᠭ ᠤᠨ ᠳᠡᠭᠡᠳᠦ ᠰᠤᠷᠭᠠᠭᠤᠯᠢ ᠲᠠᠢ ᠬᠠᠮᠲᠤᠷᠠᠨ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠰᠤᠷᠤᠭᠴᠢ ᠶᠢ | ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠳᠤ ᠣᠷᠣᠯᠴᠠᠭᠤᠯᠬᠤ ᠶᠢᠨ ᠬᠠᠮᠲᠤ ᠵᠢᠭᠠᠨ | ᠰᠤᠷᠭᠠᠬᠤ ᠳᠠᠳᠤᠯᠭ᠎ᠠ ᠬᠢᠬᠦ ᠬᠢᠴᠢᠶᠡᠯ ᠪᠣᠯᠭᠠᠵᠤ ᠪᠣᠯᠣᠨ᠎ᠠ᠃ | ︵ᠳᠥᠷᠪᠡ︶ᠨᠡᠶᠢᠳᠡᠮ ᠪᠠᠶᠢᠴᠠᠭᠠᠯᠲᠠ ᠶᠢᠨ ᠵᠠᠷᠤᠳᠠᠯ ᠢ ᠨᠠᠶᠢᠳᠠᠪᠤᠷᠢᠵᠢᠭᠤᠯᠬᠤ ᠬᠡᠷᠡᠭᠲᠡᠢ᠃ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠥᠪᠡᠷᠲᠡᠭᠡᠨ | ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ | ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠥᠯ︾ ᠪᠠ ︽ᠪᠤᠭᠤᠲᠤ ᠬᠤᠲᠠ ᠶᠢᠨ ᠳᠥᠷᠪᠡᠳᠦᠭᠡᠷ | ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ | ᠳᠠᠶᠢᠴᠢᠯᠠᠯᠲᠠ ᠪᠠᠶᠢᠷᠢᠯᠠᠭᠤᠯᠤᠯᠲᠠ ᠵᠢᠴᠢ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠠᠵᠢᠯ ᠤᠨ ᠬᠤᠷᠠᠯ︾ ᠤᠨ | ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠲᠣᠰ ᠤᠳᠠᠭᠠᠨ ᠤ ᠨᠡᠶᠢᠳᠡᠮ ᠪᠠᠶᠢᠴᠠᠭᠠᠯᠲᠠ ᠶᠢᠨ ᠬᠡᠷᠡᠭᠰᠡᠬᠦ ᠵᠠᠷᠤᠳᠠᠯ ᠢ | ᠲᠥᠪ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠰᠢᠯᠵᠢᠭᠦᠯᠦᠨ ᠥᠭᠬᠦ ᠪᠠᠷ ᠳᠠᠮᠵᠢᠭᠤᠯᠤᠨ ᠨᠥᠬᠦᠪᠦᠷᠢ | ᠥᠭᠬᠦ ᠠᠴᠠ ᠭᠠᠳᠠᠨ᠎ᠠ᠂ ᠣᠷᠣᠨ ᠨᠤᠲᠤᠭ ᠤᠨ ᠡᠭᠦᠷᠭᠡᠯᠡᠬᠦ ᠬᠡᠰᠡᠭ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠭᠤᠣᠯ | ᠴᠣᠭᠴᠠ ᠶᠢᠨ ᠬᠠᠷᠢᠶᠠᠯᠠᠭᠳᠠᠬᠤ ᠬᠠᠷᠢᠴᠠᠭ᠎ᠠ ᠶᠢ ᠦᠨᠳᠦᠰᠦᠯᠡᠨ ᠠᠳᠠᠯᠢ ᠱᠠᠲᠤᠨ ᠤ ᠡᠳ᠋ ᠤᠨ ᠵᠠᠰᠠᠭ ᠠᠴᠠ | ᠡᠭᠦᠷᠭᠡᠯᠡᠨ᠎ᠡ᠃ ᠣᠷᠣᠨ ᠨᠤᠲᠤᠭ ᠤᠨ ᠡᠭᠦᠷᠭᠡᠯᠡᠬᠦ ᠵᠠᠷᠤᠳᠠᠯ ᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ | ᠵᠦᠢ ᠵᠣᠬᠢᠰᠲᠠᠢ ᠲᠥᠰᠥᠭᠡᠯᠡᠨ ᠪᠤᠳᠤᠵᠤ᠂ ᠲᠥᠪ᠂ ᠥᠪᠡᠷᠲᠡᠭᠡᠨ ᠵᠠᠰᠠᠬᠤ ᠣᠷᠣᠨ ᠪᠠ ᠪᠤᠭᠤᠲᠤ ᠬᠤᠲᠠ ᠶᠢᠨ | ᠬᠤᠯᠪᠣᠭᠳᠠᠯ ᠪᠦᠬᠦᠢ ᠨᠠᠮ ᠵᠠᠰᠠᠭ ᠤᠨ ᠪᠠᠶᠢᠭᠤᠯᠭ᠎ᠠ ᠶᠢᠨ ᠠᠷᠪᠢᠴᠢ ᠭᠠᠮᠲᠠᠢ ᠠᠮᠢᠳᠤᠷᠠᠬᠤ ᠠᠯᠢ ᠣᠯᠠᠨ ᠠᠵᠢᠯ ᠤᠨ | ᠱᠠᠭᠠᠷᠳᠠᠯᠭ᠎ᠠ ᠶᠣᠰᠣᠭᠠᠷ᠂ ᠣᠲᠣ ᠶᠢᠨ ᠪᠠᠶᠢᠭ᠎ᠠ ᠪᠡᠯᠡ ᠮᠥᠩᠭᠦ ᠶᠢᠨ ᠡᠬᠢ ᠪᠠᠶᠠᠯᠢᠭ ᠢ ᠭᠦᠢᠴᠡᠳ ᠠᠰᠢᠭᠯᠠᠨ᠂ 2024 | ᠣᠨ ᠤ ᠰᠠᠯᠠᠭ᠎ᠠ ᠮᠥᠴᠢᠷ ᠤᠨ ᠲᠥᠰᠥᠪ ᠤᠨ ᠲᠣᠬᠢᠷᠠᠭᠤᠯᠤᠯᠲᠠ ᠶᠢᠨ ᠪᠠᠶᠢᠳᠠᠯ ᠲᠠᠢ ᠤᠶᠠᠯᠳᠤᠭᠤᠯᠤᠨ᠂ ᠨᠡᠶᠢᠳᠡᠮ | ᠪᠠᠶᠢᠴᠠᠭᠠᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠨ᠎ᠠ᠃ | ︵ᠲᠠᠪᠤ︶ ᠨᠡᠶᠢᠳᠡᠮ ᠪᠠᠶᠢᠴᠠᠭᠠᠯᠲᠠ ᠶᠢᠨ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠢ᠃ ᠲᠡᠦᠬᠡ ᠶᠢᠨ | ᠳᠤᠷᠠᠰᠬᠠᠯᠲᠤ ᠵᠦᠢᠯᠡᠰ ᠢ ᠨᠡᠶᠢᠳᠡᠮ ᠪᠠᠶᠢᠴᠠᠭᠠᠬᠤ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠠᠶᠢᠭᠤᠯᠤᠨ | ᠪᠦᠷᠢᠨᠰᠢᠭᠦᠯᠵᠦ᠂ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠭᠦᠢᠴᠡᠳᠬᠡᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠭᠦᠢᠴᠡᠳᠬᠡᠵᠦ᠂ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ | ᠰᠢᠭᠤᠳ ᠬᠠᠷᠢᠭᠤᠴᠠᠯᠭ᠎ᠠ ᠶᠢ ᠡᠭᠦᠷᠭᠡᠯᠡᠨ᠎ᠡ᠃ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ | ᠮᠥᠷᠳᠡᠬᠦ ᠲᠣᠭᠲᠠᠴᠠ ᠶᠢ ᠪᠠᠶᠢᠭᠤᠯᠵᠤ᠂ ᠰᠢᠭᠤᠶᠢᠲᠤ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ ︵ᠰᠢᠭᠤᠶᠢᠲᠤ ᠲᠣᠭᠤᠷᠢᠭ ᠤᠨ ᠰᠣᠶᠣᠯ ᠤᠨ ᠬᠠᠮᠠᠭᠠᠯᠠᠯᠲᠠ ᠶᠢᠨ ᠲᠥᠪ︶ᠨᠡᠶᠢᠳᠡᠮ | ᠪᠠᠶᠢᠴᠠᠭᠠᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠢ ᠬᠠᠷᠢᠭᠤᠴᠠᠵᠤ᠂ ᠨᠡᠶᠢᠳᠡᠮ | ᠪᠠᠶᠢᠴᠠᠭᠠᠯᠲᠠ ᠶᠢᠨ ᠪᠠᠶᠢᠭᠤᠯᠤᠮᠵᠢ ᠶᠢ ᠵᠢᠯᠣᠭᠤᠳᠤᠨ ᠳᠠᠩᠰᠠᠯᠠᠨ ᠲᠡᠮᠳᠡᠭᠯᠡᠭᠰᠡᠨ ᠮᠡᠳᠡᠭᠡ ᠵᠠᠩᠭᠢ ᠶᠢ ᠦᠨᠡᠨ | ᠪᠣᠳᠠᠲᠠᠢ ᠪᠠᠷ ᠲᠠᠭᠯᠠᠨ ᠮᠡᠳᠡᠭᠦᠯᠵᠦ᠂ ᠨᠡᠶᠢᠳᠡᠮ ᠪᠠᠶᠢᠴᠠᠭᠠᠯᠲᠠ ᠶᠢᠨ ᠶᠠᠰᠤ ᠴᠢᠨᠠᠷ ᠤᠨ ᠡᠵᠡᠮᠳᠡᠯ ᠢ ᠴᠢᠩᠭᠠᠳᠬᠠᠨ᠂ | ᠨᠡᠶᠢᠳᠡᠮ ᠪᠠᠶᠢᠴᠠᠭᠠᠯᠲᠠ ᠶᠢᠨ ᠲᠥᠰᠥᠯ ᠢ ᠴᠢᠩᠭ᠎ᠠ ᠬᠡᠷᠡᠭᠵᠢᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ | ᠴᠤᠪᠤᠷᠠᠯ ᠢ ᠵᠢᠷᠤᠮᠵᠢᠭᠤᠯᠤᠨ᠂ ᠬᠡᠷᠡᠭ ᠤᠨ ᠡᠮᠦᠨ᠎ᠡ ᠪᠠ ᠬᠡᠷᠡᠭ ᠤᠨ ᠳᠠᠷᠠᠭᠠᠬᠢ ᠲᠤᠭ᠎ᠠ ᠪᠠᠷᠢᠮᠲᠠ ᠶᠢᠨ ᠶᠠᠰᠤ ᠴᠢᠨᠠᠷ ᠢ | ᠪᠠᠶᠢᠴᠠᠭᠠᠵᠤ ᠬᠠᠷᠭᠤᠭᠤᠯᠤᠨ ᠪᠠᠶᠢᠴᠠᠭᠠᠬᠤ ᠶᠢ ᠴᠢᠩᠭᠠᠷᠠᠭᠤᠯᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ | ᠦᠨᠡᠨ ᠪᠣᠳᠠᠲᠠᠢ ᠪᠥᠭᠡᠳ ᠣᠨᠣᠪᠴᠢᠲᠠᠶ᠂ ᠪᠦᠷᠢᠨ ᠪᠦᠲᠦᠨ ᠪᠥᠭᠡᠳ ᠨᠠᠶᠢᠳᠠᠪᠤᠷᠢᠲᠠᠢ ᠪᠠᠶᠢᠬᠤ ᠶᠢ ᠦᠨᠡᠨᠬᠦ ᠪᠠᠲᠤᠯᠠᠵᠤ᠂ | ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠴᠤᠭᠯᠠᠭᠤᠯᠬᠤ᠂ ᠳᠠᠮᠵᠢᠭᠤᠯᠬᠤ᠂ ᠬᠠᠳᠠᠭᠠᠯᠠᠬᠤ ᠪᠠ ᠬᠡᠷᠡᠭᠯᠡᠬᠦ ᠶᠢᠨ | ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ ᠡᠯ᠎ᠡ | ᠵᠦᠢᠯ ᠤᠨ ᠵᠣᠷᠢᠭᠤᠳᠠ ᠭᠠᠷ ᠲᠦᠷᠦᠭᠦ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ᠃ | ︵ᠵᠢᠷᠭᠤᠭ᠎ᠠ︶ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ ᠡᠯ᠎ᠡ ᠰᠠᠯᠠᠭ᠎ᠠ ᠮᠥᠴᠢᠷ ᠪᠣᠯᠣᠨ ᠨᠢᠭᠡᠴᠡ ᠵᠢᠴᠢ | ᠬᠤᠪᠢ ᠬᠥᠮᠥᠨ ᠳᠠᠩᠰᠠᠯᠠᠨ ᠲᠡᠮᠳᠡᠭᠯᠡᠭᠰᠡᠨ ᠮᠡᠳᠡᠭᠡ ᠵᠠᠩᠭᠢ ᠶᠢ ᠦᠨᠡᠨ ᠪᠣᠳᠠᠲᠠᠢ ᠪᠠᠷ ᠲᠠᠭᠯᠠᠨ ᠮᠡᠳᠡᠭᠦᠯᠬᠦ ᠬᠡᠷᠡᠭᠲᠡᠢ᠂ | ᠬᠤᠳᠠᠯ ᠢᠶᠠᠷ ᠮᠡᠳᠡᠭᠦᠯᠵᠦ᠂ ᠳᠠᠷᠤᠭᠠᠳ ᠮᠡᠳᠡᠭᠦᠯᠬᠦ ᠦᠭᠡᠢ᠂ ᠮᠡᠳᠡᠭᠦᠯᠬᠦ ᠶᠢ ᠲᠡᠪᠴᠢᠵᠦ᠂ ᠤᠳᠠᠭᠠᠰᠢᠷᠠᠭᠤᠯᠤᠨ | ᠮᠡᠳᠡᠭᠦᠯᠵᠦ ᠪᠣᠯᠬᠤ ᠦᠭᠡᠢ᠂ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠪᠣᠯᠣᠨ ᠲᠤᠭ᠎ᠠ ᠪᠠᠷᠢᠮᠲᠠ ᠶᠢ ᠬᠠᠭᠤᠷᠮᠠᠭ ᠢᠶᠠᠷ | ᠵᠣᠬᠢᠶᠠᠵᠤ᠂ ᠥᠭᠡᠷᠡᠲᠦᠭᠦᠯᠵᠦ ᠪᠣᠯᠬᠤ ᠦᠭᠡᠢ᠂ ᠬᠡᠷᠪᠡ ᠳᠡᠭᠡᠷ᠎ᠡ ᠳᠤᠷᠠᠳᠤᠭᠰᠠᠨ ᠪᠠᠶᠢᠳᠠᠯ ᠭᠠᠷᠪᠠᠯ᠂ ᠬᠠᠤᠯᠢ ᠰᠠᠬᠢᠯᠭ᠎ᠠ | ᠶᠣᠰᠣᠭᠠᠷ ᠰᠢᠢᠳᠪᠦᠷᠢᠯᠡᠬᠦ ᠬᠡᠷᠡᠭᠲᠡᠢ᠃ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠵᠢᠴᠢ ᠠᠵᠢᠯᠲᠠᠳ ᠨᠡᠶᠢᠳᠡᠮ | ᠪᠠᠶᠢᠴᠠᠭᠠᠯᠲᠠ ᠶᠢᠨ ᠲᠤᠭ᠎ᠠ ᠪᠠᠷᠢᠮᠲᠠ ᠪᠣᠯᠣᠨ ᠮᠠᠲ᠋ᠧᠷᠢᠶᠠᠯ ᠢ ᠲᠣᠬᠢᠲᠠᠢ ᠬᠠᠳᠠᠭᠠᠯᠠᠵᠤ᠂ ᠨᠡᠶᠢᠳᠡᠮ ᠪᠠᠶᠢᠴᠠᠭᠠᠯᠲᠠ ᠶᠢᠨ | ᠳᠤᠮᠳᠠ ᠬᠤᠯᠪᠣᠭᠳᠠᠭᠰᠠᠨ ᠤᠯᠤᠰ ᠤᠨ ᠨᠢᠭᠤᠴᠠ ᠶᠢ ᠬᠠᠮᠠᠭᠠᠯᠠᠬᠤ ᠡᠭᠦᠷᠭᠡ ᠶᠢ ᠭᠦᠢᠴᠡᠳᠬᠡᠵᠦ᠂ ᠬᠡᠷᠪᠡ ᠨᠢᠭᠤᠴᠠ ᠶᠢ | ᠵᠠᠳᠠᠷᠠᠭᠤᠯᠤᠭᠰᠠᠨ ᠬᠡᠷᠡᠭ ᠭᠠᠷᠪᠠᠯ ︽ᠳᠤᠮᠳᠠᠳᠤ ᠶᠢᠨ ᠠᠷᠠᠳ ᠲᠦᠮᠡᠨ ᠤ ᠡᠪ ᠬᠠᠮᠲᠤ ᠨᠠᠮ ᠤᠨ ᠤᠯᠤᠰ ᠤᠨ | ᠨᠢᠭᠤᠴᠠ ᠶᠢ ᠬᠠᠮᠠᠭᠠᠯᠠᠬᠤ ᠬᠠᠤᠯᠢ︾ ᠶᠢᠨ ᠲᠣᠭᠲᠠᠭᠠᠯ ᠶᠣᠰᠣᠭᠠᠷ ᠰᠢᠢᠳᠬᠡᠨ᠎ᠡ᠃ ᠲᠡᠦᠬᠡ ᠶᠢᠨ ᠳᠤᠷᠠᠰᠬᠠᠯᠲᠤ | ᠵᠦᠢᠯᠡᠰ ᠤᠨ ᠨᠡᠶᠢᠳᠡᠮ ᠪᠠᠶᠢᠴᠠᠭᠠᠯᠲᠠ ᠳᠤᠮᠳᠠ᠂ ᠬᠡᠷᠪᠡ ᠬᠥᠮᠥᠨ ᠡᠪᠳᠡᠬᠦ᠂ ᠬᠢᠨᠠᠯᠲᠠ ᠬᠠᠮᠢᠶᠠᠷᠤᠯᠲᠠ ᠰᠤᠯᠠ ᠵᠡᠷᠭᠡ | ᠬᠦᠴᠦᠨ ᠵᠦᠢᠯ ᠠᠴᠠ ᠪᠣᠯᠵᠤ ᠨᠢᠭᠡᠨᠲᠡ ᠳᠠᠩᠰᠠᠯᠠᠭᠤᠯᠤᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠡᠪᠳᠡᠭᠳᠡᠭᠰᠡᠨ᠂ | ᠬᠦᠴᠦᠨ ᠦᠭᠡᠢ ᠪᠣᠯᠭᠠᠭᠰᠠᠨ᠂ ᠤᠰᠠᠳᠴᠤ ᠭᠡᠭᠡᠭᠳᠡᠭᠰᠡᠨ ᠪᠠᠶᠢᠳᠠᠯ ᠢ ᠣᠯᠵᠤ ᠮᠡᠳᠡᠪᠡᠯ᠂ ᠬᠠᠤᠯᠢ ᠶᠣᠰᠣᠭᠠᠷ | ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠬᠠᠤᠯᠢ ᠰᠠᠬᠢᠯᠭ᠎ᠠ ᠠᠴᠠ ᠵᠥᠷᠢᠴᠡᠭᠰᠡᠨ ᠰᠦᠪᠡᠭᠴᠢ ᠶᠢ ᠴᠠᠭ ᠲᠤᠬᠠᠢ ᠳᠤᠨᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠦᠨ᠎ᠡ᠃ | ᠵᠢᠷᠭᠤᠭ᠎ᠠ᠂ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ | ᠡᠯ᠎ᠡ ᠬᠠᠮᠢᠶ᠎ᠠ ᠪᠦᠬᠦᠢ ᠨᠢᠭᠡᠴᠡ ᠨᠦᠭᠦᠳ ᠲᠤᠰ ᠤᠳᠠᠭᠠᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ | ᠨᠡᠶᠢᠳᠡᠮ ᠪᠠᠶᠢᠴᠠᠭᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠵᠡᠯ ᠰᠠᠨᠠᠭ᠎ᠠ ᠪᠠᠨ ᠨᠢᠭᠡᠳᠬᠡᠨ᠂ | ᠲᠠᠨᠢᠯᠲᠠ ᠪᠠᠨ ᠳᠡᠭᠡᠭᠰᠢᠯᠡᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ | ᠬᠡᠷᠡᠭᠲᠡᠢ᠃ ᠤᠬᠠᠭᠤᠯᠭ᠎ᠠ ᠶᠢᠨ ᠡᠷᠴᠢᠮ ᠢᠶᠠᠨ ᠨᠡᠮᠡᠭᠳᠡᠭᠦᠯᠵᠦ᠂ ᠰᠣᠨᠢᠨ᠂ ᠷᠠᠳᠢᠣ᠋ ᠨᠡᠪᠲᠡᠷᠡᠭᠦᠯᠭᠡ᠂ ᠲᠧᠯᠸᠢᠰ᠂ ᠢᠨᠲ᠋ᠧᠷ | ᠰᠦᠯᠵᠢᠶ᠎ᠡ᠂ ᠣᠯᠠᠨ ᠨᠡᠶᠢᠲᠡ ᠶᠢᠨ ᠳ᠋ᠤᠭᠠᠷ᠂ ᠬᠠᠷᠠᠭᠠᠨ ᠳᠠᠪᠲᠠᠮᠵᠢ ᠶᠢᠨ ᠨᠣᠮᠧᠷ ᠵᠡᠷᠭᠡ ᠵᠠᠭᠤᠴᠢᠯᠠᠭᠤᠷ ᠤᠨ | ᠦᠢᠯᠡᠳᠦᠯ ᠢ ᠭᠦᠢᠴᠡᠳ ᠪᠠᠳᠠᠷᠠᠭᠤᠯᠤᠨ᠂ ᠱᠠᠲᠤ ᠦᠶ᠎ᠡ ᠶᠢᠨ ᠴᠢᠨᠠᠷᠲᠠᠢ ᠲᠥᠪᠯᠡᠷᠡᠩᠭᠦᠢ ᠤᠬᠠᠭᠤᠯᠭ᠎ᠠ ᠪᠣᠯᠣᠨ ᠤᠷᠲᠤ | ᠬᠤᠭᠤᠴᠠᠭᠠᠨ ᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠬᠦ ᠬᠡᠷᠡᠭᠲᠡᠢ᠃ | | ᠳᠠᠭᠠᠯᠳᠤᠭᠤᠯᠤᠯ᠄ 1᠂ ᠰᠢᠭᠤᠶᠢᠲᠤ ᠲᠣᠭᠤᠷᠢᠭ ᠤᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ | ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ | ᠪᠦᠷᠢᠯᠳᠦᠭᠦᠨ ᠤ ᠨᠡᠷᠡᠰ | | ᠰᠢᠭᠤᠶᠢᠲᠤ ᠲᠣᠭᠤᠷᠢᠭ ᠤᠨ ᠠᠷᠠᠳ ᠶᠢᠨ ᠵᠠᠰᠠᠭ ᠤᠨ ᠣᠷᠳᠣᠨ | 2024 ᠣᠨ ᠤ 2 ᠰᠠᠷ᠎ᠠ ᠶᠢᠨ 23 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠬᠦ︶ | | ᠳᠠᠭᠠᠯᠳᠤᠭᠤᠯᠤᠯ᠄ | ᠰᠢᠭᠤᠶᠢᠲᠤ ᠲᠣᠭᠤᠷᠢᠭ ᠤᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ | ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠤ ᠨᠡᠷᠡᠰ | | ︽ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ | ᠪᠠᠶᠢᠴᠠᠭᠠᠯᠲᠠ ᠶᠢ ᠥᠷᠨᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ | ᠲᠠᠷᠬᠠᠭᠠᠭᠰᠠᠨ﹇2023﹈ 18 ᠳ᠋ᠤᠭᠠᠷ ᠲᠣᠭᠠᠲᠤ︶ ᠪᠠ ︽ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ | ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ | ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ | ︵ᠥᠪᠥᠷ ᠵᠠᠰᠠᠭ ᠲᠠᠷᠬᠠᠭᠠᠭᠰᠠᠨ﹇2023﹈ 26 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠪᠥᠬᠦ ᠤᠯᠤᠰ ᠤᠨ ᠳᠥᠷᠪᠡᠳᠦᠭᠡᠷ ᠤᠳᠠᠭᠠᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ | ᠨᠡᠶᠢᠳᠡᠮ ᠪᠠᠶᠢᠴᠠᠭᠠᠯᠲᠠ ᠶᠢᠨ ᠠᠵᠢᠯ ᠢ ᠤᠷᠤᠭᠰᠢᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠶᠢᠨ ᠲᠤᠰᠠᠳᠠ᠂ | ᠰᠢᠭᠤᠶᠢᠲᠤ ᠲᠣᠭᠤᠷᠢᠭ ᠤᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ | ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠢ ᠣᠨᠴᠠᠭᠠᠶᠢᠯᠠᠨ ᠪᠠᠶᠢᠭᠤᠯᠬᠤ ᠶᠢᠨ | ᠲᠤᠰᠠᠳᠠ᠂ ᠪᠦᠷᠢᠯᠳᠦᠭᠦᠨ ᠨᠢ ᠳᠣᠣᠷᠠᠬᠢ ᠮᠡᠲᠦ᠄ | ᠳᠤᠭᠤᠶᠢᠯᠠᠩ ᠤᠨ ᠳᠠᠷᠤᠭ᠎ᠠ᠄ ᠴᠢᠶᠣᠤ ᠫᠧᠢ ᠳ᠋ᠦᠩ᠂ ᠲᠣᠭᠤᠷᠢᠭ ᠤᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ | ᠯᠢ ᠰᠢᠶᠠᠩ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ | ᠪᠠᠶᠢᠩᠭᠤ ᠶᠢᠨ ᠳᠡᠳ᠋ ᠳᠠᠷᠤᠭ᠎ᠠ᠃ | ᠲᠠᠩ ᠬᠤᠸᠠ ᠢᠦᠢ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠰᠣᠶᠣᠯ | ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶᠠᠨ ᠤ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠫᠧᠩ ᡁᠢ ᠴᠢᠶᠠᠩ᠂ ᠲᠣᠭᠤᠷᠢᠭ ᠤᠨ ᠨᠠᠮ ᠤᠨ ᠬᠤᠷᠢᠶᠠᠨ ᠤ | ᠤᠬᠠᠭᠤᠯᠬᠤ ᠬᠡᠯᠲᠡᠰ ᠤᠨ ᠳᠡᠳ᠋ ᠳᠠᠷᠤᠭ᠎ᠠ | ᠸᠠᠩ ᠬᠤᠢ ᠮᠧᠶ᠂ ᠲᠣᠭᠤᠷᠢᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶᠠᠨ ᠤ | ᠳᠡᠳ᠋ ᠳᠠᠷᠤᠭ᠎ᠠ | ᠭᠡᠰᠢᠭᠦᠨ᠄ ᠴᠧᠨ ᠢᠦᠢ ᠰᠢᠶᠠ᠂ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ | ᠬᠡᠯᠲᠡᠰ ᠤᠨ ᠳᠡᠳ᠋ ᠳᠠᠷᠤᠭ᠎ᠠ | ᠶᠦᠨ ᠴᠧᠩ ᠽᠧ᠂ ᠵᠢᠪᠬᠤᠯᠠᠩᠲᠤ ᠰᠤᠮᠤ ᠶᠢᠨ ᠰᠤᠮᠤᠨ ᠳᠠᠷᠤᠭ᠎ᠠ | ᠴᠢ ᠰᠢᠶᠣᠣ ᠸᠧᠢ᠂ ᠪᠡᠳᠬᠡᠷ ᠵᠤᠤ ᠪᠠᠯᠭᠠᠰᠤᠨ ᠤ ᠳᠠᠷᠤᠭ᠎ᠠ | ᠯᠢ ᠪᠥᠸᠧ᠂ ᠪᠠᠢ ᠬᠤ᠋ ᠭᠧᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠵᠠᠩ ᠰᠢ ᠴᠢᠩ᠂ ᠳ᠋ᠠ ᠳ᠋ᠧ ᠾᠧᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠸᠧᠢ ᠪᠥᠸᠧ᠂ ᠰᠢᠭᠤᠶᠢᠲᠤ ᠵᠡᠭᠡᠯᠢ ᠭᠤᠳᠤᠮᠵᠢ ᠶᠢᠨ ᠨᠠᠮ ᠤᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠷᠧᠨ ᠸᠧᠨ ᠴᠢᠶᠠᠩ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠵᠢᠶᠠ ᠯᠢ ᠮᠢᠨ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ | ᠰᠢᠶᠣᠣ ᠹᠧᠩ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ᠃ | ᠯᠢ ᠰᠢᠨ ᠮᠢᠩ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ | ᠶᠠᠩ ᠲᠦᠩ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠳᠠᠷᠤᠭ᠎ᠠ | ᠬᠤᠤ ᠴᠦᠨ ᠭᠤᠸᠠᠩ᠂ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ | ᠲᠣᠪᠴᠢᠶᠠᠨ ᠤ ᠳᠠᠷᠤᠭ᠎ᠠ | ᠰᠦᠨ ᠵᠢᠶᠠᠨ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ | ᠳᠠᠷᠤᠭ᠎ᠠ | ᠰᠦ᠋ ᠢᠦᠢ᠂ ᠲᠣᠭᠤᠷᠢᠭ ᠤᠨ ᠬᠠᠮᠲᠤᠷᠠᠯᠴᠠᠭ᠎ᠠ ᠰᠣᠯᠢᠯᠴᠠᠭᠠᠨ ᠤ ᠲᠥᠪ ᠤᠨ ᠡᠷᠬᠢᠯᠡᠭᠴᠢ | ᠯᠢ ᠭᠦᠩ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶᠠᠨ ᠤ | ᠳᠠᠷᠤᠭ᠎ᠠ | ᠭᠦᠸᠧ ᠪᠦᠦ ᠬᠤᠸᠠ᠂ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ ᠶᠢᠨ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠲᠥᠪ ᠤᠨ ᠡᠷᠬᠢᠯᠡᠭᠴᠢ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ | ᠷᠠᠳᠢᠣ᠋ ᠲᠧᠯᠸᠢᠰ ᠤᠨ ᠲᠣᠪᠴᠢᠶ᠎ᠠ ︵ ᠶᠢᠨ ᠵᠧᠩ ᠲᠣᠮᠣ ᠠᠰᠠᠷ ᠤᠨ A520 ᠲᠠᠰᠤᠭ︶ ᠳᠤ ᠲᠣᠬᠢᠷᠠᠭᠤᠯᠵᠤ᠂ ᠨᠡᠶᠢᠳᠡᠮ | ᠪᠠᠶᠢᠴᠠᠭᠠᠯᠲᠠ ᠶᠢᠨ ᠠᠵᠢᠯ ᠤᠨ ᠡᠳᠦᠷ ᠲᠤᠲᠤᠮ ᠤᠨ ᠵᠣᠬᠢᠶᠠᠨ ᠪᠠᠶᠢᠭᠤᠯᠤᠯᠲᠠ ᠪᠠ ᠪᠣᠳᠠᠲᠠᠢ ᠵᠣᠬᠢᠴᠠᠭᠤᠯᠬᠤ ᠶᠢ | ᠬᠠᠷᠢᠭᠤᠴᠠᠨ᠎ᠠ᠃ ᠤᠳᠤᠷᠢᠳᠬᠤ ᠳᠤᠭᠤᠶᠢᠯᠠᠩ ᠨᠢ ᠰᠢᠭᠤᠶᠢᠲᠤ ᠲᠣᠭᠤᠷᠢᠭ ᠤᠨ ᠵᠠᠰᠠᠭ ᠤᠨ ᠣᠷᠳᠣᠨ ᠤ ᠬᠡᠷᠡᠭ | ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠪᠣᠯᠬᠤ ᠦᠭᠡᠢ᠂ ᠡᠭᠦᠷᠭᠡ ᠶᠢ ᠠᠦ᠋ᠲ᠋ᠣ ᠬᠦᠴᠦᠨ ᠦᠭᠡᠢ ᠪᠣᠯᠭᠠᠬᠤ ᠶᠢ | ᠪᠡᠶᠡᠯᠡᠭᠦᠯᠦᠨ᠎ᠡ᠃ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠲᠠᠩ ᠬᠤᠸᠠ ᠢᠦᠢ ᠬᠠᠪᠰᠤᠷᠭᠠᠨ ᠬᠠᠷᠢᠭᠤᠴᠠᠵᠤ᠂ | ᠡᠯ᠎ᠡ ᠪᠦᠷᠢᠯᠳᠦᠭᠦᠨ ᠨᠢᠭᠡᠴᠡ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ ᠲᠣᠰ ᠲᠣᠰ ᠤᠨ ᠬᠠᠷᠢᠭᠤᠴᠠᠯᠭ᠎ᠠ ᠪᠠᠨ | ᠭᠦᠢᠴᠡᠳᠬᠡᠨ᠎ᠡ᠃ | | ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠰᠢᠭᠤᠶᠢᠲᠤ | ᠲᠣᠭᠤᠷᠢᠭ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ | ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ | ᠰᠢᠭᠤᠶᠢᠲᠤ ᠵᠠᠰᠠᠭᠠᠯᠪᠠᠨ ᠲᠠᠷᠬᠠᠭᠠᠭᠰᠠᠨ﹇2024﹈ 5 ᠳ᠋ᠤᠭᠠᠷ ᠲᠣᠭᠠᠲᠤ | | ᠵᠢᠪᠬᠤᠯᠠᠩᠲᠤ ᠰᠤᠮᠤ᠂ ᠪᠡᠳᠬᠡᠷ ᠵᠤᠤ ᠪᠠᠯᠭᠠᠰᠤ᠂ ᠡᠯ᠎ᠡ ᠬᠦᠷᠢᠶᠡᠯᠡᠩ ᠲᠣᠭᠤᠷᠢᠭ ︵ᠦᠵᠡᠮᠵᠢ ᠶᠢᠨ ᠣᠷᠣᠨ︶ ᠤᠨ | ᠬᠠᠮᠢᠶᠠᠷᠤᠯᠲᠠ ᠶᠢᠨ ᠵᠥᠪᠯᠡᠯ᠂ ᠡᠯ᠎ᠡ ᠵᠡᠭᠡᠯᠢ ᠭᠤᠳᠤᠮᠵᠢ᠂ ᠲᠣᠭᠤᠷᠢᠭ ᠤᠨ ᠬᠠᠷᠢᠶ᠎ᠠ᠂ ᠲᠣᠭᠤᠷᠢᠭ ᠲᠤ ᠰᠠᠭᠤᠭ᠎ᠠ ᠡᠯ᠎ᠡ | ᠰᠠᠯᠠᠭ᠎ᠠ ᠮᠥᠴᠢᠷ᠂ ᠨᠢᠭᠡᠴᠢ ᠳᠤ᠄ | ᠡᠳᠦᠭᠡ ︽ᠰᠢᠭᠤᠶᠢᠲᠤ ᠲᠣᠭᠤᠷᠢᠭ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ | ᠪᠠᠶᠢᠴᠠᠭᠠᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ | ᠲᠤᠤᠱᠯᠠᠭᠤᠯᠤᠨ ᠬᠡᠷᠡᠭᠵᠢᠭᠦᠯᠲᠦᠭᠡᠢ᠃ | | ᠰᠢᠭᠤᠶᠢᠲᠤ ᠲᠣᠭᠤᠷᠢᠭ ᠤᠨ ᠠᠷᠠᠳ ᠶᠢᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 3 ᠰᠠᠷ᠎ᠠ ᠶᠢᠨ 5 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠬᠦ︶ | | | ᠰᠢᠭᠤᠶᠢᠲᠤ ᠲᠣᠭᠤᠷᠢᠭ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ | ᠪᠠᠶᠢᠴᠠᠭᠠᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ | | ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ | ︵ᠳᠣᠷᠣᠭᠰᠢ ︽ᠬᠥᠷᠥᠰᠥ ᠰᠢᠷᠣᠢ ᠶᠢᠨ ᠭᠤᠷᠪᠠ ᠶᠢ ᠲᠦᠭᠡᠮᠡᠯᠵᠢᠭᠦᠯᠬᠦ︾ ᠭᠡᠵᠦ ᠲᠣᠪᠴᠢᠯᠠᠨ᠎ᠠ︶ ᠶᠢᠨ ᠠᠵᠢᠯ ᠢ | ᠰᠠᠶᠢᠲᠤᠷ ᠬᠢᠵᠦ᠂ ᠮᠠᠨ ᠤ ᠲᠣᠭᠤᠷᠢᠭ ᠤᠨ ᠬᠥᠷᠥᠰᠥ ᠰᠢᠷᠣᠢ ᠶᠢᠨ ᠡᠬᠢ ᠪᠠᠶᠠᠯᠢᠭ ᠤᠨ ᠪᠠᠶᠢᠳᠠᠯ ᠢ ᠪᠥᠬᠦ ᠲᠠᠯ᠎ᠠ ᠪᠠᠷ | ᠡᠵᠡᠮᠰᠢᠬᠦ ᠶᠢᠨ ᠲᠤᠰᠠᠳᠠ᠂ ︽ᠪᠤᠭᠤᠲᠤ ᠬᠤᠲᠠ ᠶᠢᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ | ᠪᠠᠶᠢᠴᠠᠭᠠᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ︾ ︵ᠪᠤᠭᠤᠲᠤ ᠬᠤᠲᠠ ᠶᠢᠨ ᠭᠤᠷᠪᠠ ᠶᠢ ᠲᠦᠭᠡᠮᠡᠯᠵᠢᠭᠦᠯᠬᠦ | ᠠᠯᠪᠠᠨ ᠲᠠᠷᠬᠠᠭᠠᠭᠰᠠᠨ︹ 2023︺ 2 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ︽ᠪᠥᠬᠦ | ᠬᠤᠲᠠ ᠶᠢᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠢ | ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠪᠤᠭᠤᠲᠤ ᠵᠠᠰᠠᠭ ᠲᠠᠷᠬᠠᠭᠠᠭᠰᠠᠨ︹ | 2022︺ 44 ᠳ᠋ᠦ᠋ᠭᠡᠷ ᠲᠣᠭᠠᠲᠤ︶ ᠤᠨ ᠪᠠᠶᠢᠷᠢᠯᠠᠭᠤᠯᠤᠯᠲᠠ ᠶᠣᠰᠣᠭᠠᠷ᠂ ᠮᠠᠨ ᠤ ᠲᠣᠭᠤᠷᠢᠭ ᠤᠨ | ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃ | ᠨᠢᠭᠡ᠂ ᠨᠡᠶᠢᠳᠡᠮ ᠪᠠᠶᠢᠴᠠᠭᠠᠯᠲᠠ ᠶᠢᠨ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ | ᠲᠠᠯ᠎ᠠ ᠪᠠᠷ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠲᠠᠷᠢᠶᠠᠨ ᠭᠠᠵᠠᠷ ᠢ | ᠬᠠᠮᠠᠭᠠᠯᠠᠵᠤ ᠪᠦᠲᠦᠭᠡᠨ ᠪᠠᠶᠢᠭᠤᠯᠬᠤ ᠪᠠ ᠠᠮᠢᠳᠤ ᠳᠦᠷᠰᠦ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠢ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠨᠠᠶᠢᠳᠠᠪᠤᠷᠢᠵᠢᠭᠤᠯᠤᠨ᠎ᠠ︔ ᠬᠥᠷᠥᠰᠥ ᠰᠢᠷᠣᠢ ᠶᠢᠨ | ᠨᠡᠶᠢᠳᠡᠮ ᠪᠠᠶᠢᠴᠠᠭᠠᠯᠲᠠ ᠶᠢᠨ ᠪᠥᠬᠦ ᠲᠠᠯ᠎ᠠ ᠶᠢᠨ ᠴᠢᠨᠠᠷ᠂ ᠰᠢᠨᠵᠢᠯᠡᠬᠦ ᠤᠬᠠᠭᠠᠨᠴᠢ ᠴᠢᠨᠠᠷ᠂ ᠲᠤᠰᠬᠠᠢ ᠮᠡᠷᠭᠡᠵᠢᠯ ᠤᠨ | ᠴᠢᠨᠠᠷ ᠤᠨ ᠵᠠᠷᠴᠢᠮ ᠢ ᠵᠢᠷᠤᠮᠯᠠᠨ᠂ ᠨᠢᠭᠡᠨᠲᠡ ᠣᠯᠣᠭᠰᠠᠨ ᠦᠷ᠎ᠡ ᠪᠦᠲᠦᠭᠡᠯ ᠢᠶᠠᠷ ᠲᠣᠯᠢ ᠪᠣᠯᠭᠠᠵᠤ᠂ ᠬᠥᠷᠥᠰᠥ | ᠰᠢᠷᠣᠢ ᠶᠢᠨ ᠶᠠᠰᠤ ᠴᠢᠨᠠᠷ ᠢ ᠲᠣᠳᠣᠷᠬᠠᠢ ᠣᠶᠢᠯᠠᠭᠠᠬᠤ ᠪᠠ ᠬᠥᠷᠥᠰᠥ ᠰᠢᠷᠣᠢ ᠶᠢᠨ ᠲᠥᠷᠥᠯ ᠬᠡᠯᠪᠡᠷᠢ ᠶᠢ | ᠲᠡᠭᠦᠯᠳᠡᠷᠵᠢᠭᠦᠯᠬᠦ ᠶᠢ ᠬᠠᠷᠢᠯᠴᠠᠨ ᠤᠶᠠᠯᠳᠤᠭᠤᠯᠬᠤ᠂ ᠬᠥᠷᠥᠰᠥ ᠰᠢᠷᠣᠢ ᠶᠢᠨ ᠭᠠᠳᠠᠷᠭᠤ ᠶᠢᠨ ᠥᠯᠢᠭᠡᠷ ᠠᠪᠬᠤ ᠪᠠ | ᠭᠤᠣᠯᠳᠠᠯᠭ᠎ᠠ ᠲᠠᠢ ᠣᠭᠲᠣᠯᠣᠭᠠᠰᠤ ᠶᠢ ᠴᠤᠭᠯᠠᠭᠤᠯᠬᠤ ᠶᠢ ᠬᠠᠷᠢᠯᠴᠠᠨ ᠤᠶᠠᠯᠳᠤᠭᠤᠯᠬᠤ᠂ ᠬᠥᠷᠥᠰᠥ ᠰᠢᠷᠣᠢ ᠶᠢᠨ | ᠭᠠᠳᠠᠷᠭᠤ ᠶᠢᠨ ᠬᠦᠴᠦᠨ ᠵᠦᠢᠯ ᠢ ᠲᠣᠳᠣᠷᠬᠠᠢ ᠣᠶᠢᠯᠠᠭᠠᠬᠤ ᠪᠠ ᠬᠢᠮᠢ ᠶᠢᠨ ᠪᠣᠷᠳᠣᠭᠤᠷ ᠢ ᠰᠠᠶᠢᠵᠢᠷᠠᠭᠤᠯᠬᠤ ᠠᠷᠭ᠎ᠠ | ᠬᠡᠮᠵᠢᠶ᠎ᠡ ᠶᠢ ᠳᠤᠷᠠᠳᠬᠤ᠂ ᠵᠠᠰᠠᠭ ᠤᠨ ᠣᠷᠳᠣᠨ ᠢᠶᠠᠷ ᠭᠤᠣᠯᠯᠠᠭᠤᠯᠬᠤ ᠪᠠ ᠬᠢᠮᠢ ᠶᠢᠨ ᠪᠣᠷᠳᠣᠭᠤᠷ ᠴᠤᠭᠯᠠᠭᠤᠯᠬᠤ | ᠠᠷᠭ᠎ᠠ ᠬᠡᠮᠵᠢᠶ᠎ᠡ ᠶᠢ ᠨᠢᠭᠡᠳᠦᠯᠲᠡᠢ ᠪᠠᠶᠢᠯᠭᠠᠬᠤ᠂ ᠠᠵᠢᠯ ᠤᠨ ᠡᠬᠡ ᠵᠢᠷᠤᠭ ᠢ ᠨᠢᠭᠡᠳᠦᠯᠲᠡᠢ ᠪᠠᠶᠢᠯᠭᠠᠬᠤ᠂ ᠰᠢᠯᠭᠠᠨ | ᠲᠤᠷᠰᠢᠬᠤ ᠶᠢ ᠨᠢᠭᠡᠳᠦᠯᠲᠡᠢ ᠪᠠᠶᠢᠯᠭᠠᠬᠤ᠂ ᠡᠯ᠎ᠡ ᠲᠠᠯ᠎ᠠ ᠶᠢᠨ ᠬᠢᠨ ᠬᠠᠮᠵᠢᠯᠴᠠᠬᠤ᠂ ᠱᠠᠲᠤ ᠬᠤᠪᠢᠶᠠᠨ ᠬᠠᠷᠢᠭᠤᠴᠠᠬᠤ᠂ | ᠡᠯ᠎ᠡ ᠲᠠᠯ᠎ᠠ ᠶᠢᠨ ᠬᠢᠨ ᠣᠷᠣᠯᠴᠠᠬᠤ᠂ ᠠᠯᠬᠤᠮ ᠠᠯᠬᠤᠮ ᠢᠶᠠᠷ ᠬᠡᠷᠡᠭᠵᠢᠭᠦᠯᠬᠦ︾ ᠠᠵᠢᠯ ᠤᠨ ᠠᠷᠭ᠎ᠠ ᠮᠠᠶ᠋ᠢᠭ ᠢ ᠠᠪᠴᠤ᠂ | 2025 ᠣᠨ ᠪᠣᠯᠬᠤ ᠳᠤ᠂ ᠰᠢᠭᠤᠶᠢᠲᠤ ᠲᠣᠭᠤᠷᠢᠭ ᠤᠨ ᠬᠥᠷᠥᠰᠥ ᠰᠢᠷᠣᠢ ᠶᠢᠨ ᠲᠥᠷᠥᠯ ᠬᠡᠯᠪᠡᠷᠢ ᠵᠢᠴᠢ | ᠲᠠᠷᠬᠠᠯᠲᠠ ᠶᠢᠨ ᠵᠢᠮ᠎ᠡ ᠶᠣᠰᠣ᠂ ᠬᠥᠷᠥᠰᠥ ᠰᠢᠷᠣᠢ ᠶᠢᠨ ᠡᠬᠢ ᠪᠠᠶᠠᠯᠢᠭ ᠤᠨ ᠣᠳᠣᠬᠢ ᠪᠠᠶᠢᠳᠠᠯ ᠵᠢᠴᠢ | ᠬᠤᠪᠢᠷᠠᠯᠲᠠ ᠶᠢᠨ ᠬᠠᠨᠳᠤᠰᠢ ᠶᠢ ᠪᠥᠬᠦ ᠲᠠᠯ᠎ᠠ ᠪᠠᠷ ᠪᠠᠶᠢᠴᠠᠭᠠᠨ ᠲᠣᠳᠣᠯᠠᠬᠤ᠂ ᠬᠥᠷᠥᠰᠥ ᠰᠢᠷᠣᠢ ᠶᠢᠨ ᠶᠠᠰᠤ | ᠴᠢᠨᠠᠷ ᠤᠨ ᠪᠠᠶᠢᠳᠠᠯ ᠢ ᠲᠣᠳᠣᠷᠬᠠᠢ ᠣᠶᠢᠯᠠᠭᠠᠬᠤ ᠶᠢ ᠪᠡᠶᠡᠯᠡᠭᠦᠯᠵᠦ᠂ ᠲᠠᠷᠢᠶᠠᠨ ᠭᠠᠵᠠᠷ ᠤᠨ ᠤᠯᠠᠭᠠᠨ ᠱᠤᠭᠤᠮ ᠢ | ᠰᠠᠬᠢᠬᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠲᠠᠷᠢᠶᠠᠯᠠᠩ ᠤᠨ ᠦᠢᠯᠡᠳᠪᠦᠷᠢᠯᠡᠯ ᠤᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ | ᠪᠠᠬᠢ ᠰᠠᠭᠤᠷᠢ ᠲᠠᠯᠪᠢᠬᠤ ᠬᠡᠷᠡᠭᠲᠡᠢ᠃ | ᠬᠤᠶᠠᠷ᠂ ᠨᠡᠶᠢᠳᠡᠮ ᠪᠠᠶᠢᠴᠠᠭᠠᠯᠲᠠ ᠶᠢᠨ ᠡᠲᠡᠭᠡᠳ ᠬᠢᠭᠡᠳ ᠠᠭᠤᠯᠭ᠎ᠠ | ︵ᠨᠢᠭᠡ︶ᠨᠡᠶᠢᠳᠡᠮ ᠪᠠᠶᠢᠴᠠᠭᠠᠭᠳᠠᠬᠤ ᠡᠲᠡᠭᠡᠳ᠃ ᠪᠦᠬᠦ ᠲᠣᠭᠤᠷᠢᠭ ᠤᠨ ᠲᠠᠷᠢᠶᠠᠨ ᠭᠠᠵᠠᠷ᠂ ᠴᠡᠴᠡᠷᠯᠢᠭ ᠤᠨ | ᠭᠠᠵᠠᠷ᠂ ᠣᠶᠢᠲᠤ ᠭᠠᠵᠠᠷ᠂ ᠡᠪᠡᠰᠦ ᠵᠡᠷᠭᠡ ᠲᠠᠷᠢᠶᠠᠯᠠᠩ ᠳᠤ ᠠᠰᠢᠭᠯᠠᠬᠤ ᠭᠠᠵᠠᠷ ᠪᠣᠯᠣᠨ ᠬᠡᠰᠡᠭ ᠠᠰᠢᠭᠯᠠᠭ᠎ᠠ ᠦᠭᠡᠢ | ᠭᠠᠵᠠᠷ ᠤᠨ ᠬᠥᠷᠥᠰᠥ ᠰᠢᠷᠣᠢ ᠃ ᠡᠭᠦᠨ ᠳᠤ᠂ ᠣᠶᠢᠲᠤ ᠭᠠᠵᠠᠷ᠂ ᠪᠡᠯᠴᠢᠭᠡᠷ ᠤᠨ ᠭᠤᠣᠯᠳᠠᠯᠭ᠎ᠠ ᠲᠠᠢ ᠪᠠᠶᠢᠴᠠᠭᠠᠯᠲᠠ | ᠬᠢᠭᠡᠳ ᠠᠮᠤ ᠪᠤᠳᠠᠭᠠᠨ ᠤ ᠦᠢᠯᠡᠳᠪᠦᠷᠢᠯᠡᠯ ᠯᠦᠭᠡ ᠬᠤᠯᠪᠣᠭᠳᠠᠬᠤ ᠭᠠᠵᠠᠷ ᠰᠢᠷᠣᠢ᠂ ᠠᠰᠢᠭᠯᠠᠭᠠᠳᠤᠢ ᠭᠠᠵᠠᠷ ᠪᠠ | ᠬᠠᠭᠠᠯᠪᠤᠷᠢᠯᠠᠵᠤ ᠪᠣᠯᠬᠤ ᠲᠠᠷᠢᠶᠠᠨ ᠭᠠᠵᠠᠷ ᠤᠨ ᠡᠬᠢ ᠪᠠᠶᠠᠯᠢᠭ ᠯᠤᠭ᠎ᠠ ᠬᠤᠯᠪᠣᠭᠳᠠᠬᠤ ᠭᠠᠵᠠᠷ ᠰᠢᠷᠣᠢ᠂ ᠵᠢᠱᠢᠶᠡᠯᠡᠪᠡᠯ | ᠬᠤᠵᠢᠷᠯᠢᠭ ᠭᠠᠵᠠᠷ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠬᠤ ᠬᠡᠷᠡᠭᠲᠡᠢ᠃ | ︵ᠬᠤᠶᠠᠷ︶ᠨᠡᠶᠢᠳᠡᠮ ᠪᠠᠶᠢᠴᠠᠭᠠᠯᠲᠠ ᠶᠢᠨ ᠠᠭᠤᠯᠭ᠎ᠠ᠃ ᠡᠭᠦᠨ ᠳᠤ ᠬᠥᠷᠥᠰᠥ ᠰᠢᠷᠣᠢ ᠶᠢᠨ ᠴᠢᠨᠠᠷᠲᠠᠢ | ᠨᠡᠶᠢᠳᠡᠮ ᠪᠠᠶᠢᠴᠠᠭᠠᠯᠲᠠ᠂ ᠬᠥᠷᠥᠰᠥ ᠰᠢᠷᠣᠢ ᠶᠢᠨ ᠲᠥᠷᠥᠯ ᠤᠨ ᠨᠡᠶᠢᠳᠡᠮ ᠪᠠᠶᠢᠴᠠᠭᠠᠯᠲᠠ᠂ ᠬᠥᠷᠥᠰᠥ ᠰᠢᠷᠣᠢ ᠶᠢᠨ | ᠨᠥᠬᠦᠴᠡᠯ ᠢ ᠨᠡᠶᠢᠳᠡᠮ ᠪᠠᠶᠢᠴᠠᠭᠠᠬᠤ᠂ ᠬᠥᠷᠥᠰᠥ ᠰᠢᠷᠣᠢ ᠶᠢ ᠠᠰᠢᠭᠯᠠᠭᠰᠠᠨ ᠪᠠᠶᠢᠳᠠᠯ ᠢ ᠨᠡᠶᠢᠳᠡᠮ ᠪᠠᠶᠢᠴᠠᠭᠠᠬᠤ᠂ | ᠬᠥᠷᠥᠰᠥ ᠰᠢᠷᠣᠢ ᠶᠢᠨ ᠥᠯᠢᠭᠡᠷ ᠲᠤᠭ᠎ᠠ ᠪᠠᠷᠢᠮᠲᠠ ᠶᠢᠨ ᠬᠥᠮᠥᠷᠭᠡ ᠪᠠ ᠬᠥᠷᠥᠰᠥ ᠰᠢᠷᠣᠢ ᠶᠢᠨ ᠥᠯᠢᠭᠡᠷ ᠡᠳ᠋ ᠤᠨ | ᠬᠥᠮᠥᠷᠭᠡ ᠶᠢ ᠪᠠᠶᠢᠭᠤᠯᠬᠤ᠂ ᠬᠥᠷᠥᠰᠥ ᠰᠢᠷᠣᠢ ᠶᠢᠨ ᠶᠠᠰᠤ ᠴᠢᠨᠠᠷ ᠤᠨ ᠪᠠᠶᠢᠳᠠᠯ ᠢ ᠵᠠᠳᠠᠯᠬᠤ᠂ ᠨᠡᠶᠢᠳᠡᠮ | ᠪᠠᠶᠢᠴᠠᠭᠠᠯᠲᠠ ᠶᠢᠨ ᠦᠷ᠎ᠡ ᠪᠦᠲᠦᠭᠡᠯ ᠢ ᠬᠤᠷᠢᠶᠠᠩᠭᠤᠶᠢᠯᠠᠨ ᠨᠢᠭᠡᠳᠬᠡᠬᠦ ᠵᠡᠷᠭᠡ ᠪᠠᠭᠲᠠᠨ᠎ᠠ᠃ ᠬᠥᠷᠥᠰᠥ ᠰᠢᠷᠣᠢ ᠶᠢ | ᠲᠥᠷᠥᠯ ᠬᠤᠪᠢᠶᠠᠬᠤ ᠰᠢᠰᠲ᠋ᠧᠮ ᠬᠢᠭᠡᠳ ᠬᠠᠷᠭᠤᠭᠤᠯᠤᠨ ᠬᠢᠨᠠᠵᠤ ᠬᠥᠷᠥᠰᠥ ᠰᠢᠷᠣᠢ ᠶᠢ ᠨᠥᠬᠦᠪᠦᠷᠢᠯᠡᠬᠦ ᠲᠥᠷᠥᠯ | ᠬᠡᠯᠪᠡᠷᠢ ᠶᠢ ᠲᠡᠭᠦᠯᠳᠡᠷᠵᠢᠭᠦᠯᠬᠦ ᠪᠠᠷ ᠰᠠᠭᠤᠷᠢ ᠪᠣᠯᠭᠠᠵᠤ᠂ ᠬᠥᠷᠥᠰᠥ ᠰᠢᠷᠣᠢ ᠶᠢᠨ ᠹᠢᠽᠢᠺ ᠬᠢᠮᠢ ᠶᠢᠨ ᠴᠢᠨᠠᠷᠲᠠᠢ | ᠨᠡᠶᠢᠳᠡᠮ ᠪᠠᠶᠢᠴᠠᠭᠠᠯᠲᠠ ᠪᠠᠷ ᠭᠤᠣᠯᠳᠠᠯᠭ᠎ᠠ ᠪᠣᠯᠭᠠᠨ᠂ ᠪᠥᠬᠦ ᠲᠣᠭᠤᠷᠢᠭ ᠤᠨ ᠬᠥᠷᠥᠰᠥ ᠰᠢᠷᠣᠢ ᠶᠢᠨ ᠰᠠᠭᠤᠷᠢ ᠲᠤᠭ᠎ᠠ | ᠪᠠᠷᠢᠮᠲᠠ ᠶᠢ ᠰᠢᠨᠡᠳᠬᠡᠬᠦ ᠪᠠ ᠲᠡᠭᠦᠯᠳᠡᠷᠵᠢᠭᠦᠯᠵᠦ᠂ ᠬᠥᠷᠥᠰᠥ ᠰᠢᠷᠣᠢ ᠶᠢᠨ ᠲᠤᠭ᠎ᠠ ᠪᠠᠷᠢᠮᠲᠠ ᠶᠢᠨ ᠬᠥᠮᠥᠷᠭᠡ ᠪᠠ | ᠥᠯᠢᠭᠡᠷ ᠡᠳ᠋ ᠤᠨ ᠬᠥᠮᠥᠷᠭᠡ ᠶᠢ ᠪᠠᠶᠢᠭᠤᠯᠵᠤ᠂ ᠲᠤᠭ᠎ᠠ ᠪᠠᠷᠢᠮᠲᠠ ᠶᠢ ᠡᠮᠬᠢᠳᠬᠡᠨ ᠬᠢᠨᠠᠨ ᠬᠠᠷᠭᠤᠭᠤᠯᠬᠤ᠂ ᠵᠠᠳᠠᠯᠬᠤ | ᠪᠠ ᠦᠷ᠎ᠡ ᠪᠦᠲᠦᠭᠡᠯ ᠢ ᠬᠤᠷᠢᠶᠠᠩᠭᠤᠶᠢᠯᠠᠬᠤ ᠶᠢ ᠥᠷᠨᠢᠭᠦᠯᠦᠨ᠎ᠡ᠃ ᠠᠳᠠᠯᠢ ᠪᠤᠰᠤ ᠠᠮᠢ ᠠᠬᠤᠢ ᠶᠢᠨ ᠨᠥᠬᠦᠴᠡᠯ᠂ | ᠠᠳᠠᠯᠢ ᠪᠤᠰᠤ ᠠᠰᠢᠭᠯᠠᠬᠤ ᠲᠥᠷᠥᠯ ᠬᠡᠯᠪᠡᠷᠢ ᠶᠢᠨ ᠬᠥᠷᠥᠰᠥ ᠰᠢᠷᠣᠢ ᠶᠢᠨ ᠶᠠᠰᠤ ᠴᠢᠨᠠᠷ ᠵᠢᠴᠢ ᠮᠠᠭᠤᠵᠢᠷᠠᠭᠰᠠᠨ ᠪᠠ | ᠬᠠᠷᠰᠢ ᠰᠠᠭᠠᠳ ᠲᠠᠢ ᠪᠠᠶᠢᠭ᠎ᠠ ᠪᠠᠶᠢᠳᠠᠯ ᠢ ᠪᠠᠶᠢᠴᠠᠭᠠᠨ ᠲᠣᠳᠣᠯᠠᠵᠤ᠂ ᠣᠨᠴᠠᠯᠢᠭᠲᠤ ᠲᠠᠷᠢᠶᠠᠯᠠᠩ ᠤᠨ | ᠪᠦᠲᠦᠭᠡᠭᠳᠡᠬᠦᠨ ᠤ ᠭᠠᠷᠤᠯᠲᠠ ᠶᠢᠨ ᠭᠠᠵᠠᠷ ᠤᠨ ᠬᠥᠷᠥᠰᠥ ᠰᠢᠷᠣᠢ ᠶᠢᠨ ᠣᠨᠴᠠᠯᠢᠭ᠂ ᠲᠠᠷᠢᠶᠠᠨ ᠭᠠᠵᠠᠷ ᠤᠨ ᠪᠡᠯᠡᠳᠬᠡᠯ | ᠡᠬᠢ ᠪᠠᠶᠠᠯᠢᠭ ᠤᠨ ᠬᠥᠷᠥᠰᠥ ᠰᠢᠷᠣᠢ ᠶᠢᠨ ᠶᠠᠰᠤ ᠴᠢᠨᠠᠷ᠂ ᠨᠡᠶᠢᠲᠡᠯᠢᠭ ᠣᠷᠣᠨ ᠪᠦᠰᠡ ᠶᠢᠨ ᠬᠥᠷᠥᠰᠥ ᠰᠢᠷᠣᠢ ᠶᠢᠨ | ᠣᠷᠴᠢᠨ ᠲᠣᠭᠤᠷᠢᠨ ᠪᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠵᠡᠷᠭᠡ ᠶᠢ ᠲᠣᠳᠣᠷᠬᠠᠢ ᠣᠶᠢᠯᠠᠭᠠᠵᠤ᠂ | ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠢ ᠶᠢᠨ ᠶᠠᠰᠤ ᠴᠢᠨᠠᠷ ᠤᠨ ᠪᠠᠶᠢᠳᠠᠯ ᠢ ᠪᠥᠬᠦ ᠲᠠᠯ᠎ᠠ ᠪᠠᠷ | ᠪᠠᠶᠢᠴᠠᠭᠠᠨ ᠲᠣᠳᠣᠯᠠᠬᠤ ᠬᠡᠷᠡᠭᠲᠡᠢ᠃ | 1. ᠬᠥᠷᠥᠰᠥ ᠰᠢᠷᠣᠢ ᠶᠢᠨ ᠰᠢᠨᠵᠢ ᠴᠢᠨᠠᠷ ᠤᠨ ᠨᠡᠶᠢᠳᠡᠮ ᠪᠠᠶᠢᠴᠠᠭᠠᠯᠲᠠ᠃ ᠬᠥᠷᠥᠰᠥ ᠰᠢᠷᠣᠢ ᠶᠢᠨ | ᠥᠯᠢᠭᠡᠷ ᠡᠳ᠋ ᠴᠤᠭᠯᠠᠭᠤᠯᠬᠤ ᠪᠠ ᠰᠢᠯᠭᠠᠬᠤ ᠪᠠᠷ ᠳᠠᠮᠵᠢᠭᠤᠯᠤᠨ᠂ ᠬᠥᠷᠥᠰᠥ ᠰᠢᠷᠣᠢ ᠶᠢᠨ ᠥᠩᠭᠡ ᠪᠤᠳᠤᠭ᠂ ᠭᠠᠵᠠᠷ | ᠰᠢᠷᠣᠢ᠂ ᠣᠷᠭᠠᠨᠢᠭ ᠡᠳ᠋᠂ ᠬᠦᠴᠢᠯᠯᠢᠭ ᠬᠤᠵᠢᠷ ᠤᠨ ᠬᠡᠮᠵᠢᠶ᠎ᠡ᠂ ᠰᠢᠮ᠎ᠡ ᠲᠡᠵᠢᠭᠡᠯ ᠤᠨ ᠪᠠᠶᠢᠳᠠᠯ᠂ ᠪᠠᠭᠲᠠᠭᠠᠮᠵᠢ ᠨᠢ | ᠬᠦᠨᠳᠦ᠂ ᠵᠠᠢ ᠵᠠᠪᠰᠠᠷ᠂ ᠬᠦᠨᠳᠦ ᠲᠡᠮᠦᠷᠯᠢᠭ ᠵᠡᠷᠭᠡ ᠬᠥᠷᠥᠰᠥ ᠰᠢᠷᠣᠢ ᠶᠢᠨ ᠹᠢᠽᠢᠺ᠂ ᠬᠢᠮᠢ ᠶᠢᠨ ᠭᠦᠢᠴᠡᠳᠬᠡᠯ ᠲᠤᠭ᠎ᠠ | ᠵᠢᠴᠢ ᠳᠠᠪᠠᠭᠤᠯᠢᠭ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠪᠢᠴᠢᠯ ᠡᠯᠧᠮᠧᠨ᠋ᠲ ᠢ | ᠨᠡᠶᠢᠳᠡᠮ ᠪᠠᠶᠢᠴᠠᠭᠠᠨ᠎ᠠ︔ ᠨᠡᠶᠢᠲᠡᠯᠢᠭ ᠣᠷᠣᠨ ᠪᠦᠰᠡ ᠳᠤ ᠨᠡᠶᠢᠳᠡᠮ ᠪᠠᠶᠢᠴᠠᠭᠠᠯᠲᠠ ᠶᠢᠨ ᠤᠷᠭᠤᠮᠠᠯ ᠤᠨ ᠦᠨᠳᠦᠰᠦ᠂ | ᠠᠮᠢᠲᠠᠨ ᠤ ᠠᠵᠢᠯᠯᠠᠭ᠎ᠠ᠂ ᠮᠢᠺᠷᠣᠪ ᠤᠨ ᠲᠤᠭ᠎ᠠ ᠬᠡᠮᠵᠢᠶ᠎ᠡ᠂ ᠲᠥᠷᠥᠯ ᠬᠡᠯᠪᠡᠷᠢ᠂ ᠲᠠᠷᠬᠠᠯᠲᠠ ᠵᠡᠷᠭᠡ ᠬᠥᠷᠥᠰᠥ | ᠰᠢᠷᠣᠢ ᠶᠢᠨ ᠠᠮᠢᠳᠤ ᠪᠣᠳᠠᠰ ᠤᠨ ᠤᠬᠠᠭᠠᠨ ᠤ ᠭᠦᠢᠴᠡᠳᠬᠡᠯ ᠲᠤᠭ᠎ᠠ ᠶᠢ ᠨᠡᠶᠢᠳᠡᠮ ᠪᠠᠶᠢᠴᠠᠭᠠᠨ᠎ᠠ᠃ | 2. ᠬᠥᠷᠥᠰᠥ ᠰᠢᠷᠣᠢ ᠶᠢᠨ ᠲᠥᠷᠥᠯ ᠤᠨ ᠨᠡᠶᠢᠳᠡᠮ ᠪᠠᠶᠢᠴᠠᠭᠠᠯᠲᠠ᠃ ᠬᠥᠷᠥᠰᠥ ᠰᠢᠷᠣᠢ ᠶᠢᠨ ᠬᠤᠶᠠᠷ | ᠲᠦ᠋ᠭᠡᠮᠡᠯ ᠢ ᠲᠦ᠋ᠭᠡᠮᠡᠯᠵᠢᠭᠦᠯᠬᠦ ᠲᠣᠷᠤᠯ ᠬᠤᠪᠢᠶᠠᠭᠰᠠᠨ ᠦᠷ᠎ᠡ ᠪᠦᠲᠦᠭᠡᠯ ᠢᠶᠠᠷ ᠰᠠᠭᠤᠷᠢ ᠪᠤᠯᠬᠠᠨ᠋ᠠ᠃ ᠲᠤᠬᠠᠢ ᠶᠢᠨ | ᠭᠠᠵᠠᠷ ᠲᠤᠨᠢ ᠣᠴᠢᠵᠤ ᠬᠠᠶᠢᠨ ᠰᠢᠨᠵᠢᠬᠦ᠂ ᠣᠭᠲᠣᠯᠣᠭᠠᠰᠤ ᠶᠢᠨ ᠠᠵᠢᠭᠯᠠᠯᠲᠠ ᠬᠢᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠬᠥᠷᠥᠰᠥ ᠰᠢᠷᠣᠢ ᠶᠢᠨ ᠲᠥᠷᠥᠯ ᠬᠡᠯᠪᠡᠷᠢ᠂ ᠲᠠᠷᠬᠠᠯᠲᠠ᠂ ᠲᠠᠯᠠᠪᠠᠶ ᠵᠡᠷᠭᠡ ᠶᠢ ᠬᠢᠨᠠᠨ ᠬᠠᠷᠭᠤᠭᠤᠯᠬᠤ ᠪᠠ | ᠨᠥᠬᠦᠪᠦᠷᠢᠯᠡᠨ ᠲᠡᠭᠦᠯᠳᠡᠷᠵᠢᠭᠦᠯᠬᠦ ᠬᠡᠷᠡᠭᠲᠡᠢ᠃ ᠡᠭᠦᠨ ᠤ ᠬᠠᠮᠲᠤ ᠬᠥᠷᠥᠰᠥ ᠰᠢᠷᠣᠢ ᠶᠢᠨ ᠣᠭᠲᠣᠯᠣᠭᠠᠰᠤ ᠪᠠᠷ | ᠳᠠᠮᠵᠢᠭᠤᠯᠤᠨ᠂ 1 ᠮᠧᠲᠷ ᠤᠨ ᠭᠠᠵᠠᠷ ᠰᠢᠷᠣᠢ ᠶᠢᠨ ᠣᠭᠲᠣᠯᠣᠭᠠᠰᠤ ᠳᠤᠮᠳᠠ ᠡᠯᠡᠰᠦ ᠯᠡᠪᠡᠷᠡᠬᠦ᠂ ᠬᠠᠶᠢᠷ ᠴᠢᠯᠠᠭᠤ᠂ | ᠨᠠᠩᠭᠢ ᠲᠡᠮᠦᠷ᠂ ᠴᠠᠭᠠᠨ ᠡᠭᠡᠳᠡᠩ᠂ ᠬᠤᠵᠢᠷᠯᠢᠭ ᠴᠢᠯᠠᠭᠤᠨ ᠳᠠᠪᠬᠤᠷᠭ᠎ᠠ ᠵᠡᠷᠭᠡ ᠬᠠᠷᠰᠢ ᠰᠠᠭᠠᠳ ᠲᠠᠢ ᠲᠥᠷᠥᠯ ᠵᠦᠢᠯ᠂ | ᠲᠠᠷᠬᠠᠯᠲᠠ ᠶᠢᠨ ᠳᠡᠰ ᠳᠠᠪᠬᠤᠷᠭ᠎ᠠ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠪᠠ᠃ | 3. ᠬᠥᠷᠥᠰᠥ ᠰᠢᠷᠣᠢ ᠶᠢᠨ ᠨᠥᠬᠦᠴᠡᠯ ᠤᠨ ᠨᠡᠶᠢᠳᠡᠮ ᠪᠠᠶᠢᠴᠠᠭᠠᠯᠲᠠ᠃ ᠬᠥᠷᠥᠰᠥ ᠰᠢᠷᠣᠢ ᠶᠢᠨ | ᠬᠡᠭᠡᠷ᠎ᠡ ᠶᠢᠨ ᠪᠠᠶᠢᠴᠠᠭᠠᠯᠲᠠ ᠶᠢᠨ ᠥᠯᠢᠭᠡᠷ ᠠᠪᠬᠤ ᠴᠡᠭ ᠤᠨ ᠪᠠᠶᠢᠭ᠎ᠠ ᠭᠠᠵᠠᠷ ᠣᠷᠣᠨ ᠤ ᠭᠠᠵᠠᠷ ᠤᠨ ᠪᠠᠶᠢᠴᠠ᠂ | ᠤᠷᠭᠤᠮᠠᠯ ᠤᠨ ᠬᠤᠴᠢᠯᠭ᠎ᠠ ᠶᠢᠨ ᠲᠥᠷᠥᠯ ᠬᠡᠯᠪᠡᠷᠢ᠂ ᠠᠭᠤᠷ ᠠᠮᠢᠰᠬᠤᠯ᠂ ᠤᠰᠤ ᠭᠠᠵᠠᠷ ᠰᠢᠨᠵᠢᠯᠡᠭᠡ ᠵᠡᠷᠭᠡ ᠪᠠᠶᠢᠳᠠᠯ ᠢ | ᠭᠤᠣᠯᠳᠠᠯᠭ᠎ᠠ ᠲᠠᠢ ᠨᠡᠶᠢᠳᠡᠮ ᠪᠠᠶᠢᠴᠠᠭᠠᠨ᠎ᠠ᠃ | 4. ᠬᠥᠷᠥᠰᠥ ᠰᠢᠷᠣᠢ ᠶᠢᠨ ᠠᠰᠢᠭᠯᠠᠯᠲᠠ ᠶᠢᠨ ᠪᠠᠶᠢᠳᠠᠯ ᠤᠨ ᠨᠡᠶᠢᠳᠡᠮ ᠪᠠᠶᠢᠴᠠᠭᠠᠯᠲᠠ᠃ ᠦᠯᠢᠭᠡᠷ | ᠬᠡᠪ ᠲᠠᠢ ᠤᠶᠠᠯᠳᠤᠭᠤᠯᠤᠨ᠂ ᠰᠠᠭᠤᠷᠢ ᠪᠡᠯᠡᠳᠬᠡᠮᠵᠢ ᠶᠢᠨ ᠰᠡᠯᠪᠢᠭ ᠲᠣᠨᠤᠭ᠂ ᠲᠠᠷᠢᠬᠤ ᠳᠦᠷᠢᠮ᠂ ᠲᠠᠷᠢᠶᠠᠯᠠᠬᠤ ᠠᠷᠭ᠎ᠠ | ᠮᠠᠶ᠋ᠢᠭ᠂ ᠤᠰᠤᠯᠠᠬᠤ ᠪᠠ ᠤᠰᠤ ᠵᠠᠯᠠᠬᠤ ᠪᠡᠯᠡᠳᠬᠡᠮᠵᠢ ᠶᠢᠨ ᠪᠠᠶᠢᠳᠠᠯ᠂ ᠤᠷᠭᠤᠮᠠᠯ ᠤᠨ ᠥᠰᠦᠯᠲᠡ ᠵᠢᠴᠢ ᠲᠠᠷᠢᠮᠠᠯ ᠤᠨ | ᠤᠨᠠᠯᠲᠠ ᠶᠢᠨ ᠬᠢᠷᠢ ᠬᠡᠮᠵᠢᠶ᠎ᠡ ᠵᠡᠷᠭᠡ ᠰᠠᠭᠤᠷᠢ ᠮᠡᠳᠡᠭᠡ ᠵᠠᠩᠭᠢ᠂ ᠪᠣᠷᠳᠣᠭᠤᠷ᠂ ᠲᠠᠷᠢᠶᠠᠨ ᠡᠮ᠂ ᠲᠠᠷᠢᠶᠠᠯᠠᠩ ᠤᠨ | ᠵᠤᠯᠤᠮ᠎ᠠ ᠪᠦᠷᠬᠦᠪᠴᠢ ᠵᠡᠷᠭᠡ ᠶᠢᠨ ᠣᠷᠣᠭᠤᠯᠤᠯᠲᠠ ᠶᠢᠨ ᠡᠳ᠋ ᠢ ᠬᠡᠷᠡᠭᠯᠡᠵᠦ ᠪᠠᠶᠢᠭ᠎ᠠ ᠪᠠᠶᠢᠳᠠᠯ᠂ ᠲᠠᠷᠢᠶᠠᠯᠠᠩ ᠤᠨ | ᠡᠵᠡᠩᠨᠡᠭᠴᠢ ᠠᠴᠠ ᠬᠥᠷᠥᠰᠥ ᠰᠢᠷᠣᠢ ᠶᠢ ᠰᠢᠮᠡᠵᠢᠭᠦᠯᠦᠨ ᠰᠠᠶᠢᠵᠢᠷᠠᠭᠤᠯᠬᠤ᠂ ᠲᠠᠷᠢᠮᠠᠯ ᠤᠨ ᠡᠰᠢ ᠰᠦᠷᠡᠯ ᠢ | ᠲᠠᠷᠢᠶᠠᠨ ᠳᠤ ᠣᠷᠣᠭᠤᠯᠬᠤ ᠵᠡᠷᠭᠡ ᠠᠷᠭ᠎ᠠ ᠪᠠ ᠲᠤᠷᠰᠢᠯᠭ᠎ᠠ ᠶᠢ ᠭᠤᠣᠯᠳᠠᠯᠭ᠎ᠠ ᠲᠠᠢ ᠨᠡᠶᠢᠳᠡᠮ ᠪᠠᠶᠢᠴᠠᠭᠠᠬᠤ ᠬᠡᠷᠡᠭᠲᠡᠢ᠃ | | 5. ᠬᠥᠷᠥᠰᠥ ᠰᠢᠷᠣᠢ ᠶᠢᠨ ᠵᠠᠭᠪᠤᠷ ᠤᠨ ᠬᠥᠮᠥᠷᠭᠡ ᠶᠢ ᠪᠠᠶᠢᠭᠤᠯᠤᠨ᠎ᠠ᠃ ᠲᠣᠭᠤᠷᠢᠭ ᠤᠨ ᠱᠠᠲᠤᠨ ᠤ | ᠬᠥᠷᠥᠰᠥ ᠰᠢᠷᠣᠢ ᠶᠢᠨ ᠭᠠᠳᠠᠷᠭᠤ ᠶᠢᠨ ᠥᠯᠢᠭᠡᠷ ᠡᠳ᠋ ᠢ ᠬᠠᠳᠠᠭᠠᠯᠠᠬᠤ ᠬᠥᠮᠥᠷᠭᠡ ᠶᠢ ᠪᠠᠶᠢᠭᠤᠯᠤᠨ᠎ᠠ᠃ | 6. ᠬᠥᠷᠥᠰᠥ ᠰᠢᠷᠣᠢ ᠶᠢᠨ ᠶᠠᠰᠤ ᠴᠢᠨᠠᠷ ᠤᠨ ᠪᠠᠶᠢᠳᠠᠯ ᠤᠨ ᠵᠠᠳᠠᠯᠤᠯᠲᠠ᠃ ᠨᠡᠶᠢᠳᠡᠮ ᠪᠠᠶᠢᠴᠠᠭᠠᠯᠲᠠ ᠪᠠᠷ | ᠣᠯᠣᠭᠰᠠᠨ ᠬᠥᠷᠥᠰᠥ ᠰᠢᠷᠣᠢ ᠶᠢᠨ ᠹᠢᠽᠢᠺ ᠬᠢᠮᠢ ᠪᠠ ᠠᠮᠢᠳᠤ ᠪᠣᠳᠠᠰ ᠤᠨ ᠰᠢᠨᠵᠢ ᠪᠠᠶᠢᠳᠠᠯ᠂ ᠣᠭᠲᠣᠯᠣᠭᠠᠰᠤ ᠶᠢᠨ | ᠰᠢᠨᠵᠢ ᠪᠠᠶᠢᠳᠠᠯ ᠪᠠ ᠠᠰᠢᠭᠯᠠᠯᠲᠠ ᠶᠢᠨ ᠪᠠᠶᠢᠳᠠᠯ ᠵᠡᠷᠭᠡ ᠰᠠᠭᠤᠷᠢ ᠲᠤᠭ᠎ᠠ ᠪᠠᠷᠢᠮᠲᠠ ᠶᠢ ᠠᠰᠢᠭᠯᠠᠨ᠂ ᠬᠥᠷᠥᠰᠥ | ᠰᠢᠷᠣᠢ ᠶᠢᠨ ᠶᠠᠰᠤ ᠴᠢᠨᠠᠷ ᠢ ᠵᠠᠳᠠᠯᠤᠨ᠂ ᠬᠥᠷᠥᠰᠥ ᠰᠢᠷᠣᠢ ᠶᠢᠨ ᠠᠰᠢᠭᠯᠠᠯᠲᠠ ᠶᠢᠨ ᠲᠣᠬᠢᠷᠠᠮᠵᠢᠲᠠᠢ ᠴᠢᠨᠠᠷ ᠢ | ᠦᠨᠡᠯᠡᠬᠦ ᠬᠡᠷᠡᠭᠲᠡᠢ᠃ | 7. ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠬᠤᠷᠢᠶᠠᠩᠭᠤᠶᠢᠯᠠᠨ᠎ᠠ᠃ ᠬᠥᠷᠥᠰᠥ ᠰᠢᠷᠣᠢ ᠶᠢᠨ | ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠱᠠᠲᠤ ᠬᠤᠪᠢᠶᠠᠨ ᠬᠤᠷᠢᠶᠠᠩᠭᠤᠶᠢᠯᠠᠬᠤ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠵᠢᠷᠤᠭ ᠤᠨ ᠦᠷ᠎ᠡ ᠪᠦᠲᠦᠭᠡᠯ᠂ ᠲᠤᠭ᠎ᠠ ᠪᠠᠷᠢᠮᠲᠠ ᠶᠢᠨ ᠦᠷ᠎ᠡ ᠪᠦᠲᠦᠭᠡᠯ᠂ ᠦᠰᠦᠭ ᠪᠢᠴᠢᠭ ᠤᠨ ᠦᠷ᠎ᠡ | ᠪᠦᠲᠦᠭᠡᠯ ᠪᠠ ᠲᠤᠭ᠎ᠠ ᠪᠠᠷᠢᠮᠲᠠ ᠶᠢᠨ ᠬᠥᠮᠥᠷᠭᠡ ᠶᠢᠨ ᠦᠷ᠎ᠡ ᠪᠦᠲᠦᠭᠡᠯ ᠢ ᠪᠠᠭᠲᠠᠭᠠᠨ᠎ᠠ᠃ ᠬᠥᠷᠥᠰᠥ ᠰᠢᠷᠣᠢ ᠶᠢᠨ | ᠶᠠᠰᠤ ᠴᠢᠨᠠᠷ ᠤᠨ ᠪᠠᠶᠢᠳᠠᠯ᠂ ᠬᠥᠷᠥᠰᠥ ᠰᠢᠷᠣᠢ ᠶᠢ ᠰᠠᠶᠢᠵᠢᠷᠠᠭᠤᠯᠬᠤ ᠪᠠ ᠠᠰᠢᠭᠯᠠᠬᠤ᠂ ᠲᠠᠷᠢᠶᠠᠯᠠᠩ ᠣᠶ ᠰᠢᠭᠤᠢ | ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠠᠶᠢᠷᠢᠰᠢᠭᠤᠯᠤᠯ ᠢ ᠰᠢᠯᠢᠳᠡᠭᠵᠢᠭᠦᠯᠬᠦ ᠵᠡᠷᠭᠡ ᠲᠤᠭ᠎ᠠ ᠪᠠᠷᠢᠮᠲᠠ ᠶᠢᠨ | ᠦᠷ᠎ᠡ ᠪᠦᠲᠦᠭᠡᠯ ᠢ ᠬᠤᠷᠢᠶᠠᠩᠭᠤᠶᠢᠯᠠᠨ ᠵᠠᠳᠠᠯᠬᠤ ᠶᠢ ᠥᠷᠨᠢᠭᠦᠯᠦᠨ᠎ᠡ᠃ 40 ᠵᠢᠯ ᠤᠨ ᠲᠤᠷᠰᠢᠬᠢ ᠬᠥᠷᠥᠰᠥ | ᠰᠢᠷᠣᠢ ᠶᠢᠨ ᠬᠤᠪᠢᠷᠠᠯᠲᠠ ᠶᠢᠨ ᠬᠠᠨᠳᠤᠰᠢ ᠵᠢᠴᠢ ᠰᠢᠯᠲᠠᠭᠠᠨ ᠤ ᠵᠠᠳᠠᠯᠤᠯᠲᠠ ᠶᠢ ᠥᠷᠨᠢᠭᠦᠯᠵᠦ᠂ ᠬᠥᠷᠥᠰᠥ | ᠰᠢᠷᠣᠢ ᠶᠢᠨ ᠤᠬᠤᠷᠢᠨ ᠭᠠᠷᠬᠤ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠶᠢ ᠳᠤᠷᠠᠳᠤᠨ ᠭᠠᠷᠭᠠᠪᠠ᠃ | ᠲᠠᠷᠢᠶᠠᠨ ᠭᠠᠵᠠᠷ ᠤᠨ ᠮᠠᠭᠤᠵᠢᠷᠠᠯ᠂ ᠲᠠᠷᠢᠶᠠᠨ ᠭᠠᠵᠠᠷ ᠤᠨ ᠬᠥᠷᠥᠰᠥ ᠰᠢᠷᠣᠢ ᠶᠢᠨ ᠬᠤᠵᠢᠷᠰᠢᠯ ᠵᠡᠷᠭᠡ ᠲᠤᠰᠬᠠᠢ | ᠰᠡᠳᠦᠪᠲᠦ ᠦᠨᠡᠯᠡᠯᠲᠡ ᠶᠢ ᠥᠷᠨᠢᠭᠦᠯᠵᠦ᠂ ᠵᠠᠰᠠᠵᠤ ᠰᠡᠷᠭᠦᠭᠡᠬᠦ ᠠᠷᠭ᠎ᠠ ᠪᠣᠳᠣᠯᠭ᠎ᠠ ᠶᠢ ᠳᠤᠷᠠᠳᠬᠤ ᠬᠡᠷᠡᠭᠲᠡᠢ᠃ | ᠭᠤᠷᠪᠠ᠂ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ ᠱᠤᠭᠤᠮ ᠬᠢᠭᠡᠳ ᠠᠷᠭ᠎ᠠ | ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠨᠢᠭᠡᠳᠦᠯᠲᠡᠢ ᠨᠡᠶᠢᠳᠡᠮ | ᠪᠠᠶᠢᠴᠠᠭᠠᠯᠲᠠ ᠶᠢᠨ ᠠᠵᠢᠯ ᠤᠨ ᠲᠠᠪᠴᠠᠩ᠂ ᠮᠡᠷᠭᠡᠵᠢᠯ ᠤᠨ ᠳᠦᠷᠢᠮ ᠢ ᠨᠢᠭᠡᠳᠬᠡᠵᠦ᠂ ᠠᠵᠢᠯ ᠤᠨ ᠡᠬᠡ ᠵᠢᠷᠤᠭ ᠢ | ᠨᠢᠭᠡᠳᠦᠯᠲᠡᠢ ᠲᠥᠯᠥᠪᠵᠢᠭᠦᠯᠦᠨ᠂ ᠥᠯᠢᠭᠡᠷ ᠠᠪᠬᠤ ᠴᠡᠭ ᠢ ᠨᠢᠭᠡᠳᠦᠯᠲᠡᠢ ᠲᠥᠯᠥᠪᠵᠢᠭᠦᠯᠦᠨ᠂ ᠨᠢᠭᠡᠳᠦᠯᠲᠡᠢ ᠬᠢᠨᠠᠨ | ᠰᠢᠯᠭᠠᠵᠤ ᠵᠠᠳᠠᠯᠬᠤ ᠲᠤᠰᠬᠠᠢ ᠪᠠᠶᠢᠭᠤᠯᠤᠮᠵᠢ᠂ ᠨᠢᠭᠡᠳᠦᠯᠲᠡᠢ ᠶᠠᠪᠤᠴᠠ ᠶᠢᠨ ᠶᠠᠰᠤ ᠴᠢᠨᠠᠷ ᠤᠨ ᠡᠵᠡᠮᠳᠡᠯ ᠵᠡᠷᠭᠡ | ︽ᠵᠢᠷᠭᠤᠭ᠎ᠠ ᠶᠢ ᠨᠢᠭᠡᠳᠦᠯᠲᠡᠢ ᠪᠠᠶᠢᠯᠭᠠᠬᠤ︾ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ | ᠰᠢᠰᠲ᠋ᠧᠮ ᠢ ᠨᠢᠭᠡᠳᠦᠯᠲᠡᠢ ᠲᠥᠯᠥᠪᠵᠢᠭᠦᠯᠦᠨ᠎ᠡ︔ ᠮᠡᠷᠭᠡᠵᠢᠯ ᠤᠨ ᠳᠦᠷᠢᠮ ᠢ ᠬᠡᠷᠡᠭᠵᠢᠭᠦᠯᠵᠦ᠂ ᠪᠠᠷᠢᠮᠵᠢᠶᠠᠵᠢᠭᠤᠯᠬᠤ᠂ | ᠵᠢᠷᠤᠮᠵᠢᠭᠤᠯᠬᠤ ᠠᠵᠢᠯ ᠢ ᠨᠢᠭᠡᠳᠦᠯᠲᠡᠢ ᠥᠷᠨᠢᠭᠦᠯᠦᠨ᠎ᠡ︔ ᠭᠠᠳᠠᠨᠠᠬᠢ ᠦᠢᠯᠡᠰ ᠤᠨ ᠪᠠᠶᠢᠴᠠᠭᠠᠯᠲᠠ ᠶᠢᠨ ᠥᠯᠢᠭᠡᠷ | ᠠᠪᠬᠤ ᠴᠡᠭ ᠢ ᠬᠠᠷᠭᠤᠭᠤᠯᠤᠨ ᠬᠠᠷᠭᠤᠭᠤᠯᠬᠤ ᠪᠠ ᠥᠯᠢᠭᠡᠷ ᠠᠪᠬᠤ ᠪᠠᠶᠢᠴᠠᠭᠠᠯᠲᠠ ᠶᠢ ᠨᠢᠭᠡᠳᠦᠯᠲᠡᠢ | ᠥᠷᠨᠢᠭᠦᠯᠦᠨ᠎ᠡ︔ ᠦᠯᠢᠭᠡᠷ ᠡᠳ᠋ ᠦᠢᠯᠡᠳᠬᠦ ᠪᠡᠯᠡᠳᠬᠡᠯ ᠢ ᠨᠢᠭᠡᠳᠦᠯᠲᠡᠢ ᠥᠷᠨᠢᠭᠦᠯᠵᠦ᠂ ᠵᠢᠷᠤᠮᠵᠢᠭᠤᠯᠤᠨ ᠰᠢᠯᠭᠠᠬᠤ | ᠭᠦᠢᠴᠡᠳᠬᠡᠯ ᠲᠤᠭ᠎ᠠ ᠬᠢᠭᠡᠳ ᠠᠷᠭ᠎ᠠ ᠪᠠᠷ ᠥᠯᠢᠭᠡᠷ ᠡᠳ᠋ ᠤᠨ ᠪᠠᠶᠢᠴᠠᠭᠠᠨ ᠬᠡᠮᠵᠢᠯᠲᠡ ᠶᠢ ᠨᠢᠭᠡᠳᠦᠯᠲᠡᠢ | ᠥᠷᠨᠢᠭᠦᠯᠦᠨ᠎ᠡ︔ ︽ᠨᠢᠭᠡ ᠴᠡᠭ ᠨᠢᠭᠡ ᠨᠣᠮᠧᠷ︾ ᠤᠨ ᠮᠥᠷᠳᠡᠨ ᠬᠠᠮᠢᠶᠠᠷᠤᠯᠲᠠ ᠪᠠᠷ ᠳᠠᠮᠵᠢᠭᠤᠯᠤᠨ᠂ ᠨᠡᠶᠢᠳᠡᠮ | ᠪᠠᠶᠢᠴᠠᠭᠠᠯᠲᠠ ᠶᠢᠨ ᠪᠥᠬᠦ ᠶᠠᠪᠤᠴᠠ ᠶᠢ ᠬᠠᠮᠤᠷᠤᠭᠰᠠᠨ ᠨᠢᠭᠡᠳᠦᠯᠲᠡᠢ ᠶᠠᠰᠤ ᠴᠢᠨᠠᠷ ᠤᠨ ᠡᠵᠡᠮᠳᠡᠯ ᠤᠨ ᠰᠢᠰᠲ᠋ᠧᠮ ᠢ | ᠪᠠᠶᠢᠭᠤᠯᠤᠨ᠎ᠠ︔ ᠬᠥᠷᠥᠰᠥ ᠰᠢᠷᠣᠢ ᠶᠢᠨ ᠭᠤᠷᠪᠠ ᠶᠢ ᠲᠦᠭᠡᠮᠡᠯᠵᠢᠭᠦᠯᠬᠦ ᠠᠵᠢᠯ ᠤᠨ ᠲᠠᠪᠴᠠᠩ ᠳᠤ ᠲᠦᠰᠢᠭᠯᠡᠨ᠂ | ᠲᠤᠭ᠎ᠠ ᠪᠠᠷᠢᠮᠲᠠ ᠶᠢᠨ ᠵᠠᠳᠠᠯᠤᠯᠲᠠ ᠪᠠ ᠦᠷ᠎ᠡ ᠪᠦᠲᠦᠭᠡᠯ ᠤᠨ ᠬᠤᠷᠢᠶᠠᠩᠭᠤᠶᠢᠯᠠᠯ ᠢ ᠥᠷᠨᠢᠭᠦᠯᠦᠨ᠎ᠡ᠄ ᠬᠥᠷᠥᠰᠥ | ᠰᠢᠷᠣᠢ ᠶᠢᠨ ᠭᠤᠷᠪᠠ ᠶᠢ ᠲᠦᠭᠡᠮᠡᠯᠵᠢᠭᠦᠯᠬᠦ ᠪᠠᠷᠢᠮᠵᠢᠶᠠᠵᠢᠭᠤᠯᠤᠯᠲᠠ᠂ ᠲᠤᠰᠬᠠᠶᠢᠵᠢᠯᠲᠠ᠂ ᠣᠶᠤᠨᠴᠢᠯᠠᠯᠲᠠ ᠶᠢ | ᠪᠡᠶᠡᠯᠡᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠰᠢᠨᠵᠢᠯᠡᠬᠦ ᠤᠬᠠᠭᠠᠨᠴᠢ᠂ ᠵᠢᠷᠤᠮᠵᠢᠯ ᠲᠠᠢ᠂ ᠥᠨᠳᠥᠷ | ᠪᠦᠲᠦᠮᠵᠢᠲᠡᠶ ᠪᠠᠷ ᠠᠬᠢᠭᠤᠯᠤᠨ᠎ᠠ᠃ | ︵ᠨᠢᠭᠡ︶ᠲᠠᠪᠴᠠᠩ ᠬᠡᠷᠡᠭᠯᠡᠬᠦ᠃ ᠤᠯᠤᠰ ᠤᠨ ᠲᠠᠪᠴᠠᠩ ᠪᠠ ᠥᠪᠡᠷᠲᠡᠭᠡᠨ ᠵᠠᠰᠠᠬᠤ ᠣᠷᠣᠨ ᠤ ᠬᠥᠷᠥᠰᠥ | ᠰᠢᠷᠣᠢ ᠶᠢᠨ ᠭᠤᠷᠪᠠ ᠶᠢ ᠲᠦᠭᠡᠮᠡᠯᠵᠢᠭᠦᠯᠬᠦ ᠠᠵᠢᠯ ᠤᠨ ᠲᠠᠪᠴᠠᠩ ᠤᠨ ᠰᠢᠰᠲ᠋ᠧᠮ ᠤᠨ ᠲᠣᠬᠢᠷᠠᠭᠤᠯᠤᠯᠲᠠ ᠪᠠ ᠲᠤᠭ᠎ᠠ | ᠪᠠᠷᠢᠮᠲᠠ ᠶᠢ ᠬᠠᠳᠠᠭᠠᠯᠠᠬᠤ ᠦᠢᠯᠡᠴᠢᠯᠡᠭᠡᠨ ᠤ ᠦᠵᠦᠭᠦᠷ ᠢ ᠨᠢᠭᠡᠳᠦᠯᠲᠡᠢ ᠪᠠᠶᠢᠭᠤᠯᠵᠤ᠂ ᠭᠤᠷᠪᠠ ᠶᠢ ᠲᠦᠭᠡᠮᠡᠯᠵᠢᠭᠦᠯᠬᠦ | ᠡᠭᠦᠷᠭᠡ ᠶᠢ ᠬᠤᠪᠢᠶᠠᠨ ᠲᠠᠷᠬᠠᠭᠠᠬᠤ᠂ ᠶᠠᠰᠤ ᠴᠢᠨᠠᠷ ᠢ ᠡᠵᠡᠮᠳᠡᠬᠦ᠂ ᠠᠬᠢᠴᠠ ᠶᠢ ᠡᠵᠡᠮᠳᠡᠨ ᠡᠵᠡᠮᠳᠡᠬᠦ᠂ ᠥᠯᠢᠭᠡᠷ ᠴᠡᠭ | ᠥᠯᠢᠭᠡᠷ ᠡᠳ᠋ ᠪᠠ ᠭᠦᠢᠴᠡᠳᠬᠡᠯ ᠲᠤᠭ᠎ᠠ ᠶᠢᠨ ᠵᠠᠭᠠᠭ ᠬᠡᠮᠵᠢᠭᠳᠡᠯ ᠵᠡᠷᠭᠡ ᠲᠤᠭ᠎ᠠ ᠪᠠᠷᠢᠮᠲᠠ ᠶᠢ ᠬᠠᠳᠠᠭᠠᠯᠠᠬᠤ᠂ | ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠬᠠᠮᠢᠶᠠᠷᠬᠤ᠂ ᠬᠥᠮᠥᠷᠭᠡ ᠳᠤ ᠣᠷᠣᠭᠤᠯᠵᠤ | ᠤᠬᠢᠶᠠᠵᠤ ᠴᠡᠪᠡᠷᠯᠡᠬᠦ᠂ ᠨᠠᠷᠢᠯᠢᠭ ᠠᠴᠠ ᠡᠵᠡᠮᠳᠡᠬᠦ᠂ ᠬᠠᠳᠠᠭᠠᠯᠠᠬᠤ ᠶᠢᠨ ᠬᠠᠮᠲᠤ ᠬᠠᠮᠢᠶᠠᠷᠬᠤ ᠠᠵᠢᠯ ᠤᠨ ᠡᠬᠡ | ᠵᠢᠷᠤᠭ ᠤᠨ ᠲᠤᠭ᠎ᠠ ᠪᠠᠷᠢᠮᠲᠠ᠂ ᠪᠠᠶᠢᠴᠠᠭᠠᠯᠲᠠ ᠶᠢᠨ ᠶᠠᠪᠤᠴᠠ ᠪᠠ ᠦᠷ᠎ᠡ ᠪᠦᠲᠦᠭᠡᠯ ᠤᠨ ᠲᠤᠭ᠎ᠠ ᠪᠠᠷᠢᠮᠲᠠ᠂ ᠪᠣᠰᠤᠭ᠎ᠠ | ᠭᠠᠵᠠᠷ ᠤᠨ ᠮᠡᠳᠡᠭᠡ ᠵᠠᠩᠭᠢ᠂ ᠴᠡᠭ ᠪᠠᠶᠢᠷᠢ ᠶᠢᠨ ᠦᠵᠡᠮᠵᠢ ᠶᠢᠨ ᠵᠢᠷᠤᠭ ᠬᠢᠭᠡᠳ ᠬᠠᠷᠠᠭᠠᠨ ᠳᠠᠪᠲᠠᠮᠵᠢ ᠶᠢᠨ ᠲᠤᠭ᠎ᠠ | ᠪᠠᠷᠢᠮᠲᠠ᠂ ᠲᠡᠦᠬᠡ ᠶᠢᠨ ᠲᠤᠭ᠎ᠠ ᠪᠠᠷᠢᠮᠲᠠ᠂ ᠮᠡᠷᠭᠡᠵᠢᠯ ᠤᠨ ᠮᠠᠲ᠋ᠧᠷᠢᠶᠠᠯ ᠳ᠋ᠠᠶᠢᠲ᠋ᠠ ᠵᠡᠷᠭᠡ ᠶᠢ ᠨᠢᠭᠡᠳᠦᠯᠲᠡᠢ ᠪᠠᠶᠢᠭᠤᠯᠵᠤ᠂ | ᠬᠥᠷᠥᠰᠥ ᠰᠢᠷᠣᠢ ᠶᠢᠨ ᠲᠤᠭ᠎ᠠ ᠪᠠᠷᠢᠮᠲᠠ ᠶᠢᠨ ᠬᠥᠮᠥᠷᠭᠡ ᠶᠢ ᠪᠦᠷᠢᠯᠳᠦᠭᠦᠯᠦᠨ᠎ᠡ᠃ ᠡᠭᠦᠨ ᠤ ᠬᠠᠮᠲᠤ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠬᠤᠵᠢᠷᠯᠢᠭ ᠭᠠᠵᠠᠷ ᠢ ᠰᠠᠶᠢᠵᠢᠷᠠᠭᠤᠯᠤᠨ | ᠠᠰᠢᠭᠯᠠᠬᠤ ᠵᠢᠴᠢ ᠲᠠᠷᠢᠶᠠᠯᠠᠩ ᠳᠤ ᠬᠤᠯᠪᠣᠭᠳᠠᠬᠤ ᠲᠤᠭ᠎ᠠ ᠪᠠᠷᠢᠮᠲᠠ ᠶᠢ ᠨᠡᠮᠡᠭᠳᠡᠭᠦᠯᠵᠦ᠂ ᠳ᠋ᠠᠶᠢᠲ᠋ᠠ ᠶᠢᠨ | ᠬᠥᠮᠥᠷᠭᠡ ᠶᠢᠨ ᠴᠢᠳᠠᠮᠵᠢ ᠶᠢ ᠤᠯᠠᠮ ᠨᠢᠭᠡ ᠠᠯᠬᠤᠮ ᠥᠷᠭᠡᠳᠬᠡᠨ᠎ᠡ᠃ | ︵ᠬᠤᠶᠠᠷ︶ ᠶᠠᠩᠵᠤ ᠪᠦᠬᠦᠨ ᠢ ᠬᠠᠷᠭᠤᠭᠤᠯᠤᠨ ᠬᠢᠨᠠᠬᠤ᠃ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ | ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ( | ᠳᠣᠷᠣᠭᠰᠢ︽ᠭᠤᠷᠪᠠ ᠶᠢ ᠲᠦᠭᠡᠮᠡᠯᠵᠢᠭᠦᠯᠬᠦ ᠠᠯᠪᠠᠨ ᠭᠡᠷ︾ ᠭᠡᠵᠦ ᠲᠣᠪᠴᠢᠯᠠᠨ᠎ᠠ᠃︶ᠨᠢᠭᠡᠳᠦᠯᠲᠡᠢ ᠵᠣᠬᠢᠶᠠᠨ | ᠪᠠᠶᠢᠭᠤᠯᠤᠨ ᠲᠣᠬᠢᠷᠠᠭᠤᠯᠵᠤ᠂ ᠤᠯᠤᠰ ᠠᠴᠠ ᠪᠠᠭᠤᠯᠭᠠᠭᠰᠠᠨ ᠤᠷᠢᠳᠴᠢᠯᠠᠨ ᠲᠣᠬᠢᠷᠠᠭᠤᠯᠤᠭᠰᠠᠨ ᠥᠯᠢᠭᠡᠷ ᠠᠪᠬᠤ | ᠴᠡᠭ ᠲᠤ ᠭᠡᠷ ᠳᠣᠲᠣᠷᠠᠬᠢ ᠬᠠᠷᠭᠤᠭᠤᠯᠤᠨ ᠬᠢᠨᠠᠬᠤ ᠪᠠ ᠬᠡᠭᠡᠷ᠎ᠡ ᠭᠠᠳᠠᠨ᠎ᠠ ᠬᠠᠷᠭᠤᠭᠤᠯᠤᠨ ᠬᠢᠨᠠᠨ᠎ᠠ᠃ ᠦᠯᠢᠭᠡᠷ | ᠠᠪᠬᠤ ᠭᠠᠵᠠᠷ ᠤᠨ ᠪᠠᠶᠢᠷᠢᠯᠠᠭᠤᠯᠤᠯᠲᠠ ᠶᠢ ᠦᠯᠢᠭᠡᠷ ᠠᠪᠬᠤ ᠭᠠᠵᠠᠷ ᠤᠨ ᠲᠥᠯᠥᠭᠡᠯᠡᠬᠦ ᠴᠢᠨᠠᠷ᠂ ᠠᠶᠢᠯ ᠲᠣᠰᠬᠤᠨ ᠤ | ᠵᠠᠮ ᠵᠡᠷᠭᠡ ᠬᠤᠯᠠ ᠣᠶᠢᠷ᠎ᠠ᠂ ᠵᠠᠮ ᠬᠠᠷᠢᠯᠴᠠᠭᠠᠨ ᠤ ᠨᠡᠪᠲᠡᠷᠡᠯᠭᠡ ᠶᠢᠨ ᠪᠠᠶᠢᠳᠠᠯ᠂ ᠨᠢᠭᠡᠨᠲᠡ ᠴᠤᠭᠯᠠᠭᠤᠯᠤᠭᠰᠠᠨ ᠠᠯᠤᠰ | ᠰᠡᠷᠡᠯ ᠤᠨ ᠵᠢᠷᠤᠭ ᠳᠦᠷᠰᠦ ᠵᠡᠷᠭᠡ ᠪᠣᠳᠠᠲᠤ ᠪᠠᠶᠢᠳᠠᠯ ᠤᠨ ᠭᠠᠵᠠᠷ ᠤᠨ ᠰᠠᠭᠤᠷᠢᠨ ᠳᠡᠭᠡᠷ᠎ᠡ᠂ ᠨᠢᠭᠡᠨᠲᠡ | ᠪᠡᠶᠡᠯᠡᠭᠦᠯᠦᠭᠰᠡᠨ ᠡᠯ᠎ᠡ ᠲᠤᠰᠬᠠᠢ ᠵᠦᠢᠯ ᠤᠨ ᠪᠠᠶᠢᠴᠠᠭᠠᠯᠲᠠ ᠶᠢᠨ ᠠᠵᠢᠯ ᠯᠤᠭ᠎ᠠ ᠵᠣᠯᠭᠠᠭᠤᠯᠵᠤ᠂ ᠬᠠᠮᠢᠶ᠎ᠠ ᠪᠦᠬᠦᠢ | ᠪᠠᠶᠢᠴᠠᠭᠠᠯᠲᠠ ᠶᠢᠨ ᠦᠯᠢᠭᠡᠷ ᠠᠪᠬᠤ ᠴᠡᠭ ᠤᠨ ᠠᠳᠠᠯᠢ ᠴᠢᠨᠠᠷ ᠪᠣᠯᠣᠨ ᠲᠥᠯᠥᠭᠡᠯᠡᠬᠦ ᠴᠢᠨᠠᠷ ᠢ ᠦᠨᠡᠨᠬᠦ ᠪᠠᠲᠤᠯᠠᠬᠤ | ᠬᠡᠷᠡᠭᠲᠡᠢ᠃ | ︵ᠭᠤᠷᠪᠠ︶ ᠪᠠᠶᠢᠴᠠᠬᠠᠵᠤ ᠦᠯᠢᠭᠡᠷ ᠠᠪᠬᠤ᠃ ᠪᠤᠭᠤᠲᠤ ᠬᠤᠲᠠ ᠶᠢᠨ ᠭᠤᠷᠪᠠᠨ ᠨᠡᠶᠢᠳᠡᠮ | ᠪᠠᠶᠢᠴᠠᠭᠠᠯᠲᠠ ᠶᠢᠨ ᠠᠯᠪᠠᠨ ᠭᠡᠷ ᠤᠨ ᠨᠢᠭᠡᠳᠦᠯᠲᠡᠢ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠣᠰᠣᠭᠠᠷ᠂ | ᠭᠦᠸᠧ ᠵᠢᠶᠠ ᠨᠢᠭᠡᠳᠦᠯᠲᠡᠢ ᠪᠠᠶᠢᠷᠢᠯᠠᠭᠤᠯᠤᠭᠰᠠᠨ ᠥᠯᠢᠭᠡᠷ ᠴᠡᠭ ᠪᠠ ᠪᠠᠶᠢᠴᠠᠭᠠᠯᠲᠠ ᠶᠢᠨ ᠡᠭᠦᠷᠭᠡ ᠶᠢ ᠦᠨᠳᠦᠰᠦᠯᠡᠨ᠂ | ᠨᠢᠭᠡᠳᠦᠯᠲᠡᠢ ᠥᠯᠢᠭᠡᠷ ᠠᠪᠬᠤ ᠪᠠᠷᠢᠮᠵᠢᠶ᠎ᠠ ᠶᠣᠰᠣᠭᠠᠷ᠂ ᠤᠯᠤᠰ ᠤᠨ ᠪᠠᠶᠢᠷᠢᠯᠠᠭᠤᠯᠤᠭᠰᠠᠨ ᠥᠯᠢᠭᠡᠷ ᠠᠪᠬᠤ ᠴᠡᠭ ᠤᠨ | ᠲᠠᠷᠬᠠᠯᠲᠠ ᠶᠢᠨ ᠵᠢᠷᠤᠭ ᠢᠶᠠᠷ ᠠᠵᠢᠯ ᠤᠨ ᠡᠬᠡ ᠵᠢᠷᠤᠭ ᠪᠣᠯᠭᠠᠵᠤ᠂ ᠭᠠᠳᠠᠨᠠᠬᠢ ᠠᠵᠢᠯ ᠤᠨ ᠪᠠᠶᠢᠴᠠᠭᠠᠯᠲᠠ ᠶᠢᠨ | ᠥᠯᠢᠭᠡᠷ ᠠᠪᠬᠤ APP ᠪᠠᠷ ᠳᠠᠮᠵᠢᠭᠤᠯᠤᠨ ᠬᠡᠭᠡᠷ᠎ᠡ ᠭᠠᠳᠠᠨ᠎ᠠ ᠪᠠᠶᠢᠷᠢ ᠲᠣᠭᠲᠠᠭᠠᠵᠤ᠂ ᠥᠯᠢᠭᠡᠷ ᠠᠪᠬᠤ ᠴᠡᠭ ᠤᠨ | ︽ᠡᠯᠧᠺᠲᠷᠣᠨ ᠬᠦᠷᠢᠶ᠎ᠡ ᠬᠠᠰᠢᠶ᠎ᠠ︾ ᠶᠢᠨ ᠬᠡᠪᠴᠢᠶᠡᠨ ᠳᠣᠲᠣᠷ᠎ᠠ ᠥᠯᠢᠭᠡᠷ ᠠᠪᠬᠤ ᠴᠡᠭ ᠢ ᠲᠣᠭᠲᠠᠭᠠᠨ᠎ᠠ ︵ᠭᠤᠣᠯ | ᠴᠡᠭ︶ᠲᠤᠬᠠᠢ ᠶᠢᠨ ᠲᠠᠯᠠᠪᠠᠶ ᠳᠤ APP ᠶᠢᠨ ᠦᠵᠦᠭᠦᠷ ᠢᠶᠠᠷ ᠳᠠᠮᠵᠢᠭᠤᠯᠤᠨ ᠪᠠᠶᠢᠴᠠᠭᠠᠯᠲᠠ ᠶᠢᠨ ᠮᠡᠳᠡᠭᠡ ᠵᠠᠩᠭᠢ ᠶᠢ | ᠲᠠᠭᠯᠠᠨ ᠮᠡᠳᠡᠭᠦᠯᠦᠨ᠎ᠡ᠃ ᠬᠡᠷᠪᠡ ᠦᠯᠢᠭᠡᠷ ᠴᠡᠭ ᠤᠨ ᠣᠷᠣᠨ ᠪᠠᠶᠢᠷᠢ ᠨᠢ ᠲᠠᠷᠢᠶᠠᠯᠠᠩ ᠤᠨ ᠪᠤᠰᠤ ᠬᠡᠷᠡᠭᠯᠡᠭᠡᠨ ᠳᠤ | ᠤᠴᠠᠷᠠᠭᠰᠠᠨ᠂ ᠬᠥᠷᠥᠰᠥ ᠰᠢᠷᠣᠢ ᠨᠢ ᠬᠦᠨᠳᠦ ᠶᠡᠭᠡ ᠡᠪᠳᠡᠯᠡᠭᠡ ᠳᠤ ᠤᠴᠠᠷᠠᠭᠰᠠᠨ ᠵᠡᠷᠭᠡ ᠰᠢᠯᠲᠠᠭᠠᠨ ᠠᠴᠠ ᠪᠣᠯᠵᠤ | ᠲᠥᠯᠥᠭᠡᠯᠡᠬᠦ ᠴᠢᠨᠠᠷ ᠢᠶᠠᠷ ᠴᠢᠩᠭ᠎ᠠ ᠪᠤᠰᠤ ᠪᠤᠶᠤ ᠨᠡᠶᠢᠳᠡᠮ ᠪᠠᠶᠢᠴᠠᠭᠠᠯᠲᠠ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ᠂ | ᠦᠨᠡᠨᠬᠦ ᠬᠤᠪᠢᠷᠠᠭᠤᠯᠬᠤ ᠴᠢᠬᠤᠯᠠᠲᠠᠢ ᠪᠣᠯ ᠴᠠᠭ ᠲᠤᠬᠠᠢ ᠳᠤᠨᠢ ᠬᠤᠲᠠ ᠶᠢᠨ ᠭᠤᠷᠪᠠᠨ ᠨᠡᠶᠢᠳᠡᠮ ᠪᠠᠶᠢᠴᠠᠭᠠᠯᠲᠠ ᠶᠢᠨ | ᠠᠯᠪᠠᠨ ᠭᠡᠷ ᠲᠠᠢ ᠬᠠᠷᠢᠯᠴᠠᠵᠤ ᠲᠣᠬᠢᠷᠠᠭᠤᠯᠤᠯᠲᠠ ᠬᠢᠬᠦ ᠶᠢᠨ ᠬᠠᠮᠲᠤ ᠱᠠᠲᠤ ᠳᠠᠷᠠᠭᠠᠯᠠᠨ ᠥᠪᠡᠷᠲᠡᠭᠡᠨ ᠵᠠᠰᠠᠬᠤ | ᠣᠷᠣᠨ ᠤ ᠭᠤᠷᠪᠠᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠠᠴᠠ ᠤᠯᠤᠰ ᠤᠨ ᠭᠤᠷᠪᠠᠨ ᠨᠡᠶᠢᠳᠡᠮ | ᠪᠠᠶᠢᠴᠠᠭᠠᠯᠲᠠ ᠶᠢᠨ ᠠᠯᠪᠠᠨ ᠭᠡᠷ ᠲᠤ ᠮᠡᠳᠡᠭᠦᠯᠦᠨ ᠬᠢᠨᠠᠨ ᠵᠥᠪᠰᠢᠶᠡᠷᠡᠭᠦᠯᠦᠨ᠎ᠡ᠃ | ᠦᠯᠢᠭᠡᠷ ᠴᠡᠭ ᠤᠨ ᠣᠷᠣᠨ ᠤ ᠡᠷᠭᠢᠨ ᠲᠣᠭᠤᠷᠢᠨ ᠤ ᠭᠠᠵᠠᠷ ᠤᠨ ᠪᠠᠶᠢᠴᠠ ᠪᠣᠯᠣᠨ ᠭᠠᠵᠠᠷ ᠰᠢᠷᠣᠢ ᠶᠢᠨ | ᠠᠰᠢᠭᠯᠠᠯᠲᠠ ᠶᠢᠨ ᠣᠷᠣᠨ ᠵᠠᠢ ᠶᠢᠨ ᠣᠨᠳᠣᠣᠰᠢᠬᠤ ᠬᠡᠮᠵᠢᠶ᠎ᠡ ᠶᠢ ᠦᠨᠳᠦᠰᠦᠯᠡᠨ᠂ ᠭᠠᠳᠠᠷ ᠳᠠᠪᠬᠤᠷᠭ᠎ᠠ ᠶᠢᠨ ᠬᠥᠷᠥᠰᠥ | ᠰᠢᠷᠣᠢ ᠶᠢᠨ ᠦᠯᠢᠭᠡᠷ ᠡᠳ᠋ ᠢ︽S︾ ᠬᠡᠯᠪᠡᠷᠢ᠂ ᠰᠢᠲᠠᠷ᠎ᠠ ᠶᠢᠨ ᠬᠥᠯᠭᠡ ᠬᠡᠯᠪᠡᠷᠢ ᠪᠤᠶᠤ ᠲᠡᠷᠢᠭᠦᠯᠡᠭᠴᠢ ᠴᠡᠴᠡᠭ ᠤᠨ | ᠬᠡᠯᠪᠡᠷᠢ ᠵᠡᠷᠭᠡ ᠠᠷᠭ᠎ᠠ ᠪᠠᠷ ᠬᠤᠯᠢᠯᠳᠤᠭᠤᠯᠤᠨ ᠦᠯᠢᠭᠡᠷ ᠠᠪᠴᠤ᠂ ᠣᠭᠲᠣᠯᠣᠭᠠᠰᠤ ᠶᠢᠨ ᠦᠯᠢᠭᠡᠷ ᠬᠡᠪ ᠪᠣᠯᠣᠨ | ᠳᠠᠪᠬᠤᠷᠭ᠎ᠠ ᠬᠤᠪᠢᠶᠠᠨ ᠦᠯᠢᠭᠡᠷ ᠶᠠᠩᠵᠤ ᠠᠪᠬᠤ ᠬᠡᠷᠡᠭᠲᠡᠢ᠃ ᠬᠤᠵᠢᠷᠯᠢᠭ ᠭᠠᠵᠠᠷ ᠤᠨ ᠨᠡᠶᠢᠳᠡᠮ ᠪᠠᠶᠢᠴᠠᠭᠠᠯᠲᠠ ᠨᠢ | ᠤᠰᠤᠯᠠᠯᠲᠠ ᠶᠢᠨ ᠤᠰᠤᠨ ᠤ ᠶᠠᠩᠵᠤ ᠪᠠ ᠭᠦᠶᠦᠬᠡᠨ ᠳᠠᠪᠬᠤᠷᠭ᠎ᠠ ᠶᠢᠨ ᠭᠠᠵᠠᠷ ᠳᠣᠣᠷᠠᠬᠢ ᠤᠰᠤᠨ ᠤ ᠶᠠᠩᠵᠤ ᠶᠢ | ᠴᠤᠭᠯᠠᠭᠤᠯᠬᠤ ᠬᠡᠷᠡᠭᠲᠡᠢ᠃ ᠴᠤᠭᠯᠠᠭᠤᠯᠤᠭᠰᠠᠨ ᠬᠥᠷᠥᠰᠥ ᠰᠢᠷᠣᠢ ᠶᠢᠨ ᠦᠯᠢᠭᠡᠷ ᠡᠳ᠋ ᠢ ᠥᠪᠡᠷᠲᠡᠭᠡᠨ ᠵᠠᠰᠠᠬᠤ | ᠣᠷᠣᠨ ᠤ ᠭᠤᠷᠪᠠ ᠶᠢ ᠲᠦᠭᠡᠮᠡᠯᠵᠢᠭᠦᠯᠬᠦ ᠠᠯᠪᠠᠨ ᠭᠡᠷ ᠤᠨ ᠲᠣᠭᠲᠠᠭᠠᠭᠰᠠᠨ ᠦᠯᠢᠭᠡᠷ ᠦᠢᠯᠡᠳᠬᠦ ᠲᠤᠷᠰᠢᠯᠲᠠ ᠶᠢᠨ | ᠲᠠᠰᠤᠭ ᠲᠤ ᠬᠦᠷᠭᠡᠵᠦ᠂ ᠤᠰᠤᠨ ᠤ ᠥᠯᠢᠭᠡᠷ ᠡᠳ᠋ ᠢ ᠶᠠᠰᠤ ᠴᠢᠨᠠᠷ ᠢ ᠡᠵᠡᠮᠳᠡᠬᠦ ᠲᠤᠷᠰᠢᠯᠲᠠ ᠶᠢᠨ ᠲᠠᠰᠤᠭ ᠲᠤ | ᠬᠦᠷᠭᠡᠵᠦ᠂ ᠪᠦᠬᠦ᠋ᠢᠯᠡ ᠣᠭᠲᠣᠯᠣᠭᠠᠰᠤ ᠶᠢᠨ ᠥᠯᠢᠭᠡᠷ ᠡᠳ᠋ ᠢ ᠣᠨᠴᠠᠭᠠᠢ ᠦᠢᠯᠡᠳᠦᠭᠰᠡᠨ ᠮᠣᠳᠣᠨ ᠬᠠᠶᠢᠷᠴᠠᠭ ᠲᠤ | ᠬᠢᠵᠦ ᠲᠣᠭᠲᠠᠮᠠᠯ ᠬᠠᠮᠠᠭᠠᠯᠠᠬᠤ ᠪᠥᠭᠡᠳ ᠲᠡᠮᠳᠡᠭ ᠨᠠᠭᠠᠵᠤ᠂ ᠥᠪᠡᠷᠲᠡᠭᠡᠨ ᠵᠠᠰᠠᠬᠤ ᠣᠷᠣᠨ ᠤ ᠬᠥᠷᠥᠰᠥ ᠰᠢᠷᠣᠢ ᠶᠢᠨ | ᠥᠯᠢᠭᠡᠷ ᠡᠳ᠋ ᠢ ᠬᠠᠳᠠᠭᠠᠯᠠᠬᠤ ᠬᠥᠮᠥᠷᠭᠡ ᠳᠤ ᠬᠤᠬᠢᠷᠠᠭᠤᠯᠬᠤ ᠦᠭᠡᠢ ᠪᠠᠷ ᠵᠥᠭᠡᠭᠡᠪᠦᠷᠢᠯᠡᠨ᠎ᠡ᠃ | ︵ᠳᠥᠷᠪᠡ︶ᠵᠠᠭᠪᠤᠷ ᠡᠳ᠋ ᠦᠢᠯᠡᠳᠬᠦ᠃ ᠥᠪᠡᠷᠲᠡᠭᠡᠨ ᠵᠠᠰᠠᠬᠤ ᠣᠷᠣᠨ ᠤ ᠭᠤᠷᠪᠠ ᠶᠢ ᠲᠦᠭᠡᠮᠡᠯᠵᠢᠭᠦᠯᠬᠦ | ᠠᠯᠪᠠᠨ ᠭᠡᠷ ᠠᠴᠠ ᠲᠤᠰᠬᠠᠢ ᠮᠡᠷᠭᠡᠵᠢᠯ ᠤᠨ ᠪᠠᠶᠢᠴᠠᠭᠠᠨ ᠰᠢᠯᠭᠠᠬᠤ ᠲᠤᠷᠰᠢᠯᠲᠠ ᠶᠢᠨ ᠲᠠᠰᠤᠭ ᠢ ᠳᠡᠯᠭᠡᠨ | ᠦᠵᠡᠭᠦᠯᠵᠦ ᠥᠯᠢᠭᠡᠷ ᠡᠳ᠋ ᠢ ᠪᠡᠯᠡᠳᠬᠡᠬᠦ ᠠᠵᠢᠯ ᠢ ᠨᠢᠭᠡᠳᠦᠯᠲᠡᠢ ᠲᠣᠭᠲᠠᠭᠠᠵᠤ᠂ ᠤᠯᠤᠰ ᠤᠨ ᠨᠢᠭᠡᠳᠦᠯᠲᠡᠢ | ᠮᠡᠷᠭᠡᠵᠢᠯ ᠤᠨ ᠳᠦᠷᠢᠮ ᠲᠣᠭᠲᠠᠭᠠᠯ ᠶᠣᠰᠣᠭᠠᠷ ᠥᠯᠢᠭᠡᠷ ᠡᠳ᠋ ᠢ ᠪᠡᠯᠡᠳᠬᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ | ᠣᠷᠣᠨ ᠤ ᠶᠠᠰᠤ ᠴᠢᠨᠠᠷ ᠢ ᠡᠵᠡᠮᠳᠡᠬᠦ ᠲᠤᠷᠰᠢᠯᠲᠠ ᠶᠢᠨ ᠲᠠᠰᠤᠭ ᠲᠤ ᠥᠯᠢᠭᠡᠷ ᠡᠳ᠋ ᠤᠨ ᠨᠡᠮᠡᠯᠲᠡ ᠪᠠ ᠥᠯᠢᠭᠡᠷ | ᠡᠳ᠋ ᠢ ᠪᠦᠯᠦᠭ ᠬᠤᠪᠢᠶᠠᠵᠤ᠂ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠠᠪᠴᠠᠩ ᠤᠨ | ᠥᠯᠢᠭᠡᠷ ᠡᠳ᠋ ᠤᠨ ᠡᠭᠦᠷᠭᠡ ᠶᠢᠨ ᠨᠠᠷᠢᠨ ᠬᠠᠭᠤᠳᠠᠰᠤ ᠶᠣᠰᠣᠭᠠᠷ᠂ ᠪᠠᠶᠢᠴᠠᠭᠠᠨ ᠰᠢᠯᠭᠠᠬᠤ ᠥᠯᠢᠭᠡᠷ ᠡᠳ᠋ ᠢ | ᠬᠤᠶᠠᠳᠤᠭᠠᠷ ᠤᠳᠠᠭ᠎ᠠ ᠳ᠋ᠤᠭᠠᠷᠯᠠᠭᠰᠠᠨ ᠤ ᠳᠠᠷᠠᠭ᠎ᠠ᠂ ᠡᠯ᠎ᠡ ᠭᠠᠵᠠᠷ ᠲᠤ ᠲᠣᠭᠲᠠᠭᠠᠭᠰᠠᠨ ᠵᠣᠬᠢᠴᠠᠩᠭᠤᠢ ᠪᠠᠶᠢᠴᠠᠭᠠᠨ | ᠰᠢᠯᠭᠠᠬᠤ ᠪᠠᠶᠢᠭᠤᠯᠤᠮᠵᠢ ᠳᠤ ᠬᠤᠪᠢᠶᠠᠨ ᠢᠯᠡᠭᠡᠨ᠎ᠡ᠃ | ︵ᠲᠠᠪᠤ︶ᠲᠤᠬ᠎ᠠ ᠪᠠᠷᠢᠮᠲᠠ ᠶᠢᠨ ᠬᠤᠷᠢᠶᠠᠩᠭᠤᠶᠢᠯᠠᠯ᠃ ᠪᠦᠬᠦ ᠤᠯᠤᠰ ᠤᠨ ᠨᠢᠭᠡᠳᠦᠯᠲᠡᠢ ᠳ᠋ᠠᠶᠢᠲ᠋ᠠ ᠶᠢᠨ | ᠬᠥᠮᠥᠷᠭᠡ ᠶᠢᠨ ᠪᠠᠷᠢᠮᠵᠢᠶ᠎ᠠ ᠶᠣᠰᠣᠭᠠᠷ ᠳᠡᠰ ᠬᠤᠪᠢᠶᠠᠭᠰᠠᠨ ᠳ᠋ᠠᠶᠢᠲ᠋ᠠ ᠶᠢᠨ ᠬᠥᠮᠥᠷᠭᠡ ᠶᠢ ᠪᠠᠶᠢᠭᠤᠯᠤᠨ᠎ᠠ᠃ ᠬᠤᠰᠢᠭᠤ | ᠰᠢᠶᠠᠨ ᠢᠶᠠᠷ ᠨᠢᠭᠡᠴᠢ ᠪᠣᠯᠭᠠᠨ᠂ ᠳᠣᠲᠣᠭᠠᠳᠤ ᠭᠠᠳᠠᠭᠠᠳᠤ ᠶᠢᠨ ᠦᠢᠯᠡᠰ ᠢ ᠨᠢᠭᠡ ᠴᠣᠭᠴᠠᠵᠢᠭᠤᠯᠤᠭᠰᠠᠨ ᠲᠤᠭ᠎ᠠ | ᠪᠠᠷᠢᠮᠲᠠ ᠶᠢ ᠴᠤᠭᠯᠠᠭᠤᠯᠤᠨ ᠬᠥᠮᠥᠷᠭᠡ ᠪᠠᠶᠢᠭᠤᠯᠬᠤ ᠲᠣᠭᠲᠠᠴᠠ ᠪᠣᠯᠣᠨ ᠰᠢᠯᠵᠢᠮᠡᠯ ᠢᠨᠲ᠋ᠧᠷ ᠰᠦᠯᠵᠢᠶᠡᠨ ᠤ | ᠮᠡᠷᠭᠡᠵᠢᠯ ᠢ ᠬᠡᠷᠡᠭᠯᠡᠵᠦ᠂ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠬᠤᠷᠢᠶᠠᠩᠭᠤᠶᠢᠯᠠᠵᠤ᠂ ᠣᠷᠣᠨ ᠵᠠᠢ᠂ ᠰᠢᠨᠵᠢ | ᠴᠢᠨᠠᠷ᠂ ᠪᠢᠴᠢᠭᠯᠡᠯ᠂ ᠵᠢᠷᠤᠭ᠂ ᠵᠢᠷᠤᠭ ᠳᠦᠷᠰᠦ ᠵᠡᠷᠭᠡ ᠮᠡᠳᠡᠭᠡ ᠵᠠᠩᠭᠢ ᠶᠢ ᠨᠢᠭᠡ ᠴᠣᠭᠴᠠᠵᠢᠭᠤᠯᠤᠭᠰᠠᠨ ᠬᠥᠷᠥᠰᠥ | ᠰᠢᠷᠣᠢ ᠶᠢᠨ ᠭᠤᠷᠪᠠ ᠶᠢ ᠲᠦᠭᠡᠮᠡᠯᠵᠢᠭᠦᠯᠬᠦ ᠳ᠋ᠠᠶᠢᠲ᠋ᠠ ᠬᠥᠮᠥᠷᠭᠡ ᠶᠢ ᠪᠣᠶ ᠪᠣᠯᠭᠠᠬᠤ ᠬᠡᠷᠡᠭᠲᠡᠢ᠃ | ︵ᠵᠢᠷᠭᠤᠭ᠎ᠠ︶ᠶᠠᠰᠤ ᠴᠢᠨᠠᠷ ᠢ ᠬᠢᠨᠠᠨ ᠬᠠᠷᠭᠤᠭᠤᠯᠬᠤ᠃ ᠮᠡᠷᠭᠡᠵᠢᠯ ᠤᠨ ᠳᠦᠷᠢᠮ ᠢ ᠨᠢᠭᠡᠳᠬᠡᠵᠦ᠂ ᠬᠥᠷᠥᠰᠥ | ᠰᠢᠷᠣᠢ ᠶᠢᠨ ᠭᠤᠷᠪᠠ ᠶᠢ ᠲᠦᠭᠡᠮᠡᠯᠵᠢᠭᠦᠯᠬᠦ ᠠᠵᠢᠯ ᠤᠨ ᠲᠠᠪᠴᠠᠩ ᠢ ᠬᠡᠷᠡᠭᠯᠡᠨ ᠪᠥᠬᠦ ᠶᠠᠪᠤᠴᠠ ᠶᠢ ᠬᠠᠮᠢᠶᠠᠷᠤᠨ | ᠡᠵᠡᠮᠳᠡᠵᠦ᠂ ᠰᠤᠭᠤᠴᠢᠨ ᠪᠠᠶᠢᠴᠠᠭᠠᠵᠤ ᠳᠠᠬᠢᠨ ᠬᠢᠨᠠᠬᠤ ᠪᠠ ᠲᠤᠰᠬᠠᠢ ᠮᠡᠷᠭᠡᠵᠢᠯᠲᠡᠨ ᠤ ᠦᠨᠡᠯᠡᠨ ᠵᠢᠱᠢᠬᠦ ᠳᠦᠷᠢᠮ ᠢ | ᠪᠠᠶᠢᠭᠤᠯᠤᠨ᠎ᠠ᠃ ᠭᠠᠳᠠᠭᠠᠳᠤ ᠠᠵᠢᠯ ᠤᠨ ᠪᠠᠶᠢᠴᠠᠭᠠᠯᠲᠠ ᠶᠢᠨ ᠥᠯᠢᠭᠡᠷ ᠠᠪᠬᠤ ᠳᠤ ︽ᠡᠯᠧᠺᠲᠷᠣᠨ ᠬᠠᠰᠢᠶ᠎ᠠ︾ ᠶᠢᠨ | ᠠᠶᠠᠯᠠᠯ ᠤᠨ ᠮᠥᠷ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠥᠯᠢᠭᠡᠷ ᠵᠠᠭᠪᠤᠷ ᠤᠨ ᠥᠯᠢᠭᠡᠷ ᠡᠳ᠋ ᠨᠢ ︽ᠨᠢᠭᠡ ᠴᠡᠭ | ᠨᠢᠭᠡ ᠨᠣᠮᠧᠷ︾ ᠪᠠᠶᠢᠬᠤ ᠶᠢ ᠬᠡᠷᠡᠭᠵᠢᠭᠦᠯᠦᠨ᠂ ᠭᠠᠳᠠᠭᠠᠳᠤ ᠠᠵᠢᠯ ᠤᠨ ᠪᠠᠶᠢᠴᠠᠭᠠᠯᠲᠠ ᠶᠢᠨ ᠥᠯᠢᠭᠡᠷ ᠠᠪᠬᠤ᠂ | ᠳᠣᠲᠣᠭᠠᠳᠤ ᠠᠵᠢᠯ ᠤᠨ ᠬᠡᠮᠵᠢᠨ ᠰᠢᠯᠭᠠᠬᠤ ᠨᠡᠶᠢᠳᠡᠮ ᠪᠠᠶᠢᠴᠠᠭᠠᠯᠲᠠ ᠶᠢᠨ ᠠᠵᠢᠯ ᠤᠨ ᠴᠣᠷ ᠤᠨ ᠭᠠᠭᠴᠠ ᠮᠡᠳᠡᠭᠡ | ᠵᠠᠩᠭᠢ ᠶᠢᠨ ᠡᠬᠢ ᠡᠭᠦᠰᠦᠯ ᠤᠨ ᠺᠣᠳ᠋ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠭᠤᠷᠪᠠᠨ ᠨᠡᠶᠢᠳᠡᠮ | ᠪᠠᠶᠢᠴᠠᠭᠠᠯᠲᠠ ᠶᠢᠨ ᠠᠯᠪᠠᠨ ᠭᠡᠷ ᠠᠴᠠ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠭᠠᠳᠠᠭᠠᠳᠤ ᠠᠵᠢᠯ ᠤᠨ | ᠪᠠᠶᠢᠴᠠᠭᠠᠯᠲᠠ ᠶᠢᠨ ᠥᠯᠢᠭᠡᠷ ᠠᠪᠬᠤ ᠡᠭᠦᠷᠭᠡ ᠳᠤ ᠪᠥᠬᠦ ᠶᠠᠪᠤᠴᠠ ᠳᠤ ᠮᠥᠷᠳᠡᠨ ᠵᠢᠯᠣᠭᠤᠳᠤᠯᠭ᠎ᠠ ᠬᠢᠨ᠎ᠡ︔ ᠬᠡᠮᠵᠢᠨ | ᠰᠢᠯᠭᠠᠭᠰᠠᠨ ᠶᠠᠰᠤ ᠴᠢᠨᠠᠷ ᠤᠨ ᠡᠵᠡᠮᠳᠡᠯ ᠳᠤ ᠵᠡᠷᠭᠡᠴᠡᠭᠡ ᠥᠯᠢᠭᠡᠷ ᠠᠪᠬᠤ᠂ ᠪᠠᠯᠠᠢ ᠥᠯᠢᠭᠡᠷ ᠠᠪᠬᠤ᠂ ᠥᠯᠢᠭᠡᠷ ᠬᠡᠪ | ᠲᠡᠮᠳᠡᠭ᠂ ᠨᠢᠰᠦᠯᠲᠡ ᠶᠢᠨ ᠪᠠᠶᠢᠴᠠᠭᠠᠯᠲᠠ ᠬᠢᠬᠦ ᠵᠡᠷᠭᠡ ᠠᠷᠭ᠎ᠠ ᠪᠠᠷᠢᠯ ᠢ ᠬᠡᠷᠡᠭᠯᠡᠨ᠂ ᠲᠤᠭ᠎ᠠ ᠪᠠᠷᠢᠮᠲᠠ ᠶᠢ ᠲᠠᠰ | ᠬᠤᠪᠢᠶᠠᠨ ᠬᠢᠨᠠᠨ ᠬᠠᠷᠭᠤᠭᠤᠯᠵᠤ᠂ ᠲᠤᠭ᠎ᠠ ᠪᠠᠷᠢᠮᠲᠠ ᠶᠢ ᠬᠢᠨᠠᠨ ᠬᠠᠷᠭᠤᠭᠤᠯᠤᠭᠠᠳ ᠲᠣᠭᠲᠠᠭᠠᠭᠰᠠᠨ ᠭᠦᠢᠴᠡᠳᠬᠡᠯ | ᠲᠤᠭ᠎ᠠ ᠶᠢᠨ ᠪᠣᠱᠤᠭ᠎ᠠ ᠬᠡᠮᠵᠢᠭᠳᠡᠯ ᠢ ᠬᠡᠷᠡᠭᠯᠡᠨ ᠶᠠᠰᠤ ᠴᠢᠨᠠᠷ ᠤᠨ ᠡᠵᠡᠮᠳᠡᠯ ᠬᠢᠵᠦ᠂ ᠱᠠᠲᠤ ᠦᠶ᠎ᠡ ᠶᠢᠨ ᠦᠷ᠎ᠡ | ᠪᠦᠲᠦᠭᠡᠯ ᠢ ᠬᠡᠰᠡᠭ ᠬᠤᠪᠢᠶᠠᠨ ᠰᠢᠯᠭᠠᠨ ᠠᠪᠬᠤ ᠬᠡᠷᠡᠭᠲᠡᠢ᠃ | ︵ᠳᠤᠯᠤᠭ᠎ᠠ︶ ᠦᠷ᠎ᠡ ᠪᠦᠲᠦᠭᠡᠯ ᠤᠨ ᠬᠤᠷᠢᠶᠠᠩᠭᠤᠶᠢᠯᠠᠯ᠃ ᠣᠳᠣ ᠦᠶ᠎ᠡ ᠶᠢᠨ ᠲᠤᠭ᠎ᠠ ᠪᠦᠷᠢᠳᠬᠡᠯ ᠤᠨ | ᠠᠷᠭ᠎ᠠ ᠬᠡᠯᠪᠡᠷᠢ ᠶᠢ ᠠᠪᠴᠤ᠂ ᠬᠥᠷᠥᠰᠥ ᠰᠢᠷᠣᠢ ᠶᠢᠨ ᠰᠢᠨᠵᠢ ᠴᠢᠨᠠᠷ᠂ ᠬᠥᠷᠥᠰᠥ ᠰᠢᠷᠣᠢ ᠶᠢᠨ ᠮᠠᠭᠤᠳᠠᠯ ᠪᠠ ᠬᠠᠷᠰᠢ | ᠰᠠᠭᠠᠳ᠂ ᠬᠥᠷᠥᠰᠥ ᠰᠢᠷᠣᠢ ᠶᠢᠨ ᠠᠰᠢᠭᠯᠠᠯᠲᠠ ᠵᠡᠷᠭᠡ ᠲᠤᠭ᠎ᠠ ᠪᠠᠷᠢᠮᠲᠠ ᠳᠤ ᠵᠠᠳᠠᠯᠤᠯᠲᠠ ᠬᠢᠨ᠎ᠡ︔ ᠲᠣᠭᠠᠴᠢᠯᠠᠭᠰᠠᠨ | ᠬᠥᠷᠥᠰᠥ ᠰᠢᠷᠣᠢ ᠶᠢᠨ ᠵᠠᠭᠪᠤᠷ ᠵᠡᠷᠭᠡ ᠠᠷᠭ᠎ᠠ ᠪᠠᠷᠢᠯ ᠢ ᠠᠰᠢᠭᠯᠠᠨ ᠲᠣᠭᠠᠴᠢᠯᠠᠭᠰᠠᠨ ᠵᠢᠷᠤᠭ ᠵᠢᠷᠤᠵᠤ᠂ ᠦᠷ᠎ᠡ | ᠪᠦᠲᠦᠭᠡᠯ ᠢᠶᠠᠨ ᠨᠢᠭᠲᠠᠷᠠᠭᠤᠯᠤᠨ ᠳ᠋ᠦᠩᠨᠡᠨᠨᠡ︔ ᠳᠣᠣᠷ᠎ᠠ ᠠᠴᠠ ᠳᠡᠭᠡᠭᠰᠢᠬᠢ ᠠᠷᠭ᠎ᠠ ᠮᠠᠶ᠋ᠢᠭ ᠢᠶᠠᠷ ᠬᠥᠷᠥᠰᠥ | ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠮᠡᠳᠡᠭᠦᠯᠦᠯᠲᠡ᠂ ᠮᠡᠷᠭᠡᠵᠢᠯ ᠤᠨ ᠮᠡᠳᠡᠭᠦᠯᠦᠯᠲᠡ ᠪᠠ ᠲᠤᠰᠬᠠᠢ ᠰᠡᠳᠦᠪᠲᠦ | ᠮᠡᠳᠡᠭᠦᠯᠦᠯᠲᠡ ᠪᠢᠴᠢᠬᠦ ᠠᠵᠢᠯ ᠢ ᠱᠠᠲᠤ ᠬᠤᠪᠢᠶᠠᠨ ᠥᠷᠨᠢᠭᠦᠯᠦᠨ᠎ᠡ᠃ | ᠳᠥᠷᠪᠡ᠂ ᠨᠡᠶᠢᠳᠡᠮ ᠪᠠᠶᠢᠴᠠᠭᠠᠯᠲᠠ ᠶᠢᠨ ᠭᠤᠣᠯ ᠦᠷ᠎ᠡ ᠪᠦᠲᠦᠭᠡᠯ | ︵ᠨᠢᠭᠡ︶ᠲᠤᠭ᠎ᠠ ᠪᠠᠷᠢᠮᠲᠠ ᠶᠢᠨ ᠦᠷ᠎ᠡ ᠪᠦᠲᠦᠭᠡᠯ᠃ ᠬᠥᠷᠥᠰᠥ ᠰᠢᠷᠣᠢ ᠶᠢᠨ ᠲᠥᠷᠥᠯ ᠬᠡᠯᠪᠡᠷᠢ᠂ ᠬᠥᠷᠥᠰᠥ | ᠰᠢᠷᠣᠢ ᠶᠢᠨ ᠹᠢᠽᠢᠺ ᠬᠢᠮᠢ ᠪᠠ ᠨᠡᠶᠢᠲᠡᠯᠢᠭ ᠣᠷᠣᠨ ᠪᠦᠰᠡ ᠶᠢᠨ ᠠᠮᠢᠳᠤ ᠪᠣᠳᠠᠰ ᠤᠨ ᠴᠢᠨᠠᠷᠲᠠᠢ ᠵᠢᠭᠠᠯᠲᠠ | ᠲᠤᠭ᠎ᠠ ᠶᠢᠨ ᠲᠤᠭ᠎ᠠ ᠪᠠᠷᠢᠮᠲᠠ ᠶᠢᠨ ᠨᠠᠷᠢᠨ ᠬᠠᠭᠤᠳᠠᠰᠤ ᠶᠢ ᠪᠦᠷᠢᠯᠳᠦᠭᠦᠯᠵᠦ᠂ ᠬᠥᠷᠥᠰᠥ ᠰᠢᠷᠣᠢ ᠶᠢᠨ ᠮᠠᠭᠤᠳᠠᠭᠰᠠᠨ | ᠪᠠ ᠬᠠᠷᠰᠢ ᠰᠠᠭᠠᠳ ᠲᠠᠢ ᠲᠤᠭ᠎ᠠ ᠪᠠᠷᠢᠮᠲᠠ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ᠂ | ᠬᠤᠵᠢᠷᠯᠢᠭ ᠭᠠᠵᠠᠷ ᠤᠨ ᠪᠠᠶᠢᠴᠠᠭᠠᠯᠲᠠ ᠵᠡᠷᠭᠡ ᠲᠤᠰᠬᠠᠢ ᠰᠡᠳᠦᠪᠲᠦ ᠪᠠᠶᠢᠴᠠᠭᠠᠯᠲᠠ ᠶᠢᠨ ᠬᠥᠷᠥᠰᠥ ᠰᠢᠷᠣᠢ ᠶᠢᠨ | ᠲᠤᠭ᠎ᠠ ᠪᠠᠷᠢᠮᠲᠠ ᠶᠢ ᠪᠦᠷᠢᠯᠳᠦᠭᠦᠯᠵᠦ᠂ ᠠᠳᠠᠯᠢ ᠪᠤᠰᠤ ᠭᠠᠵᠠᠷ ᠰᠢᠷᠣᠢ ᠶᠢ ᠠᠰᠢᠭᠯᠠᠬᠤ ᠲᠥᠷᠥᠯ ᠬᠡᠯᠪᠡᠷᠢ ᠶᠢᠨ | ᠬᠥᠷᠥᠰᠥ ᠰᠢᠷᠣᠢ ᠶᠢᠨ ᠲᠠᠯᠠᠪᠠᠶ ᠶᠢᠨ ᠲᠤᠭ᠎ᠠ ᠪᠠᠷᠢᠮᠲᠠ ᠵᠡᠷᠭᠡ ᠳᠤ ᠲᠣᠬᠢᠷᠠᠨ᠎ᠠ᠃ | ︵ᠬᠤᠶᠠᠷ︶ᠲᠣᠭᠠᠴᠢᠯᠠᠭᠰᠠᠨ ᠵᠢᠷᠤᠭ ᠤᠨ ᠦᠷ᠎ᠡ ᠪᠦᠲᠦᠭᠡᠯ᠃ ᠲᠥᠷᠥᠯ ᠬᠤᠪᠢᠶᠠᠨ ᠨᠡᠶᠢᠳᠡᠮ | ᠪᠠᠶᠢᠴᠠᠭᠠᠭᠰᠠᠨ ᠦᠷ᠎ᠡ ᠪᠦᠲᠦᠭᠡᠯ ᠤᠨ ᠵᠢᠷᠤᠭ᠂ ᠭᠤᠣᠯᠳᠠᠭᠤ ᠬᠥᠷᠥᠰᠥ ᠰᠢᠷᠣᠢ ᠶᠢᠨ ᠲᠥᠷᠥᠯ ᠬᠡᠯᠪᠡᠷᠢ ᠶᠢᠨ ᠵᠢᠷᠤᠭ | ᠂ ᠬᠥᠷᠥᠰᠥ ᠰᠢᠷᠣᠢ ᠶᠢᠨ ᠰᠢᠨᠵᠢ ᠴᠢᠨᠠᠷ ᠤᠨ ᠵᠢᠷᠤᠭ᠂ ᠬᠥᠷᠥᠰᠥ ᠰᠢᠷᠣᠢ ᠶᠢᠨ ᠶᠠᠰᠤ ᠴᠢᠨᠠᠷ ᠤᠨ ᠵᠢᠷᠤᠭ᠂ | ᠬᠤᠵᠢᠷᠯᠢᠭ ᠭᠠᠵᠠᠷ ᠤᠨ ᠬᠥᠷᠥᠰᠥ ᠰᠢᠷᠣᠢ ᠶᠢᠨ ᠲᠠᠷᠬᠠᠯᠲᠠ ᠶᠢᠨ ᠵᠢᠷᠤᠭ᠂ ᠬᠥᠷᠥᠰᠥ ᠰᠢᠷᠣᠢ ᠶᠢᠨ | ᠠᠰᠢᠭᠯᠠᠯᠲᠠ ᠶᠢᠨ ᠲᠣᠬᠢᠷᠠᠬᠤ ᠴᠢᠨᠠᠷᠲᠠᠢ ᠲᠠᠷᠬᠠᠯᠲᠠ ᠶᠢᠨ ᠵᠢᠷᠤᠭ᠂ ᠣᠨᠴᠠᠯᠢᠭᠲᠤ ᠲᠠᠷᠢᠶᠠᠯᠠᠩ ᠤᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠣᠷᠣᠨ ᠪᠦᠰᠡ ᠶᠢᠨ ᠬᠥᠷᠥᠰᠥ ᠰᠢᠷᠣᠢ ᠶᠢᠨ ᠲᠤᠰᠬᠠᠢ ᠰᠡᠳᠦᠪᠲᠦ | ᠪᠠᠶᠢᠴᠠᠭᠠᠯᠲᠠ ᠶᠢᠨ ᠵᠢᠷᠤᠭ ᠵᠡᠷᠭᠡ ᠶᠢ ᠪᠠᠭᠲᠠᠭᠠᠨ᠎ᠠ᠃ | ︵ᠭᠤᠷᠪᠠ︶ ᠦᠰᠦᠭ ᠪᠢᠴᠢᠭ ᠤᠨ ᠦᠷ᠎ᠡ ᠪᠦᠲᠦᠭᠡᠯ᠃ ᠡᠯ᠎ᠡ ᠲᠥᠷᠥᠯ ᠤᠨ ᠦᠰᠦᠭ ᠪᠢᠴᠢᠭ ᠤᠨ | ᠮᠡᠳᠡᠭᠦᠯᠦᠯᠲᠡ ᠶᠢ ᠪᠦᠷᠢᠯᠳᠦᠭᠦᠯᠬᠦ ᠳᠤ ᠭᠤᠣᠯᠳᠠᠭᠤ ᠬᠥᠷᠥᠰᠥ ᠰᠢᠷᠣᠢ ᠶᠢᠨ ᠭᠤᠷᠪᠠᠨ ᠨᠡᠶᠢᠳᠡᠮ ᠤᠨ ᠠᠵᠢᠯ ᠤᠨ | ᠮᠡᠳᠡᠭᠦᠯᠦᠯᠲᠡ᠂ ᠮᠡᠷᠭᠡᠵᠢᠯ ᠤᠨ ᠮᠡᠳᠡᠭᠦᠯᠦᠯᠲᠡ᠂ ᠬᠥᠷᠥᠰᠥ ᠰᠢᠷᠣᠢ ᠶᠢᠨ ᠠᠰᠢᠭᠯᠠᠯᠲᠠ ᠶᠢᠨ ᠲᠣᠬᠢᠷᠠᠬᠤ ︵ᠲᠠᠷᠢᠶᠠᠨ | ᠭᠠᠵᠠᠷ᠂ ᠴᠡᠴᠡᠷᠯᠢᠭ ᠤᠨ ᠭᠠᠵᠠᠷ᠂ ᠣᠶᠢᠲᠤ ᠭᠠᠵᠠᠷ ᠪᠠ ᠪᠡᠯᠴᠢᠭᠡᠷ ᠤᠨ ᠠᠰᠢᠭᠯᠠᠯᠲᠠ ᠳᠤ ᠲᠣᠬᠢᠷᠠᠬᠤ︶ᠦᠨᠡᠯᠡᠭᠰᠡᠨ | ᠮᠡᠳᠡᠭᠦᠯᠦᠯᠲᠡ᠂ ᠲᠠᠷᠢᠶᠠᠨ ᠭᠠᠵᠠᠷ᠂ ᠴᠡᠴᠡᠷᠯᠢᠭ ᠤᠨ ᠭᠠᠵᠠᠷ᠂ ᠣᠶᠢᠲᠤ ᠭᠠᠵᠠᠷ᠂ ᠪᠡᠯᠴᠢᠭᠡᠷ ᠤᠨ ᠶᠠᠰᠤ ᠴᠢᠨᠠᠷ ᠤᠨ | ᠮᠡᠳᠡᠭᠦᠯᠦᠯᠲᠡ᠂ ᠬᠤᠵᠢᠷᠯᠢᠭ ᠭᠠᠵᠠᠷ ᠢ ᠰᠠᠶᠢᠵᠢᠷᠠᠭᠤᠯᠤᠨ ᠠᠰᠢᠭᠯᠠᠬᠤ ᠪᠠ ᠣᠨᠴᠠᠯᠢᠭᠲᠤ ᠲᠠᠷᠢᠶᠠᠯᠠᠩ ᠤᠨ | ᠪᠦᠲᠦᠭᠡᠭᠳᠡᠬᠦᠨ ᠤ ᠣᠷᠣᠨ ᠪᠦᠰᠡ ᠶᠢᠨ ᠬᠥᠷᠥᠰᠥ ᠰᠢᠷᠣᠢ ᠶᠢᠨ ᠣᠨᠴᠠᠯᠢᠭ ᠵᠡᠷᠭᠡ ᠲᠤᠰᠬᠠᠢ ᠮᠡᠳᠡᠭᠦᠯᠦᠯᠲᠡ ᠬᠢᠨ᠎ᠡ᠃ | ᠲᠠᠪᠤ᠂ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠶᠠᠪᠤᠭᠳᠠᠭᠤᠯᠬᠤ | ︵ᠨᠢᠭᠡ︶ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠃ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠪᠣᠯ | ᠤᠯᠤᠰ ᠤᠨ ᠪᠠᠶᠢᠳᠠᠯ ᠤᠯᠤᠰ ᠤᠨ ᠬᠦᠴᠦᠨ ᠤ ᠨᠢᠭᠡᠨ ᠵᠦᠢᠯ ᠤᠨ ᠴᠢᠬᠤᠯᠠ ᠪᠠᠶᠢᠴᠠᠭᠠᠯᠲᠠ ᠪᠣᠯᠬᠤ ᠪᠥᠭᠡᠳ | ᠬᠤᠯᠪᠣᠭᠳᠠᠬᠤ ᠬᠡᠪᠴᠢᠶ᠎ᠡ ᠪᠠᠷ ᠥᠷᠭᠡᠨ᠂ ᠣᠷᠣᠯᠴᠠᠬᠤ ᠰᠠᠯᠠᠭ᠎ᠠ ᠮᠥᠴᠢᠷ ᠣᠯᠠᠨ᠂ ᠠᠵᠢᠯ ᠤᠨ ᠡᠭᠦᠷᠭᠡ ᠬᠦᠨᠳᠦ᠂ | ᠮᠡᠷᠭᠡᠵᠢᠯ ᠤᠨ ᠱᠠᠭᠠᠷᠳᠠᠯᠭ᠎ᠠ ᠥᠨᠳᠥᠷ ᠶᠤᠮ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠬᠤ ᠶᠢᠨ ᠲᠥᠯᠥᠭᠡ᠂ ᠰᠢᠭᠤᠶᠢᠲᠤ ᠲᠣᠭᠤᠷᠢᠭ 2024 ᠣᠨ ᠤ 2 ᠰᠠᠷ᠎ᠠ ᠳᠤ ᠰᠢᠭᠤᠶᠢᠲᠤ | ᠲᠣᠭᠤᠷᠢᠭ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ | ᠳᠤᠭᠤᠶᠢᠯᠠᠩ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠤᠮᠳᠠᠬᠢ ᠴᠢᠬᠤᠯᠠ | ᠶᠡᠭᠡ ᠠᠰᠠᠭᠤᠳᠠᠯ ᠤᠨ ᠰᠤᠳᠤᠯᠭᠠᠨ ᠪᠠ ᠰᠢᠢᠳᠪᠦᠷᠢᠲᠦ ᠪᠣᠳᠣᠯᠭ᠎ᠠ ᠶᠢ ᠬᠠᠷᠢᠭᠤᠴᠠᠨ᠎ᠠ᠃ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠢ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ ᠭᠠᠷᠭᠠᠵᠤ᠂ | ᠨᠡᠶᠢᠳᠡᠮ ᠪᠠᠶᠢᠴᠠᠭᠠᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠬᠦ᠂ ᠠᠵᠢᠯᠲᠠᠨ ᠢ ᠲᠣᠬᠢᠷᠠᠭᠤᠯᠬᠤ᠂ ᠵᠣᠬᠢᠶᠠᠨ | ᠪᠠᠶᠢᠭᠤᠯᠤᠨ ᠵᠣᠬᠢᠴᠠᠭᠤᠯᠬᠤ᠂ ᠪᠡᠯᠡ ᠮᠥᠩᠭᠦ ᠴᠤᠭᠯᠠᠭᠤᠯᠬᠤ ᠵᠡᠷᠭᠡ ᠶᠢ ᠬᠠᠷᠢᠭᠤᠴᠠᠨ᠎ᠠ᠃ | ︵ᠬᠤᠶᠠᠷ︶ ᠮᠡᠷᠭᠡᠵᠢᠯ ᠤᠨ ᠪᠠᠲᠤᠯᠠᠭ᠎ᠠ᠃ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ ᠳᠤᠭᠤᠶᠢᠯᠠᠩ ᠨᠢ ᠭᠤᠣᠯᠳᠠᠭᠤ | ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠬᠢᠭᠡᠳ ᠰᠤᠮᠤ᠂ ᠪᠠᠯᠭᠠᠰᠤ ᠵᠢᠴᠢ ᠲᠠᠷᠢᠶᠠᠯᠠᠩ ᠳᠤ | ᠬᠤᠯᠪᠣᠭᠳᠠᠬᠤ ᠡᠯ᠎ᠡ ᠵᠡᠭᠡᠯᠢ ᠭᠤᠳᠤᠮᠵᠢ ᠶᠢᠨ ᠬᠠᠮᠢᠶ᠎ᠠ ᠪᠦᠬᠦᠢ ᠮᠡᠷᠭᠡᠵᠢᠯᠲᠡᠨ ᠢᠶᠠᠷ ᠪᠦᠷᠢᠯᠳᠦᠵᠦ᠂ ᠠᠵᠢᠯ ᠤᠨ | ᠬᠤᠪᠢᠶᠠᠷᠢᠯᠠᠯ ᠢᠶᠠᠨ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠪᠦᠬᠦ ᠲᠣᠭᠤᠷᠢᠭ ᠤᠨ ᠣᠢ ᠰᠢᠭᠤᠢ ᠡᠪᠡᠰᠦᠲᠦ | ᠭᠠᠵᠠᠷ᠂ ᠲᠠᠷᠢᠶᠠᠨ ᠭᠠᠵᠠᠷ ︵ᠴᠡᠴᠡᠷᠯᠢᠭ ᠪᠠᠭᠲᠠᠨ᠎ᠠ︶ ᠤᠨ ᠬᠥᠷᠥᠰᠥ ᠰᠢᠷᠣᠢ᠂ ᠠᠰᠢᠭᠯᠠᠭ᠎ᠠ ᠦᠭᠡᠢ ᠭᠠᠵᠠᠷ | ︵ᠭᠤᠣᠯᠳᠠᠯᠭ᠎ᠠ ᠲᠠᠢ ᠬᠤᠵᠢᠷᠯᠢᠭ ᠭᠠᠵᠠᠷ ᠪᠠᠭᠲᠠᠨ᠎ᠠ︶ ᠢ ᠲᠤᠰ ᠲᠤᠰ ᠬᠠᠷᠢᠭᠤᠴᠠᠨ᠎ᠠ᠃ ᠬᠥᠷᠥᠰᠥ ᠰᠢᠷᠣᠢ ᠶᠢᠨ | ᠨᠡᠶᠢᠳᠡᠮ ᠪᠠᠶᠢᠴᠠᠭᠠᠯᠲᠠ ᠶᠢᠨ ᠪᠣᠳᠠᠲᠠᠢ ᠬᠡᠷᠡᠭᠵᠢᠭᠦᠯᠬᠦ ᠠᠵᠢᠯ ᠢ ᠬᠢᠬᠦ ᠶᠢᠨ ᠬᠠᠮᠲᠤ ᠠᠵᠢᠯ ᠤᠨ ᠳᠤᠮᠳᠠᠬᠢ ᠬᠦᠴᠢᠷ | ᠠᠰᠠᠭᠤᠳᠠᠯ᠂ ᠮᠡᠷᠭᠡᠵᠢᠯ ᠤᠨ ᠪᠣᠯᠪᠠᠰᠤᠷᠠᠭᠤᠯᠤᠯ᠂ ᠲᠤᠬᠠᠢ ᠶᠢᠨ ᠭᠠᠵᠠᠷ ᠲᠤᠨᠢ ᠵᠢᠭᠠᠨ ᠵᠢᠯᠤᠭᠤᠳᠬᠤ ᠵᠡᠷᠭᠡ ᠶᠢ | ᠰᠢᠢᠳᠪᠦᠷᠢᠯᠡᠬᠦ ᠬᠡᠷᠡᠭᠲᠡᠢ᠃ | ︵ᠭᠤᠷᠪᠠ︶ᠦᠯᠢᠭᠡᠷ ᠡᠳ᠋ ᠠᠪᠬᠤ ᠡᠩᠨᠩᠡ᠃ ᠤᠷᠢᠨ ᠬᠡᠷᠡᠭᠯᠡᠬᠦ ᠬᠢᠷᠢ ᠬᠡᠮ ᠲᠠᠢ᠂ ᠦᠯᠢᠭᠡᠷ ᠠᠪᠬᠤ ᠡᠯᠪᠡᠭ | ᠪᠠᠶᠠᠯᠢᠭ ᠲᠤᠷᠰᠢᠯᠭ᠎ᠠ ᠲᠠᠢ ᠭᠤᠷᠪᠠᠳᠠᠭᠢ ᠡᠲᠡᠭᠡᠳ ᠠᠴᠠ ᠦᠯᠢᠭᠡᠷ ᠠᠪᠴᠤ ᠪᠣᠯᠣᠨ᠎ᠠ᠃ | ︵ᠳᠥᠷᠪᠡ︶ᠠᠬᠢᠴᠠ ᠶᠢᠨ ᠲᠣᠬᠢᠷᠠᠭᠤᠯᠤᠯᠲᠠ᠃ 2024 ᠣᠨ ᠤ 2 ᠳ᠋ᠤᠭᠠᠷ ᠰᠠᠷ᠎ᠠ ᠶᠢᠨ ᠰᠡᠭᠦᠯᠴᠢ ᠪᠠᠷ | ᠮᠠᠨ ᠤ ᠲᠣᠭᠤᠷᠢᠭ ᠲᠤ ᠨᠡᠶᠢᠳᠡᠮ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠵᠢᠱᠢᠯᠲᠡ ᠪᠠᠷ 4 | ᠳ᠋ᠦ᠋ᠭᠡᠷ ᠰᠠᠷ᠎ᠠ ᠶᠢᠨ ᠳᠤᠮᠳᠠᠴᠢ ᠠᠴᠠ ᠡᠮᠦᠨ᠎ᠡ ᠲᠠᠷᠢᠶᠠᠯᠠᠬᠤ ᠬᠦᠷᠢᠶᠡᠯᠡᠩ ᠤᠨ ᠲᠠᠷᠢᠶᠠᠨ ᠭᠠᠵᠠᠷ ᠤᠨ | ᠪᠠᠶᠢᠴᠠᠭᠠᠯᠲᠠ ᠶᠢᠨ ᠥᠯᠢᠭᠡᠷ ᠠᠪᠬᠤ ᠶᠢ ᠳᠠᠭᠤᠰᠬᠠᠵᠤ᠂ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠣᠶ | ᠰᠢᠭᠤᠢ ᠨᠤᠲᠤᠭ ᠪᠡᠯᠴᠢᠭᠡᠷ ᠤᠨ ᠪᠠᠶᠢᠴᠠᠭᠠᠯᠲᠠ ᠶᠢᠨ ᠥᠯᠢᠭᠡᠷ ᠠᠪᠬᠤ ᠶᠢ ᠪᠡᠶᠡᠯᠡᠭᠦᠯᠦᠨ᠎ᠡ︔ 2025 ᠣᠨ ᠤ | ᠦᠷ᠎ᠡ ᠪᠦᠲᠦᠭᠡᠯ ᠢ ᠬᠤᠷᠢᠶᠠᠩᠭᠤᠶᠢᠯᠠᠵᠤ᠂ ᠰᠢᠯᠭᠠᠨ ᠠᠪᠴᠤ᠂ ᠳ᠋ᠦᠩᠨᠡᠵᠦ᠂ ᠨᠡᠶᠢᠳᠡᠮ ᠪᠠᠶᠢᠴᠠᠭᠠᠯᠲᠠ ᠶᠢᠨ ᠦᠷ᠎ᠡ | ᠪᠦᠲᠦᠭᠡᠯ ᠢ ᠪᠤᠢ ᠪᠣᠯᠭᠠᠭᠰᠠᠨ ᠤ ᠳᠠᠷᠠᠭ᠎ᠠ ᠱᠠᠲᠤ ᠳᠠᠷᠠᠭᠠᠯᠠᠨ ᠡᠯ᠎ᠡ ᠱᠠᠲᠤᠨ ᠤ ᠭᠤᠷᠪᠠ ᠶᠢ ᠲᠦᠭᠡᠮᠡᠯᠵᠢᠭᠦᠯᠬᠦ | ᠤᠳᠤᠷᠢᠳᠬᠤ ᠳᠤᠭᠤᠶᠢᠯᠠᠩ ᠳᠤ ᠮᠡᠳᠡᠭᠦᠯᠬᠦ ᠬᠡᠷᠡᠭᠲᠡᠢ᠃ | ︵ᠲᠠᠪᠤ︶ ᠵᠠᠷᠤᠳᠠᠯ ᠤᠨ ᠪᠠᠲᠤᠯᠠᠭ᠎ᠠ᠃ ᠥᠪᠡᠷᠲᠡᠭᠡᠨ ᠵᠠᠰᠠᠬᠤ ᠣᠷᠣᠨ ᠤ ︽2023 ᠣᠨ ᠤ ᠭᠤᠷᠪᠠᠳᠤᠭᠠᠷ | ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠢᠵᠢ ᠪᠦᠷᠢᠳᠦᠭᠦᠯᠬᠦ ᠵᠠᠷᠤᠳᠠᠯ ᠢ ᠲᠦᠷᠭᠡᠬᠡᠨ | ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾ ︵ᠥᠪᠥᠷ ᠭᠤᠷᠪᠠ ᠶᠢ ᠲᠦᠭᠡᠮᠡᠯᠵᠢᠭᠦᠯᠬᠦᠠᠯᠪᠠᠨ︹2023︺ 4 ᠳ᠋ᠦᠭᠡᠷ | ᠲᠣᠭᠠᠲᠤ︶ ᠵᠢᠴᠢ ᠪᠤᠭᠤᠲᠤ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ︽2023 ᠣᠨ ᠤ ᠭᠤᠷᠪᠠᠳᠤᠭᠠᠷ | ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠵᠠᠷᠤᠳᠠᠯ ᠤᠨ | ᠲᠤᠬᠠᠢ ᠰᠠᠨᠠᠯ︾ ︵ᠪᠦᠦ ᠡᠳ᠋ ᠵᠠᠬᠢᠳᠠᠯ﹇2023﹈ 218 ᠳ᠋ᠤᠭᠠᠷ ᠲᠣᠭᠠᠲᠤ︶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ | ᠨᠢ᠂ ᠲᠣᠰ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠢ ᠣᠷᠣᠨ ᠨᠤᠲᠤᠭ ᠤᠨ | ᠡᠳ᠋ ᠤᠨ ᠵᠠᠰᠠᠭ ᠠᠴᠠ ᠡᠭᠦᠷᠭᠡᠯᠡᠵᠦ ᠪᠠᠶᠢᠭ᠎ᠠ ᠠᠵᠢᠯ ᠤᠨ ᠡᠭᠦᠷᠭᠡ ᠶᠢᠨ ᠶᠣᠰᠣᠭᠠᠷ ᠡᠭᠦᠷᠭᠡᠯᠡᠵᠦ᠂ ᠲᠣᠭᠤᠷᠢᠭ ᠤᠨ | ᠵᠠᠰᠠᠭ ᠤᠨ ᠣᠷᠳᠣᠨ ᠲᠣᠰ ᠣᠷᠣᠨ ᠪᠦᠰᠡ ᠶᠢᠨ ᠭᠠᠳᠠᠨᠠᠬᠢ ᠠᠵᠢᠯ ᠤᠨ ᠪᠠᠶᠢᠴᠠᠭᠠᠯᠲᠠ ᠶᠢᠨ ᠥᠯᠢᠭᠡᠷ ᠠᠪᠬᠤ᠂ | ᠮᠡᠷᠭᠡᠵᠢᠯ ᠤᠨ ᠪᠣᠯᠪᠠᠰᠤᠷᠠᠭᠤᠯᠤᠯ᠂ ᠲᠤᠰᠬᠠᠢ ᠮᠡᠷᠭᠡᠵᠢᠯᠲᠡᠨ ᠤ ᠵᠢᠯᠤᠭᠤᠳᠬᠤ ᠦᠢᠯᠡᠴᠢᠯᠡᠭᠡ᠂ ᠲᠤᠭ᠎ᠠ ᠪᠠᠷᠢᠮᠲᠠ ᠶᠢᠨ | ᠵᠠᠳᠠᠯᠤᠯᠲᠠ ᠪᠠ ᠦᠷ᠎ᠡ ᠪᠦᠲᠦᠭᠡᠯ ᠤᠨ ᠬᠤᠷᠢᠶᠠᠩᠭᠤᠶᠢᠯᠠᠯ ᠵᠡᠷᠭᠡ ᠶᠢ ᠬᠠᠷᠢᠭᠤᠴᠠᠵᠤ᠂ ᠠᠵᠢᠯ ᠤᠨ ᠠᠬᠢᠴᠠ ᠶᠢᠨ | ᠲᠣᠬᠢᠷᠠᠭᠤᠯᠤᠯᠲᠠ ᠶᠢ ᠦᠨᠳᠦᠰᠦᠯᠡᠨ ᠵᠠᠷᠤᠳᠠᠯ ᠢ ᠵᠣᠬᠢᠴᠠᠩᠭᠤᠢ ᠣᠨ ᠤ ᠲᠥᠰᠥᠪ ᠲᠤ ᠣᠷᠣᠭᠤᠯᠤᠨ | ᠪᠠᠲᠤᠯᠠᠬᠤ ᠶᠢᠨ ᠬᠠᠮᠲᠤ᠂ ᠬᠢᠨᠠᠯᠲᠠ ᠲᠠᠯᠪᠢᠵᠤ ᠬᠢᠨᠠᠨ ᠪᠤᠳᠤᠬᠤ ᠪᠠᠨ ᠴᠢᠩᠭᠠᠳᠬᠠᠵᠤ᠂ ᠲᠣᠭᠲᠠᠭᠠᠯ ᠶᠣᠰᠣᠭᠠᠷ | ᠣᠲᠣ ᠶᠢᠨ ᠪᠠᠶᠢᠭ᠎ᠠ ᠪᠡᠯᠡ ᠮᠥᠩᠭᠦ ᠶᠢᠨ ᠠᠷᠭ᠎ᠠ ᠵᠠᠮ ᠢᠶᠠᠷ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ | ᠬᠠᠮᠢᠶ᠎ᠠ ᠪᠦᠬᠦᠢ ᠠᠵᠢᠯ ᠢ ᠳᠡᠮᠵᠢᠵᠦ ᠪᠣᠯᠣᠨ᠎ᠠ᠃ | ︵ᠵᠢᠷᠭᠤᠭ᠎ᠠ︶ᠤᠬᠠᠭᠤᠯᠭ᠎ᠠ ᠶᠢᠨ ᠪᠣᠯᠪᠠᠰᠤᠷᠠᠯ᠃ ᠰᠣᠨᠢᠨ᠂ ᠲᠧᠯᠸᠢᠰ᠂ ᠷᠠᠳᠢᠣ᠋᠂ ᠰᠦᠯᠵᠢᠶ᠎ᠡ ᠵᠡᠷᠭᠡ | ᠵᠠᠭᠤᠴᠢᠯᠠᠭᠤᠷ ᠪᠠ ᠥᠪᠡᠷ ᠤᠨ ᠵᠠᠭᠤᠴᠢᠯᠠᠭᠤᠷ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ ᠬᠥᠷᠥᠰᠥ ᠰᠢᠷᠣᠢ ᠶᠢᠨ | ᠨᠡᠶᠢᠳᠡᠮ ᠪᠠᠶᠢᠴᠠᠭᠠᠯᠲᠠ ᠶᠢᠨ ᠲᠠᠷᠢᠶᠠᠨ ᠭᠠᠵᠠᠷ ᠢ ᠬᠠᠮᠠᠭᠠᠯᠠᠬᠤ ᠪᠠ ᠪᠦᠲᠦᠭᠡᠨ ᠪᠠᠶᠢᠭᠤᠯᠬᠤ᠂ ᠲᠠᠷᠢᠶᠠᠯᠠᠩ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠵᠡᠷᠭᠡ | ᠲᠠᠯ᠎ᠠ ᠪᠠᠷ ᠬᠢ ᠴᠢᠬᠤᠯᠠ ᠠᠴᠢ ᠬᠤᠯᠪᠣᠭᠳᠠᠯ ᠢ ᠶᠡᠬᠡᠪᠡᠷ ᠤᠬᠠᠭᠤᠯᠵᠤ᠂ ᠪᠥᠬᠦ ᠨᠡᠶᠢᠭᠡᠮ ᠤᠨ ᠬᠥᠷᠥᠰᠥ ᠰᠢᠷᠣᠢ ᠶᠢᠨ | ᠭᠤᠷᠪᠠ ᠶᠢ ᠲᠦᠭᠡᠮᠡᠯᠵᠢᠭᠦᠯᠬᠦ ᠠᠵᠢᠯ ᠤᠨ ᠴᠢᠬᠤᠯᠠ ᠴᠢᠨᠠᠷ ᠤᠨ ᠲᠤᠬᠠᠢ ᠲᠠᠨᠢᠯᠲᠠ ᠶᠢ ᠳᠡᠭᠡᠭᠰᠢᠯᠡᠭᠦᠯᠬᠦ ᠬᠡᠷᠡᠭᠲᠡᠢ᠃ | ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠥᠨ ᠵᠢᠯᠤᠭᠤᠳᠬᠤ ᠠᠵᠢᠯ ᠢ ᠬᠢᠨᠠᠮᠠᠭᠠᠢ ᠰᠠᠶᠢᠲᠤᠷ ᠬᠢᠵᠦ᠂ ᠨᠡᠶᠢᠭᠡᠮ ᠤᠨ | ᠠᠩᠬᠠᠷᠤᠯ ᠲᠠᠯᠪᠢᠵᠤ ᠪᠠᠶᠢᠭ᠎ᠠ ᠬᠡᠯᠡᠯᠴᠡᠭᠡᠨ ᠶᠡᠬᠡᠲᠡᠢ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠴᠦ᠂ ᠰᠠᠶᠢᠨ | ᠰᠠᠶᠢᠬᠠᠨ ᠭᠠᠳᠠᠭᠠᠳᠤ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ᠃ ᠲᠤᠰ ᠪᠡᠶ᠎ᠡ ᠶᠢᠨ ᠡᠩᠨᠡᠭᠡ ᠶᠢᠨ | ᠰᠢᠰᠲ᠋ᠧᠮᠵᠢ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠤᠯᠤᠰ ᠤᠨ ᠨᠢᠭᠡᠳᠦᠯᠲᠡᠢ ᠱᠠᠭᠠᠷᠳᠠᠯᠭ᠎ᠠ ᠶᠣᠰᠣᠭᠠᠷ᠂ | ᠮᠡᠷᠭᠡᠵᠢᠯ ᠤᠨ ᠪᠣᠯᠪᠠᠰᠤᠷᠠᠭᠤᠯᠤᠯ᠂ ᠤᠬᠠᠭᠤᠯᠤᠨ ᠲᠤᠤᠱᠯᠠᠭᠤᠯᠬᠤ ᠶᠢ ᠴᠢᠩᠭᠠᠷᠠᠭᠤᠯᠵᠤ᠂ ᠣᠯᠠᠨ ᠵᠦᠢᠯ ᠤᠨ | ᠬᠡᠯᠪᠡᠷᠢ ᠪᠠᠷ ᠭᠤᠷᠪᠠ ᠶᠢ ᠲᠦᠭᠡᠮᠡᠯᠵᠢᠭᠦᠯᠬᠦ ᠮᠡᠷᠭᠡᠵᠢᠯ ᠤᠨ ᠠᠵᠢᠯᠲᠠᠨ ᠤ ᠲᠤᠰᠬᠠᠢ ᠰᠡᠳᠦᠪᠲᠦ ᠪᠣᠯᠪᠠᠰᠤᠷᠠᠭᠤᠯᠤᠯ ᠢ | ᠵᠣᠬᠢᠶᠠᠨ ᠪᠠᠶᠢᠭᠤᠯᠤᠨ ᠥᠷᠨᠢᠭᠦᠯᠵᠦ᠂ ᠭᠤᠷᠪᠠ ᠶᠢ ᠲᠦᠭᠡᠮᠡᠯᠵᠢᠭᠦᠯᠬᠦ ᠡᠩᠨᠡᠭᠡ ᠶᠢᠨ ᠲᠤᠰᠬᠠᠢ ᠮᠡᠷᠭᠡᠵᠢᠯ ᠤᠨ ᠴᠢᠨᠠᠷ᠂ | ᠪᠠᠷᠢᠮᠵᠢᠶᠠᠲᠤ ᠴᠢᠨᠠᠷ ᠪᠠ ᠪᠣᠳᠠᠲᠤ ᠠᠵᠢᠯᠯᠠᠭᠠᠨ ᠤ ᠴᠢᠨᠠᠷ ᠢ ᠳᠡᠭᠡᠭᠰᠢᠯᠡᠭᠦᠯᠦᠨ᠎ᠡ᠃ | ︵ᠳᠤᠯᠤᠭ᠎ᠠ︶ᠠᠮᠤᠷ ᠲᠦᠪᠰᠢᠨ ᠤ ᠪᠠᠲᠤᠯᠠᠭ᠎ᠠ᠃ ᠤᠯᠤᠰ ᠤᠨ ᠮᠡᠳᠡᠭᠡ ᠵᠠᠩᠭᠢ ᠶᠢᠨ ᠠᠮᠤᠷ ᠲᠦᠪᠰᠢᠨ ᠤ | ᠳᠦᠷᠢᠮ ᠢ ᠴᠢᠩᠭ᠎ᠠ ᠬᠡᠷᠡᠭᠵᠢᠭᠦᠯᠵᠦ᠂ ᠤᠯᠤᠰ ᠠᠴᠠ ᠦᠢᠯᠡᠳᠪᠦᠷᠢᠯᠡᠭᠰᠡᠨ ᠬᠠᠲᠠᠭᠤ ᠬᠡᠷᠡᠭᠰᠡᠯ ᠤᠨ ᠵᠥᠭᠡᠯᠡᠨ ᠲᠣᠨᠤᠭ | ᠪᠠ ᠣᠷᠣᠨ ᠪᠠᠶᠢᠷᠢ ᠲᠣᠭᠲᠠᠭᠠᠬᠤ ᠰᠢᠰᠲ᠋ᠧᠮ ᠢ ᠬᠡᠷᠡᠭᠯᠡᠨ᠂ ᠳ᠋ᠠᠶᠢᠲ᠋ᠠ ᠶᠢ ᠨᠢᠭᠤᠴᠠᠯᠠᠨ ᠳᠠᠮᠵᠢᠭᠤᠯᠬᠤ᠂ ᠳ᠋ᠠᠶᠢᠲ᠋ᠠ | ᠬᠥᠮᠥᠷᠭᠡ ᠶᠢᠨ ᠵᠡᠷᠭᠡ ᠳᠡᠰ ᠢ ᠬᠠᠮᠠᠭᠠᠯᠠᠬᠤ ᠪᠠ ᠲᠤᠭ᠎ᠠ ᠪᠠᠷᠢᠮᠲᠠ ᠶᠢ ᠬᠡᠷᠡᠭᠯᠡᠬᠦ ᠡᠷᠬᠡ ᠮᠡᠳᠡᠯ ᠤᠨ ᠬᠠᠮᠢᠶᠠᠷᠤᠯᠲᠠ | ᠵᠡᠷᠭᠡ ᠶᠢ ᠬᠡᠷᠡᠭᠵᠢᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠨᠢᠭᠤᠴᠠ ᠶᠢ ᠬᠠᠮᠠᠭᠠᠯᠠᠬᠤ ᠬᠠᠷᠢᠭᠤᠴᠠᠯᠭ᠎ᠠ ᠶᠢᠨ | ᠳᠦᠷᠢᠮ ᠢ ᠪᠠᠶᠢᠭᠤᠯᠬᠤ ᠶᠢᠨ ᠬᠠᠮᠲᠤ ᠨᠠᠶᠢᠳᠠᠪᠤᠷᠢᠵᠢᠭᠤᠯᠵᠤ᠂ ᠪᠠᠶᠢᠴᠠᠭᠠᠬᠤ᠂ ᠰᠢᠯᠭᠠᠬᠤ ᠪᠠ ᠲᠤᠭ᠎ᠠ ᠪᠠᠷᠢᠮᠲᠠ ᠶᠢ | ᠬᠢᠨᠠᠨ ᠬᠠᠷᠭᠤᠭᠤᠯᠬᠤ ᠵᠡᠷᠭᠡ ᠭᠤᠭᠴᠤᠭ᠎ᠠ ᠳᠤ ᠣᠷᠣᠯᠴᠠᠭᠰᠠᠨ ᠨᠢᠭᠡᠴᠡ ᠪᠠ ᠬᠤᠪᠢ ᠬᠥᠮᠥᠨ ᠲᠤᠭ᠎ᠠ ᠪᠠᠷᠢᠮᠲᠠ ᠨᠢ | ᠨᠢᠭᠤᠴᠠ ᠶᠢ ᠬᠠᠮᠠᠭᠠᠯᠠᠬᠤ ᠬᠡᠯᠡᠯᠴᠡᠭᠡᠷ ᠲᠤ ᠵᠣᠬᠢᠴᠠᠵᠤ᠂ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠢ | ᠨᠡᠶᠢᠲᠡᠯᠡᠬᠦ ᠠᠴᠠ ᠡᠮᠦᠨ᠎ᠡ ᠳᠤᠷ᠎ᠠ ᠪᠠᠷ ᠢᠶᠠᠨ ᠭᠠᠳᠠᠭᠰᠢ ᠨᠡᠶᠢᠲᠡᠯᠡᠵᠦ᠂ ᠬᠡᠷᠡᠭᠯᠡᠵᠦ ᠪᠣᠯᠬᠤ ᠦᠭᠡᠢ᠂ ᠨᠡᠶᠢᠳᠡᠮ | ᠪᠠᠶᠢᠴᠠᠭᠠᠯᠲᠠ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ | | ᠳᠠᠭᠠᠯᠳᠤᠭᠤᠯᠤᠯ᠄ 1᠂ ᠰᠢᠭᠤᠶᠢᠲᠤ ᠲᠣᠭᠤᠷᠢᠭ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ | ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ | 2᠂ ᠰᠢᠭᠤᠶᠢᠲᠤ ᠲᠣᠭᠤᠷᠢᠭ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ | ᠪᠠᠶᠢᠴᠠᠭᠠᠯᠲᠠ ᠶᠢᠨ ᠮᠡᠷᠭᠡᠵᠢᠯ ᠤᠨ ᠵᠢᠯᠤᠭᠤᠳᠬᠤ ᠳᠤᠭᠤᠶᠢᠯᠠᠩ | | ᠳᠠᠭᠠᠯᠳᠤᠭᠤᠯᠤᠯ 1 | ᠰᠢᠭᠤᠶᠢᠲᠤ ᠲᠣᠭᠤᠷᠢᠭ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ | ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ | | ᠳᠤᠭᠤᠶᠢᠯᠠᠩ ᠤᠨ ᠳᠠᠷᠤᠭ᠎ᠠ᠄ ᠯᠢ ᠴᠢᠩ ᠵᠥᠩ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠴᠢᠶᠣᠤ ᠸᠧᠢ ᠵᠢᠶᠠᠨ᠂ ᠲᠣᠭᠤᠷᠢᠭ ᠤᠨ ᠵᠠᠰᠠᠭ ᠤᠨ ᠣᠷᠳᠣᠨ ᠤ | ᠠᠯᠪᠠᠨ ᠭᠡᠷ ᠤᠨ ᠳᠡᠳ᠋ ᠡᠷᠬᠢᠯᠡᠭᠴᠢ | ᠶᠠᠩ ᠲᠦᠩ ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠳᠠᠷᠤᠭ᠎ᠠ | ᠸᠠᠩ ᠯᠢ ᠮᠢᠨ᠂ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ | ᠪᠦᠷᠢᠯᠳᠦᠭᠦᠨ᠄ ᠵᠣᠣ ᠭᠤᠤ ᠹᠧᠩ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ | ᠳᠡᠳ᠋ ᠡᠷᠬᠢᠯᠡᠭᠴᠢ | ᠯᠢ ᠶᠠᠨ ᠵᠢᠶᠧ᠂ ᠲᠣᠭᠤᠷᠢᠭ ᠤᠨ ᠡᠳ᠋ ᠶᠢᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ | ᠸᠠᠩ ᠵᠢᠶᠦ᠋ᠨ᠂ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠡᠳ᠋ ᠳᠠᠷᠤᠭ᠎ᠠ | ᠴᠧᠩ ᠶᠠᠨ᠂ ᠲᠣᠭᠤᠷᠢᠭ ᠤᠨ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ | ᠵᠠᠩ ᡁᠢ ᠶᠦᠩ᠂ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶᠠᠨ ᠤ ᠰᠢᠭᠤᠶᠢᠲᠤ | ᠬᠤᠪᠢᠶᠠᠷᠢ ᠲᠣᠪᠴᠢᠶᠠᠨ ᠤ ᠳᠡᠳ᠋ ᠳᠠᠷᠤᠭ᠎ᠠ | ᠵᠧᠦ ᠷᠦᠢ ᠹᠠᠩ᠂ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠳᠡᠳ᠋ ᠳᠠᠷᠤᠭ᠎ᠠ | ᠵᠠᠩ ᠳ᠋ᠦᠩ ᠱᠧᠩ᠂ ᠵᠢᠪᠬᠤᠯᠠᠩᠲᠤ ᠰᠤᠮᠤ ᠶᠢᠨ ᠨᠠᠮ ᠤᠨ ᠬᠤᠷᠢᠶᠠᠨ ᠤ ᠭᠡᠰᠢᠭᠦᠨ᠂ ᠵᠡᠪᠰᠡᠭᠲᠦ ᠬᠦᠴᠦᠨ ᠤ | ᠬᠡᠯᠲᠡᠰ ᠤᠨ ᠳᠠᠷᠤᠭ᠎ᠠ | ᠬᠤ᠋ ᡁᠢ ᠵᠢᠶᠦ᠋ᠨ᠂ ᠪᠡᠳᠬᠡᠷ ᠵᠤᠤ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠵᠡᠪᠰᠡᠭᠲᠦ | ᠬᠦᠴᠦᠨ ᠤ ᠬᠡᠯᠲᠡᠰ ᠤᠨ ᠳᠠᠷᠤᠭ᠎ᠠ | ᠵᠤᠤ ᠭᠦᠸᠧ ᠹᠧᠩ᠂ ᠪᠠᠢ ᠬᠤ᠋ ᠭᠧᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠪᠠ | ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ | ᠸᠧᠢ ᠷᠦᠢ ᠵᠢᠤᠸᠠᠨ᠂ ᠳ᠋ᠠ ᠳ᠋ᠧ ᠾᠧᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ | ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠲᠣᠭᠤᠷᠢᠭ ᠤᠨ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ ᠲᠣᠬᠢᠷᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ | ᠲᠣᠭᠤᠷᠢᠭ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠨ ᠡᠷᠬᠢᠯᠡᠭᠴᠢ ᠴᠧᠩ ᠶᠠᠨ ᠡᠭᠦᠷᠭᠡᠯᠡᠨ᠎ᠡ᠃ | | | ᠳᠠᠭᠠᠯᠳᠤᠭᠤᠯᠤᠯ 2 | ᠰᠢᠭᠤᠶᠢᠲᠤ ᠲᠣᠭᠤᠷᠢᠭ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ | ᠪᠠᠶᠢᠴᠠᠭᠠᠯᠲᠠ ᠶᠢᠨ ᠮᠡᠷᠭᠡᠵᠢᠯ ᠤᠨ ᠵᠢᠯᠤᠭᠤᠳᠬᠤ ᠳᠤᠭᠤᠶᠢᠯᠠᠩ | | ᠳᠤᠭᠤᠶᠢᠯᠠᠩ ᠤᠨ ᠳᠠᠷᠤᠭ᠎ᠠ᠄ ᠴᠧᠩ ᠶᠠᠨ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ ᠶᠢᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠨ ᠡᠷᠬᠢᠯᠡᠭᠴᠢ | ᠳᠤᠭᠤᠶᠢᠯᠠᠩ ᠤᠨ ᠳᠡᠳ᠋ ᠳᠠᠷᠤᠭ᠎ᠠ᠄ ᠵᠠᠩ ᠰᠦ᠋ ᠴᠢᠩ᠂ ᠲᠣᠭᠤᠷᠢᠭ ᠤᠨ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠠᠰᠤᠭ ᠤᠨ ᠳᠠᠷᠤᠭ᠎ᠠ | ᠰᠦᠨ ᠴᠣᠣ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠠᠷᠢᠶᠠᠯᠠᠩ ᠮᠠᠯ | ᠠᠵᠤ ᠠᠬᠤᠢ ᠶᠢᠨ ᠲᠠᠰᠤᠭ ᠤᠨ ᠳᠡᠳ᠋ ᠳᠠᠷᠤᠭ᠎ᠠ | ᠪᠦᠷᠢᠯᠳᠦᠭᠦᠨ᠄ ᠦ᠋ ᠵᠢᠦᠢ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ | ᠲᠠᠷᠢᠶᠠᠯᠠᠩ ᠮᠠᠯ ᠠᠵᠤ ᠠᠬᠤᠢ ᠶᠢᠨ ᠲᠠᠰᠤᠭ ᠤᠨ ᠠᠵᠢᠯᠲᠠᠨ | ᠯᠢᠦ ᠰᠢᠤᠸᠠᠨ᠂ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠠᠵᠢᠯᠲᠠᠨ | ᠵᠠᠩ ᠳ᠋ᠦᠩ ᠱᠧᠩ᠂ ᠵᠢᠪᠬᠤᠯᠠᠩᠲᠤ ᠰᠤᠮᠤ ᠶᠢᠨ ᠨᠠᠮ ᠤᠨ ᠬᠤᠷᠢᠶᠠᠨ ᠤ ᠭᠡᠰᠢᠭᠦᠨ᠂ ᠵᠡᠪᠰᠡᠭᠲᠦ ᠬᠦᠴᠦᠨ ᠤ | ᠬᠡᠯᠲᠡᠰ ᠤᠨ ᠳᠠᠷᠤᠭ᠎ᠠ | ᠬᠤ᠋ ᡁᠢ ᠵᠢᠶᠦ᠋ᠨ᠂ ᠪᠡᠳᠬᠡᠷ ᠵᠤᠤ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠵᠡᠪᠰᠡᠭᠲᠦ | ᠬᠦᠴᠦᠨ ᠤ ᠬᠡᠯᠲᠡᠰ ᠤᠨ ᠳᠠᠷᠤᠭ᠎ᠠ | ᠵᠤᠤ ᠭᠦᠸᠧ ᠹᠧᠩ᠂ ᠪᠠᠢ ᠬᠤ᠋ ᠭᠧᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠪᠠ | ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ | ᠸᠧᠢ ᠷᠦᠢ ᠵᠢᠤᠸᠠᠨ᠂ ᠳ᠋ᠠ ᠳ᠋ᠧ ᠾᠧᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠡᠳ᠋ | ᠡᠷᠬᠢᠯᠡᠭᠴᠢ | | ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠶᠡᠭᠡ ᠶᠠᠪᠤᠳᠠᠯ ᠤᠨ ᠲᠡᠮᠳᠡᠭᠯᠡᠯ | ︵2024 ᠣᠨ ᠤ 1 ᠰᠠᠷ᠎ᠠ ᠠᠴᠠ 3 ᠰᠠᠷ᠎ᠠ︶ | | 1 ᠰᠠᠷ᠎ᠠ ᠶᠢᠨ 2 ᠤᠨ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ | ᠣᠷᠣᠯᠠᠭᠴᠢ ᠳᠠᠷᠤᠭ᠎ᠠ ᠵᠠᠩ ᠰᠢᠶᠣᠣ ᠹᠧᠢ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | 2024 ᠣᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | 1 ᠰᠠᠷ᠎ᠠ ᠶᠢᠨ 10 ᠤ ᠡᠳᠦᠷ᠂ ᠰᠢᠭᠤᠶᠢᠲᠤ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠭᠤᠷᠪᠠᠳᠤᠭᠠᠷ | ᠤᠳᠠᠭᠠᠨ ᠤ ᠬᠤᠷᠠᠯ ᠢ ᠬᠤᠷᠠᠯᠳᠤᠭᠤᠯᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠬᠠᠢ ᠬᠤᠷᠠᠯ ᠢ ᠡᠷᠬᠢᠯᠡᠪᠡ᠃ | 1 ᠰᠠᠷ᠎ᠠ ᠶᠢᠨ 11 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ | ᠣᠷᠣᠯᠠᠭᠴᠢ ᠳᠠᠷᠤᠭ᠎ᠠ ᠵᠠᠩ ᠰᠢᠶᠣᠣ ᠹᠧᠢ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | 2024 ᠣᠨ ᠤ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | 1 ᠰᠠᠷ᠎ᠠ ᠶᠢᠨ 12 ᠤᠨ ᠡᠳᠦᠷ᠂ ᠰᠢᠭᠤᠶᠢᠲᠤ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠳᠥᠷᠪᠡᠳᠦᠭᠡᠷ ᠤᠳᠠᠭᠠᠨ ᠤ | ᠬᠤᠷᠠᠯ ᠬᠤᠷᠠᠯᠳᠤᠭᠤᠯᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠵᠠᠩ ᠬᠠᠢ ᠬᠤᠷᠠᠯ ᠢ ᠡᠷᠬᠢᠯᠡᠵᠦ᠂ ᠳᠡᠳ᠋ ᠡᠷᠬᠢᠯᠡᠭᠴᠢ ᠮᠢ ᠴᠢᠶᠣᠤ ᠯᠢᠨ᠂ ᠸᠠᠩ ᠷᠦᠩ᠂ ᠴᠢᠦᠢ | ᠫᠢᠩ ᠬᠦᠢ ᠵᠢᠴᠢ ᠭᠡᠰᠢᠭᠦᠨ ᠨᠡᠶᠢᠳᠡ 24 ᠬᠥᠮᠥᠨ ᠬᠤᠷᠠᠯ ᠳᠤ ᠣᠷᠣᠯᠴᠠᠪᠠ᠃ ᠲᠣᠭᠤᠷᠢᠭ ᠤᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠯᠢ ᠰᠢᠶᠠᠩ᠂ | ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠵᠠᠩ ᠬᠤᠤ᠂ ᠲᠣᠭᠤᠷᠢᠭ ᠤᠨ ᠠᠷᠠᠳ ᠤᠨ ᠪᠠᠶᠢᠴᠠᠭᠠᠬᠤ | ᠬᠤᠷᠢᠶᠠᠨ ᠤ ᠪᠠᠶᠢᠴᠠᠭᠠᠬᠤ ᠳᠠᠷᠤᠭ᠎ᠠ ᠪᠦᠦ ᠸᠧᠢ ᠬᠤᠸᠠ ᠬᠤᠷᠠᠯ ᠳᠤ ᠰᠤᠯᠠ ᠣᠷᠣᠯᠴᠠᠪᠠ᠃ | 1 ᠰᠠᠷ᠎ᠠ ᠶᠢᠨ 22 ᠤ ᠡᠳᠦᠷ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ | ᠰᠢᠭᠤᠶᠢᠲᠤ ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯ ᠦᠪᠡᠳᠡᠭᠰᠢ | ᠶᠡᠭᠡ ᠪᠠᠷ ᠡᠬᠢᠯᠡᠪᠡ᠃ ᠪᠦᠬᠦ ᠲᠣᠭᠤᠷᠢᠭ ᠤᠨ ᠡᠯ᠎ᠡ ᠨᠠᠮ ᠪᠦᠯᠦᠭ ᠪᠦᠯᠬᠦᠮ ᠪᠣᠯᠣᠨ ᠦᠨᠳᠦᠰᠦᠲᠡᠨ ᠨᠦᠭᠦᠳ ᠤᠨ | ᠡᠯ᠎ᠡ ᠡᠲᠡᠭᠡᠳ ᠠᠴᠠ ᠢᠷᠡᠭᠰᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠦᠬᠦ ᠲᠣᠭᠤᠷᠢᠭ ᠤᠨ ᠠᠷᠠᠳ | ᠲᠦᠮᠡᠨ ᠤ ᠬᠦᠰᠡᠯ ᠨᠠᠶᠢᠳᠠᠯᠭ᠎ᠠ ᠶᠢ ᠡᠪᠦᠷᠯᠡᠨ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠬᠤᠷᠠᠯ ᠤᠨ ᠲᠠᠯᠠᠪᠠᠢ ᠳᠤ | ᠣᠷᠣᠪᠠ᠃ ᠬᠤᠶᠠᠷ ᠡᠳᠦᠷ ᠤᠨ ᠬᠤᠷᠠᠯ ᠤᠨ ᠬᠤᠭᠤᠴᠠᠭᠠᠨ ᠳᠤ᠂ ᠭᠡᠰᠢᠭᠦᠳ ᠡᠭᠦᠷᠭᠡ ᠬᠠᠷᠢᠭᠤᠴᠠᠯᠭ᠎ᠠ ᠪᠠᠨ ᠨᠠᠷᠢᠨ | ᠬᠢᠨᠠᠮᠠᠭᠠᠢ ᠭᠦᠢᠴᠡᠳᠬᠡᠵᠦ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠰᠢᠭᠤᠶᠢᠲᠤ | ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠭᠤᠶᠢᠳᠠ ᠰᠠᠶᠢᠬᠠᠨ ᠰᠢᠯᠭᠠᠯᠲᠠ ᠶᠢᠨ ᠬᠠᠭᠤᠳᠠᠰᠤ ᠶᠢ ᠴᠢᠷᠮᠠᠶᠢᠨ | ᠪᠢᠴᠢᠭᠯᠡᠬᠦ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠵᠡᠢ᠃ | 1 ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠰᠢᠭᠤᠶᠢᠲᠤ ᠲᠣᠭᠤᠷᠢᠭ ᠤᠨ ᠠᠷᠪᠠᠨ | ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ | ᠤᠷᠢᠳ ᠢᠶᠠᠷ ᠭᠤᠷᠪᠠᠳᠤᠭᠠᠷ ᠤᠳᠠᠭ᠎ᠠ᠂ ᠳᠥᠷᠪᠡᠳᠦᠭᠡᠷ ᠤᠳᠠᠭ᠎ᠠ᠂ ᠲᠠᠪᠤᠳᠤᠭᠠᠷ ᠪᠥᠬᠦᠳᠡ ᠬᠤᠷᠠᠯ ᠬᠤᠷᠠᠯᠳᠤᠭᠤᠯᠵᠤ᠂ | ᠶᠡᠭᠡ ᠬᠤᠷᠠᠯ ᠤᠨ ᠲᠣᠭᠲᠠᠭᠰᠠᠨ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠵᠡᠢ᠃ | 2 ᠰᠠᠷ᠎ᠠ ᠶᠢᠨ 2 ᠤᠨ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠠᠢ ᠯᠢᠶᠠᠨ ᠢᠦᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠭᠤᠶᠢᠲᠤ ᠲᠣᠭᠤᠷᠢᠭ ᠤᠨ ᠠᠷᠪᠠᠨ ᠳᠥᠷᠪᠡᠳᠦᠭᠡᠷ ᠬᠤᠭᠤᠴᠠᠭᠠᠨ ᠤ | ᠬᠤᠷᠢᠶᠠᠨ ᠤ ᠪᠠᠶᠢᠩᠭᠤ ᠶᠢᠨ ᠬᠤᠷᠢᠶᠠᠨ ᠤ 105 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | 2 ᠰᠠᠷ᠎ᠠ ᠶᠢᠨ 7 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ | ᠳᠠᠷᠤᠭ᠎ᠠ ᠵᠠᠩ ᠰᠢᠶᠣᠣ ᠹᠧᠢ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ | ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | 2 ᠰᠠᠷ᠎ᠠ ᠶᠢᠨ 19 ᠤ ᠡᠳᠦᠷ᠂ ᠬᠤᠲᠠ ᠶᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠠᠬᠢᠭᠤᠯᠬᠤ | ᠲᠣᠪᠴᠢᠶ᠎ᠠ ᠶᠢᠨ ᠳᠠᠷᠤᠭ᠎ᠠ ᠸᠠᠩ ᠴᠢᠶᠠᠩ ᠨᠠᠷ ᠰᠢᠭᠤᠶᠢᠲᠤ ᠲᠣᠭᠤᠷᠢᠭ ᠤᠨ ᠠᠵᠤ ᠦᠢᠯᠡᠰ ᠤᠨ ᠳᠠᠪᠠᠭᠤᠯᠢᠭ ᠵᠢᠴᠢ | 2024 ᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠴᠢᠭᠯᠡᠯ ᠪᠠ ᠪᠣᠳᠠᠲᠠᠢ ᠠᠷᠭ᠎ᠠ ᠬᠡᠮᠵᠢᠶ᠎ᠡ ᠶᠢ | ᠪᠠᠶᠢᠴᠠᠭᠠᠨ ᠰᠤᠳᠤᠯᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠤᠨ ᠲᠤᠬᠠᠢ ᠶᠠᠷᠢᠯᠴᠠᠨ ᠰᠣᠯᠢᠯᠴᠠᠪᠠ᠃ | ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠰᠢᠶᠣᠣ ᠹᠧᠢ ᠶᠠᠷᠢᠯᠴᠠᠬᠤ | ᠬᠤᠷᠠᠯ ᠢ ᠡᠷᠭᠢᠯᠡᠪᠡ᠃ | 2 ᠰᠠᠷ᠎ᠠ ᠶᠢᠨ 26 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠠᠢ ᠯᠢᠶᠠᠨ ᠢᠦᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠭᠤᠶᠢᠲᠤ ᠲᠣᠭᠤᠷᠢᠭ ᠤᠨ ᠠᠷᠪᠠᠨ ᠳᠥᠷᠪᠡᠳᠦᠭᠡᠷ ᠬᠤᠭᠤᠴᠠᠭᠠᠨ ᠤ | ᠬᠤᠷᠢᠶᠠᠨ ᠤ ᠪᠠᠶᠢᠩᠭᠤ ᠶᠢᠨ ᠬᠤᠷᠢᠶᠠᠨ ᠤ 106 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | 3 ᠰᠠᠷ᠎ᠠ ᠶᠢᠨ 9 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ | ᠳᠠᠷᠤᠭ᠎ᠠ ᠵᠠᠩ ᠰᠢᠶᠣᠣ ᠹᠧᠢ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ | ᠵᠢᠷᠭᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | 3 ᠰᠠᠷ᠎ᠠ ᠶᠢᠨ 20 ᠤ ᠡᠳᠦᠷ᠂ ᠰᠢᠭᠤᠶᠢᠲᠤ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠲᠠᠪᠤᠳᠤᠭᠠᠷ ᠤᠳᠠᠭᠠᠨ ᠤ | ᠬᠤᠷᠠᠯ ᠬᠤᠷᠠᠯᠳᠤᠭᠤᠯᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠵᠠᠩ ᠬᠠᠢ ᠬᠤᠷᠠᠯ ᠢ ᠡᠷᠬᠢᠯᠡᠵᠦ᠂ ᠳᠡᠳ᠋ ᠡᠷᠬᠢᠯᠡᠭᠴᠢ ᠮᠢ ᠴᠢᠶᠣᠤ ᠯᠢᠨ᠂ ᠸᠠᠩ ᠪᠢᠨ ᠵᠢᠴᠢ | ᠭᠡᠰᠢᠭᠦᠨ ᠨᠡᠶᠢᠳᠡ 24 ᠬᠥᠮᠥᠨ ᠬᠤᠷᠠᠯ ᠳᠤ ᠣᠷᠣᠯᠴᠠᠪᠠ᠃ | 3 ᠰᠠᠷ᠎ᠠ ᠶᠢᠨ 29 ᠤ ᠡᠳᠦᠷ᠂ ᠰᠢᠭᠤᠶᠢᠲᠤ ᠲᠣᠭᠤᠷᠢᠭ ᠤᠨ ᠵᠣᠬᠢᠶᠠᠨ ᠪᠠᠶᠢᠭᠤᠯᠬᠤ ᠠᠵᠢᠯ ᠤᠨ ᠬᠤᠷᠠᠯ | ᠬᠤᠷᠠᠯᠳᠤᠭᠤᠯᠪᠠ᠃ ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ | ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠪᠥᠬᠦ ᠤᠯᠤᠰ ᠪᠥᠬᠦ ᠣᠷᠣᠨ ᠪᠥᠬᠦ ᠬᠤᠲᠠ ᠶᠢᠨ ᠵᠣᠬᠢᠶᠠᠨ ᠪᠠᠶᠢᠭᠤᠯᠬᠤ | ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠲᠣᠭᠤᠷᠢᠭ ᠤᠨ ᠨᠠᠮ ᠤᠨ ᠬᠤᠷᠢᠶᠠᠨ ᠤ | ᠠᠷᠪᠠᠨ ᠳᠥᠷᠪᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ 2023 ᠣᠨ ᠤ ᠵᠣᠬᠢᠶᠠᠨ ᠪᠠᠶᠢᠭᠤᠯᠬᠤ ᠠᠵᠢᠯ ᠢ ᠳ᠋ᠦᠩᠨᠡᠵᠦ᠂ 2024 | ᠣᠨ ᠤ ᠭᠤᠣᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ | ᠰᠢᠭᠤᠶᠢᠲᠤ ᠲᠣᠭᠤᠷᠢᠭ ᠤᠨ ᠠᠷᠠᠳ ᠶᠢᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 1 ᠰᠠᠷ᠎ᠠ ᠶᠢᠨ 1 ᠤ ᠡᠳᠦᠷ | ᠨᠠᠶᠢᠷᠠᠭᠤᠯᠤᠨ ᠳᠠᠷᠤᠮᠠᠯᠯᠠᠬᠤ ᠨᠢᠭᠡᠴᠡ᠄ ᠰᠢᠭᠤᠶᠢᠲᠤ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠤ ᠠᠯᠪᠠᠨ ᠭᠡᠷ | ᠬᠡᠪᠯᠡᠯ ᠤᠨ ᠦᠶᠡᠯᠡᠯ ᠤᠨ ᠬᠤᠭᠤᠴᠠᠭ᠎ᠠ᠄ ᠤᠯᠠᠷᠢᠯ ᠤᠨ ᠰᠡᠳᠬᠦᠯ | | |