ᠬᠠᠪᠤᠷ ᠲᠤ ᠲᠤᠰᠢᠶᠠᠯ ᠬᠦᠯᠢᠶᠡᠵᠦ ᠢᠷᠡᠭᠡᠳᠦᠢ ᠶᠢ ᠵᠢᠯᠣᠭᠤᠳᠤᠨ᠎ᠠ
ᠨᠡᠶᠢᠲᠡᠯᠡᠭᠰᠡᠨ ᠴᠠᠭ᠄
2024/4/7
        ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠠᠴᠠ ᠲᠡᠭᠦᠰᠬᠦ ᠰᠤᠷᠤᠬᠴᠢᠳ ᠲᠤ ᠬᠦᠴᠦ ᠨᠡᠮᠡᠬᠦ ᠶᠢᠨ ᠲᠥᠯᠥᠭᠡ᠂ ᠨᠡᠩ ᠴᠢᠨᠠᠷ ᠰᠠᠶᠢᠲᠠᠢ ᠨᠡᠩ ᠭᠦᠢᠴᠡᠳ ᠠᠵᠢᠯ ᠣᠯᠭᠤᠯᠲᠠ ᠶᠢ ᠪᠡᠶᠡᠯᠡᠭᠦᠯᠦᠨ᠎ᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠪᠤᠭᠤᠲᠤ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ᠂ ᠳᠤᠮᠳᠠᠳᠤ ᠤᠯᠤᠰ ᠤᠨ ᠪᠤᠭᠤᠲᠤ ᠶᠢᠨ ᠳᠡᠭᠡᠳᠦ ᠰᠢᠨ᠎ᠡ ᠮᠡᠷᠭᠡᠵᠢᠯ ᠤᠨ ᠴᠢᠳᠠᠪᠤᠷᠢᠲᠠᠨ ᠤ ᠦᠢᠯᠡᠴᠢᠯᠡᠭᠡᠨ ᠤ ᠲᠥᠪ᠂ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠬᠠᠮᠲᠤᠷᠠᠨ ᠭᠤᠣᠯᠯᠠᠨ ᠡᠷᠭᠢᠯᠡᠭᠰᠡᠨ᠂ ᠪᠡᠶ᠎ᠡ ᠶᠢᠨ ᠲᠠᠮᠢᠷ ᠤᠨ ᠳᠡᠭᠡᠳᠦ ᠰᠤᠷᠭᠠᠭᠤᠯᠢ ᠳᠠᠭᠠᠭᠠᠴᠢᠯᠠᠨ ᠡᠷᠭᠢᠯᠡᠭᠰᠡᠨ ︽ᠠᠵᠢᠯ ᠤᠨ ᠬᠠᠪᠤᠷ ᠤᠨ ᠠᠵᠢᠯ ᠤᠨ ᠪᠠᠶᠢᠷᠢ﹀᠎ ᠪᠠᠷ ᠢᠷᠡᠭᠡᠳᠦᠢ ᠵᠦᠭ ᠬᠥᠲᠥᠯᠥᠨ᠎ᠡ︾ 2024 ᠬᠤᠭᠤᠴᠠᠭᠠᠨ ᠤ ᠲᠡᠭᠦᠰᠬᠦ ᠰᠤᠷᠤᠬᠴᠢᠳ ᠤᠨ ᠬᠠᠪᠤᠷ ᠤᠨ ᠤᠯᠠᠷᠢᠯ ᠤᠨ ᠰᠤᠷᠭᠠᠭᠤᠯᠢ ᠶᠢᠨ ᠬᠦᠷᠢᠶᠡᠨ ᠳᠠᠬᠢ ᠤᠷᠢᠵᠤ ᠡᠯᠰᠡᠬᠦ ᠬᠤᠷᠠᠯ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠳᠤ ᠶᠠᠪᠤᠭᠳᠠᠵᠠᠢ᠃ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ ᠢᠳᠡᠪᠬᠢᠲᠡᠢ ᠴᠤᠤᠷᠢᠶᠠᠲᠤᠨ ᠳᠠᠭᠠᠵᠤ᠂ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠳᠤ ᠬᠦᠷᠴᠦ ᠰᠤᠷᠭᠠᠭᠤᠯᠢ ᠶᠢᠨ ᠬᠦᠷᠢᠶᠡᠨ ᠤ ᠤᠷᠢᠵᠤ ᠡᠯᠰᠡᠬᠦ ᠬᠤᠷᠠᠯ ᠳᠤ ᠣᠷᠣᠯᠴᠠᠪᠠ᠃          ᠤᠷᠢᠵᠤ ᠡᠯᠰᠡᠬᠦ ᠬᠤᠷᠠᠯ ᠤᠨ ᠠᠬᠤᠢ ᠲᠠᠯᠠᠪᠠᠢ ᠭᠦᠷ ᠬᠥᠭᠵᠢᠶᠡᠨᠲᠡᠢ ᠪᠠᠶᠢᠵᠤ᠂ ᠲᠤᠰ ᠤᠳᠠᠭ᠎ᠠ ᠶᠢᠨ ᠤᠷᠢᠵᠤ ᠡᠯᠰᠡᠬᠦ ᠬᠤᠷᠠᠯ ᠨᠢ ᠠᠬᠤᠢ ᠲᠠᠯᠠᠪᠠᠢ ᠳᠤ ᠤᠷᠢᠵᠤ ᠡᠯᠰᠡᠬᠦ ᠪᠠ ᠰᠢᠭᠤᠳ ᠨᠡᠪᠲᠡᠷᠡᠭᠦᠯᠬᠦ ᠠᠵᠢᠯ ᠤᠨ ᠪᠠᠶᠢᠷᠢ ᠶᠢ ᠳᠠᠭᠠᠭᠤᠯᠬᠤ ᠭᠡᠯᠪᠡᠷᠢ ᠪᠠᠷ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠦᠯᠡᠮᠵᠢ ᠣᠯᠠᠨ ᠰᠤᠷᠤᠬᠴᠢᠳ ᠢ ᠲᠡᠳᠡᠨ ᠣᠷᠣᠯᠴᠠᠭᠤᠯᠵᠠᠢ᠃ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ 26 ᠠᠵᠤ ᠠᠬᠤᠶᠢᠯᠠᠯ ᠪᠣᠯᠣᠨ 27 ᠠᠵᠢᠯ ᠦᠢᠯᠡᠰ ᠤᠨ ᠨᠢᠭᠡᠴᠡ ᠶᠢᠨ 165 ᠠᠵᠢᠯ ᠤᠨ ᠪᠠᠶᠢᠷᠢ ᠬᠠᠩᠭᠠᠵᠤ᠂ ᠠᠬᠤᠢ ᠲᠠᠯᠠᠪᠠᠢ ᠳᠤ ᠭᠦᠷᠦᠭᠰᠡᠨ ᠰᠤᠷᠤᠬᠴᠢᠳ ᠠᠵᠤ ᠠᠬᠤᠶᠢᠯᠠᠯ ᠤᠨ ᠪᠠᠶᠢᠳᠠᠯ ᠪᠣᠯᠣᠨ ᠠᠵᠢᠯ ᠦᠢᠯᠡᠰ ᠤᠨ ᠨᠢᠭᠡᠴᠡ ᠶᠢᠨ ᠤᠷᠢᠵᠤ ᠡᠯᠰᠡᠬᠦ ᠱᠠᠭᠠᠷᠳᠠᠯᠭ᠎ᠠ ᠶᠢ ᠨᠠᠷᠢᠨ ᠬᠢᠨᠠᠮᠠᠭᠠᠢ ᠣᠶᠢᠯᠠᠭᠠᠵᠤ᠂ ᠪᠠᠭᠰᠢ ᠶᠢᠨ ᠠᠵᠢᠯ ᠤᠨ ᠪᠠᠶᠢᠷᠢ ᠶᠢᠨ ᠰᠠᠨᠠᠮᠵᠢ ᠬᠦᠰᠦᠨᠦᠭ ᠲᠧ 280 ᠬᠥᠮᠥᠨ ᠤᠳᠠᠭ᠎ᠠ ᠲᠠᠭᠯᠠᠵᠤ᠂ 60 ᠬᠥᠮᠥᠨ ᠳᠥᠭᠦᠮ ᠨᠠᠮᠲᠠᠷ ᠬᠦᠷᠭᠡᠵᠦ᠂ ᠰᠢᠭᠤᠳ ᠨᠡᠪᠲᠡᠷᠡᠭᠦᠯᠭᠡ ᠶᠢᠨ ᠲᠠᠰᠤᠭ ᠲᠤ ᠨᠡᠶᠢᠲᠡ ᠭᠤᠷᠪᠠᠨ ᠮᠢᠩᠭ᠎ᠠ ᠭᠠᠷᠤᠢ ᠬᠥᠮᠥᠨ ᠢ ᠣᠯᠵᠤ ᠦᠵᠡᠪᠡ᠃          ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ ᠠᠵᠢᠯ ᠣᠯᠭᠤᠬᠤ ᠠᠷᠭ᠎ᠠ ᠵᠠᠮ ᠢ ᠦᠷᠭᠦᠯᠵᠢᠯᠡᠨ ᠢᠳᠡᠪᠬᠢᠲᠡᠢ ᠨᠡᠭᠡᠭᠡᠵᠦ᠂ ︽ᠠᠵᠢᠯ ᠣᠯᠬᠤ ᠶᠢ ᠲᠣᠭᠲᠠᠪᠤᠷᠢᠵᠢᠭᠤᠯᠬᠤ᠂ ᠬᠠᠮᠲᠤᠷᠠᠯᠴᠠᠭ᠎ᠠ ᠬᠢᠬᠦ ᠶᠢ ᠰᠦᠪᠡᠭᠴᠢᠯᠡᠬᠦ᠂ ᠬᠠᠩᠭᠠᠯᠭ᠎ᠠ ᠬᠡᠷᠡᠭᠴᠡᠭᠡ ᠶᠢ ᠠᠬᠢᠭᠤᠯᠬᠤ︾ ᠡᠭᠦᠳᠡᠨ ᠠᠴᠠ ᠠᠵᠢᠯ ᠣᠯᠭᠤᠬᠤ ᠠᠵᠢᠯ ᠤᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠨᠡᠩ ᠣᠯᠠᠨ ᠲᠡᠭᠦᠰᠬᠦ ᠰᠤᠷᠤᠬᠴᠢᠳ ᠢ ᠨᠡᠩ ᠥᠨᠳᠥᠷ ᠶᠠᠰᠤ ᠴᠢᠨᠠᠷ ᠪᠠ ᠨᠡᠩ ᠭᠦᠢᠴᠡᠳ ᠠᠵᠢᠯ ᠣᠯᠬᠤ ᠶᠢ ᠬᠦᠴᠦᠯᠡᠨ ᠪᠡᠶᠡᠯᠡᠭᠦᠯᠬᠦ ᠪᠠᠷ ᠪᠤᠢ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号