ᠰᠢᠭᠤᠶᠢᠲᠤ ᠲᠣᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠠᠷᠠᠳ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠷᠠᠳ ᠲᠦᠮᠡᠨ ᠤ ᠳᠡᠷᠭᠡᠳᠡᠬᠢ ᠠᠵᠢᠯ ᠶᠠᠪᠤᠳᠠᠯ ᠢ ᠰᠠᠶᠢᠲᠤᠷ ᠬᠢᠨ᠎ᠡ
ᠨᠡᠶᠢᠲᠡᠯᠡᠭᠰᠡᠨ ᠴᠠᠭ᠄
2024/4/7
        ︽ᠲᠡᠳᠡᠨ ᠤ ᠠᠵᠢᠯ ᠬᠢᠬᠦ ᠦᠷ᠎ᠡ ᠪᠦᠲᠦᠮᠵᠢ ᠨᠢ ᠡᠶᠢᠮᠦ ᠥᠨᠳᠥᠷ᠂ ᠡᠶᠢᠮᠦ ᠬᠤᠷᠳᠤᠨ ᠮᠢᠨᠤ ᠠᠰᠠᠭᠤᠳᠠᠯ ᠢ ᠰᠢᠢᠳᠪᠦᠷᠢᠯᠡᠴᠢᠬᠡᠨ᠎ᠡ ᠭᠡᠵᠦ ᠪᠢ ᠦᠨᠡᠬᠡᠷ ᠪᠤᠳᠣᠵᠤ ᠣᠯᠣᠭᠰᠠᠨ ᠦᠭᠡᠢ︾᠃︾ ᠭᠡᠵᠦ ᠨᠢᠭᠡᠨ ᠢᠳᠡᠷ ᠨᠠᠰᠤᠨ ᠤ ᠡᠷᠡᠭᠲᠡᠢ ᠦᠢᠯᠡᠴᠢᠯᠡᠭᠡᠨ ᠤ ᠴᠣᠩᠬᠤᠪᠴᠢ ᠪᠠᠷ ᠬᠡᠯᠡᠨ᠎ᠡ᠃          ᠡᠨᠡ ᠡᠷᠡᠭᠲᠡᠢ ᠢᠷᠡᠵᠦ ᠡᠵᠢ ᠳᠤ ᠪᠠᠨ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠠᠰᠠᠭᠤᠨ ᠯᠠᠪᠯᠠᠵᠤ᠂ ᠡᠮᠨᠡᠯᠭᠡ ᠶᠢᠨ ᠳᠠᠭᠠᠳᠬᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠩᠬᠤ ᠶᠢᠨ ᠠᠵᠢᠯᠲᠠᠨ ᠲᠡᠭᠦᠨ ᠤ ᠢᠷᠡᠭᠰᠡᠨ ᠰᠠᠨᠠᠭ᠎ᠠ ᠶᠢ ᠮᠡᠳᠡᠭᠡᠳ᠂ ᠲᠡᠭᠦᠨ ᠳᠤ ᠪᠠᠶᠢᠳᠠᠯ ᠢ ᠲᠠᠶᠢᠯᠪᠤᠷᠢᠯᠠᠨ ᠥᠭᠴᠦ᠂ ᠳᠠᠷᠠᠭ᠎ᠠ ᠨᠢ ᠲᠣᠳᠣᠷᠬᠠᠢ ᠬᠠᠷᠢᠭᠤᠯᠲᠠ ᠥᠭᠴᠦ᠂ ᠲᠡᠭᠦᠨ ᠤ ᠲᠤᠬᠠᠢ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠨ ᠥᠭᠴᠦ ᠪᠠᠶᠢᠯ᠎ᠠ ᠃ ︽ᠤᠤᠯ ᠨᠢ ᠬᠥᠮᠥᠨ ᠠᠴᠠ ᠰᠣᠨᠤᠰᠬᠤᠯᠠᠷ ᠭᠡᠳᠦ ᠤᠳᠠᠭ᠎ᠠ ᠭᠦᠶᠦᠬᠦ ᠨᠢ ᠪᠦᠷ ᠬᠠᠮᠢᠶ᠎ᠠ ᠪᠦᠬᠦᠢ ᠭᠠᠷ ᠭᠦᠢᠴᠡᠳᠬᠡᠯ ᠪᠣᠯᠣᠨ ᠲᠥᠷᠥ ᠶᠢᠨ ᠪᠣᠳᠣᠯᠭ᠎ᠠ ᠶᠢ ᠲᠣᠳᠣᠷᠬᠠᠢ ᠠᠰᠠᠭᠤᠵᠤ ᠳᠡᠶᠢᠯᠭᠦ ᠦᠭᠡᠢ ᠭᠡᠨ᠎ᠡ᠂ ᠪᠢ ᠪᠠᠰᠠ ᠥᠨᠥᠳᠥᠷ ᠲᠠᠯᠠᠭᠠᠷ ᠭᠦᠶᠦᠵᠡᠢ ᠭᠡᠵᠦ ᠰᠠᠨᠠᠭ᠎ᠠ ᠵᠣᠪᠠᠵᠤ ᠪᠠᠶᠢᠵᠠᠢ᠃ ᠠᠵᠢᠯᠲᠠᠨ ᠤ ᠬᠠᠷᠢᠭᠤᠯᠲᠠ ᠨᠢ ᠮᠠᠰᠢ ᠨᠠᠷᠢᠨ ᠭᠡᠵᠦ ᠪᠤᠳᠣᠵᠤ ᠣᠯᠣᠭᠰᠠᠨ ᠦᠭᠡᠢ᠂ ᠪᠢ ᠬᠤᠷᠳᠤᠨ ᠬᠠᠷᠢᠭᠠᠳ ᠡᠵᠢ ᠪᠠᠷ ᠢᠶᠠᠨ ᠮᠠᠲ᠋ᠧᠷᠢᠶᠠᠯ ᠪᠡᠯᠡᠳᠬᠡᠯᠭᠡᠨ᠎ᠡ᠃ ᠡᠮᠴᠢᠯᠡᠭᠡᠨ ᠤ ᠳᠠᠭᠠᠳᠬᠠᠯ ᠤᠨ ᠴᠣᠩᠬᠤᠪᠴᠢ ᠳᠤ ᠬᠦᠯᠢᠴᠡᠩᠭᠦᠢ ᠲᠠᠶᠢᠯᠤᠮᠵᠢ ᠬᠢᠭᠰᠡᠨ ᠪᠠ ᠬᠠᠯᠠᠭᠤᠨ ᠰᠡᠳᠬᠢᠯᠭᠡ ᠪᠦᠷᠢᠨ ᠭᠦᠢᠴᠡᠳ ᠦᠢᠯᠡᠴᠢᠯᠡᠭᠡ ᠨᠢ᠂ ᠲᠡᠭᠦᠨ ᠳᠤ ᠬᠠᠯᠠᠭᠤᠨ ᠳᠣᠲᠣᠨᠣ ᠰᠠᠨᠠᠭᠳᠠᠵᠤ᠂ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠭᠰᠡᠨ ᠪᠥᠭᠡᠳ ᠠᠵᠢᠯᠲᠠᠳ ᠣᠯᠠᠨ ᠲᠦᠮᠡᠨ ᠤ ︽ᠬᠦᠴᠢᠷᠲᠡᠢ ᠶᠢ ᠬᠠᠪᠰᠤᠷᠤᠨ ᠰᠶ᠋ᠢᠳᠪᠦᠷᠢᠯᠡᠭᠦ︾᠎ ᠶᠢᠨ ᠦᠢᠯᠡᠴᠢᠯᠡᠭᠡ ᠳᠤ ᠥᠨᠳᠥᠷ ᠦᠨᠡᠯᠡᠯᠲᠡ ᠥᠭᠴᠡᠢ᠃         ᠣᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠭᠡᠵᠦ ᠦᠭᠡᠢ᠂ ᠠᠷᠠᠳ ᠤᠨ ᠰᠡᠳᠬᠢᠯ ᠢ ᠪᠠᠭ᠎ᠠ ᠪᠠᠭ᠎ᠠ ᠪᠠᠷ ᠳᠤᠯᠠᠭᠠᠴᠠᠭᠤᠯᠤᠨ᠎ᠠ᠃ ᠠᠯᠲᠠᠨ ᠬᠤᠨᠳᠠᠭ᠎ᠠ ᠮᠥᠩᠭᠦᠨ ᠬᠤᠨᠳᠠᠭ᠎ᠠ ᠨᠢ ᠣᠯᠠᠨ ᠲᠦᠮᠡᠨ ᠤ ᠪᠠᠭ᠋ᠠᠷᠠᠯ ᠢ ᠬᠦᠷᠬᠦ ᠦᠭᠡᠢ᠂ ᠣᠯᠠᠨ ᠲᠦᠮᠡᠨ ᠬᠡᠯᠡᠪᠡᠯ ᠰᠠᠶ᠋ᠢ ᠦᠨᠡᠨ ᠰᠠᠶᠢᠨ᠂ ᠨᠢᠭᠡ ᠲᠠᠯᠠᠷᠬᠠᠬᠤ ᠦᠭᠡ ᠨᠢ ᠡᠮ ᠡᠮᠨᠡᠯᠭᠡ ᠶᠢᠨ ᠳᠠᠭᠠᠳᠬᠠᠯ ᠤᠨ ᠠᠵᠢᠯ ᠢ ᠭᠦᠢᠴᠡᠳ ᠨᠤᠲᠠᠯᠠᠵᠤ ᠪᠠᠶᠢᠬᠤ ᠪᠠᠷ ᠪᠠᠷᠠᠬᠤ ᠦᠭᠡᠢ ᠪᠠᠰᠠ ᠡᠮ ᠡᠮᠨᠡᠯᠭᠡ ᠶᠢᠨ ᠳᠠᠭᠠᠳᠬᠠᠯ ᠤᠨ ᠠᠵᠢᠯᠲᠠᠳ ᠰᠡᠳᠬᠢᠯ ᠲᠠᠯᠪᠢᠨ ᠣᠯᠠᠨ ᠲᠦᠮᠡᠨ ᠤ ᠬᠦᠴᠢᠷ ᠵᠣᠪᠠᠯᠠᠩ ᠢ ᠨᠢ ᠰᠢᠢᠳᠪᠦᠷᠢᠯᠡᠵᠦ ᠥᠭᠴᠦ ᠪᠠᠶᠢᠭ᠎ᠠ ᠶᠠᠪᠤᠳᠠᠯ ᠪᠣᠯᠣᠨ᠎ᠠ᠂ ᠪᠣᠳᠠᠲᠤ ᠠᠵᠢᠯᠯᠠᠭ᠎ᠠ ᠪᠠᠷ ᠢᠶᠠᠨ ︽ᠡᠮ ᠡᠮᠨᠡᠯᠭᠡ ᠶᠢᠨ ᠳᠠᠭᠠᠳᠬᠠᠯ ᠤᠨ ᠠᠵᠢᠯ ᠢ ᠠᠷᠠᠳ ᠲᠦᠮᠡᠨ ᠪᠤᠯᠭᠠᠬᠤ︾ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠪᠡᠶᠡᠯᠡᠭᠦᠯᠵᠦ ᠪᠠᠶᠢᠭ᠎ᠠ ᠶᠠᠪᠤᠳᠠᠯ ᠪᠣᠯᠣᠨ᠎ᠠ᠂ ᠡᠨᠡ ᠨᠢ ᠪᠠᠰᠠᠴᠤ ᠰᠢᠭᠤᠶᠢᠲᠤ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠠᠷᠠᠳ ᠲᠤ ᠳᠥᠭᠦᠮ ᠦᠵᠡᠭᠦᠯᠭᠦ ᠴᠣᠩᠬᠤ ᠨᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠠᠷᠳᠠᠨ ᠬᠢᠬᠦ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠵᠦ᠂ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠷᠠᠳ ᠲᠦᠮᠡᠨ ᠳᠤ ᠪᠣᠳᠠᠲᠠᠢ ᠶᠠᠪᠤᠳᠠᠯ ᠬᠢᠬᠦ ᠶᠢᠨ ᠨᠢᠭᠡᠨ ᠬᠤᠷᠢᠶᠠᠩᠭᠤᠢ ᠳᠦᠷᠢ ᠲᠥᠷᠬᠦ ᠪᠣᠯᠣᠨ᠎ᠠ᠃          ᠰᠢᠭᠤᠶᠢᠲᠤ ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡ ᠨᠢ ᠶᠡᠷᠦ ᠠᠴᠠ ᠡᠮᠴᠢᠯᠡᠭᠡᠨ ᠤ ᠳᠠᠭᠠᠳᠬᠠᠯ ᠤᠨ ᠠᠵᠢᠯᠲᠠᠳ ᠢ ᠥᠨᠳᠥᠷ ᠪᠠᠷᠢᠮᠵᠢᠶᠠᠲᠤ ᠦᠢᠯᠡᠴᠢᠯᠡᠭᠡᠨ ᠤ ᠣᠨᠣᠯᠵᠢᠬᠤᠨ ᠢᠶᠠᠷ ᠠᠵᠢᠯ ᠤᠨ ᠪᠠᠶᠢᠷᠢ ᠳᠤ ᠭᠠᠷᠴᠤ ᠦᠢᠯᠡᠴᠢᠯᠡᠬᠦ ᠶᠢ ᠱᠠᠭᠠᠷᠳᠠᠵᠤ ᠪᠠᠶᠢᠪᠠ᠃ ᠴᠣᠩᠬᠤᠪᠴᠢ ᠠᠵᠢᠯᠲᠠᠨ ᠠᠵᠢᠯ ᠡᠭᠦᠷᠭᠡᠯᠡᠭᠦᠯᠦᠨ ᠠᠵᠢᠯ ᠤᠨ ᠪᠠᠶᠢᠷᠢ ᠳᠤ ᠭᠠᠷᠬᠤ᠂ ᠢᠨᠢᠶᠡᠮᠰᠦᠭᠯᠡᠨ ᠦᠢᠯᠡᠴᠢᠯᠡᠭᠡ ᠬᠠᠩᠭᠠᠵᠤ᠂ ᠣᠷᠣᠨ ᠤ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠳᠦᠷᠢᠮ ᠢᠶᠠᠷ ᠭᠠᠷᠳᠠᠴᠠ ᠪᠤᠯᠭᠠᠵᠤ᠂ ᠢᠨᠢᠶᠡᠮᠰᠦᠭᠯᠡᠯ ᠢᠶᠠᠷ ᠦᠢᠯᠡᠴᠢᠯᠡᠬᠦ᠂ ᠴᠠᠭ ᠢ ᠬᠤᠶᠢᠰᠢᠯᠠᠭᠤᠯᠤᠨ ᠦᠢᠯᠡᠴᠢᠯᠡᠬᠦ᠂ ᠣᠷᠣᠯᠠᠨ ᠭᠦᠢᠴᠡᠳᠬᠡᠬᠦ ᠦᠢᠯᠡᠴᠢᠯᠡᠭᠡ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠡᠮᠴᠢᠯᠡᠭᠡᠨ ᠤ ᠳᠠᠭᠠᠳᠬᠠᠯ ᠤᠨ ᠲᠥᠪ ᠨᠢ ᠲᠣᠭᠲᠠᠮᠠᠯ ᠬᠤᠭᠤᠴᠠᠭ᠎ᠠ ᠲᠠᠢ ᠪᠠᠷ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠵᠢᠴᠢ ᠡᠯ᠎ᠡ ᠵᠦᠢᠯ ᠤᠨ ᠬᠠᠮᠢᠶᠠᠷᠤᠯᠲᠠ ᠶᠢᠨ ᠳᠦᠷᠢᠮ ᠢ ᠰᠤᠷᠤᠯᠴᠠᠬᠤ ᠶᠢ ᠵᠣᠬᠢᠶᠠᠨ ᠪᠠᠶᠢᠭᠤᠯᠵᠤ᠂ ᠲᠥᠷᠥ ᠶᠢᠨ ᠪᠣᠳᠣᠯᠭ᠎ᠠ ᠶᠢᠨ ᠪᠣᠯᠪᠠᠰᠤᠷᠠᠩᠭᠤᠢ᠂ ᠲᠤᠬᠠᠶᠢᠯᠠᠭᠰᠠᠨ ᠠᠵᠢᠯ ᠤᠨ ᠪᠣᠯᠪᠠᠰᠤᠷᠠᠩᠭᠤᠢ᠂ ᠠᠷᠠᠳ ᠣᠯᠠᠨ ᠢ ᠢᠯᠡᠭᠦᠬᠡᠨ ᠵᠠᠮ ᠭᠦᠶᠦᠯᠭᠡᠬᠦ᠂ ᠬᠢᠯᠢᠰ ᠵᠠᠮ ᠬᠥᠭᠡᠬᠦ ᠠᠴᠠ ᠵᠠᠶᠢᠯᠠᠰᠬᠢᠬᠤ ᠠᠴᠠ ᠵᠠᠶᠢᠯᠠᠰᠬᠢᠵᠦ᠂ ᠠᠵᠢᠯ ᠭᠦᠢᠴᠡᠳᠬᠡᠬᠦ ᠣᠯᠠᠨ ᠲᠦᠮᠡᠨ ᠳᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠬᠠᠯᠠᠭᠤᠨ ᠳᠤᠯᠠᠭᠠᠨ ᠢ ᠦᠨᠡᠨᠬᠦ ᠬᠦᠷᠲᠡᠭᠡᠨ᠎ᠡ         ᠳᠠᠷᠠᠭ᠎ᠠ ᠠᠯᠬᠤᠮ ᠳᠤ᠂ ᠰᠢᠭᠤᠶᠢᠲᠤ ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠨᠢ ᠬᠠᠮᠢᠶᠠᠷᠤᠯᠲᠠ ᠶᠢ ᠨᠠᠷᠢᠯᠢᠭᠵᠢᠭᠤᠯᠬᠤ ᠪᠠᠷ ᠭᠤᠣᠯᠳᠠᠯᠭ᠎ᠠ ᠪᠣᠯᠭᠠᠨ᠂ ᠬᠠᠮᠢᠶ᠎ᠠ ᠪᠦᠬᠦᠢ ᠠᠵᠢᠯ ᠢ ᠰᠠᠶᠢᠲᠤᠷ ᠬᠢᠵᠦ᠂ ᠰᠢᠭᠤᠶᠢᠲᠤ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠬᠤ ᠳᠤ ᠡᠮᠴᠢᠯᠡᠭᠡᠨ ᠤ ᠳᠠᠭᠠᠳᠬᠠᠯ ᠤᠨ ᠬᠦᠴᠦᠨ ᠢ ᠨᠡᠮᠡᠷᠢᠯᠡᠵᠦ᠂ ᠡᠮᠴᠢᠯᠡᠭᠡᠨ ᠤ ᠳᠠᠭᠠᠳᠬᠠᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠦᠭᠦ ᠣᠷᠣᠨ ᠤ ᠣᠯᠠᠨ ᠲᠦᠮᠡᠨ ᠳᠤ ᠦᠨᠡᠨᠬᠦ ᠬᠦᠷᠲᠡᠭᠡᠬᠦ ᠪᠠᠷ ᠪᠠᠶᠢᠨ᠎ᠠ᠃ ᠣᠳᠣᠬᠠᠨ ᠪᠤᠯᠲᠠᠯ᠎ᠠ᠂ 84 ᠬᠥᠮᠥᠨ ᠤᠳᠠᠭ᠎ᠠ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠵᠤ᠂ ᠠᠪᠤᠷᠠᠨ ᠲᠤᠰᠠᠯᠠᠭᠰᠠᠨ ᠮᠥᠩᠭᠦ 10.3 ᠲᠦᠮᠡᠨ ᠲᠥᠭᠦᠷᠢᠭ ᠲᠤ ᠬᠦᠷᠴᠦ᠂ ᠣᠨᠴᠠᠭᠠᠢ ᠬᠦᠴᠢᠷᠳᠡᠯᠲᠡᠢ ᠬᠥᠮᠥᠰ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠰᠠᠨ ᠨᠣᠷᠮ᠎ᠠ 100 %᠎ ᠳᠤ ᠭᠦᠷᠪᠡ︔ 181 ᠨᠡᠷ᠎ᠡ ᠶᠠᠳᠠᠭᠤ ᠠᠴᠠ ᠠᠩᠭᠢᠵᠢᠷᠠᠭᠰᠠᠨ ᠬᠥᠮᠥᠨ᠂ 54 ᠨᠡᠷ᠎ᠡ ᠬᠢᠨᠠᠨ ᠬᠡᠮᠵᠢᠭᠰᠡᠨ ᠡᠲᠡᠭᠡᠳ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠵᠤ ᠰᠦᠢᠳᠬᠡᠯ ᠲᠤᠰᠢᠶᠠᠬᠤ ᠶᠢ ᠨᠡᠶᠢᠳᠡᠮ ᠡᠳ᠋ᠯᠡᠨ᠂ ᠳᠠᠭᠠᠳᠬᠠᠯ ᠳᠤ ᠣᠷᠣᠯᠴᠠᠬᠰᠠᠨ ᠨᠣᠷᠮ᠎ᠠ ᠨᠢ 100 %᠎ ᠳᠤ ᠭᠦᠷᠪᠡ᠃ ᠣᠯᠠᠨ ᠲᠦᠮᠡᠨ ᠤ ᠳᠠᠭᠠᠳᠬᠠᠯ ᠳᠤ ᠣᠷᠤᠯᠴᠠᠬᠤ ᠡᠨᠡᠬᠦ ︽ᠶᠡᠭᠡ ᠶᠠᠪᠤᠳᠠᠯ︾᠎ ᠢ ᠴᠢᠩᠭ᠎ᠠ ᠠᠩᠬᠠᠷᠴᠤ᠂ ᠳᠡᠰ ᠳᠠᠷᠠᠭᠠᠯᠠᠯ ᠢ ᠨᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢ ᠲᠠᠰᠤᠷᠠᠯᠲᠠ ᠦᠭᠡᠢ ᠳᠥᠭᠦᠮᠴᠢᠯᠡᠵᠦ᠂ ᠡᠯ᠎ᠡ ᠵᠦᠢᠯ ᠤᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠣᠯᠠᠨ ᠲᠦᠮᠡᠨ ᠤ ᠡᠮᠨᠡᠭᠦᠯᠭᠦ ᠪᠠᠲᠤᠯᠠᠭ᠎ᠠ ᠶᠢᠨ ᠵᠠᠮ ᠳᠡᠭᠡᠷᠡᠬᠢ ︽ᠳᠣᠲᠣᠨᠣ ᠬᠥᠮᠥᠨ︾ ᠪᠣᠯᠵᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ᠂ ᠵᠣᠯ ᠵᠢᠷᠭᠠᠯᠲᠤ ᠰᠡᠳᠬᠢᠯᠭᠡ ᠶᠢ ᠦᠷᠭᠦᠯᠵᠢᠯᠡᠨ ᠳᠡᠭᠡᠭᠰᠢᠯᠡᠭᠦᠯᠭᠦ ᠬᠡᠷᠡᠭᠲᠡᠢ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号