ᠰᠢᠭᠤᠶᠢᠲᠤ ᠲᠣᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠦᠢᠯᠡᠴᠢᠯᠡᠭᠡᠨ ᠤ ᠵᠣᠷᠢᠯᠲᠠ ᠪᠠᠨ ᠦᠢᠯᠡᠳᠦᠯᠭᠡᠵᠢᠭᠦᠯᠵᠦ ᠠᠷᠠᠳ ᠲᠦᠮᠡᠨ ᠳᠤ ᠦᠨᠡᠨ ᠰᠡᠳᠬᠢᠯ ᠠᠴᠠ ᠪᠠᠨ ᠪᠣᠳᠠᠲᠠᠢ ᠶᠠᠪᠤᠳᠠᠯ ᠬᠢᠵᠦ ᠥᠭᠭᠦᠶ᠎ᠡ
ᠨᠡᠶᠢᠲᠡᠯᠡᠭᠰᠡᠨ ᠴᠠᠭ᠄
2024/4/7
        ᠰᠢᠭᠤᠶᠢᠲᠤ ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶ᠎ᠠ ᠨᠢ ᠶᠡᠷᠦᠩᠬᠡᠢ ᠱᠦᠵᠢ ᠰᠢ ᠶᠢᠨ ᠫᠢᠩ ᠤᠨ ︽ᠠᠷᠠᠳ ᠲᠦᠮᠡᠨ ᠢ ᠳᠡᠭᠡᠳᠦᠯᠡᠵᠦ᠂ ᠠᠮᠢ ᠨᠠᠰᠤ ᠶᠢ ᠡᠷᠭᠢᠮᠯᠡᠭᠦ︾ ᠡᠷᠬᠢᠮ ᠳᠡᠭᠡᠳᠦ ᠣᠶᠢᠯᠠᠭᠠᠭᠳᠠᠬᠤᠨ ᠢ ᠪᠠᠲᠤ ᠴᠡᠭᠡᠵᠢᠯᠡᠵᠦ᠂ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠨ᠂ ᠡᠮᠴᠢᠯᠡᠭᠡᠨ ᠤ ᠳᠠᠭᠠᠳᠬᠠᠯ ᠤᠨ ᠬᠦᠷᠢᠶ᠎ᠡ ᠬᠡᠪᠴᠢᠶᠡᠨ ᠳᠠᠬᠢ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠴᠢᠨᠠᠷ ᠰᠠᠶᠢᠲᠠᠢ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡ ᠶᠢ ᠪᠤᠢ ᠪᠤᠯᠭᠠᠵᠤ᠂ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡ ᠶᠢ ᠨᠡᠩ ᠳᠥᠭᠦᠮ ᠳᠥᠲᠡ ᠥᠨᠳᠥᠷ ᠦᠷ᠎ᠡ ᠪᠦᠲᠦᠮᠵᠢᠲᠡᠢ ᠪᠤᠯᠭᠠᠬᠤ ᠶᠢ ᠠᠬᠢᠭᠤᠯᠤᠨ᠎ᠠ᠃ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ︽ᠠᠷᠠᠳ ᠲᠤ ᠳᠥᠭᠦᠮ ᠦᠵᠡᠭᠦᠯᠭᠦ ᠡᠮᠴᠢᠯᠡᠭᠡᠨ ᠤ ᠳᠠᠭᠠᠳᠬᠠᠯ︾᠎ ᠤᠨ ᠰᠢᠨ᠎ᠡ ᠳᠦᠷᠢ ᠲᠥᠷᠬᠦ ᠶᠢ ᠤᠯᠠᠮ ᠨᠢᠭᠡ ᠠᠯᠬᠤᠮ ᠪᠤᠢ ᠪᠣᠯᠭᠠᠪᠠ᠃          ᠨᠢᠭᠡ᠂ ︽ᠨᠢᠭᠡ ᠴᠣᠩᠬᠤᠪᠴᠢ ᠪᠠᠷ ᠨᠡᠶᠢᠳᠡᠮ ᠭᠦᠢᠴᠡᠳᠬᠡᠬᠦ︾᠎ ᠳᠤ ᠠᠩᠬᠠᠷᠤᠯ ᠢᠶᠠᠨ ᠲᠥᠪᠯᠡᠷᠡᠭᠦᠯᠵᠦ᠂ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠰᠦᠯᠵᠢᠶᠡᠨ ᠠᠴᠠ ᠭᠠᠳᠠᠭᠤᠷᠬᠢ ᠴᠢᠳᠠᠪᠤᠷᠢ ᠶᠢ ᠴᠢᠩᠭᠠᠷᠠᠭᠤᠯᠬᠤ ᠬᠡᠷᠡᠭᠲᠡᠢ᠃          ᠰᠢᠭᠤᠶᠢᠲᠤ ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠶᠢᠨ ᠲᠣᠬᠢᠷᠠᠭᠤᠯᠬᠤ ᠶᠡᠷᠦᠩᠬᠡᠶᠢᠯᠡᠭᠰᠡᠨ ᠴᠣᠩᠬᠤᠪᠴᠢ ᠪᠠᠷ᠂ ︽ᠨᠢᠭᠡ ᠴᠣᠩᠬᠤᠪᠴᠢ ᠪᠠᠷ ᠳ᠋ᠦᠩᠨᠡᠨ ᠪᠤᠳᠣᠬᠤ︾᠎ ᠶᠢ ᠴᠢᠩᠭ᠎ᠠ ᠨᠠᠶᠢᠳᠠᠪᠤᠷᠢᠵᠢᠭᠤᠯᠵᠤ᠂ ︽ᠨᠢᠭᠡ ᠥᠷᠲᠡᠭᠡᠯᠢᠭ︾ ᠦᠢᠯᠡᠴᠢᠯᠡᠭᠡ ᠶᠢ ᠬᠡᠷᠡᠭᠵᠢᠭᠦᠯᠦᠨ᠂ ᠨᠢᠭᠡ ᠡᠭᠦᠳᠡ ᠪᠠᠷ ᠣᠷᠣᠵᠤ ᠂ ᠨᠢᠭᠡ ᠴᠣᠩᠬᠤᠪᠴᠢ ᠳᠤ ᠬᠦᠷᠴᠦ᠂ ᠣᠯᠠᠨ ᠲᠥᠷᠥᠯ ᠤᠨ ᠡᠮᠴᠢᠯᠡᠭᠡᠨ ᠤ ᠳᠠᠭᠠᠳᠬᠠᠯ ᠤᠨ ᠶᠠᠪᠤᠳᠠᠯ ᠢ ᠡᠷᠭᠢᠯᠡᠨ ᠭᠦᠢᠴᠡᠳᠬᠡᠵᠦ᠂ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠢ ᠳᠠᠪᠬᠤᠷᠳᠠᠭᠤᠯᠤᠨ ᠮᠥᠷᠯᠡᠬᠦ ᠦᠭᠡᠢ ᠪᠤᠯᠭᠠᠵᠤ᠂ ᠠᠵᠢᠯ ᠶᠠᠪᠤᠳᠠᠯ ᠭᠦᠢᠴᠡᠳᠬᠡᠬᠦ ᠭᠤᠭᠴᠤᠭ᠎ᠠ ᠶᠢ ᠪᠠᠭᠠᠰᠬᠠᠨ᠂ ᠠᠵᠢᠯ ᠭᠦᠢᠴᠡᠳᠬᠡᠬᠦ ᠴᠤᠪᠤᠷᠠᠯ ᠢ ᠳᠥᠭᠦᠮᠴᠢᠯᠡᠵᠦ᠂ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠶᠢᠨ ᠨᠡᠶᠢᠲᠡᠯᠡᠭᠰᠡᠨ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠶᠢ ᠴᠢᠩᠭ᠎ᠠ ᠵᠢᠷᠤᠮᠯᠠᠨ ᠡᠮᠬᠢᠯᠡᠵᠦ᠂ ᠮᠠᠲ᠋ᠧᠷᠢᠶᠠᠯ ᠢ ᠲᠣᠳᠣᠷᠬᠠᠢ ᠴᠤᠭᠯᠠᠭᠤᠯᠤᠨ᠂ ᠠᠪᠬᠤ ᠵᠣᠬᠢᠰ ᠦᠭᠡᠢ ᠮᠠᠲ᠋ᠧᠷᠢᠶᠠᠯ ᠢ ᠡᠷᠡᠰ ᠠᠪᠬᠤ ᠦᠭᠡᠢ ᠪᠠᠶᠢᠵᠤ᠂ ︽ᠬᠠᠰᠤᠵᠤ ᠳᠡᠶᠢᠯᠭᠦ ᠶᠢ ᠨᠢ ᠬᠠᠰᠤᠬᠤ︾ ᠵᠠᠷᠴᠢᠮ ᠢ ᠪᠡᠶᠡᠯᠡᠭᠦᠯᠦᠨ᠎ᠡ᠃         ᠬᠤᠶᠠᠷ᠂ ᠦᠢᠯᠡᠴᠢᠯᠡᠭᠡᠨ ᠤ ︽ᠰᠡᠳᠬᠢᠯ ᠢᠶᠠᠨ ᠬᠠᠶᠠᠮ᠎ᠠ︾᠎ ᠶᠢ ᠵᠢᠷᠤᠮᠵᠢᠭᠤᠯᠵᠤ᠂ ᠣᠯᠠᠨ ᠲᠦᠮᠡᠨ ᠢ ︽ᠰᠡᠳᠬᠢᠯ ᠳᠤᠯᠠᠭᠠᠯᠠᠬᠤ︾ ᠪᠣᠯᠭᠠᠨ᠎ᠠ᠃          ᠡᠩ ᠲᠡᠷᠢᠭᠦᠨ ᠳᠤ ︽ᠳᠥᠷᠪᠡ ᠶᠢ ᠬᠠᠮᠤᠭ ᠠᠴᠠ ᠪᠠᠶᠢᠯᠭᠠᠬᠤ︾ ( ᠦᠢᠯᠡᠴᠢᠯᠡᠭᠡᠨ ᠤ ᠶᠠᠰᠤ ᠴᠢᠨᠠᠷ ᠢᠶᠠᠷ ᠬᠠᠮᠤᠭ ᠤᠨ ᠰᠢᠯᠢᠳᠡᠭ᠂ ᠬᠡᠷᠡᠭᠰᠡᠬᠦ ᠮᠠᠲ᠋ᠧᠷᠢᠶᠠᠯ ᠬᠠᠮᠤᠭ ᠤᠨ ᠪᠠᠭ᠎ᠠ᠂ ᠭᠦᠢᠴᠡᠳᠬᠡᠬᠦ ᠴᠠᠭ ᠬᠤᠭᠤᠴᠠᠭ᠎ᠠ ᠶᠢ ᠬᠠᠮᠤᠭ ᠤᠨ ᠣᠬᠤᠷ᠂ ᠠᠵᠢᠯ ᠶᠠᠪᠤᠳᠠᠯ ᠭᠦᠢᠴᠡᠳᠬᠡᠬᠦ ᠴᠤᠪᠤᠷᠠᠯ ᠢ ᠬᠠᠮᠤᠭ ᠤᠨ ᠳᠥᠭᠦᠮ ) ᠦᠢᠯᠡᠴᠢᠯᠡᠭᠡᠨ ᠤ ᠱᠠᠭᠠᠷᠳᠠᠯᠭ᠎ᠠ ᠶᠢ ᠵᠢᠷᠤᠮᠯᠠᠨ᠂ ᠪᠤᠳᠤᠯᠢᠶᠠᠨᠲᠠᠢ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠦᠢᠯᠡᠴᠢᠯᠡᠬᠦ ᠡᠲᠡᠭᠡᠳ ᠤᠨ ᠬᠡᠷᠡᠭᠴᠡᠭᠡ ᠶᠢ ᠪᠦᠲᠦᠮᠵᠢᠲᠡᠢ ᠪᠠᠲᠤᠯᠠᠬᠤ ᠬᠡᠷᠡᠭᠲᠡᠢ᠃ ᠳᠠᠷᠠᠭ᠎ᠠ ᠳᠤᠨᠢ᠂ ᠰᠤᠷᠤᠯᠴᠠᠯᠭ᠎ᠠ ᠶᠢ ᠴᠢᠬᠤᠯᠠᠴᠢᠯᠠᠨ᠂ ᠡᠩᠨᠡᠭᠡᠨ ᠤ ᠬᠡᠪ ᠴᠢᠨᠠᠷ ᠢ ᠳᠡᠭᠡᠭᠰᠢᠯᠡᠭᠦᠯᠵᠦ᠂ ᠪᠦᠭᠦ ᠠᠵᠢᠯᠲᠠᠨ ᠤ ᠰᠤᠷᠤᠯᠴᠠᠬᠤ ᠳᠦᠷᠢᠮ ᠢ ᠭᠠᠷᠭᠠᠵᠤ᠂ ᠲᠥᠪᠯᠡᠷᠡᠭᠦᠯᠦᠨ ᠪᠤᠯᠪᠠᠰᠤᠷᠠᠭᠤᠯᠵᠤ ᠰᠤᠷᠤᠯᠴᠠᠬᠤ ᠠᠷᠭ᠎ᠠ ᠮᠠᠶ᠋ᠢᠭ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠥᠷᠨᠢᠭᠦᠯᠵᠦ᠂ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ᠂ ᠲᠤᠬᠠᠶᠢᠯᠠᠭᠰᠠᠨ ᠠᠵᠢᠯ ᠤᠨ ᠮᠡᠳᠡᠯᠭᠡ ᠪᠣᠯᠣᠨ ᠦᠢᠯᠡᠴᠢᠯᠡᠭᠡᠨ ᠤ ᠴᠢᠳᠠᠪᠤᠷᠢ ᠶᠢᠨ ᠰᠤᠷᠤᠯᠴᠠᠯᠭ᠎ᠠ ᠪᠠᠨ ᠴᠢᠩᠭᠠᠳᠬᠠᠵᠤ ᠂ ᠺᠠᠲᠷ ᠠᠵᠢᠯᠲᠠᠨ ᠠᠵᠢᠯᠴᠢᠨ ᠳᠤ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠨᠡᠩ ᠢᠯᠡᠭᠦᠦ ᠣᠶᠢᠯᠠᠭᠠᠭᠤᠯᠵᠤ᠂ ᠲᠤᠬᠠᠶᠢᠯᠠᠭᠰᠠᠨ ᠠᠵᠢᠯ ᠤᠨ ᠮᠡᠳᠡᠯᠭᠡ᠂ ᠴᠣᠩᠬᠤᠪᠴᠢ ᠮᠡᠷᠭᠡᠵᠢᠯ ᠤᠨ ᠴᠢᠳᠠᠪᠤᠷᠢ ᠪᠣᠯᠣᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠠᠮᠤᠭ ᠰᠡᠭᠦᠯ ᠳᠤ ᠨᠢ ᠦᠢᠯᠡᠴᠢᠯᠡᠭᠡ ᠪᠠᠨ ᠴᠢᠩᠭᠠᠳᠬᠠᠵᠤ᠂ ᠣᠯᠠᠨ ᠲᠦᠮᠡᠨ ᠤ ᠰᠡᠳᠬᠢᠯ ᠬᠠᠨᠤᠮᠵᠢᠲᠠᠢ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠭᠦ ᠬᠡᠷᠡᠭᠲᠡᠢ᠃ ᠴᠣᠩᠬᠤᠪᠴᠢ ᠠᠵᠢᠯᠲᠠᠨ ᠤ ᠦᠢᠯᠡᠴᠢᠯᠡᠭᠡᠨ ᠤ ᠦᠵᠡᠯ ᠤᠬᠠᠮᠰᠠᠷ᠂ ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠨ᠂ ᠴᠣᠩᠬᠤᠪᠴᠢ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠠᠭᠠᠳᠬᠠᠯ ᠳᠤ ᠣᠷᠣᠯᠴᠠᠭᠴᠢ ᠳᠤ ᠥᠨᠳᠥᠷ ᠦᠷ᠎ᠡ ᠪᠦᠲᠦᠮᠵᠢᠲᠡᠢ ᠳᠣᠲᠣᠨᠣ ᠦᠢᠯᠡᠴᠢᠯᠡᠭᠡ ᠬᠠᠩᠭᠠᠬᠤ ᠪᠠᠷ ᠬᠦᠴᠦᠯᠡᠨ᠂ ᠴᠣᠩᠬᠤᠪᠴᠢ ᠠᠵᠢᠯᠲᠠᠨ ᠤ ︽ᠰᠠᠶᠢᠨ ᠮᠠᠭᠤ ᠶᠢ ᠦᠨᠡᠯᠡᠬᠦ︾ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠮᠴᠢᠯᠡᠭᠡᠨ ᠤ ᠰᠣᠳᠣᠨ ᠳᠠᠭᠠᠳᠬᠠᠯ ᠢ ᠪᠡᠶᠡᠯᠡᠭᠦᠯᠦᠨ᠎ᠡ᠃ ᠲᠡᠷᠡᠴᠢᠯᠡᠨ᠂ ᠣᠳᠣᠬᠠᠨ ᠪᠤᠯᠲᠠᠯ᠎ᠠ᠂ 2014 ᠣᠨ ᠤ ᠨᠢᠭᠡᠳᠦᠭᠡᠷ ᠤᠯᠠᠷᠢᠯ ᠤᠨ ᠡᠮ ᠡᠮᠨᠡᠯᠭᠡ ᠶᠢᠨ ᠳᠠᠭᠠᠳᠬᠠᠯ ᠤᠨ ᠴᠣᠩᠬᠤᠪᠴᠢ ᠳᠤ ᠡᠮᠨᠡᠯᠭᠡ ᠶᠢᠨ ᠳᠠᠭᠠᠳᠬᠠᠯ ᠤᠨ ᠳᠠᠩᠰᠠᠨ ᠠᠴᠠ ᠲᠠᠶᠢᠯᠬᠤ ᠲᠤᠬᠠᠶᠢᠯᠠᠭᠰᠠᠨ ᠠᠵᠢᠯ ᠢ ᠨᠡᠶᠢᠲᠡ 55 ᠬᠥᠮᠥᠨ ᠤᠳᠠᠭ᠎ᠠ ᠭᠥᠯᠢᠶᠡᠨ ᠠᠪᠴᠤ ᠰᠢᠢᠳᠪᠦᠷᠢᠯᠡᠵᠦ᠂ ᠳᠠᠩᠰᠠᠨ ᠠᠴᠠ ᠲᠠᠶᠢᠯᠬᠤ ᠵᠣᠭᠤᠰ ᠢ 52.6 ᠲᠦᠮᠡᠨ ᠲᠥᠭᠦᠷᠢᠭ ᠲᠤᠰᠢᠶᠠᠵᠠᠢ᠃          ᠳᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠦᠷᠭᠦᠯᠵᠢᠯᠡᠨ ᠰᠠᠨᠠᠭᠠᠴᠢᠯᠠᠭ᠎ᠠ ᠠᠴᠠ ᠪᠠᠨ ᠠᠵᠢᠯᠯᠠᠵᠤ ᠂ ᠦᠢᠯᠡᠴᠢᠯᠡᠭᠡᠨ ᠤ ᠠᠵᠢᠯᠯᠠᠭ᠎ᠠ ᠪᠠᠨ ᠲᠠᠰᠤᠷᠠᠯᠲᠠ ᠦᠭᠡᠢ ᠳᠦᠷᠢᠮᠵᠢᠭᠦᠯᠵᠦ᠂ ᠦᠢᠯᠡᠴᠢᠯᠡᠭᠡᠨ ᠤ ᠣᠷᠴᠢᠨ ᠲᠣᠭᠤᠷᠢᠨ ᠢᠶᠠᠨ ᠰᠠᠶᠢᠵᠢᠷᠠᠭᠤᠯᠤᠨ᠂ ᠦᠢᠯᠡᠴᠢᠯᠡᠭᠡᠨ ᠤ ᠣᠶᠢᠯᠠᠭᠠᠭᠳᠠᠬᠤᠨ ᠢᠶᠠᠨ ᠰᠢᠨᠡᠴᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠦᠢᠯᠡᠴᠢᠯᠡᠭᠡᠨ ᠤ ᠴᠣᠩᠬᠤ ᠶᠢ ᠰᠢᠯᠢᠳᠡᠭᠵᠢᠭᠦᠯᠵᠦ᠂ ᠡᠮᠴᠢᠯᠡᠭᠡᠨ ᠤ ᠦᠢᠯᠡᠴᠢᠯᠡᠭᠡᠨ ᠤ ᠰᠢᠨ᠎ᠡ ᠳᠦᠷᠢ ᠲᠥᠷᠬᠦ ᠶᠢ ᠪᠤᠢ ᠪᠣᠯᠭᠠᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号