ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ‌ᠮᠡᠳᠡᠭᠡ
ᠨᠡᠶᠢᠲᠡᠯᠡᠭᠰᠡᠨ ᠴᠠᠭ᠄
2024/4/26
        ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠰᠢᠭᠤᠶᠢᠲᠤ ᠲᠣᠭᠤᠷᠢᠭ ᠤᠨ ︿ᠭᠤᠷᠪᠠ ᠶᠢ ᠲᠡᠮᠡᠴᠡᠨ ᠣᠯᠬᠤ﹀ ᠶᠢ ᠬᠢᠨᠠᠨ ᠰᠢᠯᠭᠠᠵᠤ ᠱᠠᠩᠨᠠᠨ ᠬᠥᠭᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ                    ᠰᠢᠭᠤᠶᠢᠲᠤ ᠵᠠᠰᠠᠭ ᠠᠯᠪᠠᠨ ᠲᠠᠷᠬᠠᠭᠠᠭᠰᠠᠨ﹇2024﹈ 3 ᠳ᠋ᠤᠭᠠᠷ ᠲᠣᠭᠠᠲᠤ ᠵᠢᠪᠬᠤᠯᠠᠩᠲᠤ ᠰᠤᠮᠤ᠂  ᠪᠡᠳᠬᠡᠷ ᠵᠤᠤ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠯ᠎ᠡ ᠬᠦᠷᠢᠶᠡᠯᠡᠩ ᠲᠣᠭᠤᠷᠢᠭ᠂ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ᠂ ᠡᠯ᠎ᠡ ᠠᠷᠠᠳ ᠤᠨ ᠪᠦᠯᠬᠦᠮ᠂ ᠲᠣᠭᠤᠷᠢᠭ ᠲᠤ ᠰᠠᠭᠤᠭ᠎ᠠ ᠡᠯ᠎ᠡ ᠨᠢᠭᠡᠴᠡ ᠳᠤ᠄ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ 2 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ︽ᠰᠢᠭᠤᠶᠢᠲᠤ ᠲᠣᠭᠤᠷᠢᠭ ᠤᠨ ︿ᠭᠤᠷᠪᠠ ᠶᠢ ᠲᠡᠮᠡᠴᠡᠨ ᠣᠯᠬᠤ﹀ ᠶᠢ ᠬᠢᠨᠠᠨ ᠰᠢᠯᠭᠠᠵᠤ ᠱᠠᠩᠨᠠᠨ ᠬᠥᠭᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃                     ᠰᠢᠭᠤᠶᠢᠲᠤ ᠲᠣᠭᠤᠷᠢᠭ ᠤᠨ ᠠᠷᠠᠳ ᠶᠢᠨ ᠵᠠᠰᠠᠭ ᠤᠨ ᠣᠷᠳᠣᠨ ᠤ ᠠᠯᠪᠠᠨ ᠭᠡᠷ                    2024 ᠣᠨ ᠤ 1 ᠰᠠᠷ᠎ᠠ ᠶᠢᠨ 26 ᠤ ᠡᠳᠦᠷ        ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠬᠦ︶          ᠰᠢᠭᠤᠶᠢᠲᠤ ᠲᠣᠭᠤᠷᠢᠭ ᠤᠨ ︿ᠭᠤᠷᠪᠠ ᠶᠢ ᠲᠡᠮᠡᠴᠡᠨ ᠣᠯᠬᠤ﹀ ᠶᠢ ᠬᠢᠨᠠᠨ ᠰᠢᠯᠭᠠᠵᠤ ᠱᠠᠩᠨᠠᠨ ᠬᠥᠭᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶        ᠰᠢᠭᠤᠶᠢᠲᠤ ᠲᠣᠭᠤᠷᠢᠭ ᠤᠨ ᠰᠠᠯᠠᠭᠠᠨ ᠳᠡᠰ ᠤᠨ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠤᠨ ᠵᠣᠷᠢᠭᠲᠠᠢ ᠪᠠᠷ ᠰᠡᠳᠬᠢᠵᠦ ᠵᠣᠷᠢᠭᠲᠠᠢ ᠪᠠᠷ ᠠᠵᠢᠯᠯᠠᠬᠤ᠂ ᠵᠣᠷᠢᠭᠲᠠᠢ ᠪᠠᠷ ᠲᠡᠷᠢᠭᠦᠯᠡᠬᠦ ᠶᠢ ᠤᠯᠠᠮ ᠨᠢᠭᠡ ᠠᠯᠬᠤᠮ ᠵᠣᠷᠢᠭᠵᠢᠭᠤᠯᠬᠤ ᠶᠢᠨ ᠲᠥᠯᠥᠭᠡ᠂ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠢ ᠬᠥᠲᠥᠯᠥᠨ ᠵᠢᠯᠤᠭᠤᠳᠴᠤ ᠪᠠᠶᠢᠭᠠᠳ ︽ᠰᠢᠯᠢᠳᠡᠭ ᠢ ᠨᠢ ᠲᠠᠶᠢᠯᠬᠤ ᠰᠡᠳᠬᠢᠬᠦᠢ︾ ᠪᠣᠯᠭᠠᠵᠤ᠂ ᠢᠳᠡᠪᠬᠢᠲᠡᠢ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ ᠳᠡᠭᠡᠳᠦ ᠱᠠᠲᠤᠨ ᠤ ᠪᠡᠯᠡ ᠮᠥᠩᠭᠦ᠂ ᠲᠥᠷᠥ ᠶᠢᠨ ᠪᠣᠳᠣᠯᠭ᠎ᠠ ᠪᠠ ᠲᠤᠷᠰᠢᠯᠲᠠ ᠶᠢᠨ ᠴᠢᠭ ᠢᠶᠠᠷ ᠵᠢᠱᠢᠶ᠎ᠡ ᠦᠵᠡᠭᠦᠯᠬᠦ ᠪᠠᠷ ᠬᠦᠴᠦᠯᠡᠨ ᠴᠢᠷᠮᠠᠶᠢᠵᠤ᠂ ᠡᠨᠡ ᠵᠢᠯ ᠪᠦᠬᠦ ᠤᠯᠤᠰ ᠤᠨ ᠵᠠᠭᠤᠨ ᠬᠦᠴᠦᠷᠬᠡᠭ ᠬᠤᠲᠠ ᠶᠢᠨ ᠳᠤᠮᠳᠠ ᠳᠠᠬᠢᠨ ᠠᠷᠪᠠᠨ ᠣᠷᠣᠨ ᠣᠷᠴᠢᠮ ᠤᠷᠤᠭᠰᠢᠯᠠᠬᠤ ᠶᠡᠭᠡ ᠬᠠᠨᠳᠤᠰᠢ ᠪᠠᠷ  ᠰᠢᠭᠤᠶᠢᠲᠤ ᠶᠢᠨ ᠬᠤᠪᠢ ᠨᠡᠮᠡᠷᠢ ᠦᠵᠡᠭᠦᠯᠵᠦ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠣᠨᠴᠠᠯᠢᠭ ᠢᠶᠠᠷ ᠢᠯᠡ ᠲᠣᠳᠣ ᠴᠢᠨᠠᠷ ᠰᠠᠶᠢᠲᠠᠢ ᠬᠡᠯᠪᠡᠷᠢ ᠪᠠᠨ ᠬᠤᠪᠢᠷᠠᠭᠤᠯᠬᠤ ᠬᠥᠭᠵᠢᠯᠲᠡ ᠶᠢᠨ ᠬᠤᠰᠢᠭᠤᠴᠢ  ᠲᠣᠭᠤᠷᠢᠭ ᠢ ᠪᠦᠲᠦᠭᠡᠨ ᠪᠠᠶᠢᠭᠤᠯᠬᠤ ᠠᠯᠢ ᠣᠯᠠᠨ ᠴᠢᠬᠤᠯᠠ ᠶᠡᠭᠡ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠣᠯᠬᠤ ᠶᠢ  ᠠᠬᠢᠭᠤᠯᠤᠨ᠎ᠠ᠃ ᠭᠠᠵᠠᠷ ᠣᠷᠣᠨ ᠤ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃        ᠨᠢᠭᠡ᠂ ᠱᠠᠩᠨᠠᠬᠤ ᠡᠲᠡᠭᠡᠳ ᠵᠢᠴᠢ ᠪᠡᠯᠡ ᠮᠥᠩᠭᠦ ᠶᠢᠨ ᠢᠷᠡᠯᠲᠡ        ︵ᠨᠢᠭᠡ︶ᠳᠡᠭᠡᠳᠦ ᠱᠠᠲᠤᠨ ᠤ ᠪᠡᠯᠡ ᠮᠥᠩᠭᠦ ᠶᠢ ᠣᠯᠬᠤ        ᠲᠤᠰ ᠵᠦᠢᠯ ᠤᠨ ᠭᠦᠢᠴᠡᠳᠬᠡᠯ ᠲᠤᠭ᠎ᠠ ᠶᠢ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠲᠦᠷᠦᠭᠦᠯᠡᠨ ᠬᠠᠷᠢᠭᠤᠴᠠᠵᠤ᠂ ᠭᠤᠣᠯᠳᠠᠭᠤ᠄ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ᠂ ᠡᠩ ᠤᠨ ᠵᠢᠭᠡᠯᠡᠯᠭᠡ ᠶᠢᠨ ᠲᠡᠮᠳᠡᠭᠲᠦ᠂ ᠲᠥᠯᠥᠪᠦᠷᠢ ᠦᠭᠡᠢ ᠤᠯᠤᠰ ᠤᠨ ᠵᠢᠭᠡᠯᠡᠯᠭᠡ ᠶᠢᠨ ᠪᠡᠯᠡ ᠮᠥᠩᠭᠦ᠂ ᠲᠤᠰᠬᠠᠢ ᠵᠦᠢᠯ ᠤᠨ ᠰᠢᠯᠵᠢᠭᠦᠯᠦᠨ ᠥᠭᠬᠦ᠂ ᠬᠡᠷᠡᠭᠯᠡᠬᠦ ᠬᠡᠷᠡᠭᠴᠡᠭᠡ ᠪᠦᠬᠦᠢ ᠡᠩ ᠤᠨ ᠴᠢᠨᠠᠷᠲᠠᠢ ᠰᠢᠯᠵᠢᠭᠦᠯᠦᠨ ᠥᠭᠬᠦ᠂ ᠡᠳ᠋ ᠤᠨ ᠬᠦᠴᠦᠨ ᠤ ᠴᠢᠨᠠᠷᠲᠠᠢ ᠰᠢᠯᠵᠢᠭᠦᠯᠦᠨ ᠥᠭᠬᠦ ᠨᠡᠮᠡᠭᠳᠡᠯ ᠵᠡᠷᠭᠡ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ᠂ ᠬᠤᠲᠠ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ ᠵᠢᠴᠢ ᠪᠤᠰᠤᠳ ᠲᠠᠯ᠎ᠠ ᠶᠢᠨ ᠲᠥᠷᠥᠯ ᠵᠦᠢᠯ ᠤᠨ ᠪᠡᠯᠡ ᠮᠥᠩᠭᠦ ᠶᠢ ᠪᠠᠭᠲᠠᠭᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠪᠤᠭᠤᠲᠤ ᠬᠤᠲᠠ ᠶᠢᠨ ᠲᠦᠭᠡᠮᠡᠯ ᠴᠢᠨᠠᠷᠲᠠᠢ ᠲᠣᠬᠢᠷᠠᠭᠤᠯᠤᠯᠲᠠ ᠪᠤᠶᠤ ᠬᠠᠨᠳᠤᠯᠭ᠎ᠠ ᠲᠠᠢ ᠪᠠᠷ ᠲᠣᠬᠢᠷᠠᠭᠤᠯᠤᠭᠰᠠᠨ ᠲᠥᠷᠥᠯ ᠵᠦᠢᠯ ᠤᠨ ᠪᠡᠯᠡ ᠮᠥᠩᠭᠦ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠭᠠᠮᠰᠢᠭ ᠠᠴᠠ ᠠᠪᠤᠷᠠᠬᠤ ᠮᠥᠩᠭᠦ᠂ ᠡᠳ᠋ ᠪᠣᠳᠠᠰ᠂ ᠠᠰᠠᠷᠠᠮᠵᠢ ᠶᠢᠨ ᠪᠡᠯᠡ ᠮᠥᠩᠭᠦ᠂ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ᠂ ᠲᠤᠬᠠᠶᠢᠯᠠᠭᠰᠠᠨ ᠠᠵᠢᠯ ᠤᠨ ᠰᠦᠢᠳᠬᠡᠯ᠂ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠵᠤᠷᠭᠠᠨ ᠤ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠨᠥᠬᠦᠪᠦᠷᠢ᠂ ᠳᠡᠭᠡᠭᠰᠢ ᠪᠤᠴᠠᠭᠠᠵᠤ ᠥᠭᠬᠦ ᠲᠤᠰᠬᠠᠢ ᠪᠡᠯᠡ ᠮᠥᠩᠭᠦ ᠵᠡᠷᠭᠡ ︵ᠰᠡᠭᠦᠯᠡᠷ ᠨᠢ ᠪᠡᠯᠡ ᠮᠥᠩᠭᠦ ᠶᠢ ᠲᠡᠮᠡᠴᠡᠨ ᠣᠯᠬᠤ ᠱᠠᠩᠨᠠᠯ ᠤᠨ ᠬᠡᠪᠴᠢᠶᠡᠨ ᠳᠤ ᠣᠷᠣᠭᠤᠯᠬᠤ ᠦᠭᠡᠢ︶ ᠵᠡᠷᠭᠡ ᠪᠠᠭᠲᠠᠵᠤ ᠪᠣᠯᠬᠤ ᠦᠭᠡᠢ᠃ ᠱᠠᠩᠨᠠᠯ ᠬᠦᠷᠲᠡᠬᠦ ᠡᠲᠡᠭᠡᠳ ᠢ ᠳᠣᠣᠷᠠᠬᠢ ᠭᠤᠷᠪᠠᠨ ᠲᠥᠷᠥᠯ ᠢᠶᠠᠷ ᠬᠤᠪᠢᠶᠠᠨ᠎ᠠ᠃        ᠨᠢᠭᠡᠳᠦᠭᠡᠷ ᠲᠥᠷᠥᠯ᠄ ᠬᠥᠭᠵᠢᠭᠦᠯᠦᠯᠲᠡ ᠥᠭᠡᠷᠡᠴᠢᠯᠡᠯᠲᠡ ᠶᠢᠨ ᠲᠣᠪᠴᠢᠶ᠎ᠠ᠂ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠢᠭᠤᠶᠢᠲᠤ ᠠᠵᠤ ᠦᠢᠯᠡᠰ ᠤᠨ ᠬᠦᠷᠢᠶᠡᠯᠡᠩ᠂ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠬᠠᠯᠬᠠᠪᠴᠢ ᠬᠠᠮᠠᠭᠠᠯᠠᠯᠲᠠ ᠶᠢᠨ ᠲᠥᠪ᠂ ᠡᠳ᠋ ᠤᠨ ᠵᠠᠰᠠᠭ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ︵ᠤᠯᠤᠰ ᠤᠨ ᠥᠮᠴᠢᠯᠡᠯᠲᠦ ᠠᠵᠤ ᠠᠬᠤᠶᠢᠯᠠᠯ ᠪᠠᠭᠲᠠᠨ᠎ᠠ︶᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠃        ᠬᠤᠶᠠᠳᠤᠭᠠᠷ ᠲᠥᠷᠥᠯ᠄ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ᠂ ᠨᠢᠭᠡᠳᠦᠮᠡᠯ ᠹᠷᠣᠨᠲ ᠤᠨ ᠬᠡᠯᠲᠡᠰ᠂ ᠲᠣᠮᠣ ᠳ᠋ᠠᠶᠢᠲ᠋ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠳᠠᠩᠰᠠ ᠡᠪᠬᠡᠮᠡᠯ ᠤᠨ ᠲᠣᠪᠴᠢᠶ᠎ᠠ᠂ ᠤᠬᠠᠭᠤᠯᠬᠤ ᠬᠡᠯᠲᠡᠰ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠭᠠᠯ ᠤᠨᠲᠠᠷᠠᠭᠠᠬᠤ ᠶᠡᠭᠡ ᠠᠩᠭᠢ᠂ ᠠᠷᠠᠳ ᠤᠨ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠠᠮ ᠵᠠᠭᠤᠴᠢᠯᠠᠭᠤᠷ‌‍ᠬᠥ᠋ᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ᠂ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ᠂ ᠴᠡᠷᠢᠭ ᠠᠴᠠ ᠬᠠᠯᠠᠭᠳᠠᠭᠰᠠᠳ ᠤᠨ ᠲᠣᠪᠴᠢᠶ᠎ᠠ᠂ ᠠᠵᠢᠯᠴᠢᠨ ᠤ ᠶᠡᠷᠦᠩᠬᠡᠢ ᠡᠪᠯᠡᠯ᠂ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠵᠡᠪᠰᠡᠭᠲᠦ ᠬᠦᠴᠦᠨ ᠤ ᠬᠡᠯᠲᠡᠰ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠪᠡᠳᠬᠡᠷ ᠵᠤᠤ ᠪᠠᠯᠭᠠᠰᠤ᠂ ᠵᠢᠪᠬᠤᠯᠠᠩᠲᠤ ᠰᠤᠮᠤ᠂ ᠳ᠋ᠠ ᠳ᠋ᠧ ᠾᠧᠩ ᠵᠡᠭᠡᠯᠢ ᠭᠤᠳᠤᠮᠵᠢ᠂ ᠪᠠᠢ ᠬᠤ᠋ ᠭᠸᠦ ᠬᠡᠷᠡᠭ ᠡᠷᠬᠢᠯᠡᠬᠦ ᠭᠠᠵᠠᠷ᠃        ᠭᠤᠷᠪᠠᠳᠤᠭᠠᠷ ᠲᠥᠷᠥᠯ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠨᠠᠮ ᠤᠨ ᠰᠤᠷᠭᠠᠭᠤᠯᠢ᠂ ᠬᠢᠨᠠᠨ ᠪᠣᠳᠣᠬᠤ ᠲᠣᠪᠴᠢᠶ᠎ᠠ᠂ ᠡᠪᠯᠡᠯ ᠤᠨ ᠬᠤᠷᠢᠶ᠎ᠠ᠂ ᠬᠠᠮᠲᠤᠷᠠᠯᠴᠠᠭ᠎ᠠ ᠰᠣᠯᠢᠯᠴᠠᠭᠠᠨ ᠤ ᠲᠥᠪ᠂ ᠲᠣᠭᠤᠷᠢᠨ ᠪᠠᠶᠢᠴᠠᠭᠠᠬᠤ ᠠᠯᠪᠠᠨ ᠭᠡᠷ᠂ ᠡᠮ ᠡᠮᠨᠡᠯᠭᠡ ᠶᠢᠨ ᠳᠠᠭᠠᠳᠬᠠᠯ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠳ᠋ᠠ ᠹᠠ ᠬᠡᠷᠡᠭ ᠡᠷᠬᠢᠯᠡᠬᠦ ᠭᠠᠵᠠᠷ᠂ ᠲᠣᠮᠣ᠂ ᠳ᠋ᠠ ᠼᠢ ᠬᠡᠷᠡᠭ ᠡᠷᠬᠢᠯᠡᠬᠦ ᠭᠠᠵᠠᠷ᠂ ᠰᠢᠭᠤᠶᠢᠲᠤ ᠬᠡᠷᠡᠭ ᠡᠷᠬᠢᠯᠡᠬᠦ ᠭᠠᠵᠠᠷ᠃        ︵ᠬᠤᠶᠠᠷ︶ᠳᠡᠮᠵᠢᠯᠭᠡ ᠣᠯᠬᠤ ᠲᠥᠷᠥ ᠶᠢᠨ ᠪᠣᠳᠣᠯᠭ᠎ᠠ        ᠲᠣᠰ ᠭᠦᠢᠴᠡᠳᠬᠡᠯ ᠲᠤᠭ᠎ᠠ ᠶᠢ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ ᠬᠠᠷᠢᠭᠤᠴᠠᠵᠤ᠂ ᠭᠤᠣᠯᠳᠠᠭᠤ ᠡᠯ᠎ᠡ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠤᠯᠤᠰ᠂ ᠮᠤᠵᠢ ᠶᠢᠨ ᠱᠠᠲᠤ᠂ ᠬᠤᠲᠠ ᠶᠢᠨ ᠱᠠᠲᠤᠨ ᠳᠤ ᠲᠦᠭᠡᠮᠡᠯ ᠬᠠᠷᠠᠭᠠᠯᠵᠠᠯ ᠤᠨ ᠪᠤᠰᠤ ᠴᠢᠨᠠᠷᠲᠠᠢ ᠲᠥᠷᠥ ᠶᠢᠨ ᠪᠣᠳᠣᠯᠭ᠎ᠠ ᠶᠢ ᠲᠡᠮᠡᠴᠡᠨ ᠣᠯᠵᠤ᠂ ᠲᠣᠰ ᠬᠤᠭᠤᠴᠠᠭᠠᠨ ᠤ ᠪᠤᠶᠤ ᠵᠢᠱᠢᠵᠦ ᠪᠣᠯᠬᠤᠶᠢᠴᠠ ᠲᠥᠷᠥᠯ ᠵᠦᠢᠯ ᠤᠨ ᠳᠡᠮᠵᠢᠯᠭᠡ᠂ ᠪᠡᠯᠡ ᠮᠥᠩᠭᠦ ᠶᠢᠨ ᠳᠡᠮᠵᠢᠯᠭᠡ᠂ ᠴᠢᠳᠠᠪᠤᠷᠢᠲᠠᠨ ᠤ ᠳᠡᠮᠵᠢᠯᠭᠡ ᠵᠡᠷᠭᠡ ᠵᠢᠴᠢ ᠰᠢᠭᠤᠶᠢᠲᠤ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠯᠤᠰ ᠬᠡᠲᠦ ᠶᠢᠨ ᠴᠢᠨᠠᠷᠲᠠᠢ ᠠᠴᠢ ᠬᠤᠯᠪᠣᠭᠳᠠᠯ ᠲᠠᠢ ᠪᠤᠰᠤᠳ ᠭᠦᠢᠴᠡᠳᠬᠡᠯ ᠲᠤᠭ᠎ᠠ ᠶᠢᠨ ᠲᠥᠷᠥᠯ ᠤᠨ ᠲᠥᠷᠥ ᠶᠢᠨ ᠪᠣᠳᠣᠯᠭ᠎ᠠ ᠶᠢ ᠬᠦᠷᠲᠡᠵᠦ᠂ ᠪᠣᠳᠠᠲᠠᠢ ᠪᠠᠷ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠤᠯᠤᠰ ᠤᠨ ᠡᠯ᠎ᠡ ᠶᠠᠮᠤᠨ ᠵᠥᠪᠯᠡᠯ ᠤᠨ ᠰᠢᠭᠤᠳ ᠳᠡᠮᠵᠢᠯᠭᠡ ᠶᠢᠨ ᠲᠥᠷᠥ ᠶᠢᠨ ᠪᠣᠳᠣᠯᠭ᠎ᠠ ᠪᠣᠯᠭᠠᠨ᠎ᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ ᠨᠢᠭᠡᠴᠡ ᠶᠢᠨ ᠰᠢᠭᠤᠳ ᠳᠡᠮᠵᠢᠬᠦ ᠲᠥᠷᠥ ᠶᠢᠨ ᠪᠣᠳᠣᠯᠭ᠎ᠠ︔ ᠪᠤᠭᠤᠲᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠰᠢᠭᠤᠳ ᠳᠡᠮᠵᠢᠬᠦ ᠲᠥᠷᠥ ᠶᠢᠨ ᠪᠣᠳᠣᠯᠭ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠨᠡᠶᠢᠳᠡᠮ ᠲᠣᠬᠢᠷᠠᠭᠤᠯᠤᠭᠰᠠᠨ ᠪᠤᠶᠤ ᠬᠠᠨᠳᠤᠯᠭ᠎ᠠ ᠲᠠᠢ ᠪᠠᠷ ᠲᠣᠬᠢᠷᠠᠭᠤᠯᠤᠭᠰᠠᠨ ᠲᠥᠷᠥ ᠶᠢᠨ ᠪᠣᠳᠣᠯᠭ᠎ᠠ ᠶᠢ ᠪᠠᠭᠲᠠᠭᠠᠬᠤ ᠦᠭᠡᠢ᠂ ᠲᠥᠷᠥᠯ ᠵᠦᠢᠯ᠂ ᠪᠡᠯᠡ ᠮᠥᠩᠭᠦ᠂ ᠴᠢᠳᠠᠪᠤᠷᠢᠲᠠᠨ ᠤ ᠳᠡᠮᠵᠢᠯᠭᠡ ᠦᠭᠡᠢ ᠵᠢᠴᠢ ᠰᠢᠭᠤᠶᠢᠲᠤ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠯᠤᠰ ᠬᠡᠲᠦ ᠶᠢᠨ ᠠᠰᠢᠭ ᠲᠤᠰᠠ ᠦᠭᠡᠢ ᠲᠥᠷᠥ ᠶᠢᠨ ᠪᠣᠳᠣᠯᠭ᠎ᠠ ᠶᠢ ᠱᠠᠩᠨᠠᠬᠤ ᠬᠡᠪᠴᠢᠶᠡᠨ ᠳᠤ ᠣᠷᠣᠭᠤᠯᠬᠤ ᠦᠭᠡᠢ᠃        ︵ᠭᠤᠷᠪᠠ︶ᠲᠤᠷᠰᠢᠯᠲᠠ ᠬᠢᠵᠦ ᠵᠢᠱᠢᠶ᠎ᠡ ᠦᠵᠡᠭᠦᠯᠬᠦ ᠪᠠᠷ ᠴᠢᠷᠮᠠᠶᠢᠬᠤ        ᠡᠨᠡᠬᠦ ᠭᠦᠢᠴᠡᠳᠬᠡᠬᠦ ᠲᠤᠭ᠎ᠠ ᠶᠢ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠦᠷᠦᠭᠦᠯᠡᠨ ᠬᠠᠷᠢᠭᠤᠴᠠᠨ᠎ᠠ᠃ ᠱᠠᠩᠨᠠᠯ ᠬᠥᠬᠢᠭᠦᠯᠦᠯ ᠢ ᠣᠯᠣᠭᠰᠠᠨ ᠢᠷᠠᠭᠤ ᠠᠯᠳᠠᠷ ᠤᠨ ᠲᠠᠰ ᠤᠨ ᠶᠣᠰᠣᠭᠠᠷ ᠤᠯᠤᠰ ᠤᠨ ᠲᠠᠰ᠂ ᠮᠤᠵᠢ ᠶᠠᠮᠤᠨ ᠤ ᠲᠠᠰ᠂ ᠬᠤᠲᠠ ᠲᠢᠩᠬᠢᠮ ᠤᠨ ᠲᠠᠰ ᠵᠡᠷᠭᠡ ᠭᠤᠷᠪᠠᠨ ᠲᠥᠷᠥᠯ ᠬᠤᠪᠢᠶᠠᠨ᠎ᠠ᠃ ᠬᠤᠲᠠ ᠶᠢᠨ ᠲᠢᠩᠬᠢᠮ ᠤᠨ ᠳᠡᠰ ᠨᠢ ᠪᠤᠭᠤᠲᠤ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠲᠢᠩᠬᠢᠮ ᠲᠣᠪᠴᠢᠶ᠎ᠠ ᠠᠴᠠ ᠰᠢᠭᠤᠳ ᠣᠯᠭᠤᠭᠰᠠᠨ ᠱᠠᠩᠨᠠᠯ᠂ ᠮᠤᠵᠢ ᠶᠠᠮᠤᠨ ᠤ ᠳᠡᠰ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠤᠨ ᠶᠠᠮᠤᠨ ᠵᠥᠪᠯᠡᠯ ᠤᠨ ᠰᠢᠭᠤᠳ ᠣᠯᠭᠤᠭᠰᠠᠨ ᠱᠠᠩᠨᠠᠯ᠂ ᠤᠯᠤᠰ ᠤᠨ ᠲᠠᠰ ᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠰᠢᠭᠤᠳ ᠣᠯᠭᠤᠭᠰᠠᠨ ᠬᠥᠬᠢᠭᠦᠯᠦᠯ ᠪᠣᠯᠣᠨ᠎ᠠ᠃        ᠱᠠᠩᠨᠠᠯ ᠤᠨ ᠪᠡᠯᠡ ᠮᠥᠩᠭᠦ ᠶᠢ ᠡᠳ᠋ ᠤᠨ ᠵᠠᠰᠠᠭ ᠤᠨ ᠣᠨ ᠤ ᠲᠥᠰᠥᠪ ᠤᠨ ᠨᠢᠭᠡᠳᠦᠯᠲᠡᠢ ᠲᠣᠬᠢᠷᠠᠭᠤᠯᠤᠯᠲᠠ ᠳᠤ ᠣᠷᠣᠭᠤᠯᠬᠤ  ᠣᠷᠣᠭᠤᠯᠤᠨ᠎ᠠ᠃        ᠬᠤᠶᠠᠷ᠂ ᠱᠠᠩᠨᠠᠬᠤ ᠠᠷᠭ᠎ᠠ ᠬᠡᠮᠵᠢᠶ᠎ᠡ        ︵ᠨᠢᠭᠡ︶ᠵᠠᠷᠤᠳᠠᠯ ᠤᠨ ᠤᠷᠠᠮᠰᠢᠭᠤᠯᠤᠯ        1. ᠪᠡᠯᠡ ᠮᠥᠩᠭᠦ ᠶᠢᠨ ᠱᠠᠩᠨᠠᠯ ᠣᠯᠬᠤ ᠪᠠᠷ ᠴᠢᠷᠮᠠᠶᠢᠬᠤ        ︵1︶ᠣᠨ ᠤ ᠪᠣᠳᠠᠲᠠᠢ ᠪᠣᠳᠠᠲᠠᠶᠢᠵᠢᠭᠤᠯᠤᠭᠰᠠᠨ ᠲᠥᠯᠥᠪᠦᠷᠢ ᠦᠭᠡᠢ ᠪᠡᠯᠡ ᠮᠥᠩᠭᠦ ᠶᠢ ᠨᠢᠭᠡᠴᠡ ᠶᠢᠨ ᠰᠢᠨᠵᠢ ᠴᠢᠨᠠᠷ ᠤᠨ ᠠᠳᠠᠯᠢ ᠪᠤᠰᠤ ᠬᠡᠰᠡᠭ ᠬᠤᠪᠢᠶᠠᠨ ᠠᠬᠢᠭᠤᠯᠤᠨ ᠪᠣᠳᠣᠵᠤ ᠱᠠᠩᠨᠠᠬᠤ ᠲᠤᠭ᠎ᠠ ᠶᠢ ᠪᠣᠳᠣᠬᠤ ᠬᠡᠷᠡᠭᠲᠡᠢ᠃        500 ᠲᠦᠮᠡᠨ ᠲᠥᠭᠦᠷᠢᠭ ᠠᠴᠠ ᠳᠣᠷᠣᠭᠰᠢ ︵500 ᠲᠦᠮᠡᠨ ᠲᠥᠭᠦᠷᠢᠭ ᠢ ᠪᠠᠭᠲᠠᠭᠠᠨ᠎ᠠ︶᠄ ᠨᠢᠭᠡᠳᠦᠭᠡᠷ ᠲᠥᠷᠥᠯ ᠤᠨ ᠨᠢᠭᠡᠴᠢ 2% ᠢᠶᠠᠷ ᠱᠠᠩᠨᠠᠵᠤ᠂ ᠬᠤᠶᠠᠳᠤᠭᠠᠷ ᠲᠥᠷᠥᠯ ᠤᠨ ᠨᠢᠭᠡᠴᠢ 3% ᠪᠠᠷ ᠱᠠᠩᠨᠠᠵᠤ᠂ ᠭᠤᠷᠪᠠᠳᠤᠭᠠᠷ ᠲᠥᠷᠥᠯ ᠤᠨ ᠨᠢᠭᠡᠴᠢ 4% ᠪᠠᠷ ᠱᠠᠩᠨᠠᠨ᠎ᠠ︔        500 ᠲᠦᠮᠡᠨ ᠠᠴᠠ 2000 ᠲᠦᠮᠡᠨ ᠲᠥᠭᠦᠷᠢᠭ ︵2000 ᠲᠦᠮᠡᠨ ᠲᠥᠭᠦᠷᠢᠭ ᠢ ᠪᠠᠭᠲᠠᠭᠠᠨ᠎ᠠ︶ ᠤᠨ ᠨᠢᠭᠡᠳᠦᠭᠡᠷ ᠲᠥᠷᠥᠯ᠂ ᠬᠤᠶᠠᠳᠤᠭᠠᠷ ᠲᠥᠷᠥᠯ᠂ ᠭᠤᠷᠪᠠᠳᠤᠭᠠᠷ ᠲᠥᠷᠥᠯ ᠤᠨ ᠨᠢᠭᠡᠴᠢ ᠶᠢ ᠨᠢᠭᠡᠳᠦᠯᠲᠡᠢ 1% ᠪᠠᠷ ᠱᠠᠩᠨᠠᠨ᠎ᠠ︔        2000 ᠲᠦᠮᠡᠨ ᠲᠥᠭᠦᠷᠢᠭ ᠠᠴᠠ 5000 ᠲᠦᠮᠡᠨ ᠲᠥᠭᠦᠷᠢᠭ ︵5000 ᠲᠦᠮᠡᠨ ᠲᠥᠭᠦᠷᠢᠭ ᠢ ᠪᠠᠭᠲᠠᠭᠠᠨ᠎ᠠ︶ ᠤᠨ ᠨᠢᠭᠡᠳᠦᠭᠡᠷ ᠲᠥᠷᠥᠯ᠂ ᠬᠤᠶᠠᠳᠤᠭᠠᠷ ᠲᠥᠷᠥᠯ᠂ ᠭᠤᠷᠪᠠᠳᠤᠭᠠᠷ ᠲᠥᠷᠥᠯ ᠤᠨ ᠨᠢᠭᠡᠴᠡ ᠶᠢ 0.5% ᠪᠠᠷ ᠨᠢᠭᠡᠳᠦᠯᠲᠡᠢ ᠱᠠᠩᠨᠠᠨ᠎ᠠ︔        5000ᠲᠦᠮᠡᠨ ᠲᠥᠭᠦᠷᠢᠭ ᠠᠴᠠ ᠳᠡᠭᠡᠭᠰᠢᠬᠢ ᠨᠢᠭᠡᠳᠦᠭᠡᠷ ᠲᠥᠷᠥᠯ᠂ ᠬᠤᠶᠠᠳᠤᠭᠠᠷ ᠲᠥᠷᠥᠯ᠂ ᠭᠤᠷᠪᠠᠳᠤᠭᠠᠷ ᠲᠥᠷᠥᠯ ᠤᠨ ᠨᠢᠭᠡᠴᠡ ᠶᠢ ᠨᠢᠭᠡᠳᠦᠯᠲᠡᠢ ᠪᠠᠷ 0.3% ᠪᠠᠷ ᠱᠠᠩᠨᠠᠨ᠎ᠠ᠃        ︵2︶ᠣᠨ ᠤ ᠣᠯᠵᠤ ᠠᠪᠤᠭᠰᠠᠨ ᠡᠩ ᠤᠨ ᠵᠢᠭᠡᠯᠡᠯᠭᠡ ᠶᠢᠨ ᠲᠡᠮᠳᠡᠭᠲᠦ᠂ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠵᠡᠷᠭᠡ ᠲᠥᠯᠥᠪᠦᠷᠢ ᠲᠠᠢ ᠬᠦᠦ ᠮᠥᠩᠭᠦ ᠶᠢᠨ ᠪᠡᠯᠡ ᠮᠥᠩᠭᠦ ᠳᠤ ᠪᠣᠯ 1.5 ‰ ᠱᠠᠩᠨᠠᠯ ᠣᠯᠭᠤᠨ᠎ᠠ᠃        ︵3︶ᠨᠢᠭᠡ ᠯᠡ ᠤᠳᠠᠭ᠎ᠠ ᠶᠢᠨ ᠴᠢᠨᠠᠷᠲᠠᠢ ᠪᠠᠷ ᠲᠡᠮᠡᠴᠡᠨ ᠣᠯᠣᠭᠰᠠᠨ᠂ ᠵᠢᠯ ᠠᠯᠤᠰᠯᠠᠨ ᠰᠠᠯᠭᠠᠨ ᠥᠭᠭᠦᠭᠰᠡᠨ ᠪᠤᠶᠤ ᠣᠨ ᠬᠤᠪᠢᠶᠠᠨ ᠰᠠᠯᠭᠠᠨ ᠥᠭᠭᠦᠭᠰᠡᠨ ᠪᠣᠯ ᠲᠤᠬᠠᠢ ᠶᠢᠨ ᠵᠢᠯ ᠤᠨ ᠪᠣᠳᠠᠲᠠᠢ ᠰᠠᠯᠭᠠᠨ ᠥᠭᠭᠦᠭᠰᠡᠨ ᠪᠡᠯᠡ ᠮᠥᠩᠭᠦ ᠶᠢᠨ ᠲᠤᠭ᠎ᠠ ᠪᠠᠷ ᠪᠤᠳᠤᠨ᠎ᠠ᠃        ︵4︶ ᠨᠢᠭᠡ ᠨᠢᠭᠡᠴᠡ ᠪᠠᠷ ᠭᠠᠭᠴᠠᠭᠠᠷ ᠣᠯᠵᠤ ᠠᠪᠤᠭᠰᠠᠨ ᠳᠡᠭᠡᠳᠦ ᠱᠠᠲᠤᠨ ᠤ ᠪᠡᠯᠡ ᠮᠥᠩᠭᠦ ᠶᠢ ᠱᠠᠩᠨᠠᠯ ᠤᠨ ᠪᠡᠯᠡ ᠮᠥᠩᠭᠦ ᠶᠢ ᠪᠦᠬᠦ ᠲᠤᠭ᠎ᠠ ᠪᠠᠷ ᠣᠯᠵᠤ ᠪᠠᠶᠢᠭ᠎ᠠ ᠨᠢᠭᠡᠴᠢ ᠳᠤ ᠥᠭᠭᠦᠨ᠎ᠡ᠃        ︵5︶ᠬᠤᠶᠠᠷ ᠪᠤᠶᠤ ᠬᠤᠶᠠᠷ ᠠᠴᠠ ᠳᠡᠭᠡᠭᠰᠢᠬᠢ ᠨᠢᠭᠡᠴᠢ ᠶᠢᠨ ᠬᠠᠮᠲᠤ ᠪᠠᠷ ᠣᠯᠣᠭᠰᠠᠨ ᠳᠡᠭᠡᠳᠦ ᠱᠠᠲᠤᠨ ᠤ ᠲᠥᠷᠥᠯ ᠵᠦᠢᠯ ᠤᠨ ᠪᠡᠯᠡ ᠮᠥᠩᠭᠦ ᠶᠢ ᠪᠡᠯᠡ ᠮᠥᠩᠭᠦ ᠣᠯᠬᠤ ᠭᠤᠣᠯ ᠨᠢᠭᠡᠴᠢ ᠪᠠ ᠬᠠᠮᠵᠢᠯᠴᠠᠬᠤ ᠨᠢᠭᠡᠴᠢ ᠭᠡᠵᠦ ᠬᠤᠪᠢᠶᠠᠨ᠎ᠠ᠃ ᠡᠭᠦᠨ ᠳᠤ ᠭᠤᠣᠯ ᠪᠣᠯᠬᠤ ᠨᠢᠭᠡᠴᠢ ᠶᠢᠨ ᠱᠠᠩᠨᠠᠯ ᠤᠨ ᠪᠡᠯᠡ ᠮᠥᠩᠭᠦ ᠶᠢ 60% ᠠᠴᠠ ᠬᠡᠲᠦᠷᠡᠭᠦᠯᠵᠦ ᠪᠣᠯᠬᠤ ᠦᠭᠡᠢ᠃ ᠬᠤᠶᠠᠷ ᠪᠤᠶᠤ ᠬᠤᠶᠠᠷ ᠠᠴᠠ ᠳᠡᠭᠡᠭᠰᠢ ᠬᠠᠮᠵᠢᠯᠴᠠᠬᠤ ᠨᠢᠭᠡᠴᠡ ᠳᠤ ᠬᠤᠯᠪᠣᠭᠳᠠᠭᠰᠠᠨ ᠱᠠᠩᠨᠠᠯ ᠤᠨ ᠪᠡᠯᠡ ᠮᠥᠩᠭᠦ ᠶᠢ ᠭᠤᠣᠯ ᠪᠣᠯᠬᠤ ᠨᠢᠭᠡᠴᠡ ᠠᠴᠠ ᠬᠠᠮᠵᠢᠯᠴᠠᠬᠤ ᠨᠢᠭᠡᠴᠡ ᠲᠠᠢ ᠵᠥᠪᠳᠡᠯᠴᠡᠨ ᠬᠤᠪᠢᠶᠠᠷᠢᠯᠠᠬᠤ ᠰᠠᠨᠠᠯ ᠢᠶᠠᠨ ᠳᠤᠷᠠᠳᠴᠤ ᠪᠣᠯᠣᠨ᠎ᠠ᠃        2. ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢᠨ ᠱᠠᠩᠨᠠᠯ ᠢ ᠲᠡᠮᠡᠴᠡᠨ ᠣᠯᠣᠨ᠎ᠠᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢ ᠲᠡᠮᠡᠴᠡᠨ ᠣᠯᠬᠤ ᠳᠤ᠂ ᠲᠥᠷᠥ ᠶᠢᠨ ᠪᠣᠳᠣᠯᠭ᠎ᠠ ᠶᠢ ᠣᠯᠬᠤ ᠶᠢᠨ ᠬᠠᠮᠲᠤ ᠢᠵᠢ ᠪᠦᠷᠢᠳᠦᠭᠦᠯᠬᠦ ᠪᠡᠯᠡ ᠮᠥᠩᠭᠦ ᠶᠢ ᠪᠣᠳᠠᠲᠠᠶᠢᠵᠢᠭᠤᠯᠤᠭᠰᠠᠨ ᠪᠠᠶᠢᠪᠠᠯ᠂ ᠥᠨᠳᠥᠷ ᠪᠥᠭᠡᠳ ᠳᠠᠪᠬᠤᠷᠳᠠᠭᠤᠯᠬᠤ ᠦᠭᠡᠢ ᠵᠠᠷᠴᠢᠮ ᠤᠨ ᠶᠣᠰᠣᠭᠠᠷ ᠬᠥᠬᠢᠭᠦᠯᠦᠨ ᠱᠠᠩᠨᠠᠨ᠎ᠠ᠃ ᠤᠯᠤᠰ ᠤᠨ ᠲᠠᠰ ᠤᠨ ᠲᠥᠷᠥ ᠶᠢᠨ ᠪᠣᠳᠣᠯᠭ᠎ᠠ ᠶᠢ ᠨᠢᠭᠡ ᠯᠡ ᠤᠳᠠᠭ᠎ᠠ ᠳᠤ 20 ᠲᠦᠮᠡᠨ ᠲᠥᠭᠦᠷᠢᠭ ᠢᠶᠠᠷ ᠱᠠᠩᠨᠠᠵᠤ᠂ ᠮᠤᠵᠢ ᠶᠢᠨ ᠱᠠᠲᠤᠨ ᠤ ᠲᠥᠷᠥ ᠶᠢᠨ ᠪᠣᠳᠣᠯᠭ᠎ᠠ ᠶᠢ ᠨᠢᠭᠡ ᠯᠡ ᠤᠳᠠᠭ᠎ᠠ ᠳᠤ 10 ᠲᠦᠮᠡᠨ ᠲᠥᠭᠦᠷᠢᠭ ᠢᠶᠠᠷ ᠱᠠᠩᠨᠠᠵᠤ᠂ ᠬᠤᠲᠠ ᠶᠢᠨ ᠱᠠᠲᠤᠨ ᠤ ᠲᠥᠷᠥ ᠶᠢᠨ ᠪᠣᠳᠣᠯᠭ᠎ᠠ ᠶᠢ ᠨᠢᠭᠡ ᠯᠡ ᠤᠳᠠᠭ᠎ᠠ ᠳᠤ 5 ᠲᠦᠮᠡᠨ ᠲᠥᠭᠦᠷᠢᠭ ᠢᠶᠠᠷ ᠱᠠᠩᠨᠠᠨ᠎ᠠ᠃        3. ᠵᠢᠱᠢᠶ᠎ᠡ ᠦᠵᠡᠭᠦᠯᠬᠦ ᠲᠤᠷᠰᠢᠯᠲᠠ ᠶᠢᠨ ᠴᠢᠭ ᠤᠨ ᠱᠠᠩᠨᠠᠯ ᠣᠯᠬᠤ ᠪᠠᠷ ᠴᠢᠷᠮᠠᠶᠢᠬᠤ ᠬᠡᠷᠡᠭᠲᠡᠢ        ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠳᠤᠮᠳᠠ᠂ ᠤᠯᠤᠰ ᠤᠨ ᠲᠠᠰ ᠤᠨ ᠢᠷᠠᠭᠤ ᠠᠯᠳᠠᠷ ᠢ ᠭᠥᠷᠳᠡᠭᠰᠡᠨ ᠨᠢᠭᠡ ᠯᠡ ᠤᠳᠠᠭ᠎ᠠ ᠳᠤ 20 ᠲᠦᠮᠡᠨ ᠲᠥᠭᠦᠷᠢᠭ ᠤᠨ ᠱᠠᠩᠨᠠᠯ ᠣᠯᠭᠤᠵᠤ᠂ ᠮᠤᠵᠢ ᠶᠠᠮᠤᠨ ᠤ ᠲᠠᠰ ᠤᠨ ᠢᠷᠠᠭᠤ ᠠᠯᠳᠠᠷ ᠢ ᠨᠢᠭᠡ ᠯᠡ ᠤᠳᠠᠭ᠎ᠠ ᠳᠤ 10 ᠲᠦᠮᠡᠨ ᠲᠥᠭᠦᠷᠢᠭ ᠤᠨ ᠱᠠᠩᠨᠠᠯ ᠣᠯᠭᠤᠵᠤ᠂ ᠬᠤᠲᠠ ᠶᠢᠨ ᠲᠢᠩᠬᠢᠮ ᠤᠨ ᠲᠠᠰ ᠤᠨ ᠢᠷᠠᠭᠤ ᠠᠯᠳᠠᠷ ᠢ ᠨᠢᠭᠡ ᠯᠡ ᠤᠳᠠᠭ᠎ᠠ ᠳᠤ 5 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃        ︵ᠬᠤᠶᠠᠷ︶ᠤᠳᠤᠷᠢᠳᠬᠤ ᠪᠠᠭ ᠪᠣᠯᠣᠨ ᠤᠳᠤᠷᠢᠳᠬᠤ ᠺᠠᠲᠠᠷ ᠤᠨ ᠵᠣᠷᠢᠭᠵᠢᠭᠤᠯᠤᠯ        1. ᠬᠤᠶᠠᠷ ᠵᠢᠯ ᠳᠠᠷᠠᠭᠠᠯᠠᠨ ᠳᠡᠭᠡᠳᠦ ᠱᠠᠲᠤᠨ ᠤ ᠪᠡᠯᠡ ᠮᠥᠩᠭᠦ ᠶᠢ 1000 ᠲᠦᠮᠡᠨ ᠲᠥᠭᠦᠷᠢᠭ ᠠᠴᠠ ᠳᠡᠭᠡᠭᠰᠢ ᠲᠡᠮᠡᠴᠡᠨ ᠣᠯᠣᠭᠰᠠᠨ ᠪᠥᠭᠡᠳ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ ᠡᠮᠦᠨ᠎ᠡ ᠭᠤᠷᠪᠠ ᠳᠤ ᠵᠢᠭᠰᠠᠭᠠᠭᠳᠠᠭᠰᠠᠨ ᠨᠢᠭᠡᠴᠢ ᠶᠢᠨ ᠺᠠᠳ᠋ᠷ ᠠᠵᠢᠯᠲᠠᠨ ᠤ ᠰᠢᠯᠢᠳᠡᠭ ᠢ ᠨᠢ ᠰᠢᠯᠭᠠᠷᠠᠭᠤᠯᠬᠤ ᠬᠠᠷᠢᠴᠠᠯ ᠢ ᠬᠠᠮᠤᠭ ᠤᠨ ᠥᠨᠳᠥᠷ ᠲᠡᠭᠡᠨ 25% ᠠᠴᠠ ᠬᠡᠲᠦᠷᠡᠭᠦᠯᠵᠦ ᠪᠣᠯᠬᠤ ᠦᠭᠡᠢ᠂ ᠠᠵᠢᠯ ᠦᠢᠯᠡᠰ ᠤᠨ ᠬᠥᠮᠥᠰ ᠤᠨ ᠰᠢᠯᠢᠳᠡᠭ ᠢ ᠨᠢ ᠰᠢᠯᠭᠠᠷᠠᠭᠤᠯᠬᠤ ᠬᠠᠷᠢᠴᠠᠯ ᠢ ᠬᠠᠮᠤᠭ ᠤᠨ ᠥᠨᠳᠥᠷ ᠲᠡᠭᠡᠨ 20% ᠠᠴᠠ ᠬᠡᠲᠦᠷᠡᠭᠦᠯᠵᠦ ᠪᠣᠯᠬᠤ ᠦᠭᠡᠢ ᠰᠠᠭᠤᠷᠢᠨ ᠳᠡᠭᠡᠷ᠎ᠡ ᠵᠣᠬᠢᠰᠲᠠᠢ ᠳᠡᠭᠡᠭᠰᠢᠯᠡᠭᠦᠯᠦᠨ᠎ᠡ᠃ ᠬᠤᠶᠠᠷ ᠵᠢᠯ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠤ ᠱᠠᠲᠤ ᠵᠢᠴᠢ ᠲᠡᠭᠦᠨ ᠠᠴᠠ ᠳᠡᠭᠡᠭᠰᠢᠬᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠣᠯᠣᠨ ᠲᠤᠷᠰᠢᠯᠲᠠ ᠶᠢᠨ ᠴᠢᠭ ᠢᠶᠠᠷ ᠵᠢᠱᠢᠶ᠎ᠡ ᠦᠵᠡᠭᠦᠯᠬᠦ ᠨᠢᠭᠡᠴᠡ ᠶᠢ ᠴᠢᠷᠮᠠᠶᠢᠨ ᠣᠯᠵᠤ᠂ ᠵᠣᠬᠢᠶᠠᠨ ᠪᠠᠶᠢᠭᠤᠯᠤᠨ ᠰᠤᠳᠤᠯᠤᠨ ᠮᠠᠭᠠᠳᠯᠠᠬᠤ ᠪᠠᠷ ᠳᠠᠮᠵᠢᠨ᠂ ᠲᠤᠰ ᠵᠦᠢᠯ ᠢᠶᠠᠷ ᠯᠠᠪᠯᠠᠯᠲᠠ ᠪᠣᠯᠭᠠᠨ ᠤᠷᠮᠠᠰᠢᠭᠤᠯᠤᠨ᠎ᠠ᠃        2. ︽ᠭᠤᠷᠪᠠ ᠶᠢ ᠲᠡᠮᠡᠴᠡᠨ ᠣᠯᠬᠤ︾ ᠠᠵᠢᠯ ᠤᠨ ᠳᠤᠮᠳᠠ᠂ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠰᠤᠳᠤᠯᠤᠨ ᠮᠠᠭᠠᠳᠯᠠᠭᠰᠠᠨ ᠢᠯᠡᠷᠡᠯ ᠢᠶᠠᠷ ᠲᠣᠪᠣᠶᠢᠮ᠎ᠠ ᠺᠠᠳ᠋ᠷ ᠤᠨ ᠰᠢᠯᠢᠳᠡᠭ ᠢ ᠰᠢᠯᠭᠠᠷᠠᠭᠤᠯᠤᠨ ᠲᠡᠷᠢᠭᠦᠨ ᠤ ᠬᠢ ᠶᠢ ᠰᠢᠯᠭᠠᠷᠠᠭᠤᠯᠬᠤ᠂ ᠲᠤᠰᠢᠶᠠᠯ ᠤᠨ ᠳᠡᠰ ᠢ ᠳᠡᠪᠰᠢᠭᠦᠯᠬᠦ ᠵᠡᠷᠭᠡ ᠲᠠᠯ᠎ᠠ ᠪᠠᠷ ᠤᠷᠢᠳᠠᠪᠠᠷ ᠪᠣᠳᠣᠯᠬᠢᠯᠠᠨ᠎ᠠ᠃        3. ᠳᠡᠭᠡᠳᠦ ᠱᠠᠲᠤᠨ ᠤ ᠱᠠᠩᠨᠠᠯ ᠪᠠ ᠳᠡᠮᠵᠢᠯᠭᠡ ᠶᠢ ᠣᠯᠪᠠᠯ᠂ ᠣᠨ ᠤ ᠬᠢᠨᠠᠨ ᠰᠢᠯᠭᠠᠯᠲᠠ ᠶᠢᠨ ᠶᠡᠷᠦᠩᠬᠡᠢ ᠬᠤᠪᠢ ᠶᠢᠨ ᠳᠣᠲᠣᠷ᠎ᠠ ᠠᠴᠠ ᠬᠤᠪᠢ ᠨᠡᠮᠡᠵᠦ᠂ ᠪᠣᠳᠠᠲᠠᠢ ᠪᠠᠷ ᠬᠡᠯᠡᠪᠡᠯ ᠤᠯᠤᠰ ᠤᠨ ᠲᠠᠰ ᠤᠨ 2 ᠬᠤᠪᠢ ᠨᠡᠮᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠤᠯᠤᠰ ᠤᠨ ᠶᠠᠮᠤᠨ ᠵᠥᠪᠯᠡᠯ ᠤᠨ 1 ᠬᠤᠪᠢ ᠨᠡᠮᠡᠵᠦ᠂ ᠪᠤᠭᠤᠲᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠥᠪᠡᠷᠲᠡᠭᠡᠨ ᠵᠠᠰᠠᠬᠤ ᠣᠷᠣᠨ ᠤ ᠲᠢᠩᠬᠢᠮ ᠲᠣᠪᠴᠢᠶ᠎ᠠ ᠶᠢᠨ 0.5 ᠬᠤᠪᠢ ᠨᠡᠮᠡᠨ᠎ᠡ᠃ ᠲᠤᠰᠬᠠᠢ ᠠᠵᠢᠯ ᠨᠢ ᠳᠡᠭᠡᠳᠦ ᠱᠠᠲᠤᠨ ᠤ ᠰᠠᠯᠠᠭ᠎ᠠ ᠮᠥᠴᠢᠷ ᠢ ᠳᠡᠯᠭᠡᠷᠡᠭᠦᠯᠦᠭᠰᠡᠨ ᠪᠠᠶᠢᠪᠠᠯ᠂ ᠤᠯᠤᠰ ᠤᠨ ᠱᠠᠲᠤᠨ ᠳᠤ 2 ᠬᠤᠪᠢ ᠨᠡᠮᠡᠵᠦ᠂ ᠥᠪᠡᠷᠲᠡᠭᠡᠨ ᠵᠠᠰᠠᠬᠤ ᠣᠷᠣᠨ ᠤ ᠲᠠᠰ ᠨᠢ 1 ᠬᠤᠪᠢ᠂ ᠬᠤᠲᠠ ᠶᠢᠨ ᠲᠠᠰ ᠨᠢ 0.5 ᠬᠤᠪᠢ ᠪᠣᠯᠣᠨ᠎ᠠ᠃ ᠠᠳᠠᠯᠢ ᠪᠤᠰᠤ ᠢᠷᠠᠭᠤ ᠠᠯᠳᠠᠷ ᠢ ᠨᠡᠶᠢᠲᠡ ᠬᠤᠪᠢ ᠨᠡᠮᠡᠬᠦ ᠳᠡᠭᠡᠳᠦ ᠬᠢᠵᠠᠭᠠᠷ ᠢ 5 ᠬᠤᠪᠢ ᠠᠴᠠ ᠬᠡᠲᠦᠷᠡᠭᠦᠯᠬᠦ ᠦᠭᠡᠢ᠃ ᠡᠭᠦᠨ ᠠᠴᠠ ᠭᠠᠳᠠᠨ᠎ᠠ᠂ ︽ᠭᠤᠷᠪᠠ ᠶᠢ ᠲᠡᠮᠡᠴᠡᠨ ᠣᠯᠬᠤ︾ ᠠᠵᠢᠯ ᠨᠢ ᠰᠢᠭᠤᠶᠢᠲᠤ ᠲᠣᠭᠤᠷᠢᠭ ᠤᠨ ᠲᠤᠰᠬᠠᠢ ᠰᠢᠯᠭᠠᠨ ᠬᠢᠨᠠᠬᠤ ᠳᠤ ᠣᠷᠣᠭᠤᠯᠵᠤ᠂ ᠲᠤᠰᠬᠠᠢ ᠰᠢᠯᠭᠠᠨ ᠬᠢᠨᠠᠬᠤ ᠳᠤ ᠡᠮᠦᠨ᠎ᠡ ᠪᠠᠶᠢᠭ᠎ᠠ ᠨᠢᠭᠡᠴᠡ ︽ᠰᠢᠭᠤᠶᠢᠲᠤ ᠲᠣᠭᠤᠷᠢᠭ ᠤᠨ ᠰᠠᠯᠠᠭᠠᠨ ᠲᠠᠰ ︵ᠳᠡᠳ᠋ ᠭᠠᠵᠠᠷ ᠤᠨ ᠲᠠᠰ ᠢ ᠪᠠᠭᠲᠠᠭᠠᠨ᠎ᠠ︶ ᠤᠨ ᠤᠳᠤᠷᠢᠳᠬᠤ ᠪᠠᠭ ᠪᠠ ᠤᠳᠤᠷᠢᠳᠬᠤ ᠺᠠᠳ᠋ᠷ ᠤᠨ ︿ᠨᠢᠭᠡ ᠭᠠᠵᠠᠷ ᠲᠤ ᠬᠤᠶᠠᠷ ᠤᠳᠠᠭ᠎ᠠ ᠰᠢᠯᠭᠠᠨ ᠪᠠᠶᠢᠴᠠᠭᠠᠵᠤ ᠭᠤᠷᠪᠠᠨ ᠳᠦᠷᠢᠮ﹀ ᠤᠨ ᠰᠢᠯᠭᠠᠨ ᠦᠨᠡᠯᠡᠬᠦ ᠠᠷᠭ᠎ᠠ︾ ︵ᠰᠢᠭᠤᠶᠢᠲᠤ ᠨᠠᠮ ᠲᠠᠷᠬᠠᠭᠠᠭᠰᠠᠨ﹇2023﹈ 17 ᠳ᠋ᠤᠭᠠᠷ ᠲᠣᠭᠠᠲᠤ︶ ᠳᠠᠬᠢ ︽ᠬᠤᠪᠢ ᠨᠡᠮᠡᠵᠦ ᠬᠠᠰᠠᠬᠤ︾ ᠠᠷᠭ᠎ᠠ ᠪᠠᠷ ᠦᠷᠭᠦᠯᠵᠢᠯᠡᠨ ᠬᠤᠪᠢ ᠨᠡᠮᠡᠵᠦ ᠪᠣᠯᠣᠨ᠎ᠠ᠃        ︵ᠭᠤᠷᠪᠠ︶ᠬᠢᠨᠠᠨ ᠵᠥᠪᠰᠢᠶᠡᠷᠡᠬᠦ ᠵᠢᠷᠤᠮ        1.ᠮᠡᠳᠡᠭᠦᠯᠬᠦ᠃ ᠡᠯ᠎ᠡ ᠨᠢᠭᠡᠴᠡ ᠨᠦᠭᠦᠳ ᠴᠢᠷᠮᠠᠶᠢᠨ ᠣᠯᠣᠭᠰᠠᠨ ᠳᠡᠭᠡᠳᠦ ᠱᠠᠲᠤᠨ ᠤ ᠲᠥᠷᠥᠯ ᠵᠦᠢᠯ ᠤᠨ ᠪᠡᠯᠡ ᠮᠥᠩᠭᠦ ᠶᠢᠨ ᠪᠣᠳᠠᠲᠠᠢ ᠳᠠᠩᠰᠠᠨ ᠳᠤ ᠬᠦᠷᠦᠭᠰᠡᠨ ᠤ ᠳᠠᠷᠠᠭ᠎ᠠ᠂ ᠴᠢᠷᠮᠠᠶᠢᠨ ᠣᠯᠣᠭᠰᠠᠨ ᠲᠥᠷᠥ ᠶᠢᠨ ᠪᠣᠳᠣᠯᠭ᠎ᠠ᠂ ᠵᠢᠱᠢᠶ᠎ᠡ ᠦᠵᠡᠭᠦᠯᠬᠦ ᠲᠤᠷᠰᠢᠯᠲᠠ ᠶᠢᠨ ᠴᠡᠭ ᠤᠨ ᠪᠢᠴᠢᠭ ᠮᠠᠲ᠋ᠧᠷᠢᠶᠠᠯ ᠢ ᠵᠢᠩᠬᠢᠨᠢ ᠪᠠᠷ ᠪᠠᠭᠤᠯᠭᠠᠭᠰᠠᠨ ᠤ ᠳᠠᠷᠠᠭ᠎ᠠ᠂ ᠲᠣᠭᠤᠷᠢᠭ ᠤᠨ ᠡᠳ᠋ ᠤᠨ ᠵᠠᠰᠠᠭ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠢᠴᠢ ᠲᠣᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠲᠤ ᠲᠣᠰ ᠲᠣᠰ ᠴᠢᠷᠮᠠᠶᠢᠨ ᠣᠯᠣᠭᠰᠠᠨ ᠪᠠᠶᠢᠳᠠᠯ ᠢᠶᠠᠨ ᠮᠡᠳᠡᠭᠦᠯᠵᠦ᠂ ︽ᠰᠢᠭᠤᠶᠢᠲᠤ ᠲᠣᠭᠤᠷᠢᠭ ᠤᠨ ︿ᠭᠤᠷᠪᠠ ᠶᠢ ᠲᠡᠮᠡᠴᠡᠨ ᠣᠯᠬᠤ﹀ ᠱᠠᠩᠨᠠᠯ ᠤᠨ ᠪᠡᠯᠡ ᠮᠥᠩᠭᠦ ᠶᠢᠨ ᠭᠤᠶᠤᠴᠢᠯᠠᠯ ᠤᠨ ᠬᠦᠰᠦᠨᠦᠭᠲᠦ︾ ᠶᠢ ᠲᠠᠭᠯᠠᠨ ᠮᠡᠳᠡᠭᠦᠯᠬᠦ ᠶᠢᠨ ᠬᠠᠮᠲᠤ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠪᠠᠭᠤᠯᠭᠠᠭᠰᠠᠨ ᠪᠡᠯᠡ ᠮᠥᠩᠭᠦ ᠶᠢᠨ ᠭᠦᠢᠴᠡᠳᠬᠡᠯ ᠲᠤᠭ᠎ᠠ ᠶᠢᠨ ᠪᠢᠴᠢᠭ ᠮᠠᠲ᠋ᠧᠷᠢᠶᠠᠯ ᠤᠨ ᠬᠠᠭᠤᠯᠪᠤᠷᠢ ᠶᠢ ᠬᠠᠩᠭᠠᠬᠤ ᠬᠡᠷᠡᠭᠲᠡᠢ᠃ ᠬᠤᠶᠠᠷ ᠪᠤᠶᠤ ᠬᠤᠶᠠᠷ ᠠᠴᠠ ᠳᠡᠭᠡᠭᠰᠢᠬᠢ ᠨᠢᠭᠡᠴᠡ ᠶᠢᠨ ᠬᠠᠮᠲᠤᠪᠠᠷ ᠣᠯᠣᠭᠰᠠᠨ ᠲᠥᠷᠥᠯ ᠵᠦᠢᠯ  ᠢ ᠭᠤᠣᠯ ᠴᠢᠷᠮᠠᠶᠢᠨ ᠣᠯᠣᠭᠰᠠᠨ ᠨᠢᠭᠡᠴᠡ ᠠᠴᠠ ᠮᠡᠳᠡᠭᠦᠯᠵᠦ᠂ ᠠᠳᠠᠯᠢ ᠨᠢᠭᠡᠨ ᠲᠥᠷᠥᠯ ᠵᠦᠢᠯ  ᠢ ᠳᠠᠪᠬᠤᠷᠳᠠᠭᠤᠯᠤᠨ ᠪᠣᠳᠣᠬᠤ ᠦᠭᠡᠢ᠃        2. ᠮᠠᠭᠠᠳᠯᠠᠨ ᠲᠣᠭᠲᠠᠭᠠᠬᠤ᠃ ᠪᠡᠯᠡ ᠮᠥᠩᠭᠦ ᠶᠢ ᠲᠡᠮᠡᠴᠡᠨ ᠣᠯᠬᠤ ᠳᠤ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠢᠨᠠᠨ ᠪᠤᠳᠤᠬᠤ ᠲᠣᠪᠴᠢᠶ᠎ᠠ ᠠᠴᠠ ᠲᠥᠷᠥᠯ ᠵᠦᠢᠯ ᠤᠨ ᠪᠡᠯᠡ ᠮᠥᠩᠭᠦ ᠶᠢ ᠮᠠᠭᠠᠳᠯᠠᠨ ᠲᠣᠭᠲᠠᠭᠠᠬᠤ ᠳᠤᠭᠤᠶᠢᠯᠠᠩ ᠪᠠᠶᠢᠭᠤᠯᠵᠤ᠂ ᠲᠥᠷᠥ ᠶᠢᠨ ᠪᠣᠳᠣᠯᠭ᠎ᠠ ᠪᠠ ᠵᠢᠱᠢᠶ᠎ᠡ ᠦᠵᠡᠭᠦᠯᠬᠦ ᠲᠤᠷᠰᠢᠯᠲᠠ ᠶᠢᠨ ᠴᠡᠭ ᠢ ᠲᠣᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠠᠴᠠ ᠬᠠᠮᠲᠤ ᠪᠠᠷ ᠮᠠᠭᠠᠳᠯᠠᠨ ᠲᠣᠭᠲᠠᠭᠠᠬᠤ ᠳᠤᠭᠤᠶᠢᠯᠠᠩ ᠪᠠᠶᠢᠭᠤᠯᠵᠤ᠂ ᠡᠯ᠎ᠡ ᠨᠢᠭᠡᠴᠡ ᠶᠢᠨ ᠮᠡᠳᠡᠭᠦᠯᠦᠭᠰᠡᠨ ᠲᠥᠷᠥᠯ ᠵᠦᠢᠯ ᠤᠨ ᠪᠡᠯᠡ ᠮᠥᠩᠭᠦ ᠶᠢ ᠴᠢᠷᠮᠠᠶᠢᠨ ᠣᠯᠣᠭᠰᠠᠨ ᠪᠠᠶᠢᠳᠠᠯ᠂ ᠲᠥᠷᠥ ᠶᠢᠨ ᠪᠣᠳᠣᠯᠭ᠎ᠠ ᠶᠢᠨ ᠪᠠᠶᠢᠳᠠᠯ᠂ ᠵᠢᠱᠢᠶ᠎ᠡ ᠦᠵᠡᠭᠦᠯᠬᠦ ᠲᠤᠷᠰᠢᠯᠲᠠ ᠶᠢᠨ ᠴᠡᠭ ᠤᠨ ᠪᠠᠶᠢᠳᠠᠯ ᠢ ᠬᠢᠨᠠᠨ ᠬᠠᠷᠭᠤᠭᠤᠯᠵᠤ ᠨᠤᠲᠠᠯᠠᠨ᠎ᠠ᠃        3. ᠬᠢᠨᠠᠨ‌ᠵᠥ᠋ᠪᠰᠢᠶᠡᠷᠡᠬᠦ᠃ ᠲᠥᠷᠥᠯ ᠵᠦᠢᠯ ᠤᠨ ᠪᠡᠯᠡ ᠮᠥᠩᠭᠦ ᠶᠢ ᠮᠠᠭᠠᠳᠯᠠᠨ ᠲᠣᠭᠲᠠᠭᠠᠬᠤ ᠳᠤᠭᠤᠶᠢᠯᠠᠩ ᠠᠴᠠ ᠡᠯ᠎ᠡ ᠨᠢᠭᠡᠴᠡ ᠶᠢᠨ ᠱᠠᠩᠨᠠᠯ ᠤᠨ ᠪᠡᠯᠡ ᠮᠥᠩᠭᠦ ᠶᠢ ᠲᠥᠰᠥᠭᠡᠯᠡᠨ ᠪᠤᠳᠤᠵᠤ᠂ ᠱᠠᠩᠨᠠᠬᠤ ᠲᠥᠰᠥᠯ ᠢ ᠳᠤᠷᠠᠳᠤᠨ ᠭᠠᠷᠭᠠᠵᠤ᠂ ᠲᠣᠭᠤᠷᠢᠭ ᠤᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠵᠥᠪᠰᠢᠶᠡᠷᠡᠭᠦᠯᠦᠨ᠎ᠡ᠃        4. ᠪᠤᠲᠠᠲᠠᠶᠢᠵᠢᠭᠤᠯᠬᠤ᠃ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠲᠣᠭᠤᠷᠢᠭ ᠤᠨ ᠵᠠᠰᠠᠭ ᠤᠨ ᠣᠷᠳᠣᠨ ᠤ ᠬᠢᠨᠠᠨ ᠵᠥᠪᠰᠢᠶᠡᠷᠡᠭᠰᠡᠨ ᠰᠠᠨᠠᠯ ᠢ ᠦᠨᠳᠦᠰᠦᠯᠡᠨ᠂ 5 ᠠᠵᠢᠯᠯᠠᠬᠤ ᠡᠳᠦᠷ ᠤᠨ ᠳᠣᠲᠣᠷ᠎ᠠ ᠱᠠᠩᠨᠠᠯ ᠤᠨ ᠪᠡᠯᠡ ᠮᠥᠩᠭᠦ ᠶᠢ ᠨᠢᠭᠡᠴᠢ ᠳᠤ ᠰᠠᠯᠭᠠᠨ ᠥᠭᠭᠦᠨ᠎ᠡ᠃        ︵ᠳᠥᠷᠪᠡ︶ᠱᠠᠩᠨᠠᠯ ᠤᠨ ᠪᠡᠯᠡ ᠮᠥᠩᠭᠦ ᠶᠢᠨ ᠬᠡᠷᠡᠭᠯᠡᠯᠲᠡ        ᠱᠠᠩᠨᠠᠯ ᠤᠨ ᠪᠡᠯᠡ ᠮᠥᠩᠭᠦ ᠶᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠵᠠᠷᠤᠳᠠᠯ᠂ ᠲᠥᠷᠥᠯ ᠵᠦᠢᠯ ᠤᠨ ᠪᠡᠯᠡ ᠮᠥᠩᠭᠦ ᠶᠢ ᠴᠢᠷᠮᠠᠶᠢᠨ ᠣᠯᠬᠤ ᠠᠵᠢᠯ ᠤᠨ ᠵᠠᠷᠤᠳᠠᠯ᠂ ᠲᠤᠰ ᠨᠢᠭᠡᠴᠡ ᠶᠢᠨ ᠢᠶᠠᠨ ᠠᠯᠪᠠᠨ ᠬᠡᠷᠡᠭᠯᠡᠭᠡᠨ ᠤ ᠵᠠᠷᠤᠳᠠᠯ ᠵᠡᠷᠭᠡ ᠳᠤ ᠬᠡᠷᠡᠭᠯᠡᠵᠦ ᠪᠣᠯᠣᠨ᠎ᠠ᠃        ᠭᠤᠷᠪᠠ᠂ ᠬᠠᠷᠢᠭᠤᠴᠠᠯᠭ᠎ᠠ ᠶᠢᠨ ᠬᠤᠪᠢᠶᠠᠷᠢᠯᠠᠯ        ᠨᠢᠭᠡ ᠳᠤ᠂ ᠡᠯ᠎ᠡ ᠨᠢᠭᠡᠴᠡ ᠨᠦᠭᠦᠳ ︽ᠭᠤᠷᠪᠠ ᠶᠢ ᠲᠡᠮᠡᠴᠡᠨ ᠣᠯᠬᠤ︾ ᠬᠠᠷᠢᠭᠤᠴᠠᠯᠭ᠎ᠠ ᠶᠢᠨ ᠭᠤᠣᠯ ᠴᠣᠭᠴᠠ ᠪᠣᠯᠤᠭᠰᠠᠨ ᠤ ᠬᠤᠪᠢ ᠳᠤ᠂ ᠲᠥᠷᠥᠯ ᠵᠦᠢᠯ ᠤᠨ ᠪᠡᠯᠡ ᠮᠥᠩᠭᠦ ᠶᠢ ᠲᠡᠮᠡᠴᠡᠨ ᠣᠯᠬᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠣᠯᠬᠤ᠂ ᠲᠤᠷᠰᠢᠯᠲᠠ ᠶᠢᠨ ᠴᠢᠭ ᠢᠶᠠᠷ ᠵᠢᠱᠢᠶ᠎ᠡ ᠦᠵᠡᠭᠦᠯᠬᠦ ᠶᠢ ᠲᠡᠮᠡᠴᠡᠨ ᠣᠯᠬᠤ ᠵᠡᠷᠭᠡ ᠠᠵᠢᠯ ᠢ ᠨᠠᠩ ᠴᠢᠬᠤᠯᠠ ᠪᠠᠶᠢᠷᠢᠨ ᠳᠤ ᠲᠠᠯᠪᠢᠬᠤ ᠬᠡᠷᠡᠭᠲᠡᠢ᠃ ︽ᠨᠢᠭᠡᠳᠦᠭᠡᠷ ᠭᠠᠷ︾ ᠡᠷᠬᠡᠪᠰᠢ ᠪᠡᠶ᠎ᠡ ᠪᠠᠷ ᠢᠶᠠᠨ ᠠᠳᠬᠤᠬᠤ ᠬᠡᠷᠡᠭᠲᠡᠢ᠃ ᠡᠭᠦᠨ ᠤ ᠬᠠᠮᠲᠤ᠂ ᠺᠠᠳ᠋ᠷ ᠠᠵᠢᠯᠲᠠᠨ ᠢ ᠳᠠᠶᠢᠴᠢᠯᠠᠨ ︽ᠭᠤᠷᠪᠠ ᠶᠢ ᠲᠡᠮᠡᠴᠡᠨ ᠣᠯᠬᠤ︾ ᠠᠵᠢᠯ ᠳᠤ ᠪᠥᠬᠦ ᠬᠦᠴᠦᠨ ᠢᠶᠠᠷ ᠢᠶᠠᠨ ᠣᠷᠣᠯᠴᠠᠭᠤᠯᠵᠤ᠂ ᠨᠢᠭᠡ ᠱᠠᠲᠤ ᠨᠢ ᠨᠢᠭᠡ ᠱᠠᠲᠤ ᠪᠠᠨ ᠠᠳᠬᠤᠬᠤ᠂ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠶᠢ ᠠᠳᠬᠤᠬᠤ᠂ ᠲᠥᠷᠥᠯ ᠵᠦᠢᠯ ᠤᠨ ᠠᠵᠢᠯ ᠢ ᠬᠠᠮᠲᠤ ᠪᠠᠷ ᠠᠬᠢᠭᠤᠯᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃        ᠬᠤᠶᠠᠷ ᠲᠤ᠂ ᠢᠷᠠᠭᠤ ᠠᠯᠳᠠᠷ ᠢ ᠮᠡᠳᠡᠭᠦᠯᠬᠦ ᠪᠠ᠂ ᠲᠦᠷᠦᠯ ᠵᠦᠢᠯ ᠢ ᠲᠥᠯᠥᠪᠵᠢᠭᠦᠯᠦᠨ ᠪᠣᠭᠤᠳᠠᠯᠯᠠᠬᠤ ᠠᠵᠢᠯ ᠢ ᠤᠷᠢᠳᠴᠢᠯᠠᠨ ᠰᠠᠶᠢᠲᠤᠷ ᠬᠢᠬᠦ ᠬᠡᠷᠡᠭᠲᠡᠢ᠃ ᠨᠠᠷᠢᠨ ᠨᠢᠮᠪᠠᠢ ᠰᠢᠯᠢᠨ ᠰᠣᠩᠭᠤᠵᠤ᠂ ᠨᠠᠩ ᠣᠯᠠᠨ ᠲᠥᠷᠥᠯ ᠵᠦᠢᠯ ᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠲᠥᠷᠥᠯ ᠵᠦᠢᠯ ᠤᠨ ᠬᠡᠪᠴᠢᠶᠡᠨ ᠳᠤ ᠣᠷᠣᠭᠤᠯᠬᠤ ᠪᠠᠷ ᠴᠢᠷᠮᠠᠶᠢᠵᠤ᠂ ᠲᠥᠷᠥ ᠶᠢᠨ ᠪᠣᠳᠣᠯᠭ᠎ᠠ ᠶᠢᠨ ᠲᠥᠷᠥᠯ ᠵᠦᠢᠯ ᠤᠨ ᠪᠡᠯᠡ ᠮᠥᠩᠭᠦ ᠶᠢ ᠪᠣᠳᠠᠲᠠᠶᠢᠵᠢᠭᠤᠯᠬᠤ ᠶᠢᠨ ᠲᠦᠷᠭᠡᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃        ᠭᠤᠷᠪᠠ ᠳᠤ᠂ ᠳᠡᠭᠡᠳᠦ ᠱᠠᠲᠤᠨ ᠳᠤ ᠬᠠᠷᠢᠭᠤ ᠮᠡᠳᠡᠭᠦᠯᠵᠦ ᠳᠦᠷᠢᠮᠵᠢᠭᠦᠯᠦᠯᠲᠡ ᠶᠢ ᠪᠦᠷᠢᠯᠳᠦᠭᠦᠯᠵᠦ᠂ ᠳᠡᠭᠡᠳᠦ ᠱᠠᠲᠤᠨ ᠳᠤ ᠬᠠᠷᠢᠭᠤ ᠮᠡᠳᠡᠭᠦᠯᠬᠦ ᠳᠦᠷᠢᠮ ᠢ ᠪᠠᠶᠢᠭᠤᠯᠤᠨ᠎ᠠ᠃ ᠨᠢᠭᠡᠴᠡ ᠶᠢᠨ ᠤᠳᠤᠷᠢᠳᠤᠯᠭ᠎ᠠ ᠶᠢ ᠰᠠᠷ᠎ᠠ ᠪᠦᠷᠢ ᠠᠳᠠᠭ ᠲᠠᠭᠠᠨ ᠨᠢᠭᠡ ᠤᠳᠠᠭ᠎ᠠ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠠᠵᠢᠯ ᠲᠥᠷᠥᠯ ᠤᠨ ᠰᠢᠰᠲ᠋ᠧᠮ ᠤᠨ ᠰᠠᠯᠠᠭ᠎ᠠ ᠮᠥᠴᠢᠷ ᠲᠤ ᠬᠦᠷᠴᠦ ᠠᠵᠢᠯ ᠢᠶᠠᠨ ᠬᠠᠷᠢᠭᠤ ᠮᠡᠳᠡᠭᠦᠯᠵᠦ᠂ ᠳᠡᠭᠡᠳᠦ ᠱᠠᠲᠤᠨ ᠤ ᠳᠡᠮᠵᠢᠭᠰᠡᠨ ᠭᠤᠣᠯᠳᠠᠯᠭ᠎ᠠ ᠲᠠᠢ ᠲᠥᠷᠥᠯ ᠵᠦᠢᠯ ᠪᠠ ᠬᠦᠷᠢᠶ᠎ᠡ ᠴᠠᠷᠠᠭ᠎ᠠ ᠶᠢ ᠴᠠᠭ ᠲᠤᠬᠠᠢ ᠳᠤᠨᠢ ᠣᠶᠢᠯᠠᠭᠠᠵᠤ᠂ ᠳᠡᠭᠡᠳᠦ ᠱᠠᠲᠤᠨ ᠤ ᠳᠡᠮᠵᠢᠯᠭᠡ ᠶᠢ ᠢᠳᠡᠪᠬᠢᠲᠡᠢ ᠪᠠᠷ ᠴᠢᠷᠮᠠᠶᠢᠨ ᠣᠯᠬᠤ ᠬᠡᠷᠡᠭᠲᠡᠢ᠃        ᠳᠥᠷᠪᠡ ᠳᠤ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ ᠨᠢ ᠡᠯ᠎ᠡ ᠰᠠᠯᠠᠭ᠎ᠠ ᠮᠥᠴᠢᠷ ᠲᠠᠢ ᠨᠡᠪᠲᠡᠷᠡᠯᠴᠡᠭᠡ ᠪᠠᠨ ᠴᠢᠩᠭᠠᠳᠬᠠᠵᠤ᠂ ᠲᠥᠷᠥᠯ ᠵᠦᠢᠯ ᠤᠨ ᠪᠡᠯᠡ ᠮᠥᠩᠭᠦ᠂ ᠲᠥᠷᠥ ᠶᠢᠨ ᠪᠣᠳᠣᠯᠭ᠎ᠠ ᠶᠢᠨ ᠪᠠᠶᠢᠳᠠᠯ ᠢ ᠵᠠᠳᠠᠯᠵᠤ᠂ ᠦᠨ᠎ᠡ ᠥᠷᠲᠡᠭ ᠲᠠᠢ ᠮᠡᠳᠡᠭᠡ ᠵᠠᠩᠭᠢ ᠶᠢ ᠴᠠᠭ ᠲᠤᠬᠠᠢ ᠳᠤᠨᠢ ᠬᠠᠷᠢᠭᠤ ᠲᠤᠰᠬᠠᠬᠤ ᠶᠢᠨ ᠬᠠᠮᠲᠤ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠪᠡᠯᠡ ᠮᠥᠩᠭᠦ ᠶᠢ ᠴᠢᠷᠮᠠᠶᠢᠨ ᠣᠯᠬᠤ ᠲᠥᠷᠥ ᠶᠢᠨ ᠪᠣᠳᠣᠯᠭ᠎ᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃        ᠳᠥᠷᠪᠡ᠂ ᠨᠢᠭᠡᠳᠦᠯᠲᠡᠢ ᠲᠥᠯᠥᠪᠯᠡᠨ ᠬᠠᠮᠢᠶᠠᠷᠬᠤ        ᠪᠡᠯᠡ ᠮᠥᠩᠭᠦ ᠶᠢᠨ ᠰᠢᠨᠵᠢ ᠴᠢᠨᠠᠷ᠂ ᠬᠡᠷᠡᠭᠴᠡᠭᠡ ᠶᠢ ᠨᠢ ᠦᠯᠦ ᠬᠤᠪᠢᠷᠠᠭᠤᠯᠬᠤ ᠤᠷᠢᠲᠠᠯ ᠳᠣᠣᠷ᠎ᠠ᠂ ᠵᠠᠰᠠᠭ ᠤᠨ ᠣᠷᠳᠣᠨ ᠢᠶᠠᠷ ᠭᠤᠣᠯᠯᠠᠭᠤᠯᠤᠨ᠂ ᠨᠢᠭᠡᠳᠦᠯᠲᠡᠢ ᠲᠥᠯᠥᠪᠯᠡᠬᠦ ᠪᠠᠷ ᠭᠤᠣᠯ ᠪᠣᠯᠭᠠᠵᠤ᠂ ᠡᠳ᠋ ᠤᠨ ᠵᠠᠰᠠᠭ ᠤᠨ ᠲᠤᠰᠬᠠᠢ ᠵᠦᠢᠯ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠲᠥᠪᠯᠡᠷᠡᠭᠦᠯᠦᠨ ᠣᠷᠣᠭᠤᠯᠵᠤ᠂ ᠬᠠᠮᠢᠶᠠᠷᠤᠯᠲᠠ ᠶᠢ ᠨᠢ ᠵᠢᠷᠤᠮᠵᠢᠭᠤᠯᠬᠤ ᠠᠵᠢᠯᠯᠠᠭᠠᠨ ᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠡᠳ᠋ ᠤᠨ ᠵᠠᠰᠠᠭ ᠤᠨ ᠡᠬᠢ ᠪᠠᠶᠠᠯᠢᠭ ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠣᠬᠢᠷᠠᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠨᠥᠯᠥᠭᠡᠯᠡᠯ ᠢ ᠶᠡᠬᠡᠰᠬᠡᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠪᠦᠬᠦᠯᠢ ᠴᠣᠭᠴᠠ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃        ᠲᠠᠪᠤ᠂ ᠲᠣᠰ ᠠᠷᠭ᠎ᠠ ᠶᠢ ᠵᠣᠬᠢᠶᠠᠨ ᠪᠠᠶᠢᠭᠤᠯᠬᠤ ᠬᠡᠯᠲᠡᠰ᠂ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠬᠠᠷᠢᠭᠤᠴᠠᠨ ᠲᠠᠶᠢᠯᠪᠤᠷᠢᠯᠠᠵᠤ᠂ 2024 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠵᠦ᠂ ᠨᠢᠭᠡ ᠵᠢᠯ ᠲᠤᠷᠰᠢᠨ ᠬᠡᠷᠡᠭᠵᠢᠭᠦᠯᠦᠨ᠎ᠡ᠃        ᠪᠡᠯᠡ ᠮᠥᠩᠭᠦ ᠵᠢᠨ‌‍ᠱᠠᠩᠨᠠᠯ ᠣᠯᠬᠤ ᠬᠡᠪᠴᠢᠶᠡᠨ ᠳᠤ ᠣᠷᠣᠭᠤᠯᠬᠤ ᠦᠭᠡᠢ ᠨᠠᠷᠢᠨ ᠳᠠᠩᠰᠠ 
         ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠢ ᠮᠡᠳᠡᠭᠳᠡᠯ                    ᠰᠢᠭᠤᠶᠢᠲᠤ ᠵᠠᠰᠠᠭ ᠲᠠᠷᠬᠠᠭᠠᠭᠰᠠᠨ﹇2024﹈ 4 ᠳ᠋ᠦ᠋ᠭᠡᠷ ᠲᠣᠭᠠᠲᠤ ᠵᠢᠪᠬᠤᠯᠠᠩᠲᠤ ᠰᠤᠮᠤ᠂ ᠪᠡᠳᠬᠡᠷ ᠵᠤᠤ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠯ᠎ᠡ ᠬᠦᠷᠢᠶᠡᠯᠡᠩ ᠲᠣᠭᠤᠷᠢᠭ᠂ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ᠂ ᠡᠯ᠎ᠡ ᠠᠷᠠᠳ ᠤᠨ ᠪᠦᠯᠬᠦᠮ᠂ ᠲᠣᠭᠤᠷᠢᠭ ᠲᠤ ᠰᠠᠭᠤᠭ᠎ᠠ ᠡᠯ᠎ᠡ ᠨᠢᠭᠡᠴᠡ ᠳᠤ᠄        ︽ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ﹇2023﹈ 18 ᠳ᠋ᠤᠭᠠᠷ ᠲᠣᠭᠠᠲᠤ︶᠂ ︽ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ︹2023︺ 26 ᠳ᠋ᠤᠭᠠᠷ ᠲᠣᠭᠠᠲᠤ︶᠂ ︽ᠪᠤᠭᠤᠲᠤ ᠬᠤᠲᠠ ᠶᠢᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ  ᠲᠣᠭᠤᠷᠢᠭ ᠤᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠡᠯ᠎ᠡ ᠵᠦᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠶᠢᠨ ᠲᠤᠰᠠᠳᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄        ᠨᠢᠭᠡ᠂ ᠵᠢᠯᠤᠭᠤᠳᠬᠤ ᠦᠵᠡᠯ ᠰᠠᠨᠠᠭ᠎ᠠ        ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ︽ᠬᠠᠮᠠᠭᠠᠯᠠᠬᠤ ᠶᠢ ᠨᠢᠭᠡᠳᠦᠭᠡᠷ ᠲᠤ ᠲᠠᠯᠪᠢᠬᠤ᠂ ᠬᠠᠮᠢᠶᠠᠷᠤᠯᠲᠠ ᠶᠢ ᠴᠢᠩᠭᠠᠳᠬᠠᠬᠤ᠂ ᠦᠨ᠎ᠡ ᠥᠷᠲᠡᠭ ᠢ ᠠᠭᠤᠳᠠᠯᠬᠤ᠂ ᠪᠦᠲᠦᠮᠵᠢᠲᠡᠢ ᠠᠰᠢᠭᠯᠠᠬᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠠᠮᠢᠳᠤᠯᠢᠭ ᠪᠣᠯᠭᠠᠬᠤ︾ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠦᠨᠡᠨ ᠠᠴᠠ ᠵᠥᠪ ᠢ ᠡᠷᠢᠬᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠬᠠᠤᠯᠢ ᠶᠣᠰᠣᠭᠠᠷ ᠬᠡᠷᠡᠭᠵᠢᠭᠦᠯᠬᠦ ᠶᠢ ᠪᠠᠷᠢᠮᠲᠠᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠣᠯᠣᠨ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠴᠢᠩᠭᠠᠳᠬᠠᠵᠤ᠂ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠢ ᠰᠢᠭᠤᠶᠢᠲᠤ ᠲᠣᠭᠤᠷᠢᠭ ᠤᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠦᠨᠳᠦᠰᠦᠨ ᠪᠠᠶᠢᠳᠠᠯ ᠢ ᠪᠦᠬᠦ ᠲᠠᠯ᠎ᠠ ᠪᠠᠷ ᠪᠤᠰᠤᠳᠴᠢ ᠪᠠᠷ ᠲᠤᠰᠬᠠᠬᠤ ᠶᠢ ᠪᠠᠲᠤᠯᠠᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃        ᠬᠤᠶᠠᠷ᠂ ᠬᠠᠷᠠᠯᠲᠠ ᠶᠢᠨ ᠡᠭᠦᠷᠭᠡ        ᠲᠥᠷᠥ ᠶᠢᠨ ᠶᠠᠪᠤᠳᠠᠯ ᠤᠨ ᠬᠤᠷᠢᠶᠠᠨ ᠤ ᠳᠤᠷᠠᠳᠤᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠶᠡᠷᠦᠩᠬᠡᠢ ᠬᠠᠷᠠᠯᠲᠠ ᠶᠣᠰᠣᠭᠠᠷ᠂ ᠪᠤᠭᠤᠲᠤ ᠬᠤᠲᠠ ᠶᠢᠨ ᠬᠠᠷᠠᠯᠲᠠᠲᠤ ᠡᠭᠦᠷᠭᠡ ᠶᠢᠨ ᠶᠣᠰᠣᠭᠠᠷ᠂ ᠯᠠᠪᠳᠠᠭᠤᠨ ᠪᠠᠲᠤᠲᠠᠢ ᠪᠥᠭᠡᠳ ᠪᠦᠲᠦᠮᠵᠢᠲᠡᠶ ᠨᠡᠶᠢᠳᠡᠮ ᠪᠠᠶᠢᠴᠠᠭᠠᠯᠲᠠ ᠶᠢᠨ ᠠᠵᠢᠯ ᠢᠶᠠᠷ ᠳᠠᠮᠵᠢᠭᠤᠯᠤᠨ᠂ ᠳᠣᠣᠷᠠᠬᠢ ᠮᠡᠲᠦ ᠠᠵᠢᠯ ᠤᠨ ᠬᠠᠷᠠᠯᠲᠠ ᠪᠠ ᠡᠭᠦᠷᠭᠡ ᠶᠢ ᠪᠡᠶᠡᠯᠡᠭᠦᠯᠦᠨ᠎ᠡ᠄ ᠨᠢᠭᠡ ᠳᠤ ᠪᠥᠬᠦ ᠲᠣᠭᠤᠷᠢᠭ ᠤᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠶᠡᠷᠦᠩᠬᠡᠢ ᠭᠠᠷᠴᠠᠭ ᠪᠠ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠡᠳ᠋ ᠬᠥᠷᠥᠩᠭᠡ ᠶᠢᠨ ᠬᠥᠳᠡᠯᠦᠩᠭᠦᠢ ᠬᠠᠮᠢᠶᠠᠷᠤᠯᠲᠠ ᠶᠢ ᠪᠡᠶᠡᠯᠡᠭᠦᠯᠦᠨ᠎ᠡ︔ᠬᠤᠶᠠᠷ ᠲᠤ ᠰᠢᠯᠵᠢᠭᠦᠯᠵᠦ ᠪᠣᠯᠬᠤ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠪᠥᠬᠦ ᠲᠠᠯ᠎ᠠ ᠪᠠᠷ ᠨᠡᠶᠢᠳᠡᠮ ᠪᠠᠶᠢᠴᠠᠭᠠᠬᠤ᠂ ᠲᠤᠰᠬᠠᠢ ᠵᠦᠢᠯ ᠢᠶᠠᠷ ᠪᠠᠶᠢᠴᠠᠭᠠᠬᠤ᠂ ᠣᠷᠣᠨ ᠵᠠᠢ ᠶᠢ ᠬᠠᠮᠢᠶᠠᠷᠤᠨ ᠡᠵᠡᠮᠳᠡᠬᠦ᠂ ᠬᠥᠳᠡᠯᠦᠩᠭᠦᠢ ᠪᠠᠷ ᠬᠢᠨᠠᠨ ᠬᠡᠮᠵᠢᠬᠦ ᠶᠢ ᠬᠠᠷᠢᠯᠴᠠᠨ ᠤᠶᠠᠯᠳᠤᠭᠤᠯᠤᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ︔ᠭᠤᠷᠪᠠ ᠳᠤ᠂ ᠲᠤᠰᠬᠠᠢ ᠮᠡᠷᠭᠡᠵᠢᠯ ᠤᠨ ᠠᠵᠢᠯᠲᠠᠨ ᠢ ᠬᠥᠮᠥᠵᠢᠭᠦᠯᠦᠨ ᠪᠣᠯᠪᠠᠰᠤᠷᠠᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠡᠩᠨᠡᠭᠡ ᠶᠢᠨ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠦᠨ᠂ ᠪᠥᠬᠦ ᠠᠷᠠᠳ ᠤᠨ ᠰᠣᠶᠣᠯ ᠤᠨ ᠥᠪ ᠢ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃        ᠭᠤᠷᠪᠠ᠂ ᠨᠡᠶᠢᠳᠡᠮ ᠪᠠᠶᠢᠴᠠᠭᠠᠬᠤ ᠬᠡᠪᠴᠢᠶ᠎ᠡ        ︵ᠨᠢᠭᠡ︶ᠨᠡᠶᠢᠳᠡᠮ ᠪᠠᠶᠢᠴᠠᠭᠠᠬᠤ ᠬᠦᠷᠢᠶ᠎ᠡ ᠬᠡᠪᠴᠢᠶ᠎ᠡ᠃ ᠨᠢᠭᠡᠨᠲᠡ ᠮᠠᠭᠠᠳᠯᠠᠨ ᠲᠣᠭᠲᠠᠭᠠᠭᠰᠠᠨ᠂ ᠳᠠᠩᠰᠠᠯᠠᠭᠰᠠᠨ 149 ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠢ ᠳᠠᠬᠢᠨ ᠪᠠᠶᠢᠴᠠᠭᠠᠬᠤ ᠶᠢᠨ ᠬᠠᠮᠲᠤ ᠰᠢᠨ᠎ᠡ ᠪᠠᠷ ᠢᠯᠡᠷᠡᠭᠦᠯᠦᠭᠰᠡᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠢ ᠪᠠᠶᠢᠴᠠᠭᠠᠬᠤ ᠬᠡᠷᠡᠭᠲᠡᠢ᠃        ︵ᠬᠤᠶᠠᠷ︶ᠨᠡᠶᠢᠳᠡᠮ ᠪᠠᠶᠢᠴᠠᠭᠠᠯᠲᠠ ᠶᠢᠨ ᠠᠭᠤᠯᠭ᠎ᠠ᠃ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠨᠡᠷᠡᠶᠢᠳᠦᠯ᠂ ᠣᠷᠣᠨ ᠵᠠᠢ ᠶᠢᠨ ᠬᠠᠮᠠᠭᠠᠯᠠᠯᠲᠠ ᠶᠢᠨ ᠵᠡᠷᠭᠡ ᠳᠡᠰ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠲᠥᠷᠥᠯ ᠢᠯᠭᠠᠯ᠂ ᠣᠨ ᠵᠢᠯ᠂ ᠡᠷᠬᠡ ᠶᠢᠨ ᠬᠠᠷᠢᠶ᠎ᠠ᠂ ᠬᠡᠷᠡᠭᠯᠡᠭᠰᠡᠨ ᠪᠠᠶᠢᠳᠠᠯ᠂ ᠬᠠᠳᠠᠭᠠᠯᠠᠭᠰᠠᠨ ᠪᠠᠶᠢᠳᠠᠯ ᠵᠡᠷᠭᠡ ᠪᠠᠭᠲᠠᠨ᠎ᠠ᠃        ᠳᠥᠷᠪᠡ᠂ ᠴᠠᠭ ᠬᠤᠭᠤᠴᠠᠭᠠᠨ ᠤ ᠲᠣᠬᠢᠷᠠᠭᠤᠯᠤᠯᠲᠠ        ᠲᠥᠷᠥ ᠶᠢᠨ ᠶᠠᠪᠤᠳᠠᠯ ᠤᠨ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠲᠣᠰ ᠤᠳᠠᠭᠠᠨ ᠤ ᠨᠡᠶᠢᠳᠡᠮ ᠪᠠᠶᠢᠴᠠᠭᠠᠯᠲᠠ ᠨᠢ 2023 ᠣᠨ ᠤ 11 ᠰᠠᠷ᠎ᠠ ᠠᠴᠠ ᠡᠬᠢᠯᠡᠨ 2026 ᠣᠨ ᠤ 6 ᠰᠠᠷ᠎ᠠ ᠳᠤ ᠳᠠᠭᠤᠰᠴᠤ᠂ ᠭᠤᠷᠪᠠᠨ ᠱᠠᠲᠤ ᠬᠤᠪᠢᠶᠠᠨ᠎ᠠ᠃ ᠨᠡᠶᠢᠳᠡᠮ ᠪᠠᠶᠢᠴᠠᠭᠠᠯᠲᠠ ᠶᠢᠨ ᠪᠠᠷᠢᠮᠵᠢᠶ᠎ᠠ ᠴᠠᠭ ᠪᠣᠯ 2024 ᠣᠨ ᠤ 4 ᠰᠠᠷ᠎ᠠ ᠶᠢᠨ 30 ᠤ ᠡᠳᠦᠷ ᠪᠣᠯᠣᠨ᠎ᠠ᠃        (ᠨᠢᠭᠡ)ᠨᠢᠭᠡᠳᠦᠭᠡᠷ ᠱᠠᠲᠤ᠃ 2023 ᠣᠨ ᠤ 11 ᠰᠠᠷ᠎ᠠ ᠠᠴᠠ 2024 ᠣᠨ ᠤ 4 ᠰᠠᠷ᠎ᠠ ᠪᠣᠯᠲᠠᠯ᠎ᠠ᠃ ᠠᠵᠢᠯ ᠤᠨ ᠡᠭᠦᠷᠭᠡ᠄ ᠰᠢᠭᠤᠶᠢᠲᠤ ᠲᠣᠭᠤᠷᠢᠭ ᠤᠨ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠪᠣᠯᠣᠨ ᠨᠡᠶᠢᠳᠡᠮ ᠪᠠᠶᠢᠴᠠᠭᠠᠯᠲᠠ ᠶᠢᠨ ᠡᠩᠨᠡᠭᠡ ᠶᠢ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠥᠯᠥᠪᠯᠡᠭᠡ ᠶᠢ ᠲᠣᠭᠲᠠᠭᠠᠵᠤ᠂ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ ᠪᠠᠷᠢᠮᠵᠢᠶ᠎ᠠ ᠪᠣᠯᠣᠨ ᠵᠢᠷᠤᠮᠵᠢᠯ ᠶᠣᠰᠣᠭᠠᠷ᠂ ᠨᠡᠶᠢᠳᠡᠮ ᠪᠠᠶᠢᠴᠠᠭᠠᠯᠲᠠ ᠶᠢᠨ ᠰᠢᠰᠲ᠋ᠧᠮ ᠪᠣᠯᠣᠨ ᠵᠥᠭᠡᠯᠡᠨ ᠲᠣᠨᠤᠭ ᠢ ᠦᠨᠳᠦᠰᠦᠯᠡᠨ᠂ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃        (ᠬᠤᠶᠠᠷ)ᠬᠤᠶᠠᠳᠤᠭᠠᠷ ᠱᠠᠲᠤ᠃ 2024 ᠣᠨ ᠤ 5 ᠰᠠᠷ᠎ᠠ ᠠᠴᠠ 2025 ᠣᠨ ᠤ 5 ᠰᠠᠷ᠎ᠠ ᠪᠣᠯᠲᠠᠯ᠎ᠠ᠃ ᠠᠵᠢᠯ ᠤᠨ ᠡᠭᠦᠷᠭᠡ᠄ ᠣᠷᠣᠨ ᠪᠦᠰᠡ ᠪᠠᠷ ᠦᠨᠳᠦᠰᠦᠨ ᠨᠢᠭᠡᠴᠢ ᠪᠣᠯᠭᠠᠵᠤ᠂ ᠲᠤᠬᠠᠢ ᠶᠢᠨ ᠭᠠᠵᠠᠷ ᠲᠤᠨᠢ ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠶᠢᠴᠠᠭᠠᠯᠲᠠ ᠬᠢᠨ᠎ᠡ᠃        (ᠭᠤᠷᠪᠠ)ᠭᠤᠷᠪᠠᠳᠤᠭᠠᠷ ᠱᠠᠲᠤ᠃ 2025 ᠣᠨ ᠤ 6 ᠰᠠᠷ᠎ᠠ ᠠᠴᠠ 2026 ᠣᠨ ᠤ 6 ᠰᠠᠷ᠎ᠠ ᠪᠣᠯᠲᠠᠯ᠎ᠠ᠃ ᠠᠵᠢᠯ ᠤᠨ ᠡᠭᠦᠷᠭᠡ᠄ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠤᠯᠢ ᠶᠣᠰᠣᠭᠠᠷ ᠦᠨᠡᠮᠰᠢᠵᠦ᠂ ᠳᠠᠩᠰᠠᠯᠠᠬᠤ ᠶᠢᠨ ᠬᠠᠮᠲᠤ ᠨᠡᠶᠢᠲᠡᠯᠡᠵᠦ᠂ ᠪᠦᠬᠦ ᠣᠷᠣᠨ ᠤ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠶᠡᠷᠦᠩᠬᠡᠢ ᠭᠠᠷᠴᠠᠭ ᠢ ᠪᠠᠶᠢᠭᠤᠯᠵᠤ᠂ ᠰᠢᠯᠭᠠᠨ ᠠᠪᠬᠤ ᠠᠵᠢᠯ ᠢ ᠪᠡᠶᠡᠯᠡᠭᠦᠯᠬᠦ ᠶᠢᠨ ᠬᠠᠮᠲᠤ ᠨᠡᠶᠢᠭᠡᠮ ᠨᠡᠶᠢᠲᠡ ᠳᠤ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠨᠡᠶᠢᠲᠡᠯᠡᠬᠦ ᠬᠡᠷᠡᠭᠲᠡᠢ᠃        ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ  ᠢ ᠦᠨᠳᠦᠰᠦᠯᠡᠨ᠂ ᠰᠢᠯᠵᠢᠭᠦᠯᠵᠦ ᠪᠣᠯᠣᠰᠢ ᠦᠭᠡᠢ ᠴᠢᠬᠤᠯᠠ ᠪᠤᠰᠤ ᠲᠡᠦᠬᠡ ᠶᠢᠨ ᠳᠤᠷᠠᠰᠬᠠᠯᠲᠤ ᠵᠦᠢᠯᠡᠰ  ᠢ ᠴᠠᠭ ᠲᠤᠨᠢ ᠲᠣᠬᠢᠷᠠᠭᠤᠯᠤᠨ ᠵᠣᠬᠢᠴᠠᠩᠭᠤᠢ ᠪᠦᠬᠦᠢ ᠲᠠᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠪᠠᠷ ᠨᠡᠶᠢᠲᠡᠯᠡᠬᠦ ᠬᠡᠷᠡᠭᠲᠡᠢ᠃        ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ        ︵ᠨᠢᠭᠡ︶ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠎ᠡ᠃ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠪᠣᠯ ᠤᠯᠤᠰ ᠤᠨ ᠪᠠᠶᠢᠳᠠᠯ ᠤᠯᠤᠰ ᠤᠨ ᠬᠦᠴᠦᠨ ᠤ ᠪᠠᠶᠢᠴᠠᠭᠠᠯᠲᠠ ᠶᠢᠨ ᠴᠢᠬᠤᠯᠠ ᠪᠦᠷᠢᠯᠳᠦᠭᠦᠨ ᠬᠡᠰᠡᠭ ᠮᠥᠨ᠂ ᠤᠯᠤᠰ ᠤᠨ ᠲᠡᠦᠬᠡ ᠰᠣᠶᠣᠯ ᠤᠨ ᠥᠪ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠮᠥᠨ᠂ ᠮᠠᠨ ᠤ ᠤᠯᠤᠰ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠴᠢᠬᠤᠯᠠ ᠰᠠᠭᠤᠷᠢ ᠠᠵᠢᠯ ᠮᠥᠨ᠂ ᠶᠡᠷᠦᠩᠬᠡᠢ ᠱᠦᠵᠢ ᠰᠢ ᠶᠢᠨ ᠫᠢᠩ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠬᠤ᠂ ᠰᠢᠭᠤᠶᠢᠲᠤ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠬᠠᠮᠢᠶ᠎ᠠ ᠪᠦᠬᠦᠢ ᠨᠢᠭᠡᠴᠡ ᠨᠦᠭᠦᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠨᠠᠷᠢᠨ ᠨᠢᠮᠪᠠᠢ ᠪᠠᠶᠢᠷᠢᠯᠠᠭᠤᠯᠵᠤ᠂ ᠤᠬᠠᠭᠤᠯᠬᠤ ᠠᠵᠢᠯ ᠢ ᠰᠠᠶᠢᠲᠤᠷ ᠬᠢᠵᠦ᠂ ᠨᠡᠶᠢᠳᠡᠮ ᠪᠠᠶᠢᠴᠠᠭᠠᠯᠲᠠ ᠶᠢᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃        ︵ᠬᠤᠶᠠᠷ︶ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠᠶᠢᠭᠤᠯᠤᠨ᠎ᠠ᠃ ᠰᠢᠭᠤᠶᠢᠲᠤ ᠲᠣᠭᠤᠷᠢᠭ ᠤᠨ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ  ᠢ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠤᠮᠳᠠᠬᠢ ᠴᠢᠬᠤᠯᠠ ᠶᠡᠭᠡ ᠠᠰᠠᠭᠤᠳᠠᠯ  ᠢ ᠰᠤᠳᠤᠯᠬᠤ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠬᠠᠷᠢᠭᠤᠴᠠᠵᠤ᠂ ᠨᠡᠶᠢᠳᠡᠮ ᠪᠠᠶᠢᠴᠠᠭᠠᠯᠲᠠ ᠶᠢᠨ ᠶᠡᠷᠦᠩᠬᠡᠢ ᠴᠣᠭᠴᠠ ᠶᠢᠨ ᠲᠥᠰᠥᠯ  ᠢ ᠬᠢᠨᠠᠨ ᠲᠣᠭᠲᠠᠭᠠᠵᠤ᠂ ᠬᠤᠯᠪᠣᠭᠳᠠᠯ ᠪᠦᠬᠦᠢ ᠴᠢᠬᠤᠯᠠ ᠵᠦᠢᠯᠡᠰ  ᠢ ᠬᠢᠨᠠᠨ ᠲᠣᠭᠲᠠᠭᠠᠨ᠎ᠠ᠃ ᠤᠳᠤᠷᠢᠳᠬᠤ ᠳᠤᠭᠤᠶᠢᠯᠠᠩ  ᠨᠢ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠪᠣᠯᠬᠤ ᠦᠭᠡᠢ᠂ ᠡᠭᠦᠷᠭᠡ ᠪᠠᠨ ᠪᠡᠶᠡᠯᠡᠭᠦᠯᠦᠭᠰᠡᠨ ᠤ ᠳᠠᠷᠠᠭ᠎ᠠ ᠠᠶᠠᠨᠳᠠᠭᠠᠨ ᠬᠦᠴᠦᠨ ᠦᠭᠡᠢ ᠪᠣᠯᠭᠠᠨ᠎ᠠ ᠃ ᠪᠤᠭᠤᠲᠤ ᠬᠤᠲᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠵᠣᠬᠢᠴᠠᠩᠭᠤᠢ ᠨᠡᠶᠢᠳᠡᠮ ᠪᠠᠶᠢᠴᠠᠭᠠᠯᠲᠠ ᠶᠢᠨ ᠲᠣᠭᠲᠠᠴᠠ ᠶᠢ ᠪᠠᠶᠢᠭᠤᠯᠵᠤ᠂ ᠬᠠᠮᠢᠶᠠᠷᠤᠯᠲᠠ ᠶᠢᠨ ᠬᠡᠪᠴᠢᠶᠡᠨ ᠳᠣᠲᠣᠷᠠᠬᠢ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃        ︵ᠭᠤᠷᠪᠠ︶ᠨᠡᠶᠢᠳᠡᠮ ᠪᠠᠶᠢᠴᠠᠭᠠᠯᠲᠠ ᠶᠢᠨ ᠡᠩᠨᠡᠭᠡ ᠶᠢ ᠲᠣᠭᠲᠠᠪᠤᠷᠢᠵᠢᠭᠤᠯᠤᠨ᠎ᠠ᠃ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠢ ᠤᠷᠢᠵᠤ ᠬᠡᠷᠡᠭᠯᠡᠬᠦ ᠪᠤᠶᠤ ᠬᠤᠯᠪᠣᠭᠳᠠᠯ ᠪᠦᠬᠦᠢ ᠨᠢᠭᠡᠴᠡ ᠠᠴᠠ ᠨᠥᠬᠦᠴᠡᠯ ᠳᠤ ᠨᠡᠶᠢᠴᠡᠬᠦ ᠬᠥᠮᠥᠰ  ᠢ ᠵᠥᠪᠳᠡᠯᠴᠡᠵᠦ ᠪᠠᠶᠢᠭᠠᠳ ᠨᠡᠶᠢᠳᠡᠮ ᠪᠠᠶᠢᠴᠠᠭᠠᠯᠲᠠ ᠶᠢᠨ ᠡᠩᠨᠡᠭᠡ ᠳᠤ ᠣᠷᠣᠭᠤᠯᠵᠤ᠂ ᠤᠷᠢᠵᠤ ᠬᠡᠷᠡᠭᠯᠡᠭᠰᠡᠨ ᠬᠥᠮᠥᠰ ᠤᠨ ᠬᠥᠳᠡᠯᠮᠦᠷᠢ ᠦᠢᠯᠡᠴᠢᠯᠡᠭᠡᠨ ᠤ ᠵᠠᠷᠤᠳᠠᠯ  ᠢ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠳᠣᠲᠣᠷ᠎ᠠ ᠠᠴᠠ ᠭᠠᠷᠭᠠᠵᠤ᠂ ᠤᠷᠢᠵᠤ ᠬᠡᠷᠡᠭᠯᠡᠭᠰᠡᠨ ᠨᠢᠭᠡᠴᠡ ᠠᠴᠠ ᠭᠠᠷᠭᠠᠵᠤ᠂ ᠤᠷᠢᠵᠤ ᠬᠡᠷᠡᠭᠯᠡᠭᠰᠡᠨ ᠠᠵᠢᠯᠲᠠᠳ ᠨᠢ ᠤᠤᠯ ᠨᠢᠭᠡᠴᠡ ᠶᠢᠨ ᠠᠵᠢᠯ ᠤᠨ ᠪᠠᠶᠢᠷᠢ ᠪᠠᠨ ᠦᠯᠡᠳᠡᠭᠡᠵᠦ᠂ ᠴᠠᠯᠢᠩ᠂ ᠠᠰᠠᠷᠠᠮᠵᠢ ᠵᠢᠴᠢ ᠪᠤᠰᠤᠳ ᠣᠯᠭᠤᠮᠵᠢ ᠶᠢ ᠨᠢ ᠪᠠᠭᠤᠷᠠᠭᠤᠯᠬᠤ ᠦᠭᠡᠢ᠃ ᠣᠷᠣᠨ ᠨᠤᠲᠤᠭ ᠤᠨ ᠳᠡᠭᠡᠳᠦ ᠰᠤᠷᠭᠠᠭᠤᠯᠢ ᠲᠠᠢ ᠬᠠᠮᠲᠤᠷᠠᠨ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠰᠤᠷᠤᠭᠴᠢ ᠶᠢ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠳᠤ ᠣᠷᠣᠯᠴᠠᠭᠤᠯᠬᠤ ᠶᠢᠨ ᠬᠠᠮᠲᠤ ᠵᠢᠭᠠᠨ ᠰᠤᠷᠭᠠᠬᠤ ᠳᠠᠳᠤᠯᠭ᠎ᠠ ᠬᠢᠬᠦ ᠬᠢᠴᠢᠶᠡᠯ ᠪᠣᠯᠭᠠᠵᠤ ᠪᠣᠯᠣᠨ᠎ᠠ᠃        ︵ᠳᠥᠷᠪᠡ︶ᠨᠡᠶᠢᠳᠡᠮ ᠪᠠᠶᠢᠴᠠᠭᠠᠯᠲᠠ ᠶᠢᠨ ᠵᠠᠷᠤᠳᠠᠯ ᠢ ᠨᠠᠶᠢᠳᠠᠪᠤᠷᠢᠵᠢᠭᠤᠯᠬᠤ ᠬᠡᠷᠡᠭᠲᠡᠢ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠥᠯ︾ ᠪᠠ ︽ᠪᠤᠭᠤᠲᠤ ᠬᠤᠲᠠ ᠶᠢᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠵᠢᠴᠢ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠠᠵᠢᠯ ᠤᠨ ᠬᠤᠷᠠᠯ︾ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠲᠣᠰ ᠤᠳᠠᠭᠠᠨ ᠤ ᠨᠡᠶᠢᠳᠡᠮ ᠪᠠᠶᠢᠴᠠᠭᠠᠯᠲᠠ ᠶᠢᠨ ᠬᠡᠷᠡᠭᠰᠡᠬᠦ ᠵᠠᠷᠤᠳᠠᠯ ᠢ ᠲᠥᠪ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠰᠢᠯᠵᠢᠭᠦᠯᠦᠨ ᠥᠭᠬᠦ ᠪᠠᠷ ᠳᠠᠮᠵᠢᠭᠤᠯᠤᠨ ᠨᠥᠬᠦᠪᠦᠷᠢ ᠥᠭᠬᠦ ᠠᠴᠠ ᠭᠠᠳᠠᠨ᠎ᠠ᠂ ᠣᠷᠣᠨ ᠨᠤᠲᠤᠭ ᠤᠨ ᠡᠭᠦᠷᠭᠡᠯᠡᠬᠦ ᠬᠡᠰᠡᠭ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠭᠤᠣᠯ ᠴᠣᠭᠴᠠ ᠶᠢᠨ ᠬᠠᠷᠢᠶᠠᠯᠠᠭᠳᠠᠬᠤ ᠬᠠᠷᠢᠴᠠᠭ᠎ᠠ ᠶᠢ ᠦᠨᠳᠦᠰᠦᠯᠡᠨ ᠠᠳᠠᠯᠢ ᠱᠠᠲᠤᠨ ᠤ ᠡᠳ᠋ ᠤᠨ ᠵᠠᠰᠠᠭ ᠠᠴᠠ ᠡᠭᠦᠷᠭᠡᠯᠡᠨ᠎ᠡ᠃ ᠣᠷᠣᠨ ᠨᠤᠲᠤᠭ ᠤᠨ ᠡᠭᠦᠷᠭᠡᠯᠡᠬᠦ ᠵᠠᠷᠤᠳᠠᠯ ᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠵᠦᠢ ᠵᠣᠬᠢᠰᠲᠠᠢ ᠲᠥᠰᠥᠭᠡᠯᠡᠨ ᠪᠤᠳᠤᠵᠤ᠂ ᠲᠥᠪ᠂ ᠥᠪᠡᠷᠲᠡᠭᠡᠨ ᠵᠠᠰᠠᠬᠤ ᠣᠷᠣᠨ ᠪᠠ ᠪᠤᠭᠤᠲᠤ ᠬᠤᠲᠠ ᠶᠢᠨ ᠬᠤᠯᠪᠣᠭᠳᠠᠯ ᠪᠦᠬᠦᠢ ᠨᠠᠮ ᠵᠠᠰᠠᠭ ᠤᠨ ᠪᠠᠶᠢᠭᠤᠯᠭ᠎ᠠ ᠶᠢᠨ ᠠᠷᠪᠢᠴᠢ ᠭᠠᠮᠲᠠᠢ ᠠᠮᠢᠳᠤᠷᠠᠬᠤ ᠠᠯᠢ ᠣᠯᠠᠨ ᠠᠵᠢᠯ ᠤᠨ ᠱᠠᠭᠠᠷᠳᠠᠯᠭ᠎ᠠ ᠶᠣᠰᠣᠭᠠᠷ᠂ ᠣᠲᠣ ᠶᠢᠨ ᠪᠠᠶᠢᠭ᠎ᠠ ᠪᠡᠯᠡ ᠮᠥᠩᠭᠦ ᠶᠢᠨ ᠡᠬᠢ ᠪᠠᠶᠠᠯᠢᠭ ᠢ ᠭᠦᠢᠴᠡᠳ ᠠᠰᠢᠭᠯᠠᠨ᠂ 2024 ᠣᠨ ᠤ ᠰᠠᠯᠠᠭ᠎ᠠ ᠮᠥᠴᠢᠷ ᠤᠨ ᠲᠥᠰᠥᠪ ᠤᠨ ᠲᠣᠬᠢᠷᠠᠭᠤᠯᠤᠯᠲᠠ ᠶᠢᠨ ᠪᠠᠶᠢᠳᠠᠯ ᠲᠠᠢ ᠤᠶᠠᠯᠳᠤᠭᠤᠯᠤᠨ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠨ᠎ᠠ᠃        ︵ᠲᠠᠪᠤ︶ ᠨᠡᠶᠢᠳᠡᠮ ᠪᠠᠶᠢᠴᠠᠭᠠᠯᠲᠠ ᠶᠢᠨ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯᠡᠰ  ᠢ ᠨᠡᠶᠢᠳᠡᠮ ᠪᠠᠶᠢᠴᠠᠭᠠᠬᠤ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠭᠦᠢᠴᠡᠳᠬᠡᠵᠦ᠂ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠰᠢᠭᠤᠳ ᠬᠠᠷᠢᠭᠤᠴᠠᠯᠭ᠎ᠠ ᠶᠢ ᠡᠭᠦᠷᠭᠡᠯᠡᠨ᠎ᠡ᠃ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠮᠥᠷᠳᠡᠬᠦ ᠲᠣᠭᠲᠠᠴᠠ ᠶᠢ ᠪᠠᠶᠢᠭᠤᠯᠵᠤ᠂ ᠰᠢᠭᠤᠶᠢᠲᠤ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ︵ᠰᠢᠭᠤᠶᠢᠲᠤ ᠲᠣᠭᠤᠷᠢᠭ ᠤᠨ ᠰᠣᠶᠣᠯ ᠤᠨ ᠬᠠᠮᠠᠭᠠᠯᠠᠯᠲᠠ ᠶᠢᠨ ᠲᠥᠪ︶ᠨᠡᠶᠢᠳᠡᠮ ᠪᠠᠶᠢᠴᠠᠭᠠᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠢ ᠬᠠᠷᠢᠭᠤᠴᠠᠵᠤ᠂ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠶᠢ ᠵᠢᠯᠣᠭᠤᠳᠤᠨ ᠳᠠᠩᠰᠠᠯᠠᠨ ᠲᠡᠮᠳᠡᠭᠯᠡᠭᠰᠡᠨ ᠮᠡᠳᠡᠭᠡ ᠵᠠᠩᠭᠢ ᠶᠢ ᠦᠨᠡᠨ ᠪᠣᠳᠠᠲᠠᠢ ᠪᠠᠷ ᠲᠠᠭᠯᠠᠨ ᠮᠡᠳᠡᠭᠦᠯᠵᠦ᠂ ᠨᠡᠶᠢᠳᠡᠮ ᠪᠠᠶᠢᠴᠠᠭᠠᠯᠲᠠ ᠶᠢᠨ ᠶᠠᠰᠤ ᠴᠢᠨᠠᠷ ᠤᠨ ᠡᠵᠡᠮᠳᠡᠯ ᠢ ᠴᠢᠩᠭᠠᠳᠬᠠᠨ᠂ ᠨᠡᠶᠢᠳᠡᠮ ᠪᠠᠶᠢᠴᠠᠭᠠᠯᠲᠠ ᠶᠢᠨ ᠲᠥᠰᠥᠯ ᠢ ᠴᠢᠩᠭ᠎ᠠ ᠬᠡᠷᠡᠭᠵᠢᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠴᠤᠪᠤᠷᠠᠯ ᠢ ᠵᠢᠷᠤᠮᠵᠢᠭᠤᠯᠤᠨ᠂ ᠬᠡᠷᠡᠭ ᠤᠨ ᠡᠮᠦᠨ᠎ᠡ ᠪᠠ ᠬᠡᠷᠡᠭ ᠤᠨ ᠳᠠᠷᠠᠭᠠᠬᠢ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠶᠢᠴᠠᠭᠠᠵᠤ ᠬᠠᠷᠭᠤᠭᠤᠯᠤᠨ ᠪᠠᠶᠢᠴᠠᠭᠠᠬᠤ ᠶᠢ ᠴᠢᠩᠭᠠᠷᠠᠭᠤᠯᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠪᠥᠭᠡᠳ ᠣᠨᠣᠪᠴᠢᠲᠠᠶ᠂ ᠪᠦᠷᠢᠨ ᠪᠦᠲᠦᠨ ᠪᠥᠭᠡᠳ ᠨᠠᠶᠢᠳᠠᠪᠤᠷᠢᠲᠠᠢ ᠪᠠᠶᠢᠬᠤ ᠶᠢ ᠦᠨᠡᠨᠬᠦ ᠪᠠᠲᠤᠯᠠᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠴᠤᠭᠯᠠᠭᠤᠯᠬᠤ᠂ ᠳᠠᠮᠵᠢᠭᠤᠯᠬᠤ᠂ ᠬᠠᠳᠠᠭᠠᠯᠠᠬᠤ ᠪᠠ ᠬᠡᠷᠡᠭᠯᠡᠬᠦ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ ᠡᠯ᠎ᠡ ᠵᠦᠢᠯ ᠤᠨ ᠵᠣᠷᠢᠭᠤᠳᠠ ᠭᠠᠷ ᠲᠦᠷᠦᠭᠦ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ᠃        ︵ᠵᠢᠷᠭᠤᠭ᠎ᠠ︶ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ ᠡᠯ᠎ᠡ ᠰᠠᠯᠠᠭ᠎ᠠ ᠮᠥᠴᠢᠷ ᠪᠣᠯᠣᠨ ᠨᠢᠭᠡᠴᠡ ᠵᠢᠴᠢ ᠬᠤᠪᠢ ᠬᠥᠮᠥᠨ ᠳᠠᠩᠰᠠᠯᠠᠨ ᠲᠡᠮᠳᠡᠭᠯᠡᠭᠰᠡᠨ ᠮᠡᠳᠡᠭᠡ ᠵᠠᠩᠭᠢ ᠶᠢ ᠦᠨᠡᠨ ᠪᠣᠳᠠᠲᠠᠢ ᠪᠠᠷ ᠲᠠᠭᠯᠠᠨ ᠮᠡᠳᠡᠭᠦᠯᠬᠦ ᠬᠡᠷᠡᠭᠲᠡᠢ᠂ ᠬᠤᠳᠠᠯ ᠢᠶᠠᠷ ᠮᠡᠳᠡᠭᠦᠯᠵᠦ᠂ ᠳᠠᠷᠤᠭᠠᠳ ᠮᠡᠳᠡᠭᠦᠯᠬᠦ ᠦᠭᠡᠢ᠂ ᠮᠡᠳᠡᠭᠦᠯᠬᠦ ᠶᠢ ᠲᠡᠪᠴᠢᠵᠦ᠂ ᠤᠳᠠᠭᠠᠰᠢᠷᠠᠭᠤᠯᠤᠨ ᠮᠡᠳᠡᠭᠦᠯᠵᠦ ᠪᠣᠯᠬᠤ ᠦᠭᠡᠢ᠂ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠪᠣᠯᠣᠨ ᠲᠤᠭ᠎ᠠ ᠪᠠᠷᠢᠮᠲᠠ ᠶᠢ ᠬᠠᠭᠤᠷᠮᠠᠭ ᠢᠶᠠᠷ ᠵᠣᠬᠢᠶᠠᠵᠤ᠂ ᠥᠭᠡᠷᠡᠲᠦᠭᠦᠯᠵᠦ ᠪᠣᠯᠬᠤ ᠦᠭᠡᠢ᠂ ᠬᠡᠷᠪᠡ ᠳᠡᠭᠡᠷ᠎ᠡ ᠳᠤᠷᠠᠳᠤᠭᠰᠠᠨ ᠪᠠᠶᠢᠳᠠᠯ ᠭᠠᠷᠪᠠᠯ᠂ ᠬᠠᠤᠯᠢ ᠰᠠᠬᠢᠯᠭ᠎ᠠ ᠶᠣᠰᠣᠭᠠᠷ ᠰᠢᠢᠳᠪᠦᠷᠢᠯᠡᠬᠦ ᠬᠡᠷᠡᠭᠲᠡᠢ᠃ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠵᠢᠴᠢ ᠠᠵᠢᠯᠲᠠᠳ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠪᠣᠯᠣᠨ ᠮᠠᠲ᠋ᠧᠷᠢᠶᠠᠯ ᠢ ᠲᠣᠬᠢᠲᠠᠢ ᠬᠠᠳᠠᠭᠠᠯᠠᠵᠤ᠂ ᠨᠡᠶᠢᠳᠡᠮ ᠪᠠᠶᠢᠴᠠᠭᠠᠯᠲᠠ ᠶᠢᠨ ᠳᠤᠮᠳᠠ ᠬᠤᠯᠪᠣᠭᠳᠠᠭᠰᠠᠨ ᠤᠯᠤᠰ ᠤᠨ ᠨᠢᠭᠤᠴᠠ ᠶᠢ ᠬᠠᠮᠠᠭᠠᠯᠠᠬᠤ ᠡᠭᠦᠷᠭᠡ ᠶᠢ ᠭᠦᠢᠴᠡᠳᠬᠡᠵᠦ᠂ ᠬᠡᠷᠪᠡ ᠨᠢᠭᠤᠴᠠ ᠶᠢ ᠵᠠᠳᠠᠷᠠᠭᠤᠯᠤᠭᠰᠠᠨ ᠬᠡᠷᠡᠭ ᠭᠠᠷᠪᠠᠯ ︽ᠳᠤᠮᠳᠠᠳᠤ ᠶᠢᠨ ᠠᠷᠠᠳ ᠲᠦᠮᠡᠨ ᠤ ᠡᠪ ᠬᠠᠮᠲᠤ ᠨᠠᠮ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠶᠢᠨ ᠲᠣᠭᠲᠠᠭᠠᠯ ᠶᠣᠰᠣᠭᠠᠷ ᠰᠢᠢᠳᠬᠡᠨ᠎ᠡ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠳᠤᠮᠳᠠ᠂ ᠬᠡᠷᠪᠡ ᠬᠥᠮᠥᠨ ᠡᠪᠳᠡᠬᠦ᠂ ᠬᠢᠨᠠᠯᠲᠠ ᠬᠠᠮᠢᠶᠠᠷᠤᠯᠲᠠ ᠰᠤᠯᠠ ᠵᠡᠷᠭᠡ ᠬᠦᠴᠦᠨ ᠵᠦᠢᠯ ᠠᠴᠠ ᠪᠣᠯᠵᠤ ᠨᠢᠭᠡᠨᠲᠡ ᠳᠠᠩᠰᠠᠯᠠᠭᠤᠯᠤᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠡᠪᠳᠡᠭᠳᠡᠭᠰᠡᠨ᠂ ᠬᠦᠴᠦᠨ ᠦᠭᠡᠢ ᠪᠣᠯᠭᠠᠭᠰᠠᠨ᠂ ᠤᠰᠠᠳᠴᠤ ᠭᠡᠭᠡᠭᠳᠡᠭᠰᠡᠨ ᠪᠠᠶᠢᠳᠠᠯ ᠢ ᠣᠯᠵᠤ ᠮᠡᠳᠡᠪᠡᠯ᠂ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠬᠠᠤᠯᠢ ᠰᠠᠬᠢᠯᠭ᠎ᠠ ᠠᠴᠠ ᠵᠥᠷᠢᠴᠡᠭᠰᠡᠨ ᠰᠦᠪᠡᠭᠴᠢ ᠶᠢ ᠴᠠᠭ ᠲᠤᠬᠠᠢ ᠳᠤᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠦᠨ᠎ᠡ᠃        ᠵᠢᠷᠭᠤᠭ᠎ᠠ᠂ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ        ᠡᠯ᠎ᠡ ᠬᠠᠮᠢᠶ᠎ᠠ ᠪᠦᠬᠦᠢ ᠨᠢᠭᠡᠴᠡ ᠨᠦᠭᠦᠳ ᠲᠤᠰ ᠤᠳᠠᠭᠠᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠵᠡᠯ ᠰᠠᠨᠠᠭ᠎ᠠ ᠪᠠᠨ ᠨᠢᠭᠡᠳᠬᠡᠨ᠂ ᠲᠠᠨᠢᠯᠲᠠ ᠪᠠᠨ ᠳᠡᠭᠡᠭᠰᠢᠯᠡᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠤᠬᠠᠭᠤᠯᠭ᠎ᠠ ᠶᠢᠨ ᠡᠷᠴᠢᠮ ᠢᠶᠠᠨ ᠨᠡᠮᠡᠭᠳᠡᠭᠦᠯᠵᠦ᠂ ᠰᠣᠨᠢᠨ᠂ ᠷᠠᠳᠢᠣ᠋ ᠨᠡᠪᠲᠡᠷᠡᠭᠦᠯᠭᠡ᠂ ᠲᠧᠯᠸᠢᠰ᠂ ᠢᠨᠲ᠋ᠧᠷ ᠰᠦᠯᠵᠢᠶ᠎ᠡ᠂ ᠣᠯᠠᠨ ᠨᠡᠶᠢᠲᠡ ᠶᠢᠨ ᠳ᠋ᠤᠭᠠᠷ᠂ ᠬᠠᠷᠠᠭᠠᠨ ᠳᠠᠪᠲᠠᠮᠵᠢ ᠶᠢᠨ ᠨᠣᠮᠧᠷ ᠵᠡᠷᠭᠡ ᠵᠠᠭᠤᠴᠢᠯᠠᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠱᠠᠲᠤ ᠦᠶ᠎ᠡ ᠶᠢᠨ ᠴᠢᠨᠠᠷᠲᠠᠢ ᠲᠥᠪᠯᠡᠷᠡᠩᠭᠦᠢ ᠤᠬᠠᠭᠤᠯᠭ᠎ᠠ ᠪᠣᠯᠣᠨ ᠤᠷᠲᠤ ᠬᠤᠭᠤᠴᠠᠭᠠᠨ ᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠬᠦ ᠬᠡᠷᠡᠭᠲᠡᠢ᠃         ᠳᠠᠭᠠᠯᠳᠤᠭᠤᠯᠤᠯ᠄ 1᠂ ᠰᠢᠭᠤᠶᠢᠲᠤ ᠲᠣᠭᠤᠷᠢᠭ ᠤᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠤ ᠨᠡᠷᠡᠰ                     ᠰᠢᠭᠤᠶᠢᠲᠤ ᠲᠣᠭᠤᠷᠢᠭ ᠤᠨ ᠠᠷᠠᠳ ᠶᠢᠨ ᠵᠠᠰᠠᠭ ᠤᠨ ᠣᠷᠳᠣᠨ                    2024 ᠣᠨ ᠤ 2 ᠰᠠᠷ᠎ᠠ ᠶᠢᠨ 23 ᠤ ᠡᠳᠦᠷ        ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠬᠦ︶ ᠳᠠᠭᠠᠯᠳᠤᠭᠤᠯᠤᠯ᠄        ᠰᠢᠭᠤᠶᠢᠲᠤ ᠲᠣᠭᠤᠷᠢᠭ ᠤᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠤ ᠨᠡᠷᠡᠰ         ︽ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ﹇2023﹈ 18 ᠳ᠋ᠤᠭᠠᠷ ᠲᠣᠭᠠᠲᠤ︶ ᠪᠠ ︽ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ﹇2023﹈ 26 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠤᠯᠤᠰ ᠤᠨ ᠳᠥᠷᠪᠡᠳᠦᠭᠡᠷ ᠤᠳᠠᠭᠠᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠤᠷᠤᠭᠰᠢᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠶᠢᠨ ᠲᠤᠰᠠᠳᠠ᠂ ᠰᠢᠭᠤᠶᠢᠲᠤ ᠲᠣᠭᠤᠷᠢᠭ ᠤᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠢ ᠣᠨᠴᠠᠭᠠᠶᠢᠯᠠᠨ ᠪᠠᠶᠢᠭᠤᠯᠬᠤ ᠶᠢᠨ ᠲᠤᠰᠠᠳᠠ᠂ ᠪᠦᠷᠢᠯᠳᠦᠭᠦᠨ ᠨᠢ ᠳᠣᠣᠷᠠᠬᠢ ᠮᠡᠲᠦ᠄        ᠳᠤᠭᠤᠶᠢᠯᠠᠩ ᠤᠨ ᠳᠠᠷᠤᠭ᠎ᠠ᠄ ᠴᠢᠶᠣᠤ ᠫᠧᠢ ᠳ᠋ᠦᠩ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ        ᠯᠢ ᠰᠢᠶᠠᠩ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ᠃        ᠲᠠᠩ ᠬᠤᠸᠠ ᠢᠦᠢ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶᠠᠨ ᠤ ᠳᠠᠷᠤᠭ᠎ᠠ        ᠳᠤᠭᠤᠶᠢᠯᠠᠩ ᠤᠨ ᠳᠡᠳ᠋ ᠳᠠᠷᠤᠭ᠎ᠠ᠄ ᠫᠧᠩ ᡁᠢ ᠴᠢᠶᠠᠩ᠂ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ        ᠸᠠᠩ ᠬᠤᠢ ᠮᠧᠶ᠂ ᠲᠣᠭᠤᠷᠢᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶᠠᠨ ᠤ ᠳᠡᠳ᠋ ᠳᠠᠷᠤᠭ᠎ᠠ        ᠭᠡᠰᠢᠭᠦᠨ᠄ ᠴᠧᠨ ᠢᠦᠢ ᠰᠢᠶᠠ᠂ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ        ᠶᠦᠨ ᠴᠧᠩ ᠽᠧ᠂ ᠵᠢᠪᠬᠤᠯᠠᠩᠲᠤ ᠰᠤᠮᠤ ᠶᠢᠨ ᠰᠤᠮᠤᠨ ᠳᠠᠷᠤᠭ᠎ᠠ        ᠴᠢ ᠰᠢᠶᠣᠣ ᠸᠧᠢ᠂ ᠪᠡᠳᠬᠡᠷ ᠵᠤᠤ ᠪᠠᠯᠭᠠᠰᠤᠨ ᠤ ᠳᠠᠷᠤᠭ᠎ᠠ        ᠯᠢ ᠪᠥᠸᠧ᠂ ᠪᠠᠢ ᠬᠤ᠋ ᠭᠧᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ        ᠵᠠᠩ ᠰᠢ ᠴᠢᠩ᠂ ᠳ᠋ᠠ ᠳ᠋ᠧ ᠾᠧᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ        ᠸᠧᠢ ᠪᠥᠸᠧ᠂ ᠰᠢᠭᠤᠶᠢᠲᠤ ᠵᠡᠭᠡᠯᠢ ᠭᠤᠳᠤᠮᠵᠢ ᠶᠢᠨ ᠨᠠᠮ ᠤᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ        ᠷᠧᠨ ᠸᠧᠨ ᠴᠢᠶᠠᠩ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ        ᠵᠢᠶᠠ ᠯᠢ ᠮᠢᠨ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ        ᠰᠢᠶᠣᠣ ᠹᠧᠩ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ᠃        ᠯᠢ ᠰᠢᠨ ᠮᠢᠩ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ        ᠶᠠᠩ ᠲᠦᠩ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠳᠠᠷᠤᠭ᠎ᠠ        ᠬᠤᠤ ᠴᠦᠨ ᠭᠤᠸᠠᠩ᠂ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶᠠᠨ ᠤ ᠳᠠᠷᠤᠭ᠎ᠠ        ᠰᠦᠨ ᠵᠢᠶᠠᠨ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ        ᠰᠦ᠋ ᠢᠦᠢ᠂ ᠲᠣᠭᠤᠷᠢᠭ ᠤᠨ ᠬᠠᠮᠲᠤᠷᠠᠯᠴᠠᠭ᠎ᠠ ᠰᠣᠯᠢᠯᠴᠠᠭᠠᠨ ᠤ ᠲᠥᠪ ᠤᠨ ᠡᠷᠬᠢᠯᠡᠭᠴᠢ        ᠯᠢ ᠭᠦᠩ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶᠠᠨ ᠤ ᠳᠠᠷᠤᠭ᠎ᠠ        ᠭᠦᠸᠧ ᠪᠦᠦ ᠬᠤᠸᠠ᠂ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠲᠥᠪ ᠤᠨ ᠡᠷᠬᠢᠯᠡᠭᠴᠢ        ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ︵ ᠶᠢᠨ ᠵᠧᠩ ᠲᠣᠮᠣ ᠠᠰᠠᠷ ᠤᠨ A520 ᠲᠠᠰᠤᠭ︶ ᠳᠤ ᠲᠣᠬᠢᠷᠠᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠡᠳᠦᠷ ᠲᠤᠲᠤᠮ ᠤᠨ ᠵᠣᠬᠢᠶᠠᠨ ᠪᠠᠶᠢᠭᠤᠯᠤᠯᠲᠠ ᠪᠠ ᠪᠣᠳᠠᠲᠠᠢ ᠵᠣᠬᠢᠴᠠᠭᠤᠯᠬᠤ ᠶᠢ ᠬᠠᠷᠢᠭᠤᠴᠠᠨ᠎ᠠ᠃ ᠤᠳᠤᠷᠢᠳᠬᠤ ᠳᠤᠭᠤᠶᠢᠯᠠᠩ ᠨᠢ ᠰᠢᠭᠤᠶᠢᠲᠤ ᠲᠣᠭᠤᠷᠢᠭ ᠤᠨ ᠵᠠᠰᠠᠭ ᠤᠨ ᠣᠷᠳᠣᠨ ᠤ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠪᠣᠯᠬᠤ ᠦᠭᠡᠢ᠂ ᠡᠭᠦᠷᠭᠡ ᠶᠢ ᠠᠦ᠋ᠲ᠋ᠣ ᠬᠦᠴᠦᠨ ᠦᠭᠡᠢ ᠪᠣᠯᠭᠠᠬᠤ ᠶᠢ ᠪᠡᠶᠡᠯᠡᠭᠦᠯᠦᠨ᠎ᠡ᠃ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠲᠠᠩ ᠬᠤᠸᠠ ᠢᠦᠢ ᠬᠠᠪᠰᠤᠷᠭᠠᠨ ᠬᠠᠷᠢᠭᠤᠴᠠᠵᠤ᠂ ᠡᠯ᠎ᠡ ᠪᠦᠷᠢᠯᠳᠦᠭᠦᠨ ᠨᠢᠭᠡᠴᠡ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠨ᠎ᠡ᠃         ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠰᠢᠭᠤᠶᠢᠲᠤ ᠲᠣᠭᠤᠷᠢᠭ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ                    ᠰᠢᠭᠤᠶᠢᠲᠤ ᠵᠠᠰᠠᠭ‌ᠠᠯᠪᠠᠨ ᠲᠠᠷᠬᠠᠭᠠᠭᠰᠠᠨ﹇2024﹈ 5 ᠳ᠋ᠤᠭᠠᠷ ᠲᠣᠭᠠᠲᠤ ᠵᠢᠪᠬᠤᠯᠠᠩᠲᠤ ᠰᠤᠮᠤ᠂ ᠪᠡᠳᠬᠡᠷ ᠵᠤᠤ ᠪᠠᠯᠭᠠᠰᠤ᠂ ᠡᠯ᠎ᠡ ᠬᠦᠷᠢᠶᠡᠯᠡᠩ ᠲᠣᠭᠤᠷᠢᠭ ︵ᠦᠵᠡᠮᠵᠢ ᠶᠢᠨ ᠣᠷᠣᠨ︶ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠵᠡᠭᠡᠯᠢ ᠭᠤᠳᠤᠮᠵᠢ᠂ ᠲᠣᠭᠤᠷᠢᠭ ᠤᠨ ᠬᠠᠷᠢᠶ᠎ᠠ᠂ ᠲᠣᠭᠤᠷᠢᠭ ᠲᠤ ᠰᠠᠭᠤᠭ᠎ᠠ ᠡᠯ᠎ᠡ ᠰᠠᠯᠠᠭ᠎ᠠ ᠮᠥᠴᠢᠷ᠂ ᠨᠢᠭᠡᠴᠢ ᠳᠤ᠄        ᠡᠳᠦᠭᠡ ︽ᠰᠢᠭᠤᠶᠢᠲᠤ ᠲᠣᠭᠤᠷᠢᠭ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃                     ᠰᠢᠭᠤᠶᠢᠲᠤ ᠲᠣᠭᠤᠷᠢᠭ ᠤᠨ ᠠᠷᠠᠳ ᠶᠢᠨ ᠵᠠᠰᠠᠭ ᠤᠨ ᠣᠷᠳᠣᠨ ᠤ ᠠᠯᠪᠠᠨ ᠭᠡᠷ                    2024 ᠣᠨ ᠤ 3 ᠰᠠᠷ᠎ᠠ ᠶᠢᠨ 5 ᠤ ᠡᠳᠦᠷ         ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠬᠦ︶          ᠰᠢᠭᠤᠶᠢᠲᠤ ᠲᠣᠭᠤᠷᠢᠭ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ         ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ︵ᠳᠣᠷᠣᠭᠰᠢ ︽ᠬᠥᠷᠥᠰᠥ ᠰᠢᠷᠣᠢ ᠶᠢᠨ ᠭᠤᠷᠪᠠ ᠶᠢ ᠲᠦᠭᠡᠮᠡᠯᠵᠢᠭᠦᠯᠬᠦ︾ ᠭᠡᠵᠦ ᠲᠣᠪᠴᠢᠯᠠᠨ᠎ᠠ︶ ᠶᠢᠨ ᠠᠵᠢᠯ ᠢ ᠰᠠᠶᠢᠲᠤᠷ ᠬᠢᠵᠦ᠂ ᠮᠠᠨ ᠤ ᠲᠣᠭᠤᠷᠢᠭ ᠤᠨ ᠬᠥᠷᠥᠰᠥ ᠰᠢᠷᠣᠢ ᠶᠢᠨ ᠡᠬᠢ ᠪᠠᠶᠠᠯᠢᠭ ᠤᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠬᠦ ᠶᠢᠨ ᠲᠤᠰᠠᠳᠠ᠂ ︽ᠪᠤᠭᠤᠲᠤ ᠬᠤᠲᠠ ᠶᠢᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ︾ ︵ᠪᠤᠭᠤᠲᠤ ᠬᠤᠲᠠ ᠶᠢᠨ ᠭᠤᠷᠪᠠ ᠶᠢ ᠲᠦᠭᠡᠮᠡᠯᠵᠢᠭᠦᠯᠬᠦ ᠠᠯᠪᠠᠨ ᠲᠠᠷᠬᠠᠭᠠᠭᠰᠠᠨ︹ 2023︺ 2 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ︽ᠪᠥᠬᠦ ᠬᠤᠲᠠ ᠶᠢᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠢ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠪᠤᠭᠤᠲᠤ ᠵᠠᠰᠠᠭ ᠲᠠᠷᠬᠠᠭᠠᠭᠰᠠᠨ︹ 2022︺ 44 ᠳ᠋ᠦ᠋ᠭᠡᠷ ᠲᠣᠭᠠᠲᠤ︶ ᠤᠨ ᠪᠠᠶᠢᠷᠢᠯᠠᠭᠤᠯᠤᠯᠲᠠ ᠶᠣᠰᠣᠭᠠᠷ᠂ ᠮᠠᠨ ᠤ ᠲᠣᠭᠤᠷᠢᠭ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃        ᠨᠢᠭᠡ᠂ ᠨᠡᠶᠢᠳᠡᠮ ᠪᠠᠶᠢᠴᠠᠭᠠᠯᠲᠠ ᠶᠢᠨ ᠶᠡᠷᠦᠩᠬᠡᠢ ᠱᠠᠭᠠᠷᠳᠠᠯᠭ᠎ᠠ        ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠲᠠᠷᠢᠶᠠᠨ ᠭᠠᠵᠠᠷ ᠢ ᠬᠠᠮᠠᠭᠠᠯᠠᠵᠤ ᠪᠦᠲᠦᠭᠡᠨ ᠪᠠᠶᠢᠭᠤᠯᠬᠤ ᠪᠠ ᠠᠮᠢᠳᠤ ᠳᠦᠷᠰᠦ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠨᠠᠶᠢᠳᠠᠪᠤᠷᠢᠵᠢᠭᠤᠯᠤᠨ᠎ᠠ︔ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠪᠥᠬᠦ ᠲᠠᠯ᠎ᠠ ᠶᠢᠨ ᠴᠢᠨᠠᠷ᠂ ᠰᠢᠨᠵᠢᠯᠡᠬᠦ ᠤᠬᠠᠭᠠᠨᠴᠢ ᠴᠢᠨᠠᠷ᠂ ᠲᠤᠰᠬᠠᠢ ᠮᠡᠷᠭᠡᠵᠢᠯ ᠤᠨ ᠴᠢᠨᠠᠷ ᠤᠨ ᠵᠠᠷᠴᠢᠮ ᠢ ᠵᠢᠷᠤᠮᠯᠠᠨ᠂ ᠨᠢᠭᠡᠨᠲᠡ ᠣᠯᠣᠭᠰᠠᠨ ᠦᠷ᠎ᠡ ᠪᠦᠲᠦᠭᠡᠯ ᠢᠶᠠᠷ ᠲᠣᠯᠢ ᠪᠣᠯᠭᠠᠵᠤ᠂ ᠬᠥᠷᠥᠰᠥ ᠰᠢᠷᠣᠢ ᠶᠢᠨ ᠶᠠᠰᠤ ᠴᠢᠨᠠᠷ ᠢ ᠲᠣᠳᠣᠷᠬᠠᠢ ᠣᠶᠢᠯᠠᠭᠠᠬᠤ ᠪᠠ ᠬᠥᠷᠥᠰᠥ ᠰᠢᠷᠣᠢ ᠶᠢᠨ ᠲᠥᠷᠥᠯ ᠬᠡᠯᠪᠡᠷᠢ ᠶᠢ ᠲᠡᠭᠦᠯᠳᠡᠷᠵᠢᠭᠦᠯᠬᠦ ᠶᠢ ᠬᠠᠷᠢᠯᠴᠠᠨ ᠤᠶᠠᠯᠳᠤᠭᠤᠯᠬᠤ᠂ ᠬᠥᠷᠥᠰᠥ ᠰᠢᠷᠣᠢ ᠶᠢᠨ ᠭᠠᠳᠠᠷᠭᠤ ᠶᠢᠨ ᠥᠯᠢᠭᠡᠷ ᠠᠪᠬᠤ ᠪᠠ ᠭᠤᠣᠯᠳᠠᠯᠭ᠎ᠠ ᠲᠠᠢ ᠣᠭᠲᠣᠯᠣᠭᠠᠰᠤ ᠶᠢ ᠴᠤᠭᠯᠠᠭᠤᠯᠬᠤ ᠶᠢ ᠬᠠᠷᠢᠯᠴᠠᠨ ᠤᠶᠠᠯᠳᠤᠭᠤᠯᠬᠤ᠂ ᠬᠥᠷᠥᠰᠥ ᠰᠢᠷᠣᠢ ᠶᠢᠨ ᠭᠠᠳᠠᠷᠭᠤ ᠶᠢᠨ ᠬᠦᠴᠦᠨ ᠵᠦᠢᠯ ᠢ ᠲᠣᠳᠣᠷᠬᠠᠢ ᠣᠶᠢᠯᠠᠭᠠᠬᠤ ᠪᠠ ᠬᠢᠮᠢ ᠶᠢᠨ ᠪᠣᠷᠳᠣᠭᠤᠷ ᠢ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠬᠤ᠂ ᠵᠠᠰᠠᠭ ᠤᠨ ᠣᠷᠳᠣᠨ ᠢᠶᠠᠷ ᠭᠤᠣᠯᠯᠠᠭᠤᠯᠬᠤ ᠪᠠ ᠬᠢᠮᠢ ᠶᠢᠨ ᠪᠣᠷᠳᠣᠭᠤᠷ ᠴᠤᠭᠯᠠᠭᠤᠯᠬᠤ ᠠᠷᠭ᠎ᠠ ᠬᠡᠮᠵᠢᠶ᠎ᠡ ᠶᠢ ᠨᠢᠭᠡᠳᠦᠯᠲᠡᠢ ᠪᠠᠶᠢᠯᠭᠠᠬᠤ᠂ ᠠᠵᠢᠯ ᠤᠨ ᠡᠬᠡ ᠵᠢᠷᠤᠭ ᠢ ᠨᠢᠭᠡᠳᠦᠯᠲᠡᠢ ᠪᠠᠶᠢᠯᠭᠠᠬᠤ᠂ ᠰᠢᠯᠭᠠᠨ ᠲᠤᠷᠰᠢᠬᠤ ᠶᠢ ᠨᠢᠭᠡᠳᠦᠯᠲᠡᠢ ᠪᠠᠶᠢᠯᠭᠠᠬᠤ᠂ ᠡᠯ᠎ᠡ ᠲᠠᠯ᠎ᠠ ᠶᠢᠨ ᠬᠢᠨ ᠬᠠᠮᠵᠢᠯᠴᠠᠬᠤ᠂ ᠱᠠᠲᠤ ᠬᠤᠪᠢᠶᠠᠨ ᠬᠠᠷᠢᠭᠤᠴᠠᠬᠤ᠂ ᠡᠯ᠎ᠡ ᠲᠠᠯ᠎ᠠ ᠶᠢᠨ ᠬᠢᠨ ᠣᠷᠣᠯᠴᠠᠬᠤ᠂ ᠠᠯᠬᠤᠮ ᠠᠯᠬᠤᠮ ᠢᠶᠠᠷ ᠬᠡᠷᠡᠭᠵᠢᠭᠦᠯᠬᠦ︾ ᠠᠵᠢᠯ ᠤᠨ ᠠᠷᠭ᠎ᠠ ᠮᠠᠶ᠋ᠢᠭ ᠢ ᠠᠪᠴᠤ᠂ 2025 ᠣᠨ ᠪᠣᠯᠬᠤ ᠳᠤ᠂ ᠰᠢᠭᠤᠶᠢᠲᠤ ᠲᠣᠭᠤᠷᠢᠭ ᠤᠨ ᠬᠥᠷᠥᠰᠥ ᠰᠢᠷᠣᠢ ᠶᠢᠨ ᠲᠥᠷᠥᠯ ᠬᠡᠯᠪᠡᠷᠢ ᠵᠢᠴᠢ ᠲᠠᠷᠬᠠᠯᠲᠠ ᠶᠢᠨ ᠵᠢᠮ᠎ᠡ ᠶᠣᠰᠣ᠂ ᠬᠥᠷᠥᠰᠥ ᠰᠢᠷᠣᠢ ᠶᠢᠨ ᠡᠬᠢ ᠪᠠᠶᠠᠯᠢᠭ ᠤᠨ ᠣᠳᠣᠬᠢ ᠪᠠᠶᠢᠳᠠᠯ ᠵᠢᠴᠢ ᠬᠤᠪᠢᠷᠠᠯᠲᠠ ᠶᠢᠨ ᠬᠠᠨᠳᠤᠰᠢ ᠶᠢ ᠪᠥᠬᠦ ᠲᠠᠯ᠎ᠠ ᠪᠠᠷ ᠪᠠᠶᠢᠴᠠᠭᠠᠨ ᠲᠣᠳᠣᠯᠠᠬᠤ᠂ ᠬᠥᠷᠥᠰᠥ ᠰᠢᠷᠣᠢ ᠶᠢᠨ ᠶᠠᠰᠤ ᠴᠢᠨᠠᠷ ᠤᠨ ᠪᠠᠶᠢᠳᠠᠯ ᠢ ᠲᠣᠳᠣᠷᠬᠠᠢ ᠣᠶᠢᠯᠠᠭᠠᠬᠤ ᠶᠢ ᠪᠡᠶᠡᠯᠡᠭᠦᠯᠵᠦ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠰᠠᠬᠢᠬᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠲᠠᠷᠢᠶᠠᠯᠠᠩ ᠤᠨ ᠦᠢᠯᠡᠳᠪᠦᠷᠢᠯᠡᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ᠃        ᠬᠤᠶᠠᠷ᠂ ᠨᠡᠶᠢᠳᠡᠮ ᠪᠠᠶᠢᠴᠠᠭᠠᠯᠲᠠ ᠶᠢᠨ ᠡᠲᠡᠭᠡᠳ ᠬᠢᠭᠡᠳ ᠠᠭᠤᠯᠭ᠎ᠠ        ︵ᠨᠢᠭᠡ︶ᠨᠡᠶᠢᠳᠡᠮ ᠪᠠᠶᠢᠴᠠᠭᠠᠭᠳᠠᠬᠤ ᠡᠲᠡᠭᠡᠳ᠃ ᠪᠦᠬᠦ ᠲᠣᠭᠤᠷᠢᠭ ᠤᠨ ᠲᠠᠷᠢᠶᠠᠨ ᠭᠠᠵᠠᠷ᠂ ᠴᠡᠴᠡᠷᠯᠢᠭ ᠤᠨ ᠭᠠᠵᠠᠷ᠂ ᠣᠶᠢᠲᠤ ᠭᠠᠵᠠᠷ᠂ ᠡᠪᠡᠰᠦ ᠵᠡᠷᠭᠡ ᠲᠠᠷᠢᠶᠠᠯᠠᠩ ᠳᠤ ᠠᠰᠢᠭᠯᠠᠬᠤ ᠭᠠᠵᠠᠷ ᠪᠣᠯᠣᠨ ᠬᠡᠰᠡᠭ ᠠᠰᠢᠭᠯᠠᠭ᠎ᠠ ᠦᠭᠡᠢ ᠭᠠᠵᠠᠷ ᠤᠨ ᠬᠥᠷᠥᠰᠥ ᠰᠢᠷᠣᠢ ᠃ ᠡᠭᠦᠨ ᠳᠤ᠂ ᠣᠶᠢᠲᠤ ᠭᠠᠵᠠᠷ᠂ ᠪᠡᠯᠴᠢᠭᠡᠷ ᠤᠨ ᠭᠤᠣᠯᠳᠠᠯᠭ᠎ᠠ ᠲᠠᠢ ᠪᠠᠶᠢᠴᠠᠭᠠᠯᠲᠠ ᠬᠢᠭᠡᠳ ᠠᠮᠤ ᠪᠤᠳᠠᠭᠠᠨ ᠤ ᠦᠢᠯᠡᠳᠪᠦᠷᠢᠯᠡᠯ ᠯᠦᠭᠡ ᠬᠤᠯᠪᠣᠭᠳᠠᠬᠤ ᠭᠠᠵᠠᠷ ᠰᠢᠷᠣᠢ᠂ ᠠᠰᠢᠭᠯᠠᠭᠠᠳᠤᠢ ᠭᠠᠵᠠᠷ ᠪᠠ ᠬᠠᠭᠠᠯᠪᠤᠷᠢᠯᠠᠵᠤ ᠪᠣᠯᠬᠤ ᠲᠠᠷᠢᠶᠠᠨ ᠭᠠᠵᠠᠷ ᠤᠨ ᠡᠬᠢ ᠪᠠᠶᠠᠯᠢᠭ ᠯᠤᠭ᠎ᠠ ᠬᠤᠯᠪᠣᠭᠳᠠᠬᠤ ᠭᠠᠵᠠᠷ ᠰᠢᠷᠣᠢ᠂ ᠵᠢᠱᠢᠶᠡᠯᠡᠪᠡᠯ ᠬᠤᠵᠢᠷᠯᠢᠭ ᠭᠠᠵᠠᠷ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠬᠤ ᠬᠡᠷᠡᠭᠲᠡᠢ᠃        ︵ᠬᠤᠶᠠᠷ︶ᠨᠡᠶᠢᠳᠡᠮ ᠪᠠᠶᠢᠴᠠᠭᠠᠯᠲᠠ ᠶᠢᠨ ᠠᠭᠤᠯᠭ᠎ᠠ᠃ ᠡᠭᠦᠨ ᠳᠤ ᠬᠥᠷᠥᠰᠥ ᠰᠢᠷᠣᠢ ᠶᠢᠨ ᠴᠢᠨᠠᠷᠲᠠᠢ ᠨᠡᠶᠢᠳᠡᠮ ᠪᠠᠶᠢᠴᠠᠭᠠᠯᠲᠠ᠂ ᠬᠥᠷᠥᠰᠥ ᠰᠢᠷᠣᠢ ᠶᠢᠨ ᠲᠥᠷᠥᠯ ᠤᠨ ᠨᠡᠶᠢᠳᠡᠮ ᠪᠠᠶᠢᠴᠠᠭᠠᠯᠲᠠ᠂ ᠬᠥᠷᠥᠰᠥ ᠰᠢᠷᠣᠢ ᠶᠢᠨ ᠨᠥᠬᠦᠴᠡᠯ ᠢ ᠨᠡᠶᠢᠳᠡᠮ ᠪᠠᠶᠢᠴᠠᠭᠠᠬᠤ᠂ ᠬᠥᠷᠥᠰᠥ ᠰᠢᠷᠣᠢ ᠶᠢ ᠠᠰᠢᠭᠯᠠᠭᠰᠠᠨ ᠪᠠᠶᠢᠳᠠᠯ ᠢ ᠨᠡᠶᠢᠳᠡᠮ ᠪᠠᠶᠢᠴᠠᠭᠠᠬᠤ᠂ ᠬᠥᠷᠥᠰᠥ ᠰᠢᠷᠣᠢ ᠶᠢᠨ ᠥᠯᠢᠭᠡᠷ ᠲᠤᠭ᠎ᠠ ᠪᠠᠷᠢᠮᠲᠠ ᠶᠢᠨ ᠬᠥᠮᠥᠷᠭᠡ ᠪᠠ ᠬᠥᠷᠥᠰᠥ ᠰᠢᠷᠣᠢ ᠶᠢᠨ ᠥᠯᠢᠭᠡᠷ ᠡᠳ᠋ ᠤᠨ ᠬᠥᠮᠥᠷᠭᠡ ᠶᠢ ᠪᠠᠶᠢᠭᠤᠯᠬᠤ᠂ ᠬᠥᠷᠥᠰᠥ ᠰᠢᠷᠣᠢ ᠶᠢᠨ ᠶᠠᠰᠤ ᠴᠢᠨᠠᠷ ᠤᠨ ᠪᠠᠶᠢᠳᠠᠯ ᠢ ᠵᠠᠳᠠᠯᠬᠤ᠂ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠬᠤᠷᠢᠶᠠᠩᠭᠤᠶᠢᠯᠠᠨ ᠨᠢᠭᠡᠳᠬᠡᠬᠦ ᠵᠡᠷᠭᠡ ᠪᠠᠭᠲᠠᠨ᠎ᠠ᠃ ᠬᠥᠷᠥᠰᠥ ᠰᠢᠷᠣᠢ ᠶᠢ ᠲᠥᠷᠥᠯ ᠬᠤᠪᠢᠶᠠᠬᠤ ᠰᠢᠰᠲ᠋ᠧᠮ ᠬᠢᠭᠡᠳ ᠬᠠᠷᠭᠤᠭᠤᠯᠤᠨ ᠬᠢᠨᠠᠵᠤ ᠬᠥᠷᠥᠰᠥ ᠰᠢᠷᠣᠢ ᠶᠢ ᠨᠥᠬᠦᠪᠦᠷᠢᠯᠡᠬᠦ ᠲᠥᠷᠥᠯ ᠬᠡᠯᠪᠡᠷᠢ ᠶᠢ ᠲᠡᠭᠦᠯᠳᠡᠷᠵᠢᠭᠦᠯᠬᠦ ᠪᠠᠷ ᠰᠠᠭᠤᠷᠢ ᠪᠣᠯᠭᠠᠵᠤ᠂ ᠬᠥᠷᠥᠰᠥ ᠰᠢᠷᠣᠢ ᠶᠢᠨ ᠹᠢᠽᠢᠺ ᠬᠢᠮᠢ ᠶᠢᠨ ᠴᠢᠨᠠᠷᠲᠠᠢ ᠨᠡᠶᠢᠳᠡᠮ ᠪᠠᠶᠢᠴᠠᠭᠠᠯᠲᠠ ᠪᠠᠷ ᠭᠤᠣᠯᠳᠠᠯᠭ᠎ᠠ ᠪᠣᠯᠭᠠᠨ᠂ ᠪᠥᠬᠦ ᠲᠣᠭᠤᠷᠢᠭ ᠤᠨ ᠬᠥᠷᠥᠰᠥ ᠰᠢᠷᠣᠢ ᠶᠢᠨ ᠰᠠᠭᠤᠷᠢ ᠲᠤᠭ᠎ᠠ ᠪᠠᠷᠢᠮᠲᠠ ᠶᠢ ᠰᠢᠨᠡᠳᠬᠡᠬᠦ ᠪᠠ ᠲᠡᠭᠦᠯᠳᠡᠷᠵᠢᠭᠦᠯᠵᠦ᠂ ᠬᠥᠷᠥᠰᠥ ᠰᠢᠷᠣᠢ ᠶᠢᠨ ᠲᠤᠭ᠎ᠠ ᠪᠠᠷᠢᠮᠲᠠ ᠶᠢᠨ ᠬᠥᠮᠥᠷᠭᠡ ᠪᠠ ᠥᠯᠢᠭᠡᠷ ᠡᠳ᠋ ᠤᠨ ᠬᠥᠮᠥᠷᠭᠡ ᠶᠢ ᠪᠠᠶᠢᠭᠤᠯᠵᠤ᠂ ᠲᠤᠭ᠎ᠠ ᠪᠠᠷᠢᠮᠲᠠ ᠶᠢ ᠡᠮᠬᠢᠳᠬᠡᠨ ᠬᠢᠨᠠᠨ ᠬᠠᠷᠭᠤᠭᠤᠯᠬᠤ᠂ ᠵᠠᠳᠠᠯᠬᠤ ᠪᠠ ᠦᠷ᠎ᠡ ᠪᠦᠲᠦᠭᠡᠯ ᠢ ᠬᠤᠷᠢᠶᠠᠩᠭᠤᠶᠢᠯᠠᠬᠤ ᠶᠢ ᠥᠷᠨᠢᠭᠦᠯᠦᠨ᠎ᠡ᠃ ᠠᠳᠠᠯᠢ ᠪᠤᠰᠤ ᠠᠮᠢ ᠠᠬᠤᠢ ᠶᠢᠨ ᠨᠥᠬᠦᠴᠡᠯ᠂ ᠠᠳᠠᠯᠢ ᠪᠤᠰᠤ ᠠᠰᠢᠭᠯᠠᠬᠤ ᠲᠥᠷᠥᠯ ᠬᠡᠯᠪᠡᠷᠢ ᠶᠢᠨ ᠬᠥᠷᠥᠰᠥ ᠰᠢᠷᠣᠢ ᠶᠢᠨ ᠶᠠᠰᠤ ᠴᠢᠨᠠᠷ ᠵᠢᠴᠢ ᠮᠠᠭᠤᠵᠢᠷᠠᠭᠰᠠᠨ ᠪᠠ ᠬᠠᠷᠰᠢ ᠰᠠᠭᠠᠳ ᠲᠠᠢ ᠪᠠᠶᠢᠭ᠎ᠠ ᠪᠠᠶᠢᠳᠠᠯ ᠢ ᠪᠠᠶᠢᠴᠠᠭᠠᠨ ᠲᠣᠳᠣᠯᠠᠵᠤ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠭᠠᠵᠠᠷ ᠤᠨ ᠬᠥᠷᠥᠰᠥ ᠰᠢᠷᠣᠢ ᠶᠢᠨ ᠣᠨᠴᠠᠯᠢᠭ᠂ ᠲᠠᠷᠢᠶᠠᠨ ᠭᠠᠵᠠᠷ ᠤᠨ ᠪᠡᠯᠡᠳᠬᠡᠯ ᠡᠬᠢ ᠪᠠᠶᠠᠯᠢᠭ ᠤᠨ ᠬᠥᠷᠥᠰᠥ ᠰᠢᠷᠣᠢ ᠶᠢᠨ ᠶᠠᠰᠤ ᠴᠢᠨᠠᠷ᠂ ᠨᠡᠶᠢᠲᠡᠯᠢᠭ ᠣᠷᠣᠨ ᠪᠦᠰᠡ ᠶᠢᠨ ᠬᠥᠷᠥᠰᠥ ᠰᠢᠷᠣᠢ ᠶᠢᠨ ᠣᠷᠴᠢᠨ ᠲᠣᠭᠤᠷᠢᠨ ᠪᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠵᠡᠷᠭᠡ ᠶᠢ ᠲᠣᠳᠣᠷᠬᠠᠢ ᠣᠶᠢᠯᠠᠭᠠᠵᠤ᠂ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠢ ᠶᠢᠨ ᠶᠠᠰᠤ ᠴᠢᠨᠠᠷ ᠤᠨ ᠪᠠᠶᠢᠳᠠᠯ ᠢ ᠪᠥᠬᠦ ᠲᠠᠯ᠎ᠠ ᠪᠠᠷ ᠪᠠᠶᠢᠴᠠᠭᠠᠨ ᠲᠣᠳᠣᠯᠠᠬᠤ ᠬᠡᠷᠡᠭᠲᠡᠢ᠃        1. ᠬᠥᠷᠥᠰᠥ ᠰᠢᠷᠣᠢ ᠶᠢᠨ ᠰᠢᠨᠵᠢ ᠴᠢᠨᠠᠷ ᠤᠨ ᠨᠡᠶᠢᠳᠡᠮ ᠪᠠᠶᠢᠴᠠᠭᠠᠯᠲᠠ᠃ ᠬᠥᠷᠥᠰᠥ ᠰᠢᠷᠣᠢ ᠶᠢᠨ ᠥᠯᠢᠭᠡᠷ ᠡᠳ᠋ ᠴᠤᠭᠯᠠᠭᠤᠯᠬᠤ ᠪᠠ ᠰᠢᠯᠭᠠᠬᠤ ᠪᠠᠷ ᠳᠠᠮᠵᠢᠭᠤᠯᠤᠨ᠂ ᠬᠥᠷᠥᠰᠥ ᠰᠢᠷᠣᠢ ᠶᠢᠨ ᠥᠩᠭᠡ ᠪᠤᠳᠤᠭ᠂ ᠭᠠᠵᠠᠷ ᠰᠢᠷᠣᠢ᠂ ᠣᠷᠭᠠᠨᠢᠭ ᠡᠳ᠋᠂ ᠬᠦᠴᠢᠯᠯᠢᠭ ᠬᠤᠵᠢᠷ ᠤᠨ ᠬᠡᠮᠵᠢᠶ᠎ᠡ᠂ ᠰᠢᠮ᠎ᠡ ᠲᠡᠵᠢᠭᠡᠯ ᠤᠨ ᠪᠠᠶᠢᠳᠠᠯ᠂ ᠪᠠᠭᠲᠠᠭᠠᠮᠵᠢ ᠨᠢ ᠬᠦᠨᠳᠦ᠂ ᠵᠠᠢ ᠵᠠᠪᠰᠠᠷ᠂ ᠬᠦᠨᠳᠦ ᠲᠡᠮᠦᠷᠯᠢᠭ ᠵᠡᠷᠭᠡ ᠬᠥᠷᠥᠰᠥ ᠰᠢᠷᠣᠢ ᠶᠢᠨ ᠹᠢᠽᠢᠺ᠂ ᠬᠢᠮᠢ ᠶᠢᠨ ᠭᠦᠢᠴᠡᠳᠬᠡᠯ ᠲᠤᠭ᠎ᠠ ᠵᠢᠴᠢ ᠳᠠᠪᠠᠭᠤᠯᠢᠭ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠪᠢᠴᠢᠯ ᠡᠯᠧᠮᠧᠨ᠋ᠲ ᠢ ᠨᠡᠶᠢᠳᠡᠮ ᠪᠠᠶᠢᠴᠠᠭᠠᠨ᠎ᠠ︔ ᠨᠡᠶᠢᠲᠡᠯᠢᠭ ᠣᠷᠣᠨ ᠪᠦᠰᠡ ᠳᠤ ᠨᠡᠶᠢᠳᠡᠮ ᠪᠠᠶᠢᠴᠠᠭᠠᠯᠲᠠ ᠶᠢᠨ ᠤᠷᠭᠤᠮᠠᠯ ᠤᠨ ᠦᠨᠳᠦᠰᠦ᠂ ᠠᠮᠢᠲᠠᠨ ᠤ ᠠᠵᠢᠯᠯᠠᠭ᠎ᠠ᠂ ᠮᠢᠺᠷᠣᠪ ᠤᠨ ᠲᠤᠭ᠎ᠠ ᠬᠡᠮᠵᠢᠶ᠎ᠡ᠂ ᠲᠥᠷᠥᠯ ᠬᠡᠯᠪᠡᠷᠢ᠂ ᠲᠠᠷᠬᠠᠯᠲᠠ ᠵᠡᠷᠭᠡ ᠬᠥᠷᠥᠰᠥ ᠰᠢᠷᠣᠢ ᠶᠢᠨ ᠠᠮᠢᠳᠤ ᠪᠣᠳᠠᠰ ᠤᠨ ᠤᠬᠠᠭᠠᠨ ᠤ ᠭᠦᠢᠴᠡᠳᠬᠡᠯ ᠲᠤᠭ᠎ᠠ ᠶᠢ ᠨᠡᠶᠢᠳᠡᠮ ᠪᠠᠶᠢᠴᠠᠭᠠᠨ᠎ᠠ᠃        2. ᠬᠥᠷᠥᠰᠥ ᠰᠢᠷᠣᠢ ᠶᠢᠨ ᠲᠥᠷᠥᠯ ᠤᠨ ᠨᠡᠶᠢᠳᠡᠮ ᠪᠠᠶᠢᠴᠠᠭᠠᠯᠲᠠ᠃ ᠬᠥᠷᠥᠰᠥ ᠰᠢᠷᠣᠢ ᠶᠢᠨ ᠬᠤᠶᠠᠷ ᠲᠦ᠋ᠭᠡᠮᠡᠯ ᠢ ᠲᠦ᠋ᠭᠡᠮᠡᠯᠵᠢᠭᠦᠯᠬᠦ ᠲᠣᠷᠤᠯ ᠬᠤᠪᠢᠶᠠᠭᠰᠠᠨ ᠦᠷ᠎ᠡ ᠪᠦᠲᠦᠭᠡᠯ ᠢᠶᠠᠷ ᠰᠠᠭᠤᠷᠢ ᠪᠤᠯᠬᠠᠨ᠋᠎ᠠ᠃ ᠲᠤᠬᠠᠢ ᠶᠢᠨ ᠭᠠᠵᠠᠷ ᠲᠤᠨᠢ ᠣᠴᠢᠵᠤ ᠬᠠᠶᠢᠨ ᠰᠢᠨᠵᠢᠬᠦ᠂ ᠣᠭᠲᠣᠯᠣᠭᠠᠰᠤ ᠶᠢᠨ ᠠᠵᠢᠭᠯᠠᠯᠲᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠥᠷᠥᠰᠥ ᠰᠢᠷᠣᠢ ᠶᠢᠨ ᠲᠥᠷᠥᠯ ᠬᠡᠯᠪᠡᠷᠢ᠂ ᠲᠠᠷᠬᠠᠯᠲᠠ᠂ ᠲᠠᠯᠠᠪᠠᠶ ᠵᠡᠷᠭᠡ ᠶᠢ ᠬᠢᠨᠠᠨ ᠬᠠᠷᠭᠤᠭᠤᠯᠬᠤ ᠪᠠ ᠨᠥᠬᠦᠪᠦᠷᠢᠯᠡᠨ ᠲᠡᠭᠦᠯᠳᠡᠷᠵᠢᠭᠦᠯᠬᠦ ᠬᠡᠷᠡᠭᠲᠡᠢ᠃ ᠡᠭᠦᠨ ᠤ ᠬᠠᠮᠲᠤ ᠬᠥᠷᠥᠰᠥ ᠰᠢᠷᠣᠢ ᠶᠢᠨ ᠣᠭᠲᠣᠯᠣᠭᠠᠰᠤ ᠪᠠᠷ ᠳᠠᠮᠵᠢᠭᠤᠯᠤᠨ᠂ 1 ᠮᠧᠲᠷ ᠤᠨ ᠭᠠᠵᠠᠷ ᠰᠢᠷᠣᠢ ᠶᠢᠨ ᠣᠭᠲᠣᠯᠣᠭᠠᠰᠤ ᠳᠤᠮᠳᠠ ᠡᠯᠡᠰᠦ ᠯᠡᠪᠡᠷᠡᠬᠦ᠂ ᠬᠠᠶᠢᠷ ᠴᠢᠯᠠᠭᠤ᠂ ᠨᠠᠩᠭᠢ ᠲᠡᠮᠦᠷ᠂ ᠴᠠᠭᠠᠨ ᠡᠭᠡᠳᠡᠩ᠂ ᠬᠤᠵᠢᠷᠯᠢᠭ ᠴᠢᠯᠠᠭᠤᠨ ᠳᠠᠪᠬᠤᠷᠭ᠎ᠠ ᠵᠡᠷᠭᠡ ᠬᠠᠷᠰᠢ ᠰᠠᠭᠠᠳ ᠲᠠᠢ ᠲᠥᠷᠥᠯ ᠵᠦᠢᠯ᠂ ᠲᠠᠷᠬᠠᠯᠲᠠ ᠶᠢᠨ ᠳᠡᠰ ᠳᠠᠪᠬᠤᠷᠭ᠎ᠠ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠪᠠ᠃        3. ᠬᠥᠷᠥᠰᠥ ᠰᠢᠷᠣᠢ ᠶᠢᠨ ᠨᠥᠬᠦᠴᠡᠯ ᠤᠨ ᠨᠡᠶᠢᠳᠡᠮ ᠪᠠᠶᠢᠴᠠᠭᠠᠯᠲᠠ᠃ ᠬᠥᠷᠥᠰᠥ ᠰᠢᠷᠣᠢ ᠶᠢᠨ ᠬᠡᠭᠡᠷ᠎ᠡ ᠶᠢᠨ ᠪᠠᠶᠢᠴᠠᠭᠠᠯᠲᠠ ᠶᠢᠨ ᠥᠯᠢᠭᠡᠷ ᠠᠪᠬᠤ ᠴᠡᠭ ᠤᠨ ᠪᠠᠶᠢᠭ᠎ᠠ ᠭᠠᠵᠠᠷ ᠣᠷᠣᠨ ᠤ ᠭᠠᠵᠠᠷ ᠤᠨ ᠪᠠᠶᠢᠴᠠ᠂ ᠤᠷᠭᠤᠮᠠᠯ ᠤᠨ ᠬᠤᠴᠢᠯᠭ᠎ᠠ ᠶᠢᠨ ᠲᠥᠷᠥᠯ ᠬᠡᠯᠪᠡᠷᠢ᠂ ᠠᠭᠤᠷ ᠠᠮᠢᠰᠬᠤᠯ᠂ ᠤᠰᠤ ᠭᠠᠵᠠᠷ ᠰᠢᠨᠵᠢᠯᠡᠭᠡ ᠵᠡᠷᠭᠡ ᠪᠠᠶᠢᠳᠠᠯ ᠢ ᠭᠤᠣᠯᠳᠠᠯᠭ᠎ᠠ ᠲᠠᠢ ᠨᠡᠶᠢᠳᠡᠮ ᠪᠠᠶᠢᠴᠠᠭᠠᠨ᠎ᠠ᠃        4. ᠬᠥᠷᠥᠰᠥ ᠰᠢᠷᠣᠢ ᠶᠢᠨ ᠠᠰᠢᠭᠯᠠᠯᠲᠠ ᠶᠢᠨ ᠪᠠᠶᠢᠳᠠᠯ ᠤᠨ ᠨᠡᠶᠢᠳᠡᠮ ᠪᠠᠶᠢᠴᠠᠭᠠᠯᠲᠠ᠃ ᠦᠯᠢᠭᠡᠷ ᠬᠡᠪ ᠲᠠᠢ ᠤᠶᠠᠯᠳᠤᠭᠤᠯᠤᠨ᠂ ᠰᠠᠭᠤᠷᠢ ᠪᠡᠯᠡᠳᠬᠡᠮᠵᠢ ᠶᠢᠨ ᠰᠡᠯᠪᠢᠭ ᠲᠣᠨᠤᠭ᠂ ᠲᠠᠷᠢᠬᠤ ᠳᠦᠷᠢᠮ᠂ ᠲᠠᠷᠢᠶᠠᠯᠠᠬᠤ ᠠᠷᠭ᠎ᠠ ᠮᠠᠶ᠋ᠢᠭ᠂ ᠤᠰᠤᠯᠠᠬᠤ ᠪᠠ ᠤᠰᠤ ᠵᠠᠯᠠᠬᠤ ᠪᠡᠯᠡᠳᠬᠡᠮᠵᠢ ᠶᠢᠨ ᠪᠠᠶᠢᠳᠠᠯ᠂ ᠤᠷᠭᠤᠮᠠᠯ ᠤᠨ ᠥᠰᠦᠯᠲᠡ ᠵᠢᠴᠢ ᠲᠠᠷᠢᠮᠠᠯ ᠤᠨ ᠤᠨᠠᠯᠲᠠ ᠶᠢᠨ ᠬᠢᠷᠢ ᠬᠡᠮᠵᠢᠶ᠎ᠡ ᠵᠡᠷᠭᠡ ᠰᠠᠭᠤᠷᠢ ᠮᠡᠳᠡᠭᠡ ᠵᠠᠩᠭᠢ᠂ ᠪᠣᠷᠳᠣᠭᠤᠷ᠂ ᠲᠠᠷᠢᠶᠠᠨ ᠡᠮ᠂ ᠲᠠᠷᠢᠶᠠᠯᠠᠩ ᠤᠨ ᠵᠤᠯᠤᠮ᠎ᠠ ᠪᠦᠷᠬᠦᠪᠴᠢ ᠵᠡᠷᠭᠡ ᠶᠢᠨ ᠣᠷᠣᠭᠤᠯᠤᠯᠲᠠ ᠶᠢᠨ ᠡᠳ᠋ ᠢ ᠬᠡᠷᠡᠭᠯᠡᠵᠦ ᠪᠠᠶᠢᠭ᠎ᠠ ᠪᠠᠶᠢᠳᠠᠯ᠂ ᠲᠠᠷᠢᠶᠠᠯᠠᠩ ᠤᠨ ᠡᠵᠡᠩᠨᠡᠭᠴᠢ ᠠᠴᠠ ᠬᠥᠷᠥᠰᠥ ᠰᠢᠷᠣᠢ ᠶᠢ ᠰᠢᠮᠡᠵᠢᠭᠦᠯᠦᠨ ᠰᠠᠶᠢᠵᠢᠷᠠᠭᠤᠯᠬᠤ᠂ ᠲᠠᠷᠢᠮᠠᠯ ᠤᠨ ᠡᠰᠢ ᠰᠦᠷᠡᠯ ᠢ ᠲᠠᠷᠢᠶᠠᠨ ᠳᠤ ᠣᠷᠣᠭᠤᠯᠬᠤ ᠵᠡᠷᠭᠡ ᠠᠷᠭ᠎ᠠ ᠪᠠ ᠲᠤᠷᠰᠢᠯᠭ᠎ᠠ ᠶᠢ ᠭᠤᠣᠯᠳᠠᠯᠭ᠎ᠠ ᠲᠠᠢ ᠨᠡᠶᠢᠳᠡᠮ ᠪᠠᠶᠢᠴᠠᠭᠠᠬᠤ ᠬᠡᠷᠡᠭᠲᠡᠢ᠃        5. ᠬᠥᠷᠥᠰᠥ ᠰᠢᠷᠣᠢ ᠶᠢᠨ ᠵᠠᠭᠪᠤᠷ ᠤᠨ ᠬᠥᠮᠥᠷᠭᠡ ᠶᠢ ᠪᠠᠶᠢᠭᠤᠯᠤᠨ᠎ᠠ᠃ ᠲᠣᠭᠤᠷᠢᠭ ᠤᠨ ᠱᠠᠲᠤᠨ ᠤ ᠬᠥᠷᠥᠰᠥ ᠰᠢᠷᠣᠢ ᠶᠢᠨ ᠭᠠᠳᠠᠷᠭᠤ ᠶᠢᠨ ᠥᠯᠢᠭᠡᠷ ᠡᠳ᠋ ᠢ ᠬᠠᠳᠠᠭᠠᠯᠠᠬᠤ ᠬᠥᠮᠥᠷᠭᠡ ᠶᠢ ᠪᠠᠶᠢᠭᠤᠯᠤᠨ᠎ᠠ᠃        6. ᠬᠥᠷᠥᠰᠥ ᠰᠢᠷᠣᠢ ᠶᠢᠨ ᠶᠠᠰᠤ ᠴᠢᠨᠠᠷ ᠤᠨ ᠪᠠᠶᠢᠳᠠᠯ ᠤᠨ ᠵᠠᠳᠠᠯᠤᠯᠲᠠ᠃ ᠨᠡᠶᠢᠳᠡᠮ ᠪᠠᠶᠢᠴᠠᠭᠠᠯᠲᠠ ᠪᠠᠷ ᠣᠯᠣᠭᠰᠠᠨ ᠬᠥᠷᠥᠰᠥ ᠰᠢᠷᠣᠢ ᠶᠢᠨ ᠹᠢᠽᠢᠺ ᠬᠢᠮᠢ ᠪᠠ ᠠᠮᠢᠳᠤ ᠪᠣᠳᠠᠰ ᠤᠨ ᠰᠢᠨᠵᠢ ᠪᠠᠶᠢᠳᠠᠯ᠂ ᠣᠭᠲᠣᠯᠣᠭᠠᠰᠤ ᠶᠢᠨ ᠰᠢᠨᠵᠢ ᠪᠠᠶᠢᠳᠠᠯ ᠪᠠ ᠠᠰᠢᠭᠯᠠᠯᠲᠠ ᠶᠢᠨ ᠪᠠᠶᠢᠳᠠᠯ ᠵᠡᠷᠭᠡ ᠰᠠᠭᠤᠷᠢ ᠲᠤᠭ᠎ᠠ ᠪᠠᠷᠢᠮᠲᠠ ᠶᠢ ᠠᠰᠢᠭᠯᠠᠨ᠂ ᠬᠥᠷᠥᠰᠥ ᠰᠢᠷᠣᠢ ᠶᠢᠨ ᠶᠠᠰᠤ ᠴᠢᠨᠠᠷ  ᠢ ᠵᠠᠳᠠᠯᠤᠨ᠂ ᠬᠥᠷᠥᠰᠥ ᠰᠢᠷᠣᠢ ᠶᠢᠨ ᠠᠰᠢᠭᠯᠠᠯᠲᠠ ᠶᠢᠨ ᠲᠣᠬᠢᠷᠠᠮᠵᠢᠲᠠᠢ ᠴᠢᠨᠠᠷ  ᠢ ᠦᠨᠡᠯᠡᠬᠦ ᠬᠡᠷᠡᠭᠲᠡᠢ᠃        7. ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠬᠤᠷᠢᠶᠠᠩᠭᠤᠶᠢᠯᠠᠨ᠎ᠠ᠃ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠱᠠᠲᠤ ᠬᠤᠪᠢᠶᠠᠨ ᠬᠤᠷᠢᠶᠠᠩᠭᠤᠶᠢᠯᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠢᠷᠤᠭ ᠤᠨ ᠦᠷ᠎ᠡ ᠪᠦᠲᠦᠭᠡᠯ᠂ ᠲᠤᠭ᠎ᠠ ᠪᠠᠷᠢᠮᠲᠠ ᠶᠢᠨ ᠦᠷ᠎ᠡ ᠪᠦᠲᠦᠭᠡᠯ᠂ ᠦᠰᠦᠭ ᠪᠢᠴᠢᠭ ᠤᠨ ᠦᠷ᠎ᠡ ᠪᠦᠲᠦᠭᠡᠯ ᠪᠠ ᠲᠤᠭ᠎ᠠ ᠪᠠᠷᠢᠮᠲᠠ ᠶᠢᠨ ᠬᠥᠮᠥᠷᠭᠡ ᠶᠢᠨ ᠦᠷ᠎ᠡ ᠪᠦᠲᠦᠭᠡᠯ ᠢ ᠪᠠᠭᠲᠠᠭᠠᠨ᠎ᠠ᠃ ᠬᠥᠷᠥᠰᠥ ᠰᠢᠷᠣᠢ ᠶᠢᠨ ᠶᠠᠰᠤ ᠴᠢᠨᠠᠷ ᠤᠨ ᠪᠠᠶᠢᠳᠠᠯ᠂ ᠬᠥᠷᠥᠰᠥ ᠰᠢᠷᠣᠢ ᠶᠢ ᠰᠠᠶᠢᠵᠢᠷᠠᠭᠤᠯᠬᠤ ᠪᠠ ᠠᠰᠢᠭᠯᠠᠬᠤ᠂ ᠲᠠᠷᠢᠶᠠᠯᠠᠩ ᠣᠶ ᠰᠢᠭᠤᠢ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠠᠶᠢᠷᠢᠰᠢᠭᠤᠯᠤᠯ  ᠢ ᠰᠢᠯᠢᠳᠡᠭᠵᠢᠭᠦᠯᠬᠦ ᠵᠡᠷᠭᠡ ᠲᠤᠭ᠎ᠠ ᠪᠠᠷᠢᠮᠲᠠ ᠶᠢᠨ ᠦᠷ᠎ᠡ ᠪᠦᠲᠦᠭᠡᠯ  ᠢ ᠬᠤᠷᠢᠶᠠᠩᠭᠤᠶᠢᠯᠠᠨ ᠵᠠᠳᠠᠯᠬᠤ ᠶᠢ ᠥᠷᠨᠢᠭᠦᠯᠦᠨ᠎ᠡ᠃ 40 ᠵᠢᠯ ᠤᠨ ᠲᠤᠷᠰᠢᠬᠢ ᠬᠥᠷᠥᠰᠥ ᠰᠢᠷᠣᠢ ᠶᠢᠨ ᠬᠤᠪᠢᠷᠠᠯᠲᠠ ᠶᠢᠨ ᠬᠠᠨᠳᠤᠰᠢ ᠵᠢᠴᠢ ᠰᠢᠯᠲᠠᠭᠠᠨ ᠤ ᠵᠠᠳᠠᠯᠤᠯᠲᠠ ᠶᠢ ᠥᠷᠨᠢᠭᠦᠯᠵᠦ᠂ ᠬᠥᠷᠥᠰᠥ ᠰᠢᠷᠣᠢ ᠶᠢᠨ ᠤᠬᠤᠷᠢᠨ ᠭᠠᠷᠬᠤ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠶᠢ ᠳᠤᠷᠠᠳᠤᠨ ᠭᠠᠷᠭᠠᠪᠠ᠃ ᠲᠠᠷᠢᠶᠠᠨ ᠭᠠᠵᠠᠷ ᠤᠨ ᠮᠠᠭᠤᠵᠢᠷᠠᠯ᠂ ᠲᠠᠷᠢᠶᠠᠨ ᠭᠠᠵᠠᠷ ᠤᠨ ᠬᠥᠷᠥᠰᠥ ᠰᠢᠷᠣᠢ ᠶᠢᠨ ᠬᠤᠵᠢᠷᠰᠢᠯ ᠵᠡᠷᠭᠡ ᠲᠤᠰᠬᠠᠢ ᠰᠡᠳᠦᠪᠲᠦ ᠦᠨᠡᠯᠡᠯᠲᠡ ᠶᠢ ᠥᠷᠨᠢᠭᠦᠯᠵᠦ᠂ ᠵᠠᠰᠠᠵᠤ ᠰᠡᠷᠭᠦᠭᠡᠬᠦ ᠠᠷᠭ᠎ᠠ ᠪᠣᠳᠣᠯᠭ᠎ᠠ ᠶᠢ ᠳᠤᠷᠠᠳᠬᠤ ᠬᠡᠷᠡᠭᠲᠡᠢ᠃        ᠭᠤᠷᠪᠠ᠂ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ ᠱᠤᠭᠤᠮ ᠬᠢᠭᠡᠳ ᠠᠷᠭ᠎ᠠ        ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠨᠢᠭᠡᠳᠦᠯᠲᠡᠢ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠠᠪᠴᠠᠩ᠂ ᠮᠡᠷᠭᠡᠵᠢᠯ ᠤᠨ ᠳᠦᠷᠢᠮ ᠢ ᠨᠢᠭᠡᠳᠬᠡᠵᠦ᠂ ᠠᠵᠢᠯ ᠤᠨ ᠡᠬᠡ ᠵᠢᠷᠤᠭ ᠢ ᠨᠢᠭᠡᠳᠦᠯᠲᠡᠢ ᠲᠥᠯᠥᠪᠵᠢᠭᠦᠯᠦᠨ᠂ ᠥᠯᠢᠭᠡᠷ ᠠᠪᠬᠤ ᠴᠡᠭ ᠢ ᠨᠢᠭᠡᠳᠦᠯᠲᠡᠢ ᠲᠥᠯᠥᠪᠵᠢᠭᠦᠯᠦᠨ᠂ ᠨᠢᠭᠡᠳᠦᠯᠲᠡᠢ ᠬᠢᠨᠠᠨ ᠰᠢᠯᠭᠠᠵᠤ ᠵᠠᠳᠠᠯᠬᠤ ᠲᠤᠰᠬᠠᠢ ᠪᠠᠶᠢᠭᠤᠯᠤᠮᠵᠢ᠂ ᠨᠢᠭᠡᠳᠦᠯᠲᠡᠢ ᠶᠠᠪᠤᠴᠠ ᠶᠢᠨ ᠶᠠᠰᠤ ᠴᠢᠨᠠᠷ ᠤᠨ ᠡᠵᠡᠮᠳᠡᠯ ᠵᠡᠷᠭᠡ ︽ᠵᠢᠷᠭᠤᠭ᠎ᠠ ᠶᠢ ᠨᠢᠭᠡᠳᠦᠯᠲᠡᠢ ᠪᠠᠶᠢᠯᠭᠠᠬᠤ︾ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ ᠰᠢᠰᠲ᠋ᠧᠮ ᠢ ᠨᠢᠭᠡᠳᠦᠯᠲᠡᠢ ᠲᠥᠯᠥᠪᠵᠢᠭᠦᠯᠦᠨ᠎ᠡ︔ ᠮᠡᠷᠭᠡᠵᠢᠯ ᠤᠨ ᠳᠦᠷᠢᠮ ᠢ ᠬᠡᠷᠡᠭᠵᠢᠭᠦᠯᠵᠦ᠂ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠠᠵᠢᠯ ᠢ ᠨᠢᠭᠡᠳᠦᠯᠲᠡᠢ ᠥᠷᠨᠢᠭᠦᠯᠦᠨ᠎ᠡ︔ ᠭᠠᠳᠠᠨᠠᠬᠢ ᠦᠢᠯᠡᠰ ᠤᠨ ᠪᠠᠶᠢᠴᠠᠭᠠᠯᠲᠠ ᠶᠢᠨ ᠥᠯᠢᠭᠡᠷ ᠠᠪᠬᠤ ᠴᠡᠭ ᠢ ᠬᠠᠷᠭᠤᠭᠤᠯᠤᠨ ᠬᠠᠷᠭᠤᠭᠤᠯᠬᠤ ᠪᠠ ᠥᠯᠢᠭᠡᠷ ᠠᠪᠬᠤ ᠪᠠᠶᠢᠴᠠᠭᠠᠯᠲᠠ ᠶᠢ ᠨᠢᠭᠡᠳᠦᠯᠲᠡᠢ ᠥᠷᠨᠢᠭᠦᠯᠦᠨ᠎ᠡ︔ ᠦᠯᠢᠭᠡᠷ ᠡᠳ᠋ ᠦᠢᠯᠡᠳᠬᠦ ᠪᠡᠯᠡᠳᠬᠡᠯ ᠢ ᠨᠢᠭᠡᠳᠦᠯᠲᠡᠢ ᠥᠷᠨᠢᠭᠦᠯᠵᠦ᠂ ᠵᠢᠷᠤᠮᠵᠢᠭᠤᠯᠤᠨ ᠰᠢᠯᠭᠠᠬᠤ ᠭᠦᠢᠴᠡᠳᠬᠡᠯ ᠲᠤᠭ᠎ᠠ ᠬᠢᠭᠡᠳ ᠠᠷᠭ᠎ᠠ ᠪᠠᠷ ᠥᠯᠢᠭᠡᠷ ᠡᠳ᠋ ᠤᠨ ᠪᠠᠶᠢᠴᠠᠭᠠᠨ ᠬᠡᠮᠵᠢᠯᠲᠡ ᠶᠢ ᠨᠢᠭᠡᠳᠦᠯᠲᠡᠢ ᠥᠷᠨᠢᠭᠦᠯᠦᠨ᠎ᠡ︔ ︽ᠨᠢᠭᠡ ᠴᠡᠭ ᠨᠢᠭᠡ ᠨᠣᠮᠧᠷ︾ ᠤᠨ ᠮᠥᠷᠳᠡᠨ ᠬᠠᠮᠢᠶᠠᠷᠤᠯᠲᠠ ᠪᠠᠷ ᠳᠠᠮᠵᠢᠭᠤᠯᠤᠨ᠂ ᠨᠡᠶᠢᠳᠡᠮ ᠪᠠᠶᠢᠴᠠᠭᠠᠯᠲᠠ ᠶᠢᠨ ᠪᠥᠬᠦ ᠶᠠᠪᠤᠴᠠ ᠶᠢ ᠬᠠᠮᠤᠷᠤᠭᠰᠠᠨ ᠨᠢᠭᠡᠳᠦᠯᠲᠡᠢ ᠶᠠᠰᠤ ᠴᠢᠨᠠᠷ ᠤᠨ ᠡᠵᠡᠮᠳᠡᠯ ᠤᠨ ᠰᠢᠰᠲ᠋ᠧᠮ ᠢ ᠪᠠᠶᠢᠭᠤᠯᠤᠨ᠎ᠠ︔ ᠬᠥᠷᠥᠰᠥ ᠰᠢᠷᠣᠢ ᠶᠢᠨ ᠭᠤᠷᠪᠠ ᠶᠢ ᠲᠦᠭᠡᠮᠡᠯᠵᠢᠭᠦᠯᠬᠦ ᠠᠵᠢᠯ ᠤᠨ ᠲᠠᠪᠴᠠᠩ ᠳᠤ ᠲᠦᠰᠢᠭᠯᠡᠨ᠂ ᠲᠤᠭ᠎ᠠ ᠪᠠᠷᠢᠮᠲᠠ ᠶᠢᠨ ᠵᠠᠳᠠᠯᠤᠯᠲᠠ ᠪᠠ ᠦᠷ᠎ᠡ ᠪᠦᠲᠦᠭᠡᠯ ᠤᠨ ᠬᠤᠷᠢᠶᠠᠩᠭᠤᠶᠢᠯᠠᠯ ᠢ ᠥᠷᠨᠢᠭᠦᠯᠦᠨ᠎ᠡ᠄ ᠬᠥᠷᠥᠰᠥ ᠰᠢᠷᠣᠢ ᠶᠢᠨ ᠭᠤᠷᠪᠠ ᠶᠢ ᠲᠦᠭᠡᠮᠡᠯᠵᠢᠭᠦᠯᠬᠦ ᠪᠠᠷᠢᠮᠵᠢᠶᠠᠵᠢᠭᠤᠯᠤᠯᠲᠠ᠂ ᠲᠤᠰᠬᠠᠶᠢᠵᠢᠯᠲᠠ᠂ ᠣᠶᠤᠨᠴᠢᠯᠠᠯᠲᠠ ᠶᠢ ᠪᠡᠶᠡᠯᠡᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠰᠢᠨᠵᠢᠯᠡᠬᠦ ᠤᠬᠠᠭᠠᠨᠴᠢ᠂ ᠵᠢᠷᠤᠮᠵᠢᠯ ᠲᠠᠢ᠂ ᠥᠨᠳᠥᠷ ᠪᠦᠲᠦᠮᠵᠢᠲᠡᠶ ᠪᠠᠷ ᠠᠬᠢᠭᠤᠯᠤᠨ᠎ᠠ᠃        ︵ᠨᠢᠭᠡ︶ᠲᠠᠪᠴᠠᠩ ᠬᠡᠷᠡᠭᠯᠡᠬᠦ᠃ ᠤᠯᠤᠰ ᠤᠨ ᠲᠠᠪᠴᠠᠩ ᠪᠠ ᠥᠪᠡᠷᠲᠡᠭᠡᠨ ᠵᠠᠰᠠᠬᠤ ᠣᠷᠣᠨ ᠤ ᠬᠥᠷᠥᠰᠥ ᠰᠢᠷᠣᠢ ᠶᠢᠨ ᠭᠤᠷᠪᠠ ᠶᠢ ᠲᠦᠭᠡᠮᠡᠯᠵᠢᠭᠦᠯᠬᠦ ᠠᠵᠢᠯ ᠤᠨ ᠲᠠᠪᠴᠠᠩ ᠤᠨ ᠰᠢᠰᠲ᠋ᠧᠮ ᠤᠨ ᠲᠣᠬᠢᠷᠠᠭᠤᠯᠤᠯᠲᠠ ᠪᠠ ᠲᠤᠭ᠎ᠠ ᠪᠠᠷᠢᠮᠲᠠ ᠶᠢ ᠬᠠᠳᠠᠭᠠᠯᠠᠬᠤ ᠦᠢᠯᠡᠴᠢᠯᠡᠭᠡᠨ ᠤ ᠦᠵᠦᠭᠦᠷ ᠢ ᠨᠢᠭᠡᠳᠦᠯᠲᠡᠢ ᠪᠠᠶᠢᠭᠤᠯᠵᠤ᠂ ᠭᠤᠷᠪᠠ ᠶᠢ ᠲᠦᠭᠡᠮᠡᠯᠵᠢᠭᠦᠯᠬᠦ ᠡᠭᠦᠷᠭᠡ ᠶᠢ ᠬᠤᠪᠢᠶᠠᠨ ᠲᠠᠷᠬᠠᠭᠠᠬᠤ᠂ ᠶᠠᠰᠤ ᠴᠢᠨᠠᠷ ᠢ ᠡᠵᠡᠮᠳᠡᠬᠦ᠂ ᠠᠬᠢᠴᠠ ᠶᠢ ᠡᠵᠡᠮᠳᠡᠨ ᠡᠵᠡᠮᠳᠡᠬᠦ᠂ ᠥᠯᠢᠭᠡᠷ ᠴᠡᠭ ᠥᠯᠢᠭᠡᠷ ᠡᠳ᠋ ᠪᠠ ᠭᠦᠢᠴᠡᠳᠬᠡᠯ ᠲᠤᠭ᠎ᠠ ᠶᠢᠨ ᠵᠠᠭᠠᠭ ᠬᠡᠮᠵᠢᠭᠳᠡᠯ ᠵᠡᠷᠭᠡ ᠲᠤᠭ᠎ᠠ ᠪᠠᠷᠢᠮᠲᠠ ᠶᠢ ᠬᠠᠳᠠᠭᠠᠯᠠᠬᠤ᠂ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠬᠠᠮᠢᠶᠠᠷᠬᠤ᠂ ᠬᠥᠮᠥᠷᠭᠡ ᠳᠤ ᠣᠷᠣᠭᠤᠯᠵᠤ ᠤᠬᠢᠶᠠᠵᠤ ᠴᠡᠪᠡᠷᠯᠡᠬᠦ᠂ ᠨᠠᠷᠢᠯᠢᠭ ᠠᠴᠠ ᠡᠵᠡᠮᠳᠡᠬᠦ᠂ ᠬᠠᠳᠠᠭᠠᠯᠠᠬᠤ ᠶᠢᠨ ᠬᠠᠮᠲᠤ ᠬᠠᠮᠢᠶᠠᠷᠬᠤ ᠠᠵᠢᠯ ᠤᠨ ᠡᠬᠡ ᠵᠢᠷᠤᠭ ᠤᠨ ᠲᠤᠭ᠎ᠠ ᠪᠠᠷᠢᠮᠲᠠ᠂ ᠪᠠᠶᠢᠴᠠᠭᠠᠯᠲᠠ ᠶᠢᠨ ᠶᠠᠪᠤᠴᠠ ᠪᠠ ᠦᠷ᠎ᠡ ᠪᠦᠲᠦᠭᠡᠯ ᠤᠨ ᠲᠤᠭ᠎ᠠ ᠪᠠᠷᠢᠮᠲᠠ᠂ ᠪᠣᠰᠤᠭ᠎ᠠ ᠭᠠᠵᠠᠷ ᠤᠨ ᠮᠡᠳᠡᠭᠡ ᠵᠠᠩᠭᠢ᠂ ᠴᠡᠭ ᠪᠠᠶᠢᠷᠢ ᠶᠢᠨ ᠦᠵᠡᠮᠵᠢ ᠶᠢᠨ ᠵᠢᠷᠤᠭ ᠬᠢᠭᠡᠳ ᠬᠠᠷᠠᠭᠠᠨ ᠳᠠᠪᠲᠠᠮᠵᠢ ᠶᠢᠨ ᠲᠤᠭ᠎ᠠ ᠪᠠᠷᠢᠮᠲᠠ᠂ ᠲᠡᠦᠬᠡ ᠶᠢᠨ ᠲᠤᠭ᠎ᠠ ᠪᠠᠷᠢᠮᠲᠠ᠂ ᠮᠡᠷᠭᠡᠵᠢᠯ ᠤᠨ ᠮᠠᠲ᠋ᠧᠷᠢᠶᠠᠯ ᠳ᠋ᠠᠶᠢᠲ᠋ᠠ ᠵᠡᠷᠭᠡ ᠶᠢ ᠨᠢᠭᠡᠳᠦᠯᠲᠡᠢ ᠪᠠᠶᠢᠭᠤᠯᠵᠤ᠂ ᠬᠥᠷᠥᠰᠥ ᠰᠢᠷᠣᠢ ᠶᠢᠨ ᠲᠤᠭ᠎ᠠ ᠪᠠᠷᠢᠮᠲᠠ ᠶᠢᠨ ᠬᠥᠮᠥᠷᠭᠡ ᠶᠢ ᠪᠦᠷᠢᠯᠳᠦᠭᠦᠯᠦᠨ᠎ᠡ᠃ ᠡᠭᠦᠨ ᠤ ᠬᠠᠮᠲᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠬᠤᠵᠢᠷᠯᠢᠭ ᠭᠠᠵᠠᠷ ᠢ ᠰᠠᠶᠢᠵᠢᠷᠠᠭᠤᠯᠤᠨ ᠠᠰᠢᠭᠯᠠᠬᠤ ᠵᠢᠴᠢ ᠲᠠᠷᠢᠶᠠᠯᠠᠩ ᠳᠤ ᠬᠤᠯᠪᠣᠭᠳᠠᠬᠤ ᠲᠤᠭ᠎ᠠ ᠪᠠᠷᠢᠮᠲᠠ ᠶᠢ ᠨᠡᠮᠡᠭᠳᠡᠭᠦᠯᠵᠦ᠂ ᠳ᠋ᠠᠶᠢᠲ᠋ᠠ ᠶᠢᠨ ᠬᠥᠮᠥᠷᠭᠡ ᠶᠢᠨ ᠴᠢᠳᠠᠮᠵᠢ ᠶᠢ ᠤᠯᠠᠮ ᠨᠢᠭᠡ ᠠᠯᠬᠤᠮ ᠥᠷᠭᠡᠳᠬᠡᠨ᠎ᠡ᠃        ︵ᠬᠤᠶᠠᠷ︶ ᠶᠠᠩᠵᠤ ᠪᠦᠬᠦᠨ ᠢ ᠬᠠᠷᠭᠤᠭᠤᠯᠤᠨ ᠬᠢᠨᠠᠬᠤ᠃ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ( ᠳᠣᠷᠣᠭᠰᠢ︽ᠭᠤᠷᠪᠠ ᠶᠢ ᠲᠦᠭᠡᠮᠡᠯᠵᠢᠭᠦᠯᠬᠦ ᠠᠯᠪᠠᠨ ᠭᠡᠷ︾ ᠭᠡᠵᠦ ᠲᠣᠪᠴᠢᠯᠠᠨ᠎ᠠ᠃︶ᠨᠢᠭᠡᠳᠦᠯᠲᠡᠢ ᠵᠣᠬᠢᠶᠠᠨ ᠪᠠᠶᠢᠭᠤᠯᠤᠨ ᠲᠣᠬᠢᠷᠠᠭᠤᠯᠵᠤ᠂ ᠤᠯᠤᠰ ᠠᠴᠠ ᠪᠠᠭᠤᠯᠭᠠᠭᠰᠠᠨ ᠤᠷᠢᠳᠴᠢᠯᠠᠨ ᠲᠣᠬᠢᠷᠠᠭᠤᠯᠤᠭᠰᠠᠨ ᠥᠯᠢᠭᠡᠷ ᠠᠪᠬᠤ ᠴᠡᠭ ᠲᠤ ᠭᠡᠷ ᠳᠣᠲᠣᠷᠠᠬᠢ ᠬᠠᠷᠭᠤᠭᠤᠯᠤᠨ ᠬᠢᠨᠠᠬᠤ ᠪᠠ ᠬᠡᠭᠡᠷ᠎ᠡ ᠭᠠᠳᠠᠨ᠎ᠠ ᠬᠠᠷᠭᠤᠭᠤᠯᠤᠨ ᠬᠢᠨᠠᠨ᠎ᠠ᠃ ᠦᠯᠢᠭᠡᠷ ᠠᠪᠬᠤ ᠭᠠᠵᠠᠷ ᠤᠨ ᠪᠠᠶᠢᠷᠢᠯᠠᠭᠤᠯᠤᠯᠲᠠ ᠶᠢ ᠦᠯᠢᠭᠡᠷ ᠠᠪᠬᠤ ᠭᠠᠵᠠᠷ ᠤᠨ ᠲᠥᠯᠥᠭᠡᠯᠡᠬᠦ ᠴᠢᠨᠠᠷ᠂ ᠠᠶᠢᠯ ᠲᠣᠰᠬᠤᠨ ᠤ ᠵᠠᠮ ᠵᠡᠷᠭᠡ ᠬᠤᠯᠠ ᠣᠶᠢᠷ᠎ᠠ᠂ ᠵᠠᠮ ᠬᠠᠷᠢᠯᠴᠠᠭᠠᠨ ᠤ ᠨᠡᠪᠲᠡᠷᠡᠯᠭᠡ ᠶᠢᠨ ᠪᠠᠶᠢᠳᠠᠯ᠂ ᠨᠢᠭᠡᠨᠲᠡ ᠴᠤᠭᠯᠠᠭᠤᠯᠤᠭᠰᠠᠨ ᠠᠯᠤᠰ ᠰᠡᠷᠡᠯ ᠤᠨ ᠵᠢᠷᠤᠭ ᠳᠦᠷᠰᠦ ᠵᠡᠷᠭᠡ ᠪᠣᠳᠠᠲᠤ ᠪᠠᠶᠢᠳᠠᠯ ᠤᠨ ᠭᠠᠵᠠᠷ ᠤᠨ ᠰᠠᠭᠤᠷᠢᠨ ᠳᠡᠭᠡᠷ᠎ᠡ᠂ ᠨᠢᠭᠡᠨᠲᠡ ᠪᠡᠶᠡᠯᠡᠭᠦᠯᠦᠭᠰᠡᠨ ᠡᠯ᠎ᠡ ᠲᠤᠰᠬᠠᠢ ᠵᠦᠢᠯ ᠤᠨ ᠪᠠᠶᠢᠴᠠᠭᠠᠯᠲᠠ ᠶᠢᠨ ᠠᠵᠢᠯ ᠯᠤᠭ᠎ᠠ ᠵᠣᠯᠭᠠᠭᠤᠯᠵᠤ᠂ ᠬᠠᠮᠢᠶ᠎ᠠ ᠪᠦᠬᠦᠢ ᠪᠠᠶᠢᠴᠠᠭᠠᠯᠲᠠ ᠶᠢᠨ ᠦᠯᠢᠭᠡᠷ ᠠᠪᠬᠤ ᠴᠡᠭ ᠤᠨ ᠠᠳᠠᠯᠢ ᠴᠢᠨᠠᠷ ᠪᠣᠯᠣᠨ ᠲᠥᠯᠥᠭᠡᠯᠡᠬᠦ ᠴᠢᠨᠠᠷ ᠢ ᠦᠨᠡᠨᠬᠦ ᠪᠠᠲᠤᠯᠠᠬᠤ ᠬᠡᠷᠡᠭᠲᠡᠢ᠃        ︵ᠭᠤᠷᠪᠠ︶ ᠪᠠᠶᠢᠴᠠᠬᠠᠵᠤ ᠦᠯᠢᠭᠡᠷ ᠠᠪᠬᠤ᠃ ᠪᠤᠭᠤᠲᠤ ᠬᠤᠲᠠ ᠶᠢᠨ ᠭᠤᠷᠪᠠᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠤᠨ ᠨᠢᠭᠡᠳᠦᠯᠲᠡᠢ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠣᠰᠣᠭᠠᠷ᠂ ᠭᠦᠸᠧ ᠵᠢᠶᠠ ᠨᠢᠭᠡᠳᠦᠯᠲᠡᠢ ᠪᠠᠶᠢᠷᠢᠯᠠᠭᠤᠯᠤᠭᠰᠠᠨ ᠥᠯᠢᠭᠡᠷ ᠴᠡᠭ ᠪᠠ ᠪᠠᠶᠢᠴᠠᠭᠠᠯᠲᠠ ᠶᠢᠨ ᠡᠭᠦᠷᠭᠡ ᠶᠢ ᠦᠨᠳᠦᠰᠦᠯᠡᠨ᠂ ᠨᠢᠭᠡᠳᠦᠯᠲᠡᠢ ᠥᠯᠢᠭᠡᠷ ᠠᠪᠬᠤ ᠪᠠᠷᠢᠮᠵᠢᠶ᠎ᠠ ᠶᠣᠰᠣᠭᠠᠷ᠂ ᠤᠯᠤᠰ ᠤᠨ ᠪᠠᠶᠢᠷᠢᠯᠠᠭᠤᠯᠤᠭᠰᠠᠨ ᠥᠯᠢᠭᠡᠷ ᠠᠪᠬᠤ ᠴᠡᠭ ᠤᠨ ᠲᠠᠷᠬᠠᠯᠲᠠ ᠶᠢᠨ ᠵᠢᠷᠤᠭ ᠢᠶᠠᠷ ᠠᠵᠢᠯ ᠤᠨ ᠡᠬᠡ ᠵᠢᠷᠤᠭ ᠪᠣᠯᠭᠠᠵᠤ᠂ ᠭᠠᠳᠠᠨᠠᠬᠢ ᠠᠵᠢᠯ ᠤᠨ ᠪᠠᠶᠢᠴᠠᠭᠠᠯᠲᠠ ᠶᠢᠨ ᠥᠯᠢᠭᠡᠷ ᠠᠪᠬᠤ APP ᠪᠠᠷ ᠳᠠᠮᠵᠢᠭᠤᠯᠤᠨ ᠬᠡᠭᠡᠷ᠎ᠡ ᠭᠠᠳᠠᠨ᠎ᠠ ᠪᠠᠶᠢᠷᠢ ᠲᠣᠭᠲᠠᠭᠠᠵᠤ᠂ ᠥᠯᠢᠭᠡᠷ ᠠᠪᠬᠤ ᠴᠡᠭ ᠤᠨ ︽ᠡᠯᠧᠺᠲᠷᠣᠨ ᠬᠦᠷᠢᠶ᠎ᠡ ᠬᠠᠰᠢᠶ᠎ᠠ︾ ᠶᠢᠨ ᠬᠡᠪᠴᠢᠶᠡᠨ ᠳᠣᠲᠣᠷ᠎ᠠ ᠥᠯᠢᠭᠡᠷ ᠠᠪᠬᠤ ᠴᠡᠭ ᠢ ᠲᠣᠭᠲᠠᠭᠠᠨ᠎ᠠ ︵ᠭᠤᠣᠯ ᠴᠡᠭ︶ᠲᠤᠬᠠᠢ ᠶᠢᠨ ᠲᠠᠯᠠᠪᠠᠶ ᠳᠤ APP ᠶᠢᠨ ᠦᠵᠦᠭᠦᠷ ᠢᠶᠠᠷ ᠳᠠᠮᠵᠢᠭᠤᠯᠤᠨ ᠪᠠᠶᠢᠴᠠᠭᠠᠯᠲᠠ ᠶᠢᠨ ᠮᠡᠳᠡᠭᠡ ᠵᠠᠩᠭᠢ ᠶᠢ ᠲᠠᠭᠯᠠᠨ ᠮᠡᠳᠡᠭᠦᠯᠦᠨ᠎ᠡ᠃ ᠬᠡᠷᠪᠡ ᠦᠯᠢᠭᠡᠷ ᠴᠡᠭ ᠤᠨ ᠣᠷᠣᠨ ᠪᠠᠶᠢᠷᠢ ᠨᠢ ᠲᠠᠷᠢᠶᠠᠯᠠᠩ ᠤᠨ ᠪᠤᠰᠤ ᠬᠡᠷᠡᠭᠯᠡᠭᠡᠨ ᠳᠤ ᠤᠴᠠᠷᠠᠭᠰᠠᠨ᠂ ᠬᠥᠷᠥᠰᠥ ᠰᠢᠷᠣᠢ ᠨᠢ ᠬᠦᠨᠳᠦ ᠶᠡᠭᠡ ᠡᠪᠳᠡᠯᠡᠭᠡ ᠳᠤ ᠤᠴᠠᠷᠠᠭᠰᠠᠨ ᠵᠡᠷᠭᠡ ᠰᠢᠯᠲᠠᠭᠠᠨ ᠠᠴᠠ ᠪᠣᠯᠵᠤ ᠲᠥᠯᠥᠭᠡᠯᠡᠬᠦ ᠴᠢᠨᠠᠷ ᠢᠶᠠᠷ ᠴᠢᠩᠭ᠎ᠠ ᠪᠤᠰᠤ ᠪᠤᠶᠤ ᠨᠡᠶᠢᠳᠡᠮ ᠪᠠᠶᠢᠴᠠᠭᠠᠯᠲᠠ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ᠂ ᠦᠨᠡᠨᠬᠦ ᠬᠤᠪᠢᠷᠠᠭᠤᠯᠬᠤ ᠴᠢᠬᠤᠯᠠᠲᠠᠢ ᠪᠣᠯ ᠴᠠᠭ ᠲᠤᠬᠠᠢ ᠳᠤᠨᠢ ᠬᠤᠲᠠ ᠶᠢᠨ ᠭᠤᠷᠪᠠᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠲᠠᠢ ᠬᠠᠷᠢᠯᠴᠠᠵᠤ ᠲᠣᠬᠢᠷᠠᠭᠤᠯᠤᠯᠲᠠ ᠬᠢᠬᠦ ᠶᠢᠨ ᠬᠠᠮᠲᠤ ᠱᠠᠲᠤ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠤ ᠭᠤᠷᠪᠠᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠠᠴᠠ ᠤᠯᠤᠰ ᠤᠨ ᠭᠤᠷᠪᠠᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠲᠤ ᠮᠡᠳᠡᠭᠦᠯᠦᠨ ᠬᠢᠨᠠᠨ ᠵᠥᠪᠰᠢᠶᠡᠷᠡᠭᠦᠯᠦᠨ᠎ᠡ᠃        ᠦᠯᠢᠭᠡᠷ ᠴᠡᠭ ᠤᠨ ᠣᠷᠣᠨ ᠤ ᠡᠷᠭᠢᠨ ᠲᠣᠭᠤᠷᠢᠨ ᠤ ᠭᠠᠵᠠᠷ ᠤᠨ ᠪᠠᠶᠢᠴᠠ ᠪᠣᠯᠣᠨ ᠭᠠᠵᠠᠷ ᠰᠢᠷᠣᠢ ᠶᠢᠨ ᠠᠰᠢᠭᠯᠠᠯᠲᠠ ᠶᠢᠨ ᠣᠷᠣᠨ ᠵᠠᠢ ᠶᠢᠨ ᠣᠨᠳᠣᠣᠰᠢᠬᠤ ᠬᠡᠮᠵᠢᠶ᠎ᠡ ᠶᠢ ᠦᠨᠳᠦᠰᠦᠯᠡᠨ᠂ ᠭᠠᠳᠠᠷ ᠳᠠᠪᠬᠤᠷᠭ᠎ᠠ ᠶᠢᠨ ᠬᠥᠷᠥᠰᠥ ᠰᠢᠷᠣᠢ ᠶᠢᠨ ᠦᠯᠢᠭᠡᠷ ᠡᠳ᠋ ᠢ︽S︾ ᠬᠡᠯᠪᠡᠷᠢ᠂ ᠰᠢᠲᠠᠷ᠎ᠠ ᠶᠢᠨ ᠬᠥᠯᠭᠡ ᠬᠡᠯᠪᠡᠷᠢ ᠪᠤᠶᠤ ᠲᠡᠷᠢᠭᠦᠯᠡᠭᠴᠢ ᠴᠡᠴᠡᠭ ᠤᠨ ᠬᠡᠯᠪᠡᠷᠢ ᠵᠡᠷᠭᠡ ᠠᠷᠭ᠎ᠠ ᠪᠠᠷ ᠬᠤᠯᠢᠯᠳᠤᠭᠤᠯᠤᠨ ᠦᠯᠢᠭᠡᠷ ᠠᠪᠴᠤ᠂ ᠣᠭᠲᠣᠯᠣᠭᠠᠰᠤ ᠶᠢᠨ ᠦᠯᠢᠭᠡᠷ ᠬᠡᠪ ᠪᠣᠯᠣᠨ ᠳᠠᠪᠬᠤᠷᠭ᠎ᠠ ᠬᠤᠪᠢᠶᠠᠨ ᠦᠯᠢᠭᠡᠷ ᠶᠠᠩᠵᠤ ᠠᠪᠬᠤ ᠬᠡᠷᠡᠭᠲᠡᠢ᠃ ᠬᠤᠵᠢᠷᠯᠢᠭ ᠭᠠᠵᠠᠷ ᠤᠨ ᠨᠡᠶᠢᠳᠡᠮ ᠪᠠᠶᠢᠴᠠᠭᠠᠯᠲᠠ ᠨᠢ ᠤᠰᠤᠯᠠᠯᠲᠠ ᠶᠢᠨ ᠤᠰᠤᠨ ᠤ ᠶᠠᠩᠵᠤ ᠪᠠ ᠭᠦᠶᠦᠬᠡᠨ ᠳᠠᠪᠬᠤᠷᠭ᠎ᠠ ᠶᠢᠨ ᠭᠠᠵᠠᠷ ᠳᠣᠣᠷᠠᠬᠢ ᠤᠰᠤᠨ ᠤ ᠶᠠᠩᠵᠤ ᠶᠢ ᠴᠤᠭᠯᠠᠭᠤᠯᠬᠤ ᠬᠡᠷᠡᠭᠲᠡᠢ᠃ ᠴᠤᠭᠯᠠᠭᠤᠯᠤᠭᠰᠠᠨ ᠬᠥᠷᠥᠰᠥ ᠰᠢᠷᠣᠢ ᠶᠢᠨ ᠦᠯᠢᠭᠡᠷ ᠡᠳ᠋ ᠢ ᠥᠪᠡᠷᠲᠡᠭᠡᠨ ᠵᠠᠰᠠᠬᠤ ᠣᠷᠣᠨ ᠤ ᠭᠤᠷᠪᠠ ᠶᠢ ᠲᠦᠭᠡᠮᠡᠯᠵᠢᠭᠦᠯᠬᠦ ᠠᠯᠪᠠᠨ ᠭᠡᠷ ᠤᠨ ᠲᠣᠭᠲᠠᠭᠠᠭᠰᠠᠨ ᠦᠯᠢᠭᠡᠷ ᠦᠢᠯᠡᠳᠬᠦ ᠲᠤᠷᠰᠢᠯᠲᠠ ᠶᠢᠨ ᠲᠠᠰᠤᠭ ᠲᠤ ᠬᠦᠷᠭᠡᠵᠦ᠂ ᠤᠰᠤᠨ ᠤ ᠥᠯᠢᠭᠡᠷ ᠡᠳ᠋ ᠢ ᠶᠠᠰᠤ ᠴᠢᠨᠠᠷ ᠢ ᠡᠵᠡᠮᠳᠡᠬᠦ ᠲᠤᠷᠰᠢᠯᠲᠠ ᠶᠢᠨ ᠲᠠᠰᠤᠭ ᠲᠤ ᠬᠦᠷᠭᠡᠵᠦ᠂ ᠪᠦᠬᠦ᠋ᠢᠯᠡ ᠣᠭᠲᠣᠯᠣᠭᠠᠰᠤ ᠶᠢᠨ ᠥᠯᠢᠭᠡᠷ ᠡᠳ᠋ ᠢ ᠣᠨᠴᠠᠭᠠᠢ ᠦᠢᠯᠡᠳᠦᠭᠰᠡᠨ ᠮᠣᠳᠣᠨ ᠬᠠᠶᠢᠷᠴᠠᠭ ᠲᠤ ᠬᠢᠵᠦ ᠲᠣᠭᠲᠠᠮᠠᠯ ᠬᠠᠮᠠᠭᠠᠯᠠᠬᠤ ᠪᠥᠭᠡᠳ ᠲᠡᠮᠳᠡᠭ ᠨᠠᠭᠠᠵᠤ᠂ ᠥᠪᠡᠷᠲᠡᠭᠡᠨ ᠵᠠᠰᠠᠬᠤ ᠣᠷᠣᠨ ᠤ ᠬᠥᠷᠥᠰᠥ ᠰᠢᠷᠣᠢ ᠶᠢᠨ ᠥᠯᠢᠭᠡᠷ ᠡᠳ᠋ ᠢ ᠬᠠᠳᠠᠭᠠᠯᠠᠬᠤ ᠬᠥᠮᠥᠷᠭᠡ ᠳᠤ ᠬᠤᠬᠢᠷᠠᠭᠤᠯᠬᠤ ᠦᠭᠡᠢ ᠪᠠᠷ ᠵᠥᠭᠡᠭᠡᠪᠦᠷᠢᠯᠡᠨ᠎ᠡ᠃        ︵ᠳᠥᠷᠪᠡ︶ᠵᠠᠭᠪᠤᠷ ᠡᠳ᠋ ᠦᠢᠯᠡᠳᠬᠦ᠃ ᠥᠪᠡᠷᠲᠡᠭᠡᠨ ᠵᠠᠰᠠᠬᠤ ᠣᠷᠣᠨ ᠤ ᠭᠤᠷᠪᠠ ᠶᠢ ᠲᠦᠭᠡᠮᠡᠯᠵᠢᠭᠦᠯᠬᠦ ᠠᠯᠪᠠᠨ ᠭᠡᠷ ᠠᠴᠠ ᠲᠤᠰᠬᠠᠢ ᠮᠡᠷᠭᠡᠵᠢᠯ ᠤᠨ ᠪᠠᠶᠢᠴᠠᠭᠠᠨ ᠰᠢᠯᠭᠠᠬᠤ ᠲᠤᠷᠰᠢᠯᠲᠠ ᠶᠢᠨ ᠲᠠᠰᠤᠭ ᠢ ᠳᠡᠯᠭᠡᠨ ᠦᠵᠡᠭᠦᠯᠵᠦ ᠥᠯᠢᠭᠡᠷ ᠡᠳ᠋ ᠢ ᠪᠡᠯᠡᠳᠬᠡᠬᠦ ᠠᠵᠢᠯ ᠢ ᠨᠢᠭᠡᠳᠦᠯᠲᠡᠢ ᠲᠣᠭᠲᠠᠭᠠᠵᠤ᠂ ᠤᠯᠤᠰ ᠤᠨ ᠨᠢᠭᠡᠳᠦᠯᠲᠡᠢ ᠮᠡᠷᠭᠡᠵᠢᠯ ᠤᠨ ᠳᠦᠷᠢᠮ ᠲᠣᠭᠲᠠᠭᠠᠯ ᠶᠣᠰᠣᠭᠠᠷ ᠥᠯᠢᠭᠡᠷ ᠡᠳ᠋ ᠢ ᠪᠡᠯᠡᠳᠬᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠢ ᠡᠵᠡᠮᠳᠡᠬᠦ ᠲᠤᠷᠰᠢᠯᠲᠠ ᠶᠢᠨ ᠲᠠᠰᠤᠭ ᠲᠤ ᠥᠯᠢᠭᠡᠷ ᠡᠳ᠋ ᠤᠨ ᠨᠡᠮᠡᠯᠲᠡ ᠪᠠ ᠥᠯᠢᠭᠡᠷ ᠡᠳ᠋ ᠢ ᠪᠦᠯᠦᠭ ᠬᠤᠪᠢᠶᠠᠵᠤ᠂ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠠᠪᠴᠠᠩ ᠤᠨ ᠥᠯᠢᠭᠡᠷ ᠡᠳ᠋ ᠤᠨ ᠡᠭᠦᠷᠭᠡ ᠶᠢᠨ ᠨᠠᠷᠢᠨ ᠬᠠᠭᠤᠳᠠᠰᠤ ᠶᠣᠰᠣᠭᠠᠷ᠂ ᠪᠠᠶᠢᠴᠠᠭᠠᠨ ᠰᠢᠯᠭᠠᠬᠤ ᠥᠯᠢᠭᠡᠷ ᠡᠳ᠋ ᠢ ᠬᠤᠶᠠᠳᠤᠭᠠᠷ ᠤᠳᠠᠭ᠎ᠠ ᠳ᠋ᠤᠭᠠᠷᠯᠠᠭᠰᠠᠨ ᠤ ᠳᠠᠷᠠᠭ᠎ᠠ᠂ ᠡᠯ᠎ᠡ ᠭᠠᠵᠠᠷ ᠲᠤ ᠲᠣᠭᠲᠠᠭᠠᠭᠰᠠᠨ ᠵᠣᠬᠢᠴᠠᠩᠭᠤᠢ ᠪᠠᠶᠢᠴᠠᠭᠠᠨ ᠰᠢᠯᠭᠠᠬᠤ ᠪᠠᠶᠢᠭᠤᠯᠤᠮᠵᠢ ᠳᠤ ᠬᠤᠪᠢᠶᠠᠨ ᠢᠯᠡᠭᠡᠨ᠎ᠡ᠃        ︵ᠲᠠᠪᠤ︶ᠲᠤᠬ᠎ᠠ ᠪᠠᠷᠢᠮᠲᠠ  ᠶᠢᠨ ᠬᠤᠷᠢᠶᠠᠩᠭᠤᠶᠢᠯᠠᠯ᠃ ᠪᠦᠬᠦ ᠤᠯᠤᠰ ᠤᠨ ᠨᠢᠭᠡᠳᠦᠯᠲᠡᠢ ᠳ᠋ᠠᠶᠢᠲ᠋ᠠ ᠶᠢᠨ ᠬᠥᠮᠥᠷᠭᠡ ᠶᠢᠨ ᠪᠠᠷᠢᠮᠵᠢᠶ᠎ᠠ ᠶᠣᠰᠣᠭᠠᠷ ᠳᠡᠰ ᠬᠤᠪᠢᠶᠠᠭᠰᠠᠨ ᠳ᠋ᠠᠶᠢᠲ᠋ᠠ ᠶᠢᠨ ᠬᠥᠮᠥᠷᠭᠡ ᠶᠢ ᠪᠠᠶᠢᠭᠤᠯᠤᠨ᠎ᠠ᠃ ᠬᠤᠰᠢᠭᠤ ᠰᠢᠶᠠᠨ ᠢᠶᠠᠷ ᠨᠢᠭᠡᠴᠢ ᠪᠣᠯᠭᠠᠨ᠂ ᠳᠣᠲᠣᠭᠠᠳᠤ ᠭᠠᠳᠠᠭᠠᠳᠤ ᠶᠢᠨ ᠦᠢᠯᠡᠰ  ᠢ ᠨᠢᠭᠡ ᠴᠣᠭᠴᠠᠵᠢᠭᠤᠯᠤᠭᠰᠠᠨ ᠲᠤᠭ᠎ᠠ ᠪᠠᠷᠢᠮᠲᠠ ᠶᠢ ᠴᠤᠭᠯᠠᠭᠤᠯᠤᠨ ᠬᠥᠮᠥᠷᠭᠡ ᠪᠠᠶᠢᠭᠤᠯᠬᠤ ᠲᠣᠭᠲᠠᠴᠠ ᠪᠣᠯᠣᠨ ᠰᠢᠯᠵᠢᠮᠡᠯ ᠢᠨᠲ᠋ᠧᠷ ᠰᠦᠯᠵᠢᠶᠡᠨ ᠤ ᠮᠡᠷᠭᠡᠵᠢᠯ  ᠢ ᠬᠡᠷᠡᠭᠯᠡᠵᠦ᠂ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠬᠤᠷᠢᠶᠠᠩᠭᠤᠶᠢᠯᠠᠵᠤ᠂ ᠣᠷᠣᠨ ᠵᠠᠢ᠂ ᠰᠢᠨᠵᠢ ᠴᠢᠨᠠᠷ᠂ ᠪᠢᠴᠢᠭᠯᠡᠯ᠂ ᠵᠢᠷᠤᠭ᠂ ᠵᠢᠷᠤᠭ ᠳᠦᠷᠰᠦ ᠵᠡᠷᠭᠡ ᠮᠡᠳᠡᠭᠡ ᠵᠠᠩᠭᠢ ᠶᠢ ᠨᠢᠭᠡ ᠴᠣᠭᠴᠠᠵᠢᠭᠤᠯᠤᠭᠰᠠᠨ ᠬᠥᠷᠥᠰᠥ ᠰᠢᠷᠣᠢ ᠶᠢᠨ ᠭᠤᠷᠪᠠ ᠶᠢ ᠲᠦᠭᠡᠮᠡᠯᠵᠢᠭᠦᠯᠬᠦ ᠳ᠋ᠠᠶᠢᠲ᠋ᠠ ᠬᠥᠮᠥᠷᠭᠡ ᠶᠢ ᠪᠣᠶ ᠪᠣᠯᠭᠠᠬᠤ ᠬᠡᠷᠡᠭᠲᠡᠢ᠃        ︵ᠵᠢᠷᠭᠤᠭ᠎ᠠ︶ᠶᠠᠰᠤ ᠴᠢᠨᠠᠷ ᠢ ᠬᠢᠨᠠᠨ ᠬᠠᠷᠭᠤᠭᠤᠯᠬᠤ᠃ ᠮᠡᠷᠭᠡᠵᠢᠯ ᠤᠨ ᠳᠦᠷᠢᠮ ᠢ ᠨᠢᠭᠡᠳᠬᠡᠵᠦ᠂ ᠬᠥᠷᠥᠰᠥ ᠰᠢᠷᠣᠢ ᠶᠢᠨ ᠭᠤᠷᠪᠠ ᠶᠢ ᠲᠦᠭᠡᠮᠡᠯᠵᠢᠭᠦᠯᠬᠦ ᠠᠵᠢᠯ ᠤᠨ ᠲᠠᠪᠴᠠᠩ ᠢ ᠬᠡᠷᠡᠭᠯᠡᠨ ᠪᠥᠬᠦ ᠶᠠᠪᠤᠴᠠ ᠶᠢ ᠬᠠᠮᠢᠶᠠᠷᠤᠨ ᠡᠵᠡᠮᠳᠡᠵᠦ᠂ ᠰᠤᠭᠤᠴᠢᠨ ᠪᠠᠶᠢᠴᠠᠭᠠᠵᠤ ᠳᠠᠬᠢᠨ ᠬᠢᠨᠠᠬᠤ ᠪᠠ ᠲᠤᠰᠬᠠᠢ ᠮᠡᠷᠭᠡᠵᠢᠯᠲᠡᠨ ᠤ ᠦᠨᠡᠯᠡᠨ ᠵᠢᠱᠢᠬᠦ ᠳᠦᠷᠢᠮ ᠢ ᠪᠠᠶᠢᠭᠤᠯᠤᠨ᠎ᠠ᠃ ᠭᠠᠳᠠᠭᠠᠳᠤ ᠠᠵᠢᠯ ᠤᠨ ᠪᠠᠶᠢᠴᠠᠭᠠᠯᠲᠠ ᠶᠢᠨ ᠥᠯᠢᠭᠡᠷ ᠠᠪᠬᠤ ᠳᠤ ︽ᠡᠯᠧᠺᠲᠷᠣᠨ ᠬᠠᠰᠢᠶ᠎ᠠ︾ ᠶᠢᠨ ᠠᠶᠠᠯᠠᠯ ᠤᠨ ᠮᠥᠷ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠥᠯᠢᠭᠡᠷ ᠵᠠᠭᠪᠤᠷ ᠤᠨ ᠥᠯᠢᠭᠡᠷ ᠡᠳ᠋ ᠨᠢ ︽ᠨᠢᠭᠡ ᠴᠡᠭ ᠨᠢᠭᠡ ᠨᠣᠮᠧᠷ︾ ᠪᠠᠶᠢᠬᠤ ᠶᠢ ᠬᠡᠷᠡᠭᠵᠢᠭᠦᠯᠦᠨ᠂ ᠭᠠᠳᠠᠭᠠᠳᠤ ᠠᠵᠢᠯ ᠤᠨ ᠪᠠᠶᠢᠴᠠᠭᠠᠯᠲᠠ ᠶᠢᠨ ᠥᠯᠢᠭᠡᠷ ᠠᠪᠬᠤ᠂ ᠳᠣᠲᠣᠭᠠᠳᠤ ᠠᠵᠢᠯ ᠤᠨ ᠬᠡᠮᠵᠢᠨ ᠰᠢᠯᠭᠠᠬᠤ ᠨᠡᠶᠢᠳᠡᠮ ᠪᠠᠶᠢᠴᠠᠭᠠᠯᠲᠠ ᠶᠢᠨ ᠠᠵᠢᠯ ᠤᠨ ᠴᠣᠷ ᠤᠨ ᠭᠠᠭᠴᠠ ᠮᠡᠳᠡᠭᠡ ᠵᠠᠩᠭᠢ ᠶᠢᠨ ᠡᠬᠢ ᠡᠭᠦᠰᠦᠯ ᠤᠨ ᠺᠣᠳ᠋ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠭᠤᠷᠪᠠᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠠᠴᠠ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠭᠠᠳᠠᠭᠠᠳᠤ ᠠᠵᠢᠯ ᠤᠨ ᠪᠠᠶᠢᠴᠠᠭᠠᠯᠲᠠ ᠶᠢᠨ ᠥᠯᠢᠭᠡᠷ ᠠᠪᠬᠤ ᠡᠭᠦᠷᠭᠡ ᠳᠤ ᠪᠥᠬᠦ ᠶᠠᠪᠤᠴᠠ ᠳᠤ ᠮᠥᠷᠳᠡᠨ ᠵᠢᠯᠣᠭᠤᠳᠤᠯᠭ᠎ᠠ ᠬᠢᠨ᠎ᠡ︔ ᠬᠡᠮᠵᠢᠨ ᠰᠢᠯᠭᠠᠭᠰᠠᠨ ᠶᠠᠰᠤ ᠴᠢᠨᠠᠷ ᠤᠨ ᠡᠵᠡᠮᠳᠡᠯ ᠳᠤ ᠵᠡᠷᠭᠡᠴᠡᠭᠡ ᠥᠯᠢᠭᠡᠷ ᠠᠪᠬᠤ᠂ ᠪᠠᠯᠠᠢ ᠥᠯᠢᠭᠡᠷ ᠠᠪᠬᠤ᠂ ᠥᠯᠢᠭᠡᠷ ᠬᠡᠪ ᠲᠡᠮᠳᠡᠭ᠂ ᠨᠢᠰᠦᠯᠲᠡ ᠶᠢᠨ ᠪᠠᠶᠢᠴᠠᠭᠠᠯᠲᠠ ᠬᠢᠬᠦ ᠵᠡᠷᠭᠡ ᠠᠷᠭ᠎ᠠ ᠪᠠᠷᠢᠯ ᠢ ᠬᠡᠷᠡᠭᠯᠡᠨ᠂ ᠲᠤᠭ᠎ᠠ ᠪᠠᠷᠢᠮᠲᠠ ᠶᠢ ᠲᠠᠰ ᠬᠤᠪᠢᠶᠠᠨ ᠬᠢᠨᠠᠨ ᠬᠠᠷᠭᠤᠭᠤᠯᠵᠤ᠂ ᠲᠤᠭ᠎ᠠ ᠪᠠᠷᠢᠮᠲᠠ ᠶᠢ ᠬᠢᠨᠠᠨ ᠬᠠᠷᠭᠤᠭᠤᠯᠤᠭᠠᠳ ᠲᠣᠭᠲᠠᠭᠠᠭᠰᠠᠨ ᠭᠦᠢᠴᠡᠳᠬᠡᠯ ᠲᠤᠭ᠎ᠠ ᠶᠢᠨ ᠪᠣᠱᠤᠭ᠎ᠠ ᠬᠡᠮᠵᠢᠭᠳᠡᠯ ᠢ ᠬᠡᠷᠡᠭᠯᠡᠨ ᠶᠠᠰᠤ ᠴᠢᠨᠠᠷ ᠤᠨ ᠡᠵᠡᠮᠳᠡᠯ ᠬᠢᠵᠦ᠂ ᠱᠠᠲᠤ ᠦᠶ᠎ᠡ ᠶᠢᠨ ᠦᠷ᠎ᠡ ᠪᠦᠲᠦᠭᠡᠯ ᠢ ᠬᠡᠰᠡᠭ ᠬᠤᠪᠢᠶᠠᠨ ᠰᠢᠯᠭᠠᠨ ᠠᠪᠬᠤ ᠬᠡᠷᠡᠭᠲᠡᠢ᠃        ︵ᠳᠤᠯᠤᠭ᠎ᠠ︶ ᠦᠷ᠎ᠡ ᠪᠦᠲᠦᠭᠡᠯ  ᠤᠨ ᠬᠤᠷᠢᠶᠠᠩᠭᠤᠶᠢᠯᠠᠯ᠃ ᠣᠳᠣ ᠦᠶ᠎ᠡ ᠶᠢᠨ ᠲᠤᠭ᠎ᠠ ᠪᠦᠷᠢᠳᠬᠡᠯ ᠤᠨ ᠠᠷᠭ᠎ᠠ ᠬᠡᠯᠪᠡᠷᠢ ᠶᠢ ᠠᠪᠴᠤ᠂ ᠬᠥᠷᠥᠰᠥ ᠰᠢᠷᠣᠢ ᠶᠢᠨ ᠰᠢᠨᠵᠢ ᠴᠢᠨᠠᠷ᠂ ᠬᠥᠷᠥᠰᠥ ᠰᠢᠷᠣᠢ ᠶᠢᠨ ᠮᠠᠭᠤᠳᠠᠯ ᠪᠠ ᠬᠠᠷᠰᠢ ᠰᠠᠭᠠᠳ᠂ ᠬᠥᠷᠥᠰᠥ ᠰᠢᠷᠣᠢ ᠶᠢᠨ ᠠᠰᠢᠭᠯᠠᠯᠲᠠ ᠵᠡᠷᠭᠡ ᠲᠤᠭ᠎ᠠ ᠪᠠᠷᠢᠮᠲᠠ ᠳᠤ ᠵᠠᠳᠠᠯᠤᠯᠲᠠ ᠬᠢᠨ᠎ᠡ︔ ᠲᠣᠭᠠᠴᠢᠯᠠᠭᠰᠠᠨ ᠬᠥᠷᠥᠰᠥ ᠰᠢᠷᠣᠢ ᠶᠢᠨ ᠵᠠᠭᠪᠤᠷ ᠵᠡᠷᠭᠡ ᠠᠷᠭ᠎ᠠ ᠪᠠᠷᠢᠯ ᠢ ᠠᠰᠢᠭᠯᠠᠨ ᠲᠣᠭᠠᠴᠢᠯᠠᠭᠰᠠᠨ ᠵᠢᠷᠤᠭ ᠵᠢᠷᠤᠵᠤ᠂ ᠦᠷ᠎ᠡ ᠪᠦᠲᠦᠭᠡᠯ ᠢᠶᠠᠨ ᠨᠢᠭᠲᠠᠷᠠᠭᠤᠯᠤᠨ ᠳ᠋ᠦᠩᠨᠡᠨᠨ᠎ᠡ︔ ᠳᠣᠣᠷ᠎ᠠ ᠠᠴᠠ ᠳᠡᠭᠡᠭᠰᠢᠬᠢ ᠠᠷᠭ᠎ᠠ ᠮᠠᠶ᠋ᠢᠭ ᠢᠶᠠᠷ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠮᠡᠳᠡᠭᠦᠯᠦᠯᠲᠡ᠂ ᠮᠡᠷᠭᠡᠵᠢᠯ ᠤᠨ ᠮᠡᠳᠡᠭᠦᠯᠦᠯᠲᠡ ᠪᠠ ᠲᠤᠰᠬᠠᠢ ᠰᠡᠳᠦᠪᠲᠦ ᠮᠡᠳᠡᠭᠦᠯᠦᠯᠲᠡ ᠪᠢᠴᠢᠬᠦ ᠠᠵᠢᠯ ᠢ ᠱᠠᠲᠤ ᠬᠤᠪᠢᠶᠠᠨ ᠥᠷᠨᠢᠭᠦᠯᠦᠨ᠎ᠡ᠃        ᠳᠥᠷᠪᠡ᠂ ᠨᠡᠶᠢᠳᠡᠮ ᠪᠠᠶᠢᠴᠠᠭᠠᠯᠲᠠ ᠶᠢᠨ ᠭᠤᠣᠯ ᠦᠷ᠎ᠡ ᠪᠦᠲᠦᠭᠡᠯ        ︵ᠨᠢᠭᠡ︶ᠲᠤᠭ᠎ᠠ ᠪᠠᠷᠢᠮᠲᠠ ᠶᠢᠨ ᠦᠷ᠎ᠡ ᠪᠦᠲᠦᠭᠡᠯ᠃ ᠬᠥᠷᠥᠰᠥ ᠰᠢᠷᠣᠢ ᠶᠢᠨ ᠲᠥᠷᠥᠯ ᠬᠡᠯᠪᠡᠷᠢ᠂ ᠬᠥᠷᠥᠰᠥ ᠰᠢᠷᠣᠢ ᠶᠢᠨ ᠹᠢᠽᠢᠺ ᠬᠢᠮᠢ ᠪᠠ ᠨᠡᠶᠢᠲᠡᠯᠢᠭ ᠣᠷᠣᠨ ᠪᠦᠰᠡ ᠶᠢᠨ ᠠᠮᠢᠳᠤ ᠪᠣᠳᠠᠰ ᠤᠨ ᠴᠢᠨᠠᠷᠲᠠᠢ ᠵᠢᠭᠠᠯᠲᠠ ᠲᠤᠭ᠎ᠠ ᠶᠢᠨ ᠲᠤᠭ᠎ᠠ ᠪᠠᠷᠢᠮᠲᠠ ᠶᠢᠨ ᠨᠠᠷᠢᠨ ᠬᠠᠭᠤᠳᠠᠰᠤ ᠶᠢ ᠪᠦᠷᠢᠯᠳᠦᠭᠦᠯᠵᠦ᠂ ᠬᠥᠷᠥᠰᠥ ᠰᠢᠷᠣᠢ ᠶᠢᠨ ᠮᠠᠭᠤᠳᠠᠭᠰᠠᠨ ᠪᠠ ᠬᠠᠷᠰᠢ ᠰᠠᠭᠠᠳ ᠲᠠᠢ ᠲᠤᠭ᠎ᠠ ᠪᠠᠷᠢᠮᠲᠠ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ᠂ ᠬᠤᠵᠢᠷᠯᠢᠭ ᠭᠠᠵᠠᠷ ᠤᠨ ᠪᠠᠶᠢᠴᠠᠭᠠᠯᠲᠠ ᠵᠡᠷᠭᠡ ᠲᠤᠰᠬᠠᠢ ᠰᠡᠳᠦᠪᠲᠦ ᠪᠠᠶᠢᠴᠠᠭᠠᠯᠲᠠ ᠶᠢᠨ ᠬᠥᠷᠥᠰᠥ ᠰᠢᠷᠣᠢ ᠶᠢᠨ ᠲᠤᠭ᠎ᠠ ᠪᠠᠷᠢᠮᠲᠠ ᠶᠢ ᠪᠦᠷᠢᠯᠳᠦᠭᠦᠯᠵᠦ᠂ ᠠᠳᠠᠯᠢ ᠪᠤᠰᠤ ᠭᠠᠵᠠᠷ ᠰᠢᠷᠣᠢ ᠶᠢ ᠠᠰᠢᠭᠯᠠᠬᠤ ᠲᠥᠷᠥᠯ ᠬᠡᠯᠪᠡᠷᠢ ᠶᠢᠨ ᠬᠥᠷᠥᠰᠥ ᠰᠢᠷᠣᠢ ᠶᠢᠨ ᠲᠠᠯᠠᠪᠠᠶ ᠶᠢᠨ ᠲᠤᠭ᠎ᠠ ᠪᠠᠷᠢᠮᠲᠠ ᠵᠡᠷᠭᠡ ᠳᠤ ᠲᠣᠬᠢᠷᠠᠨ᠎ᠠ᠃        ︵ᠬᠤᠶᠠᠷ︶ᠲᠣᠭᠠᠴᠢᠯᠠᠭᠰᠠᠨ ᠵᠢᠷᠤᠭ ᠤᠨ ᠦᠷ᠎ᠡ ᠪᠦᠲᠦᠭᠡᠯ᠃ ᠲᠥᠷᠥᠯ ᠬᠤᠪᠢᠶᠠᠨ ᠨᠡᠶᠢᠳᠡᠮ ᠪᠠᠶᠢᠴᠠᠭᠠᠭᠰᠠᠨ ᠦᠷ᠎ᠡ ᠪᠦᠲᠦᠭᠡᠯ ᠤᠨ ᠵᠢᠷᠤᠭ᠂ ᠭᠤᠣᠯᠳᠠᠭᠤ ᠬᠥᠷᠥᠰᠥ ᠰᠢᠷᠣᠢ ᠶᠢᠨ ᠲᠥᠷᠥᠯ ᠬᠡᠯᠪᠡᠷᠢ ᠶᠢᠨ ᠵᠢᠷᠤᠭ ᠂ ᠬᠥᠷᠥᠰᠥ ᠰᠢᠷᠣᠢ ᠶᠢᠨ ᠰᠢᠨᠵᠢ ᠴᠢᠨᠠᠷ ᠤᠨ ᠵᠢᠷᠤᠭ᠂ ᠬᠥᠷᠥᠰᠥ ᠰᠢᠷᠣᠢ ᠶᠢᠨ ᠶᠠᠰᠤ ᠴᠢᠨᠠᠷ ᠤᠨ ᠵᠢᠷᠤᠭ᠂ ᠬᠤᠵᠢᠷᠯᠢᠭ ᠭᠠᠵᠠᠷ ᠤᠨ ᠬᠥᠷᠥᠰᠥ ᠰᠢᠷᠣᠢ ᠶᠢᠨ ᠲᠠᠷᠬᠠᠯᠲᠠ ᠶᠢᠨ ᠵᠢᠷᠤᠭ᠂ ᠬᠥᠷᠥᠰᠥ ᠰᠢᠷᠣᠢ ᠶᠢᠨ ᠠᠰᠢᠭᠯᠠᠯᠲᠠ ᠶᠢᠨ ᠲᠣᠬᠢᠷᠠᠬᠤ ᠴᠢᠨᠠᠷᠲᠠᠢ ᠲᠠᠷᠬᠠᠯᠲᠠ ᠶᠢᠨ ᠵᠢᠷᠤᠭ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠣᠷᠣᠨ ᠪᠦᠰᠡ ᠶᠢᠨ ᠬᠥᠷᠥᠰᠥ ᠰᠢᠷᠣᠢ ᠶᠢᠨ ᠲᠤᠰᠬᠠᠢ ᠰᠡᠳᠦᠪᠲᠦ ᠪᠠᠶᠢᠴᠠᠭᠠᠯᠲᠠ ᠶᠢᠨ ᠵᠢᠷᠤᠭ ᠵᠡᠷᠭᠡ ᠶᠢ ᠪᠠᠭᠲᠠᠭᠠᠨ᠎ᠠ᠃        ︵ᠭᠤᠷᠪᠠ︶ ᠦᠰᠦᠭ ᠪᠢᠴᠢᠭ ᠤᠨ ᠦᠷ᠎ᠡ ᠪᠦᠲᠦᠭᠡᠯ᠃ ᠡᠯ᠎ᠡ ᠲᠥᠷᠥᠯ ᠤᠨ ᠦᠰᠦᠭ ᠪᠢᠴᠢᠭ ᠤᠨ ᠮᠡᠳᠡᠭᠦᠯᠦᠯᠲᠡ ᠶᠢ ᠪᠦᠷᠢᠯᠳᠦᠭᠦᠯᠬᠦ ᠳᠤ ᠭᠤᠣᠯᠳᠠᠭᠤ ᠬᠥᠷᠥᠰᠥ ᠰᠢᠷᠣᠢ ᠶᠢᠨ ᠭᠤᠷᠪᠠᠨ ᠨᠡᠶᠢᠳᠡᠮ ᠤᠨ ᠠᠵᠢᠯ ᠤᠨ ᠮᠡᠳᠡᠭᠦᠯᠦᠯᠲᠡ᠂ ᠮᠡᠷᠭᠡᠵᠢᠯ ᠤᠨ ᠮᠡᠳᠡᠭᠦᠯᠦᠯᠲᠡ᠂ ᠬᠥᠷᠥᠰᠥ ᠰᠢᠷᠣᠢ ᠶᠢᠨ ᠠᠰᠢᠭᠯᠠᠯᠲᠠ ᠶᠢᠨ ᠲᠣᠬᠢᠷᠠᠬᠤ ︵ᠲᠠᠷᠢᠶᠠᠨ ᠭᠠᠵᠠᠷ᠂ ᠴᠡᠴᠡᠷᠯᠢᠭ ᠤᠨ ᠭᠠᠵᠠᠷ᠂ ᠣᠶᠢᠲᠤ ᠭᠠᠵᠠᠷ ᠪᠠ ᠪᠡᠯᠴᠢᠭᠡᠷ ᠤᠨ ᠠᠰᠢᠭᠯᠠᠯᠲᠠ ᠳᠤ ᠲᠣᠬᠢᠷᠠᠬᠤ︶ᠦᠨᠡᠯᠡᠭᠰᠡᠨ ᠮᠡᠳᠡᠭᠦᠯᠦᠯᠲᠡ᠂ ᠲᠠᠷᠢᠶᠠᠨ ᠭᠠᠵᠠᠷ᠂ ᠴᠡᠴᠡᠷᠯᠢᠭ ᠤᠨ ᠭᠠᠵᠠᠷ᠂ ᠣᠶᠢᠲᠤ ᠭᠠᠵᠠᠷ᠂ ᠪᠡᠯᠴᠢᠭᠡᠷ ᠤᠨ ᠶᠠᠰᠤ ᠴᠢᠨᠠᠷ ᠤᠨ ᠮᠡᠳᠡᠭᠦᠯᠦᠯᠲᠡ᠂ ᠬᠤᠵᠢᠷᠯᠢᠭ ᠭᠠᠵᠠᠷ ᠢ ᠰᠠᠶᠢᠵᠢᠷᠠᠭᠤᠯᠤᠨ ᠠᠰᠢᠭᠯᠠᠬᠤ ᠪᠠ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠬᠥᠷᠥᠰᠥ ᠰᠢᠷᠣᠢ ᠶᠢᠨ ᠣᠨᠴᠠᠯᠢᠭ ᠵᠡᠷᠭᠡ ᠲᠤᠰᠬᠠᠢ ᠮᠡᠳᠡᠭᠦᠯᠦᠯᠲᠡ ᠬᠢᠨ᠎ᠡ᠃        ᠲᠠᠪᠤ᠂ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠶᠠᠪᠤᠭᠳᠠᠭᠤᠯᠬᠤ        ︵ᠨᠢᠭᠡ︶ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠃ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠪᠣᠯ ᠤᠯᠤᠰ ᠤᠨ ᠪᠠᠶᠢᠳᠠᠯ ᠤᠯᠤᠰ ᠤᠨ ᠬᠦᠴᠦᠨ ᠤ ᠨᠢᠭᠡᠨ ᠵᠦᠢᠯ ᠤᠨ ᠴᠢᠬᠤᠯᠠ ᠪᠠᠶᠢᠴᠠᠭᠠᠯᠲᠠ ᠪᠣᠯᠬᠤ ᠪᠥᠭᠡᠳ ᠬᠤᠯᠪᠣᠭᠳᠠᠬᠤ ᠬᠡᠪᠴᠢᠶ᠎ᠡ ᠪᠠᠷ ᠥᠷᠭᠡᠨ᠂ ᠣᠷᠣᠯᠴᠠᠬᠤ ᠰᠠᠯᠠᠭ᠎ᠠ ᠮᠥᠴᠢᠷ ᠣᠯᠠᠨ᠂ ᠠᠵᠢᠯ ᠤᠨ ᠡᠭᠦᠷᠭᠡ ᠬᠦᠨᠳᠦ᠂ ᠮᠡᠷᠭᠡᠵᠢᠯ ᠤᠨ ᠱᠠᠭᠠᠷᠳᠠᠯᠭ᠎ᠠ ᠥᠨᠳᠥᠷ ᠶᠤᠮ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠶᠢᠨ ᠲᠥᠯᠥᠭᠡ᠂ ᠰᠢᠭᠤᠶᠢᠲᠤ ᠲᠣᠭᠤᠷᠢᠭ 2024 ᠣᠨ ᠤ 2 ᠰᠠᠷ᠎ᠠ ᠳᠤ ᠰᠢᠭᠤᠶᠢᠲᠤ ᠲᠣᠭᠤᠷᠢᠭ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠤᠮᠳᠠᠬᠢ ᠴᠢᠬᠤᠯᠠ ᠶᠡᠭᠡ ᠠᠰᠠᠭᠤᠳᠠᠯ ᠤᠨ ᠰᠤᠳᠤᠯᠭᠠᠨ ᠪᠠ ᠰᠢᠢᠳᠪᠦᠷᠢᠲᠦ ᠪᠣᠳᠣᠯᠭ᠎ᠠ ᠶᠢ ᠬᠠᠷᠢᠭᠤᠴᠠᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ ᠭᠠᠷᠭᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠬᠦ᠂ ᠠᠵᠢᠯᠲᠠᠨ ᠢ ᠲᠣᠬᠢᠷᠠᠭᠤᠯᠬᠤ᠂ ᠵᠣᠬᠢᠶᠠᠨ ᠪᠠᠶᠢᠭᠤᠯᠤᠨ ᠵᠣᠬᠢᠴᠠᠭᠤᠯᠬᠤ᠂ ᠪᠡᠯᠡ ᠮᠥᠩᠭᠦ ᠴᠤᠭᠯᠠᠭᠤᠯᠬᠤ ᠵᠡᠷᠭᠡ ᠶᠢ ᠬᠠᠷᠢᠭᠤᠴᠠᠨ᠎ᠠ᠃︵ᠬᠤᠶᠠᠷ︶ ᠮᠡᠷᠭᠡᠵᠢᠯ ᠤᠨ ᠪᠠᠲᠤᠯᠠᠭ᠎ᠠ᠃ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ ᠳᠤᠭᠤᠶᠢᠯᠠᠩ ᠨᠢ ᠭᠤᠣᠯᠳᠠᠭᠤ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠬᠢᠭᠡᠳ ᠰᠤᠮᠤ᠂ ᠪᠠᠯᠭᠠᠰᠤ ᠵᠢᠴᠢ ᠲᠠᠷᠢᠶᠠᠯᠠᠩ ᠳᠤ ᠬᠤᠯᠪᠣᠭᠳᠠᠬᠤ ᠡᠯ᠎ᠡ ᠵᠡᠭᠡᠯᠢ ᠭᠤᠳᠤᠮᠵᠢ ᠶᠢᠨ ᠬᠠᠮᠢᠶ᠎ᠠ ᠪᠦᠬᠦᠢ ᠮᠡᠷᠭᠡᠵᠢᠯᠲᠡᠨ ᠢᠶᠠᠷ ᠪᠦᠷᠢᠯᠳᠦᠵᠦ᠂ ᠠᠵᠢᠯ ᠤᠨ ᠬᠤᠪᠢᠶᠠᠷᠢᠯᠠᠯ ᠢᠶᠠᠨ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠪᠦᠬᠦ ᠲᠣᠭᠤᠷᠢᠭ ᠤᠨ ᠣᠢ ᠰᠢᠭᠤᠢ ᠡᠪᠡᠰᠦᠲᠦ ᠭᠠᠵᠠᠷ᠂ ᠲᠠᠷᠢᠶᠠᠨ ᠭᠠᠵᠠᠷ ︵ᠴᠡᠴᠡᠷᠯᠢᠭ ᠪᠠᠭᠲᠠᠨ᠎ᠠ︶ ᠤᠨ ᠬᠥᠷᠥᠰᠥ ᠰᠢᠷᠣᠢ᠂ ᠠᠰᠢᠭᠯᠠᠭ᠎ᠠ ᠦᠭᠡᠢ ᠭᠠᠵᠠᠷ ︵ᠭᠤᠣᠯᠳᠠᠯᠭ᠎ᠠ ᠲᠠᠢ ᠬᠤᠵᠢᠷᠯᠢᠭ ᠭᠠᠵᠠᠷ ᠪᠠᠭᠲᠠᠨ᠎ᠠ︶ ᠢ ᠲᠤᠰ ᠲᠤᠰ ᠬᠠᠷᠢᠭᠤᠴᠠᠨ᠎ᠠ᠃ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠪᠣᠳᠠᠲᠠᠢ ᠬᠡᠷᠡᠭᠵᠢᠭᠦᠯᠬᠦ ᠠᠵᠢᠯ ᠢ ᠬᠢᠬᠦ ᠶᠢᠨ ᠬᠠᠮᠲᠤ ᠠᠵᠢᠯ ᠤᠨ ᠳᠤᠮᠳᠠᠬᠢ ᠬᠦᠴᠢᠷ ᠠᠰᠠᠭᠤᠳᠠᠯ᠂ ᠮᠡᠷᠭᠡᠵᠢᠯ ᠤᠨ ᠪᠣᠯᠪᠠᠰᠤᠷᠠᠭᠤᠯᠤᠯ᠂ ᠲᠤᠬᠠᠢ ᠶᠢᠨ ᠭᠠᠵᠠᠷ ᠲᠤᠨᠢ ᠵᠢᠭᠠᠨ ᠵᠢᠯᠤᠭᠤᠳᠬᠤ ᠵᠡᠷᠭᠡ ᠶᠢ ᠰᠢᠢᠳᠪᠦᠷᠢᠯᠡᠬᠦ ᠬᠡᠷᠡᠭᠲᠡᠢ᠃        ︵ᠭᠤᠷᠪᠠ︶ᠦᠯᠢᠭᠡᠷ ᠡᠳ᠋ ᠠᠪᠬᠤ ᠡᠩᠨᠩᠡ᠃ ᠤᠷᠢᠨ ᠬᠡᠷᠡᠭᠯᠡᠬᠦ ᠬᠢᠷᠢ ᠬᠡᠮ ᠲᠠᠢ᠂ ᠦᠯᠢᠭᠡᠷ ᠠᠪᠬᠤ ᠡᠯᠪᠡᠭ ᠪᠠᠶᠠᠯᠢᠭ ᠲᠤᠷᠰᠢᠯᠭ᠎ᠠ ᠲᠠᠢ ᠭᠤᠷᠪᠠᠳᠠᠭᠢ ᠡᠲᠡᠭᠡᠳ ᠠᠴᠠ ᠦᠯᠢᠭᠡᠷ ᠠᠪᠴᠤ ᠪᠣᠯᠣᠨ᠎ᠠ᠃        ︵ᠳᠥᠷᠪᠡ︶ᠠᠬᠢᠴᠠ ᠶᠢᠨ ᠲᠣᠬᠢᠷᠠᠭᠤᠯᠤᠯᠲᠠ᠃ 2024 ᠣᠨ ᠤ 2 ᠳ᠋ᠤᠭᠠᠷ ᠰᠠᠷ᠎ᠠ ᠶᠢᠨ ᠰᠡᠭᠦᠯᠴᠢ ᠪᠠᠷ ᠮᠠᠨ ᠤ ᠲᠣᠭᠤᠷᠢᠭ ᠲᠤ ᠨᠡᠶᠢᠳᠡᠮ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠵᠢᠱᠢᠯᠲᠡ ᠪᠠᠷ 4 ᠳ᠋ᠦ᠋ᠭᠡᠷ ᠰᠠᠷ᠎ᠠ ᠶᠢᠨ ᠳᠤᠮᠳᠠᠴᠢ ᠠᠴᠠ ᠡᠮᠦᠨ᠎ᠡ ᠲᠠᠷᠢᠶᠠᠯᠠᠬᠤ ᠬᠦᠷᠢᠶᠡᠯᠡᠩ ᠤᠨ ᠲᠠᠷᠢᠶᠠᠨ ᠭᠠᠵᠠᠷ ᠤᠨ ᠪᠠᠶᠢᠴᠠᠭᠠᠯᠲᠠ ᠶᠢᠨ ᠥᠯᠢᠭᠡᠷ ᠠᠪᠬᠤ ᠶᠢ ᠳᠠᠭᠤᠰᠬᠠᠵᠤ᠂ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠣᠶ ᠰᠢᠭᠤᠢ ᠨᠤᠲᠤᠭ ᠪᠡᠯᠴᠢᠭᠡᠷ ᠤᠨ ᠪᠠᠶᠢᠴᠠᠭᠠᠯᠲᠠ ᠶᠢᠨ ᠥᠯᠢᠭᠡᠷ ᠠᠪᠬᠤ ᠶᠢ ᠪᠡᠶᠡᠯᠡᠭᠦᠯᠦᠨ᠎ᠡ︔ 2025 ᠣᠨ ᠤ ᠦᠷ᠎ᠡ ᠪᠦᠲᠦᠭᠡᠯ ᠢ ᠬᠤᠷᠢᠶᠠᠩᠭᠤᠶᠢᠯᠠᠵᠤ᠂ ᠰᠢᠯᠭᠠᠨ ᠠᠪᠴᠤ᠂ ᠳ᠋ᠦᠩᠨᠡᠵᠦ᠂ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠪᠤᠢ ᠪᠣᠯᠭᠠᠭᠰᠠᠨ ᠤ ᠳᠠᠷᠠᠭ᠎ᠠ ᠱᠠᠲᠤ ᠳᠠᠷᠠᠭᠠᠯᠠᠨ ᠡᠯ᠎ᠡ ᠱᠠᠲᠤᠨ ᠤ ᠭᠤᠷᠪᠠ ᠶᠢ ᠲᠦᠭᠡᠮᠡᠯᠵᠢᠭᠦᠯᠬᠦ ᠤᠳᠤᠷᠢᠳᠬᠤ ᠳᠤᠭᠤᠶᠢᠯᠠᠩ ᠳᠤ ᠮᠡᠳᠡᠭᠦᠯᠬᠦ ᠬᠡᠷᠡᠭᠲᠡᠢ᠃        ︵ᠲᠠᠪᠤ︶ ᠵᠠᠷᠤᠳᠠᠯ ᠤᠨ ᠪᠠᠲᠤᠯᠠᠭ᠎ᠠ᠃ ᠥᠪᠡᠷᠲᠡᠭᠡᠨ ᠵᠠᠰᠠᠬᠤ ᠣᠷᠣᠨ ᠤ ︽2023 ᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠢᠵᠢ ᠪᠦᠷᠢᠳᠦᠭᠦᠯᠬᠦ ᠵᠠᠷᠤᠳᠠᠯ ᠢ ᠲᠦᠷᠭᠡᠬᠡᠨ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾ ︵ᠥᠪᠥᠷ ᠭᠤᠷᠪᠠ ᠶᠢ ᠲᠦᠭᠡᠮᠡᠯᠵᠢᠭᠦᠯᠬᠦ‌ᠠᠯᠪᠠᠨ︹2023︺ 4 ᠳ᠋ᠦᠭᠡᠷ ᠲᠣᠭᠠᠲᠤ︶ ᠵᠢᠴᠢ ᠪᠤᠭᠤᠲᠤ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ︽2023 ᠣᠨ ᠤ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠵᠠᠷᠤᠳᠠᠯ ᠤᠨ ᠲᠤᠬᠠᠢ ᠰᠠᠨᠠᠯ︾ ︵ᠪᠦᠦ ᠡᠳ᠋ ᠵᠠᠬᠢᠳᠠᠯ﹇2023﹈ 218 ᠳ᠋ᠤᠭᠠᠷ ᠲᠣᠭᠠᠲᠤ︶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ  ᠨᠢ᠂ ᠲᠣᠰ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠢ ᠣᠷᠣᠨ ᠨᠤᠲᠤᠭ ᠤᠨ ᠡᠳ᠋ ᠤᠨ ᠵᠠᠰᠠᠭ ᠠᠴᠠ ᠡᠭᠦᠷᠭᠡᠯᠡᠵᠦ ᠪᠠᠶᠢᠭ᠎ᠠ ᠠᠵᠢᠯ ᠤᠨ ᠡᠭᠦᠷᠭᠡ ᠶᠢᠨ ᠶᠣᠰᠣᠭᠠᠷ ᠡᠭᠦᠷᠭᠡᠯᠡᠵᠦ᠂ ᠲᠣᠭᠤᠷᠢᠭ ᠤᠨ ᠵᠠᠰᠠᠭ ᠤᠨ ᠣᠷᠳᠣᠨ ᠲᠣᠰ ᠣᠷᠣᠨ ᠪᠦᠰᠡ ᠶᠢᠨ ᠭᠠᠳᠠᠨᠠᠬᠢ ᠠᠵᠢᠯ ᠤᠨ ᠪᠠᠶᠢᠴᠠᠭᠠᠯᠲᠠ ᠶᠢᠨ ᠥᠯᠢᠭᠡᠷ ᠠᠪᠬᠤ᠂ ᠮᠡᠷᠭᠡᠵᠢᠯ ᠤᠨ ᠪᠣᠯᠪᠠᠰᠤᠷᠠᠭᠤᠯᠤᠯ᠂ ᠲᠤᠰᠬᠠᠢ ᠮᠡᠷᠭᠡᠵᠢᠯᠲᠡᠨ ᠤ ᠵᠢᠯᠤᠭᠤᠳᠬᠤ ᠦᠢᠯᠡᠴᠢᠯᠡᠭᠡ᠂ ᠲᠤᠭ᠎ᠠ ᠪᠠᠷᠢᠮᠲᠠ ᠶᠢᠨ ᠵᠠᠳᠠᠯᠤᠯᠲᠠ ᠪᠠ ᠦᠷ᠎ᠡ ᠪᠦᠲᠦᠭᠡᠯ ᠤᠨ ᠬᠤᠷᠢᠶᠠᠩᠭᠤᠶᠢᠯᠠᠯ ᠵᠡᠷᠭᠡ ᠶᠢ ᠬᠠᠷᠢᠭᠤᠴᠠᠵᠤ᠂ ᠠᠵᠢᠯ ᠤᠨ ᠠᠬᠢᠴᠠ ᠶᠢᠨ ᠲᠣᠬᠢᠷᠠᠭᠤᠯᠤᠯᠲᠠ ᠶᠢ ᠦᠨᠳᠦᠰᠦᠯᠡᠨ ᠵᠠᠷᠤᠳᠠᠯ ᠢ ᠵᠣᠬᠢᠴᠠᠩᠭᠤᠢ ᠣᠨ ᠤ ᠲᠥᠰᠥᠪ ᠲᠤ ᠣᠷᠣᠭᠤᠯᠤᠨ ᠪᠠᠲᠤᠯᠠᠬᠤ ᠶᠢᠨ ᠬᠠᠮᠲᠤ᠂ ᠬᠢᠨᠠᠯᠲᠠ ᠲᠠᠯᠪᠢᠵᠤ ᠬᠢᠨᠠᠨ ᠪᠤᠳᠤᠬᠤ ᠪᠠᠨ ᠴᠢᠩᠭᠠᠳᠬᠠᠵᠤ᠂ ᠲᠣᠭᠲᠠᠭᠠᠯ ᠶᠣᠰᠣᠭᠠᠷ ᠣᠲᠣ ᠶᠢᠨ ᠪᠠᠶᠢᠭ᠎ᠠ ᠪᠡᠯᠡ ᠮᠥᠩᠭᠦ ᠶᠢᠨ ᠠᠷᠭ᠎ᠠ ᠵᠠᠮ ᠢᠶᠠᠷ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠬᠠᠮᠢᠶ᠎ᠠ ᠪᠦᠬᠦᠢ ᠠᠵᠢᠯ ᠢ ᠳᠡᠮᠵᠢᠵᠦ ᠪᠣᠯᠣᠨ᠎ᠠ᠃        ︵ᠵᠢᠷᠭᠤᠭ᠎ᠠ︶ᠤᠬᠠᠭᠤᠯᠭ᠎ᠠ ᠶᠢᠨ ᠪᠣᠯᠪᠠᠰᠤᠷᠠᠯ᠃ ᠰᠣᠨᠢᠨ᠂ ᠲᠧᠯᠸᠢᠰ᠂ ᠷᠠᠳᠢᠣ᠋᠂ ᠰᠦᠯᠵᠢᠶ᠎ᠡ ᠵᠡᠷᠭᠡ ᠵᠠᠭᠤᠴᠢᠯᠠᠭᠤᠷ ᠪᠠ ᠥᠪᠡᠷ ᠤᠨ ᠵᠠᠭᠤᠴᠢᠯᠠᠭᠤᠷ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠲᠠᠷᠢᠶᠠᠨ ᠭᠠᠵᠠᠷ ᠢ ᠬᠠᠮᠠᠭᠠᠯᠠᠬᠤ ᠪᠠ ᠪᠦᠲᠦᠭᠡᠨ ᠪᠠᠶᠢᠭᠤᠯᠬᠤ᠂ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠵᠡᠷᠭᠡ ᠲᠠᠯ᠎ᠠ ᠪᠠᠷ ᠬᠢ ᠴᠢᠬᠤᠯᠠ ᠠᠴᠢ ᠬᠤᠯᠪᠣᠭᠳᠠᠯ ᠢ ᠶᠡᠬᠡᠪᠡᠷ ᠤᠬᠠᠭᠤᠯᠵᠤ᠂ ᠪᠥᠬᠦ ᠨᠡᠶᠢᠭᠡᠮ ᠤᠨ ᠬᠥᠷᠥᠰᠥ ᠰᠢᠷᠣᠢ ᠶᠢᠨ ᠭᠤᠷᠪᠠ ᠶᠢ ᠲᠦᠭᠡᠮᠡᠯᠵᠢᠭᠦᠯᠬᠦ ᠠᠵᠢᠯ ᠤᠨ ᠴᠢᠬᠤᠯᠠ ᠴᠢᠨᠠᠷ ᠤᠨ ᠲᠤᠬᠠᠢ ᠲᠠᠨᠢᠯᠲᠠ ᠶᠢ ᠳᠡᠭᠡᠭᠰᠢᠯᠡᠭᠦᠯᠬᠦ ᠬᠡᠷᠡᠭᠲᠡᠢ᠃ ᠶᠠᠷᠢᠶ᠎ᠠ ᠬᠡᠯᠡᠯᠴᠡᠭᠡᠨ ᠤ ᠪᠠᠶᠢᠳᠠᠯ  ᠢ ᠬᠥᠲᠥᠯᠥᠨ ᠵᠢᠯᠤᠭᠤᠳᠬᠤ ᠠᠵᠢᠯ  ᠢ ᠬᠢᠨᠠᠮᠠᠭᠠᠢ ᠰᠠᠶᠢᠲᠤᠷ ᠬᠢᠵᠦ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠬᠡᠯᠡᠯᠴᠡᠭᠡᠨ ᠶᠡᠬᠡᠲᠡᠢ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠴᠦ᠂ ᠰᠠᠶᠢᠨ ᠰᠠᠶᠢᠬᠠᠨ ᠭᠠᠳᠠᠭᠠᠳᠤ ᠣᠷᠴᠢᠨ ᠲᠣᠭᠤᠷᠢᠨ  ᠢ ᠪᠣᠶ ᠪᠣᠯᠭᠠᠬᠤ ᠬᠡᠷᠡᠭᠲᠡᠢ᠃ ᠲᠤᠰ ᠪᠡᠶ᠎ᠡ ᠶᠢᠨ ᠡᠩᠨᠡᠭᠡ ᠶᠢᠨ ᠰᠢᠰᠲ᠋ᠧᠮᠵᠢ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠤᠯᠤᠰ ᠤᠨ ᠨᠢᠭᠡᠳᠦᠯᠲᠡᠢ ᠱᠠᠭᠠᠷᠳᠠᠯᠭ᠎ᠠ ᠶᠣᠰᠣᠭᠠᠷ᠂ ᠮᠡᠷᠭᠡᠵᠢᠯ ᠤᠨ ᠪᠣᠯᠪᠠᠰᠤᠷᠠᠭᠤᠯᠤᠯ᠂ ᠤᠬᠠᠭᠤᠯᠤᠨ ᠲᠤᠤᠱᠯᠠᠭᠤᠯᠬᠤ ᠶᠢ ᠴᠢᠩᠭᠠᠷᠠᠭᠤᠯᠵᠤ᠂ ᠣᠯᠠᠨ ᠵᠦᠢᠯ ᠤᠨ ᠬᠡᠯᠪᠡᠷᠢ ᠪᠠᠷ ᠭᠤᠷᠪᠠ ᠶᠢ ᠲᠦᠭᠡᠮᠡᠯᠵᠢᠭᠦᠯᠬᠦ ᠮᠡᠷᠭᠡᠵᠢᠯ ᠤᠨ ᠠᠵᠢᠯᠲᠠᠨ ᠤ ᠲᠤᠰᠬᠠᠢ ᠰᠡᠳᠦᠪᠲᠦ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠭᠤᠷᠪᠠ ᠶᠢ ᠲᠦᠭᠡᠮᠡᠯᠵᠢᠭᠦᠯᠬᠦ ᠡᠩᠨᠡᠭᠡ ᠶᠢᠨ ᠲᠤᠰᠬᠠᠢ ᠮᠡᠷᠭᠡᠵᠢᠯ ᠤᠨ ᠴᠢᠨᠠᠷ᠂ ᠪᠠᠷᠢᠮᠵᠢᠶᠠᠲᠤ ᠴᠢᠨᠠᠷ ᠪᠠ ᠪᠣᠳᠠᠲᠤ ᠠᠵᠢᠯᠯᠠᠭᠠᠨ ᠤ ᠴᠢᠨᠠᠷ ᠢ ᠳᠡᠭᠡᠭᠰᠢᠯᠡᠭᠦᠯᠦᠨ᠎ᠡ᠃        ︵ᠳᠤᠯᠤᠭ᠎ᠠ︶ᠠᠮᠤᠷ ᠲᠦᠪᠰᠢᠨ ᠤ ᠪᠠᠲᠤᠯᠠᠭ᠎ᠠ᠃ ᠤᠯᠤᠰ ᠤᠨ ᠮᠡᠳᠡᠭᠡ ᠵᠠᠩᠭᠢ ᠶᠢᠨ ᠠᠮᠤᠷ ᠲᠦᠪᠰᠢᠨ ᠤ ᠳᠦᠷᠢᠮ ᠢ ᠴᠢᠩᠭ᠎ᠠ ᠬᠡᠷᠡᠭᠵᠢᠭᠦᠯᠵᠦ᠂ ᠤᠯᠤᠰ ᠠᠴᠠ ᠦᠢᠯᠡᠳᠪᠦᠷᠢᠯᠡᠭᠰᠡᠨ ᠬᠠᠲᠠᠭᠤ ᠬᠡᠷᠡᠭᠰᠡᠯ ᠤᠨ ᠵᠥᠭᠡᠯᠡᠨ ᠲᠣᠨᠤᠭ ᠪᠠ ᠣᠷᠣᠨ ᠪᠠᠶᠢᠷᠢ ᠲᠣᠭᠲᠠᠭᠠᠬᠤ ᠰᠢᠰᠲ᠋ᠧᠮ ᠢ ᠬᠡᠷᠡᠭᠯᠡᠨ᠂ ᠳ᠋ᠠᠶᠢᠲ᠋ᠠ ᠶᠢ ᠨᠢᠭᠤᠴᠠᠯᠠᠨ ᠳᠠᠮᠵᠢᠭᠤᠯᠬᠤ᠂ ᠳ᠋ᠠᠶᠢᠲ᠋ᠠ ᠬᠥᠮᠥᠷᠭᠡ ᠶᠢᠨ ᠵᠡᠷᠭᠡ ᠳᠡᠰ ᠢ ᠬᠠᠮᠠᠭᠠᠯᠠᠬᠤ ᠪᠠ ᠲᠤᠭ᠎ᠠ ᠪᠠᠷᠢᠮᠲᠠ ᠶᠢ ᠬᠡᠷᠡᠭᠯᠡᠬᠦ ᠡᠷᠬᠡ ᠮᠡᠳᠡᠯ ᠤᠨ ᠬᠠᠮᠢᠶᠠᠷᠤᠯᠲᠠ ᠵᠡᠷᠭᠡ ᠶᠢ ᠬᠡᠷᠡᠭᠵᠢᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠨᠢᠭᠤᠴᠠ ᠶᠢ ᠬᠠᠮᠠᠭᠠᠯᠠᠬᠤ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠬᠤ ᠶᠢᠨ ᠬᠠᠮᠲᠤ ᠨᠠᠶᠢᠳᠠᠪᠤᠷᠢᠵᠢᠭᠤᠯᠵᠤ᠂ ᠪᠠᠶᠢᠴᠠᠭᠠᠬᠤ᠂ ᠰᠢᠯᠭᠠᠬᠤ ᠪᠠ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠵᠡᠷᠭᠡ ᠭᠤᠭᠴᠤᠭ᠎ᠠ ᠳᠤ ᠣᠷᠣᠯᠴᠠᠭᠰᠠᠨ ᠨᠢᠭᠡᠴᠡ ᠪᠠ ᠬᠤᠪᠢ ᠬᠥᠮᠥᠨ ᠲᠤᠭ᠎ᠠ ᠪᠠᠷᠢᠮᠲᠠ ᠨᠢ ᠨᠢᠭᠤᠴᠠ ᠶᠢ ᠬᠠᠮᠠᠭᠠᠯᠠᠬᠤ ᠬᠡᠯᠡᠯᠴᠡᠭᠡᠷ ᠲᠤ ᠵᠣᠬᠢᠴᠠᠵᠤ᠂ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠢ ᠨᠡᠶᠢᠲᠡᠯᠡᠬᠦ ᠠᠴᠠ ᠡᠮᠦᠨ᠎ᠡ ᠳᠤᠷ᠎ᠠ ᠪᠠᠷ ᠢᠶᠠᠨ ᠭᠠᠳᠠᠭᠰᠢ ᠨᠡᠶᠢᠲᠡᠯᠡᠵᠦ᠂ ᠬᠡᠷᠡᠭᠯᠡᠵᠦ ᠪᠣᠯᠬᠤ ᠦᠭᠡᠢ᠂ ᠨᠡᠶᠢᠳᠡᠮ ᠪᠠᠶᠢᠴᠠᠭᠠᠯᠲᠠ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃         ᠳᠠᠭᠠᠯᠳᠤᠭᠤᠯᠤᠯ᠄ 1᠂ ᠰᠢᠭᠤᠶᠢᠲᠤ ᠲᠣᠭᠤᠷᠢᠭ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ        2᠂ ᠰᠢᠭᠤᠶᠢᠲᠤ ᠲᠣᠭᠤᠷᠢᠭ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ ᠵᠢᠯᠤᠭᠤᠳᠬᠤ ᠳᠤᠭᠤᠶᠢᠯᠠᠩ ᠳᠠᠭᠠᠯᠳᠤᠭᠤᠯᠤᠯ 1        ᠰᠢᠭᠤᠶᠢᠲᠤ ᠲᠣᠭᠤᠷᠢᠭ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ         ᠳᠤᠭᠤᠶᠢᠯᠠᠩ ᠤᠨ ᠳᠠᠷᠤᠭ᠎ᠠ᠄ ᠯᠢ ᠴᠢᠩ ᠵᠥᠩ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ        ᠳᠤᠭᠤᠶᠢᠯᠠᠩ ᠤᠨ ᠳᠡᠳ᠋ ᠳᠠᠷᠤᠭ᠎ᠠ᠄ ᠴᠢᠶᠣᠤ ᠸᠧᠢ ᠵᠢᠶᠠᠨ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ        ᠶᠠᠩ ᠲᠦᠩ ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠳᠠᠷᠤᠭ᠎ᠠ        ᠸᠠᠩ ᠯᠢ ᠮᠢᠨ᠂ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ        ᠪᠦᠷᠢᠯᠳᠦᠭᠦᠨ᠄ ᠵᠣᠣ ᠭᠤᠤ ᠹᠧᠩ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ        ᠯᠢ ᠶᠠᠨ ᠵᠢᠶᠧ᠂ ᠲᠣᠭᠤᠷᠢᠭ ᠤᠨ ᠡᠳ᠋ ᠶᠢᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ        ᠸᠠᠩ ᠵᠢᠶᠦ᠋ᠨ᠂ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠡᠳ᠋ ᠳᠠᠷᠤᠭ᠎ᠠ        ᠴᠧᠩ ᠶᠠᠨ᠂ ᠲᠣᠭᠤᠷᠢᠭ ᠤᠨ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ        ᠵᠠᠩ ᡁᠢ ᠶᠦᠩ᠂ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶᠠᠨ ᠤ ᠰᠢᠭᠤᠶᠢᠲᠤ ᠬᠤᠪᠢᠶᠠᠷᠢ ᠲᠣᠪᠴᠢᠶᠠᠨ ᠤ ᠳᠡᠳ᠋ ᠳᠠᠷᠤᠭ᠎ᠠ        ᠵᠧᠦ ᠷᠦᠢ ᠹᠠᠩ᠂ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠳᠡᠳ᠋ ᠳᠠᠷᠤᠭ᠎ᠠ        ᠵᠠᠩ ᠳ᠋ᠦᠩ ᠱᠧᠩ᠂ ᠵᠢᠪᠬᠤᠯᠠᠩᠲᠤ ᠰᠤᠮᠤ ᠶᠢᠨ ᠨᠠᠮ ᠤᠨ ᠬᠤᠷᠢᠶᠠᠨ ᠤ ᠭᠡᠰᠢᠭᠦᠨ᠂ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ        ᠬᠤ᠋ ᡁᠢ ᠵᠢᠶᠦ᠋ᠨ᠂ ᠪᠡᠳᠬᠡᠷ ᠵᠤᠤ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ        ᠵᠤᠤ ᠭᠦᠸᠧ ᠹᠧᠩ᠂ ᠪᠠᠢ ᠬᠤ᠋ ᠭᠧᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢᠸᠧᠢ ᠷᠦᠢ ᠵᠢᠤᠸᠠᠨ᠂ ᠳ᠋ᠠ ᠳ᠋ᠧ ᠾᠧᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ        ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ ᠲᠣᠬᠢᠷᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠲᠣᠭᠤᠷᠢᠭ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠨ ᠡᠷᠬᠢᠯᠡᠭᠴᠢ ᠴᠧᠩ ᠶᠠᠨ ᠡᠭᠦᠷᠭᠡᠯᠡᠨ᠎ᠡ᠃ᠳᠠᠭᠠᠯᠳᠤᠭᠤᠯᠤᠯ 2        ᠰᠢᠭᠤᠶᠢᠲᠤ ᠲᠣᠭᠤᠷᠢᠭ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ ᠵᠢᠯᠤᠭᠤᠳᠬᠤ ᠳᠤᠭᠤᠶᠢᠯᠠᠩ         ᠳᠤᠭᠤᠶᠢᠯᠠᠩ ᠤᠨ ᠳᠠᠷᠤᠭ᠎ᠠ᠄ ᠴᠧᠩ ᠶᠠᠨ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠨ ᠡᠷᠬᠢᠯᠡᠭᠴᠢ        ᠳᠤᠭᠤᠶᠢᠯᠠᠩ ᠤᠨ ᠳᠡᠳ᠋ ᠳᠠᠷᠤᠭ᠎ᠠ᠄ ᠵᠠᠩ ᠰᠦ᠋ ᠴᠢᠩ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠠᠰᠤᠭ ᠤᠨ ᠳᠠᠷᠤᠭ᠎ᠠ        ᠰᠦᠨ ᠴᠣᠣ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠠᠰᠤᠭ ᠤᠨ ᠳᠡᠳ᠋ ᠳᠠᠷᠤᠭ᠎ᠠ        ᠪᠦᠷᠢᠯᠳᠦᠭᠦᠨ᠄ ᠦ᠋ ᠵᠢᠦᠢ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠠᠰᠤᠭ ᠤᠨ ᠠᠵᠢᠯᠲᠠᠨ        ᠯᠢᠦ ᠰᠢᠤᠸᠠᠨ᠂ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠠᠵᠢᠯᠲᠠᠨ        ᠵᠠᠩ ᠳ᠋ᠦᠩ ᠱᠧᠩ᠂ ᠵᠢᠪᠬᠤᠯᠠᠩᠲᠤ ᠰᠤᠮᠤ ᠶᠢᠨ ᠨᠠᠮ ᠤᠨ ᠬᠤᠷᠢᠶᠠᠨ ᠤ ᠭᠡᠰᠢᠭᠦᠨ᠂ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ        ᠬᠤ᠋ ᡁᠢ ᠵᠢᠶᠦ᠋ᠨ᠂ ᠪᠡᠳᠬᠡᠷ ᠵᠤᠤ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ        ᠵᠤᠤ ᠭᠦᠸᠧ ᠹᠧᠩ᠂ ᠪᠠᠢ ᠬᠤ᠋ ᠭᠧᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ        ᠸᠧᠢ ᠷᠦᠢ ᠵᠢᠤᠸᠠᠨ᠂ ᠳ᠋ᠠ ᠳ᠋ᠧ ᠾᠧᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ         ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠶᠡᠭᠡ ᠶᠠᠪᠤᠳᠠᠯ ᠤᠨ ᠲᠡᠮᠳᠡᠭᠯᠡᠯ                    ︵2024 ᠣᠨ ᠤ 1 ᠰᠠᠷ᠎ᠠ ᠠᠴᠠ 3 ᠰᠠᠷ᠎ᠠ︶         1 ᠰᠠᠷ᠎ᠠ ᠶᠢᠨ 2 ᠤᠨ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠣᠷᠣᠯᠠᠭᠴᠢ ᠳᠠᠷᠤᠭ᠎ᠠ ᠵᠠᠩ ᠰᠢᠶᠣᠣ ᠹᠧᠢ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃        1 ᠰᠠᠷ᠎ᠠ ᠶᠢᠨ 10 ᠤ ᠡᠳᠦᠷ᠂ ᠰᠢᠭᠤᠶᠢᠲᠤ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠭᠤᠷᠪᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠬᠠᠢ ᠬᠤᠷᠠᠯ ᠢ ᠡᠷᠬᠢᠯᠡᠪᠡ᠃        1 ᠰᠠᠷ᠎ᠠ ᠶᠢᠨ 11 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠣᠷᠣᠯᠠᠭᠴᠢ ᠳᠠᠷᠤᠭ᠎ᠠ ᠵᠠᠩ ᠰᠢᠶᠣᠣ ᠹᠧᠢ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃        1 ᠰᠠᠷ᠎ᠠ ᠶᠢᠨ 12 ᠤᠨ ᠡᠳᠦᠷ᠂ ᠰᠢᠭᠤᠶᠢᠲᠤ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠳᠥᠷᠪᠡᠳᠦᠭᠡᠷ ᠤᠳᠠᠭᠠᠨ ᠤ ᠬᠤᠷᠠᠯ ᠬᠤᠷᠠᠯᠳᠤᠭᠤᠯᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠬᠠᠢ ᠬᠤᠷᠠᠯ ᠢ ᠡᠷᠬᠢᠯᠡᠵᠦ᠂ ᠳᠡᠳ᠋ ᠡᠷᠬᠢᠯᠡᠭᠴᠢ ᠮᠢ ᠴᠢᠶᠣᠤ ᠯᠢᠨ᠂ ᠸᠠᠩ ᠷᠦᠩ᠂ ᠴᠢᠦᠢ ᠫᠢᠩ ᠬᠦᠢ ᠵᠢᠴᠢ ᠭᠡᠰᠢᠭᠦᠨ ᠨᠡᠶᠢᠳᠡ 24 ᠬᠥᠮᠥᠨ ᠬᠤᠷᠠᠯ ᠳᠤ ᠣᠷᠣᠯᠴᠠᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠯᠢ ᠰᠢᠶᠠᠩ᠂ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠵᠠᠩ ᠬᠤᠤ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠪᠦᠦ ᠸᠧᠢ ᠬᠤᠸᠠ ᠬᠤᠷᠠᠯ ᠳᠤ ᠰᠤᠯᠠ ᠣᠷᠣᠯᠴᠠᠪᠠ᠃        1 ᠰᠠᠷ᠎ᠠ ᠶᠢᠨ 22 ᠤ ᠡᠳᠦᠷ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠭᠤᠶᠢᠲᠤ ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯ ᠦᠪᠡᠳᠡᠭᠰᠢ ᠶᠡᠭᠡ ᠪᠠᠷ ᠡᠬᠢᠯᠡᠪᠡ᠃ ᠪᠦᠬᠦ ᠲᠣᠭᠤᠷᠢᠭ ᠤᠨ ᠡᠯ᠎ᠡ ᠨᠠᠮ ᠪᠦᠯᠦᠭ ᠪᠦᠯᠬᠦᠮ ᠪᠣᠯᠣᠨ ᠦᠨᠳᠦᠰᠦᠲᠡᠨ ᠨᠦᠭᠦᠳ ᠤᠨ ᠡᠯ᠎ᠡ ᠡᠲᠡᠭᠡᠳ ᠠᠴᠠ ᠢᠷᠡᠭᠰᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠦᠬᠦ ᠲᠣᠭᠤᠷᠢᠭ ᠤᠨ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠡᠪᠦᠷᠯᠡᠨ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠬᠤᠷᠠᠯ ᠤᠨ ᠲᠠᠯᠠᠪᠠᠢ ᠳᠤ ᠣᠷᠣᠪᠠ᠃ ᠬᠤᠶᠠᠷ ᠡᠳᠦᠷ ᠤᠨ ᠬᠤᠷᠠᠯ ᠤᠨ ᠬᠤᠭᠤᠴᠠᠭᠠᠨ ᠳᠤ᠂ ᠭᠡᠰᠢᠭᠦᠳ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠰᠢᠭᠤᠶᠢᠲᠤ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠭᠤᠶᠢᠳᠠ ᠰᠠᠶᠢᠬᠠᠨ ᠰᠢᠯᠭᠠᠯᠲᠠ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠵᠡᠢ᠃        1 ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠰᠢᠭᠤᠶᠢᠲᠤ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤᠷᠢᠳ ᠢᠶᠠᠷ ᠭᠤᠷᠪᠠᠳᠤᠭᠠᠷ ᠤᠳᠠᠭ᠎ᠠ᠂ ᠳᠥᠷᠪᠡᠳᠦᠭᠡᠷ ᠤᠳᠠᠭ᠎ᠠ᠂ ᠲᠠᠪᠤᠳᠤᠭᠠᠷ ᠪᠥᠬᠦᠳᠡ ᠬᠤᠷᠠᠯ ᠬᠤᠷᠠᠯᠳᠤᠭᠤᠯᠵᠤ᠂ ᠶᠡᠭᠡ ᠬᠤᠷᠠᠯ ᠤᠨ ᠲᠣᠭᠲᠠᠭᠰᠠᠨ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠵᠡᠢ᠃        2 ᠰᠠᠷ᠎ᠠ ᠶᠢᠨ 2 ᠤᠨ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠠᠢ ᠯᠢᠶᠠᠨ ᠢᠦᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠭᠤᠶᠢᠲᠤ ᠲᠣᠭᠤᠷᠢᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 105 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃        2 ᠰᠠᠷ᠎ᠠ ᠶᠢᠨ 7 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠰᠢᠶᠣᠣ ᠹᠧᠢ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃        2 ᠰᠠᠷ᠎ᠠ ᠶᠢᠨ 19 ᠤ ᠡᠳᠦᠷ᠂ ᠬᠤᠲᠠ ᠶᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠠᠬᠢᠭᠤᠯᠬᠤ ᠲᠣᠪᠴᠢᠶ᠎ᠠ ᠶᠢᠨ ᠳᠠᠷᠤᠭ᠎ᠠ ᠸᠠᠩ ᠴᠢᠶᠠᠩ ᠨᠠᠷ ᠰᠢᠭᠤᠶᠢᠲᠤ ᠲᠣᠭᠤᠷᠢᠭ ᠤᠨ ᠠᠵᠤ ᠦᠢᠯᠡᠰ ᠤᠨ ᠳᠠᠪᠠᠭᠤᠯᠢᠭ ᠵᠢᠴᠢ 2024 ᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠴᠢᠭᠯᠡᠯ ᠪᠠ ᠪᠣᠳᠠᠲᠠᠢ ᠠᠷᠭ᠎ᠠ ᠬᠡᠮᠵᠢᠶ᠎ᠡ ᠶᠢ ᠪᠠᠶᠢᠴᠠᠭᠠᠨ ᠰᠤᠳᠤᠯᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠤᠨ ᠲᠤᠬᠠᠢ ᠶᠠᠷᠢᠯᠴᠠᠨ ᠰᠣᠯᠢᠯᠴᠠᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠰᠢᠶᠣᠣ ᠹᠧᠢ ᠶᠠᠷᠢᠯᠴᠠᠬᠤ ᠬᠤᠷᠠᠯ ᠢ ᠡᠷᠭᠢᠯᠡᠪᠡ᠃        2 ᠰᠠᠷ᠎ᠠ ᠶᠢᠨ 26 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠠᠢ ᠯᠢᠶᠠᠨ ᠢᠦᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠭᠤᠶᠢᠲᠤ ᠲᠣᠭᠤᠷᠢᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 106 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃        3 ᠰᠠᠷ᠎ᠠ ᠶᠢᠨ 9 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠰᠢᠶᠣᠣ ᠹᠧᠢ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ ᠵᠢᠷᠭᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃        3 ᠰᠠᠷ᠎ᠠ ᠶᠢᠨ 20 ᠤ ᠡᠳᠦᠷ᠂ ᠰᠢᠭᠤᠶᠢᠲᠤ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠲᠠᠪᠤᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠬᠠᠢ ᠬᠤᠷᠠᠯ ᠢ ᠡᠷᠬᠢᠯᠡᠵᠦ᠂ ᠳᠡᠳ᠋ ᠡᠷᠬᠢᠯᠡᠭᠴᠢ ᠮᠢ ᠴᠢᠶᠣᠤ ᠯᠢᠨ᠂ ᠸᠠᠩ ᠪᠢᠨ ᠵᠢᠴᠢ ᠭᠡᠰᠢᠭᠦᠨ ᠨᠡᠶᠢᠳᠡ 24 ᠬᠥᠮᠥᠨ ᠬᠤᠷᠠᠯ ᠳᠤ ᠣᠷᠣᠯᠴᠠᠪᠠ᠃        3 ᠰᠠᠷ᠎ᠠ ᠶᠢᠨ 29 ᠤ ᠡᠳᠦᠷ᠂ ᠰᠢᠭᠤᠶᠢᠲᠤ ᠲᠣᠭᠤᠷᠢᠭ ᠤᠨ ᠵᠣᠬᠢᠶᠠᠨ ᠪᠠᠶᠢᠭᠤᠯᠬᠤ ᠠᠵᠢᠯ ᠤᠨ ᠬᠤᠷᠠᠯ ᠬᠤᠷᠠᠯᠳᠤᠭᠤᠯᠪᠠ᠃ ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠥᠬᠦ ᠤᠯᠤᠰ ᠪᠥᠬᠦ ᠣᠷᠣᠨ ᠪᠥᠬᠦ ᠬᠤᠲᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠲᠣᠭᠤᠷᠢᠭ ᠤᠨ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ 2023 ᠣᠨ ᠤ ᠵᠣᠬᠢᠶᠠᠨ ᠪᠠᠶᠢᠭᠤᠯᠬᠤ ᠠᠵᠢᠯ ᠢ ᠳ᠋ᠦᠩᠨᠡᠵᠦ᠂ 2024 ᠣᠨ ᠤ ᠭᠤᠣᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃                    ᠰᠢᠭᠤᠶᠢᠲᠤ ᠲᠣᠭᠤᠷᠢᠭ ᠤᠨ ᠠᠷᠠᠳ ᠶᠢᠨ ᠵᠠᠰᠠᠭ ᠤᠨ ᠣᠷᠳᠣᠨ ᠤ ᠠᠯᠪᠠᠨ ᠭᠡᠷ                    2024 ᠣᠨ ᠤ 1 ᠰᠠᠷ᠎ᠠ ᠶᠢᠨ 1 ᠤ ᠡᠳᠦᠷ                    ᠨᠠᠶᠢᠷᠠᠭᠤᠯᠤᠨ ᠳᠠᠷᠤᠮᠠᠯᠯᠠᠬᠤ ᠨᠢᠭᠡᠴᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                    ᠬᠡᠪᠯᠡᠯ ᠤᠨ ᠦᠶᠡᠯᠡᠯ ᠤᠨ ᠬᠤᠭᠤᠴᠠᠭ᠎ᠠ᠄ ᠤᠯᠠᠷᠢᠯ ᠤᠨ ᠰᠡᠳᠬᠦᠯ  
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号