ᠰᠢᠭᠤᠶᠢᠲᠤ ᠲᠣᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠠᠵᠤ ᠠᠬᠤᠶᠢᠯᠠᠯ ᠳᠤ ᠭᠦᠨᠵᠡᠭᠡᠶᠢᠷᠡᠨ ᠠᠵᠢᠯᠲᠠᠨ ᠠᠵᠢᠯᠴᠢᠨ ᠤ ᠳᠠᠭᠠᠳᠬᠠᠯ ᠳᠤ ᠣᠷᠣᠵᠤ ᠰᠦᠢᠳᠬᠡᠯ ᠲᠤᠰᠢᠶᠠᠬᠤ ᠶᠢ ᠬᠢᠨᠠᠨ ᠪᠠᠶᠢᠴᠠᠭᠠᠪᠠ
ᠨᠡᠶᠢᠲᠡᠯᠡᠭᠰᠡᠨ ᠴᠠᠭ᠄
2024/4/7
        ᠮᠠᠨ ᠤ ᠲᠣᠭᠤᠷᠢᠭ ᠤᠨ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠤᠨ ᠳᠠᠭᠠᠳᠬᠠᠯ ᠳᠤ ᠣᠷᠣᠯᠴᠠᠵᠤ ᠬᠡᠪᠴᠢᠶ᠎ᠡ ᠶᠢ ᠥᠷᠭᠡᠳᠬᠡᠬᠦ ᠪᠠ ᠲᠠᠲᠠᠪᠤᠷᠢᠯᠠᠨ ᠲᠤᠰᠢᠶᠠᠬᠤ ᠠᠵᠢᠯ ᠢ ᠦᠨᠡᠨᠬᠦ ᠰᠠᠶᠢᠲᠤᠷ ᠬᠢᠵᠦ᠂ ᠳᠠᠭᠠᠳᠬᠠᠯ ᠳᠤ ᠣᠷᠣᠯᠴᠠᠬᠰᠠᠨ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠳᠠᠭᠠᠳᠬᠠᠯ ᠳᠤ ᠣᠷᠣᠯᠴᠠᠬᠰᠠᠨ ᠠᠵᠢᠯᠲᠠᠨ ᠠᠵᠢᠯᠴᠢᠨ ᠤ ᠡᠪᠡᠳᠴᠢᠨ ᠦᠵᠡᠭᠦᠯᠭᠦ ᠳᠠᠷᠤᠭᠠᠰᠤ ᠶᠢ ᠬᠥᠩᠭᠡᠷᠡᠭᠦᠯᠬᠦ ᠶᠢᠨ ᠲᠤᠰᠠᠳᠠ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠲᠤᠰᠢᠶᠠᠬᠤ ᠶᠣᠰᠣᠲᠠᠢ ᠪᠦᠭᠦᠨ ᠢ ᠲᠤᠰᠢᠶᠠᠬᠤ᠂ ᠪᠠᠲᠤᠯᠠᠬᠤ ᠶᠣᠰᠣᠲᠠᠢ ᠪᠦᠭᠦᠨ ᠢ ᠳᠠᠭᠠᠳᠬᠠᠯ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ ᠣᠷᠣᠨ ᠤ ᠡᠮ ᠡᠮᠨᠡᠯᠭᠡ ᠶᠢᠨ ᠪᠠᠲᠤᠯᠠᠪᠤᠷᠢ ᠶᠢᠨ ᠲᠣᠪᠴᠢᠶ᠎ᠠ ᠨᠢ ᠣᠷᠣᠨ ᠤ ᠭᠦᠳᠡᠯᠮᠦᠷᠢ ᠶᠢᠨ ᠪᠠᠲᠤᠯᠠᠪᠤᠷᠢ ᠶᠢᠨ ᠬᠢᠨᠠᠨ ᠪᠠᠶᠢᠴᠠᠭᠠᠬᠤ ᠶᠡᠭᠡ ᠠᠩᠭᠢ ᠲᠠᠢ ᠬᠠᠮᠲᠤᠷᠠᠨ ᠰᠢᠭᠤᠶᠢᠲᠤ ᠲᠣᠭᠤᠷᠢᠭ ᠤᠨ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠳᠤ ᠣᠷᠤᠯᠴᠠᠬᠤ ᠬᠢᠨᠠᠨ ᠪᠠᠶᠢᠴᠠᠭᠠᠬᠤ ᠪᠠ ᠱᠠᠯᠠᠪᠳᠠᠭᠤᠯᠤᠨ ᠲᠤᠰᠢᠶᠠᠯᠭᠠᠬᠤ ᠠᠵᠢᠯᠯᠠᠭ᠎ᠠ ᠥᠷᠨᠢᠭᠦᠯᠪᠡ᠃          ᠨᠢᠭᠡ᠂ ᠨᠢᠭᠡᠳᠦᠯᠲᠡᠢ ᠲᠣᠬᠢᠷᠠᠭᠤᠯᠵᠤ᠂ ᠪᠣᠳᠠᠲᠠᠢ ᠪᠠᠶᠢᠷᠢᠯᠠᠭᠤᠯᠬᠤ ᠬᠡᠷᠡᠭᠲᠡᠢ          ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠤᠳᠤᠷᠢᠳᠤᠯᠭ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠨᠢᠭᠡᠳᠦᠯᠲᠡᠢ ᠲᠣᠬᠢᠷᠠᠭᠤᠯᠤᠨ ᠪᠠᠶᠢᠷᠢᠯᠠᠭᠤᠯᠵᠤ᠂ ᠦᠨᠡᠨᠬᠦ ᠪᠠᠲᠤᠯᠠᠬᠤ ᠠᠵᠢᠯ ᠤᠨ ᠬᠠᠷᠢᠭᠤᠴᠠᠯᠭ᠎ᠠ ᠶᠢ ᠦᠨᠡᠨᠬᠦ ᠪᠠᠲᠤᠯᠠᠨ᠎ᠠ᠃ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠢᠶᠠᠷ ᠳᠠᠮᠵᠢᠭᠤᠯᠤᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠢ ᠲᠤᠰᠢᠶᠠᠵᠤ ᠥᠩᠭᠡᠷᠡᠭᠰᠡᠨ 437 ᠠᠵᠤ ᠠᠬᠤᠶᠢᠯᠠᠯ ᠤᠨ ᠳᠠᠭᠠᠳᠬᠠᠯ ᠳᠤ ᠣᠷᠣᠯᠴᠠᠬᠰᠠᠨ ᠨᠡᠷ᠎ᠡ ᠲᠡᠮᠳᠡᠭ ᠢ ᠪᠤᠢ ᠪᠤᠯᠭᠠᠵᠤ᠂ ᠰᠣᠷᠪᠤᠯᠵᠢᠯᠠᠭ᠎ᠠ ᠬᠢᠭᠰᠡᠨ ᠠᠵᠤ ᠠᠬᠤᠶᠢᠯᠠᠯ ᠤᠨ ᠴᠠᠯᠢᠩ ᠤᠨ ᠬᠦᠰᠦᠨᠦᠭ ᠯᠦᠭᠡ ᠨᠢᠭᠡᠳ ᠨᠢᠭᠡ ᠪᠠᠷ ᠬᠠᠷᠭᠤᠭᠤᠯᠤᠨ ᠬᠠᠷᠭᠤᠭᠤᠯᠵᠤ᠂ ᠲᠤᠰ ᠠᠵᠤ ᠠᠬᠤᠶᠢᠯᠠᠯ ᠤᠨ ᠠᠵᠢᠯᠲᠠᠨ ᠠᠵᠢᠯᠴᠢᠨ ᠪᠦᠭᠦᠨ ᠢᠶᠠᠷ ᠢᠶᠠᠨ ᠳᠠᠭᠠᠳᠬᠠᠯ ᠳᠤ ᠣᠷᠣᠯᠴᠠᠬᠰᠠᠨ ᠦᠭᠡᠢ ᠪᠠᠶᠢᠳᠠᠯ ᠣᠷᠣᠰᠢᠵᠤ ᠪᠠᠶᠢᠬᠤ ᠡᠰᠡᠬᠦ ᠶᠢ ᠣᠶᠢᠯᠠᠭᠠᠨ ᠲᠡᠮᠳᠡᠭᠯᠡᠵᠦ᠂ ᠡᠮᠨᠡᠯᠭᠡ ᠶᠢᠨ ᠳᠠᠭᠠᠳᠬᠠᠯ ᠢ ᠴᠠᠭ ᠲᠤᠬᠠᠢ ᠳᠤᠨᠢ ᠲᠤᠰᠢᠶᠠᠭᠰᠠᠨ ᠦᠭᠡᠢ ᠪᠠᠶᠢᠳᠠᠯ ᠣᠷᠣᠰᠢᠵᠤ ᠪᠠᠶᠢᠬᠤ ᠡᠰᠡᠬᠦ᠂ ᠮᠠᠨ ᠤ ᠲᠣᠭᠤᠷᠢᠭ ᠤᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠬᠰᠠᠨ ᠰᠢᠮᠳᠠᠭᠤᠯᠤᠨ ᠪᠠᠶᠢᠴᠠᠭᠠᠬᠤ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠦᠨᠡᠨᠬᠦ ᠪᠠᠲᠤᠯᠠᠵᠤ᠂ ᠠᠵᠤ ᠠᠬᠤᠶᠢᠯᠠᠯ ᠤᠨ ᠥᠷᠢᠲᠦᠭᠰᠡᠨ ᠰᠦᠢᠳᠬᠡᠯ ᠪᠤᠢ ᠪᠤᠯᠬᠤ ᠶᠢ ᠡᠬᠢ ᠡᠭᠦᠰᠦᠯ ᠠᠴᠠ ᠨᠢ ᠬᠤᠷᠢᠭᠯᠠᠬᠤ ᠬᠡᠷᠡᠭᠲᠡᠢ᠃          ᠬᠤᠶᠠᠷ᠂ ᠣᠯᠠᠨ ᠠᠷᠭ᠎ᠠ ᠬᠡᠮᠵᠢᠶ᠎ᠡ ᠶᠢ ᠵᠡᠷᠭᠡ ᠳᠤᠨᠢ ᠠᠪᠴᠤ᠂ ᠰᠢᠮᠳᠠᠭᠤᠯᠤᠨ ᠪᠠᠶᠢᠴᠠᠭᠠᠬᠤ ᠶᠢ ᠪᠣᠳᠠᠲᠠᠶᠢᠵᠢᠭᠤᠯᠬᠤ         ᠡᠵᠡᠩᠨᠡᠯᠲᠡ ᠶᠢᠨ ᠪᠠᠶᠢᠳᠠᠯ ᠨᠢ ᠰᠠᠶᠢᠨ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠴᠢᠳᠠᠪᠤᠷᠢ ᠲᠠᠢ ᠪᠤᠯᠪᠠᠴᠤ ᠪᠦᠭᠦ ᠠᠵᠢᠯᠲᠠᠨ ᠠᠵᠢᠯᠴᠢᠨ ᠳᠤ ᠡᠮᠨᠡᠯᠭᠡ ᠶᠢᠨ ᠳᠠᠭᠠᠳᠬᠠᠯ ᠲᠤᠰᠢᠶᠠᠭᠰᠠᠨ ᠦᠭᠡᠢ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠪᠦᠭᠦ ᠠᠵᠢᠯᠲᠠᠨ ᠠᠵᠢᠯᠴᠢᠨ ᠳᠤ ᠳᠠᠷᠤᠶᠢᠬᠠᠨ ᠡᠮᠨᠡᠯᠭᠡ ᠶᠢᠨ ᠳᠠᠭᠠᠳᠬᠠᠯ ᠲᠤᠰᠢᠶᠠᠵᠤ᠂ ᠠᠵᠢᠯᠲᠠᠨ ᠠᠵᠢᠯᠴᠢᠨ ᠤ ᠭᠦᠷᠲᠡᠭᠦ ᠶᠣᠰᠣᠲᠠᠢ ᠡᠷᠬᠡ ᠶᠢ ᠨᠢ ᠦᠨᠡᠨᠬᠦ ᠪᠠᠲᠤᠯᠠᠬᠤ ᠬᠡᠷᠡᠭᠲᠡᠢ᠃ ᠬᠡᠪ ᠤᠨ ᠡᠵᠡᠩᠨᠡᠯᠲᠡ ᠲᠠᠢ ᠪᠤᠯᠪᠠᠴᠤ ᠡᠮᠨᠡᠯᠭᠡ ᠶᠢᠨ ᠳᠠᠭᠠᠳᠬᠠᠯ ᠢ ᠨᠢ ᠴᠠᠭ ᠲᠤᠬᠠᠢ ᠳᠤᠨᠢ ᠲᠤᠰᠢᠶᠠᠭᠰᠠᠨ ᠦᠭᠡᠢ᠂ ᠨᠢᠭᠡᠨᠲᠡ ᠵᠠᠷᠤᠳᠠᠯ ᠥᠷᠢᠲᠦᠭᠰᠡᠨ ᠠᠵᠤ ᠠᠬᠤᠶᠢᠯᠠᠯ ᠨᠢ ᠳ᠋ᠢᠶᠠᠩᠬᠤᠸᠠ ᠨᠡᠪᠲᠡᠷᠡᠯᠭᠡ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ ᠲᠡᠭᠦᠨ ᠤ ᠡᠵᠡᠩᠨᠡᠯᠲᠡ ᠶᠢᠨ ᠪᠠᠶᠢᠳᠠᠯ ᠵᠢᠴᠢ ᠵᠠᠷᠤᠳᠠᠯ ᠥᠷᠢᠲᠦᠵᠦ ᠪᠠᠶᠢᠭ᠎ᠠ ᠰᠢᠯᠲᠠᠭᠠᠨ ᠢ ᠣᠶᠢᠯᠠᠭᠠᠵᠤ᠂ ᠪᠦᠯᠦᠭ ᠬᠤᠪᠢᠶᠠᠨ ᠨᠥᠬᠦᠵᠦ ᠲᠤᠰᠢᠶᠠᠯᠭᠠᠬᠤ ᠶᠢ ᠵᠥᠪᠳᠡᠯᠴᠡᠵᠦ᠂ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃ ᠨᠢᠭᠡᠨᠲᠡ ᠳᠠᠩᠰᠠᠨ ᠠᠴᠠ ᠬᠠᠰᠤᠭᠰᠠᠨ ᠪᠤᠶᠤ ᠳᠠᠮᠫᠤᠷᠠᠭᠤᠯᠤᠭᠰᠠᠨ ᠪᠤᠯᠪᠠᠴᠤ ᠠᠵᠢᠯᠲᠠᠨ ᠠᠵᠢᠯᠴᠢᠨ ᠤ ᠬᠡᠪ ᠤᠨ ᠳᠠᠭᠠᠳᠬᠠᠯ ᠳᠤ ᠣᠷᠣᠯᠴᠠᠬᠰᠠᠨ ᠠᠵᠤ ᠠᠬᠤᠶᠢᠯᠠᠯ ᠮᠥᠨ ᠯᠡ ᠣᠷᠣᠰᠢᠵᠤ ᠪᠠᠶᠢᠪᠠᠯ᠂ ᠳᠠᠩᠰᠠᠨ ᠠᠴᠠ ᠬᠠᠰᠤᠭᠰᠠᠨ ᠪᠤᠶᠤ ᠳᠠᠮᠫᠤᠷᠠᠭᠤᠯᠤᠭᠰᠠᠨ ᠡᠳᠦᠷ ᠤᠨ ᠳᠠᠷᠠᠭ᠎ᠠ ᠰᠠᠷ᠎ᠠ ᠠᠴᠠ ᠨᠢ ᠡᠬᠢᠯᠡᠨ ᠲᠠᠲᠠᠪᠤᠷᠢᠯᠠᠨ ᠲᠤᠰᠢᠶᠠᠬᠤ ᠲᠥᠯᠥᠪᠯᠡᠭᠡ ᠶᠢ ᠨᠢ ᠠᠷᠢᠯᠭᠠᠵᠤ᠂ ᠲᠡᠭᠦᠨ ᠢ ᠬᠠᠪᠰᠤᠷᠤᠨ ᠠᠵᠢᠯᠲᠠᠨ ᠠᠵᠢᠯᠴᠢᠨ ᠤ ᠳᠠᠭᠠᠳᠬᠠᠯ ᠳᠤ ᠣᠷᠣᠬᠤ ᠶᠢ ᠲᠦᠷ ᠵᠣᠭᠰᠤᠭᠠᠬᠤ ᠵᠢᠴᠢ ᠨᠢᠭᠡᠴᠢ ᠶᠢᠨ ᠡᠮᠨᠡᠯᠭᠡ ᠶᠢᠨ ᠳᠠᠭᠠᠳᠬᠠᠯ ᠤᠨ ᠳᠠᠩᠰᠠᠨ ᠡᠷᠦᠭᠡ ᠶᠢ ᠳᠠᠩᠰᠠᠨ ᠠᠴᠠ ᠬᠠᠰᠤᠬᠤ ᠭᠠᠷ ᠭᠦᠢᠴᠡᠳᠬᠡᠯ ᠢ ᠭᠢᠯᠭᠡᠵᠦ ᠥᠭᠭᠦᠨ᠎ᠡ ᠃         ᠲᠤᠰ ᠤᠳᠠᠭ᠎ᠠ ᠶᠢᠨ ᠠᠵᠢᠯᠯᠠᠭ᠎ᠠ ᠨᠢ ᠬᠠᠮᠢᠶ᠎ᠠ ᠪᠦᠬᠦᠢ ᠳᠠᠩᠰᠠ ᠡᠪᠬᠡᠮᠡᠯ ᠤᠨ ᠮᠠᠲ᠋ᠧᠷᠢᠶᠠᠯ ᠢ ᠬᠢᠨᠠᠨ ᠪᠠᠶᠢᠴᠠᠭᠠᠬᠤ ᠪᠠᠷ ᠳᠠᠮᠵᠢᠨ᠂ ᠠᠬᠤᠢ ᠲᠠᠯᠠᠪᠠᠢ ᠳᠤ ᠶᠠᠷᠢᠯᠴᠠᠬᠤ ᠵᠡᠷᠭᠡ ᠠᠷᠭ᠎ᠠ ᠭᠡᠯᠪᠡᠷᠢ ᠪᠠᠷ ᠠᠵᠤ ᠠᠬᠤᠶᠢᠯᠠᠯ ᠢ ᠱᠠᠭᠠᠷᠳᠠᠵᠤ ᠪᠠᠶᠢᠭᠠᠳ ᠠᠵᠢᠯᠲᠠᠨ ᠠᠵᠢᠯᠴᠢᠨ ᠤ ᠳᠠᠭᠠᠳᠬᠠᠯ ᠳᠤ ᠣᠷᠤᠯᠴᠠᠬᠤ ᠵᠣᠬᠢᠰᠲᠠᠢ ᠪᠦᠭᠦᠨ ᠢ ᠣᠷᠣᠭᠤᠯᠪᠠ᠃          ᠭᠤᠷᠪᠠ᠂ ᠠᠵᠢᠯ ᠢᠶᠠᠨ ᠴᠢᠩᠭᠠᠷᠠᠭᠤᠯᠵᠤ᠂ ᠤᠬᠠᠭᠤᠯᠭ᠎ᠠ ᠶᠢ ᠪᠣᠳᠠᠲᠠᠶᠢᠵᠢᠭᠤᠯᠬᠤ          ᠠᠵᠢᠯᠲᠠᠨ ᠠᠵᠢᠯᠴᠢᠨ ᠤ ᠡᠮᠨᠡᠯᠭᠡ ᠶᠢᠨ ᠳᠠᠭᠠᠳᠬᠠᠯ ᠳᠤ ᠣᠷᠣᠯᠴᠠᠬᠰᠠᠨ ᠢ ᠰᠢᠮᠳᠠᠭᠤᠯᠤᠨ ᠪᠠᠶᠢᠴᠠᠭᠠᠬᠤ ᠠᠵᠢᠯ ᠢ ᠥᠷᠨᠢᠭᠦᠯᠬᠦ ᠶᠢᠨ ᠵᠡᠷᠭᠡᠴᠡᠭᠡᠪᠡᠷ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠥᠷᠨᠢᠭᠦᠯᠵᠦ᠂ ᠠᠵᠤ ᠠᠬᠤᠶᠢᠯᠠᠯ ᠪᠠ ᠳᠠᠭᠠᠳᠬᠠᠯ ᠳᠤ ᠣᠷᠣᠯᠴᠠᠬᠰᠠᠨ ᠠᠵᠢᠯᠲᠠᠨ ᠠᠵᠢᠯᠴᠢᠨ ᠳᠤ ᠠᠵᠢᠯᠲᠠᠨ ᠠᠵᠢᠯᠴᠢᠨ ᠤ ᠡᠮᠨᠡᠯᠭᠡ ᠶᠢᠨ ᠳᠠᠭᠠᠳᠬᠠᠯ ᠳᠤ ᠣᠷᠣᠯᠴᠠᠬᠰᠠᠨ ᠲᠥᠷᠥ ᠶᠢᠨ ᠪᠣᠳᠣᠯᠭ᠎ᠠ ᠪᠣᠯᠣᠨ ᠰᠠᠶᠢᠨ ᠲᠠᠯ᠎ᠠ ᠶᠢ ᠬᠦᠯᠢᠴᠡᠩᠭᠦᠢ ᠪᠥᠭᠡᠳ ᠨᠠᠷᠢᠨ ᠨᠢᠮᠪᠠᠢ ᠲᠠᠶᠢᠯᠪᠤᠷᠢᠯᠠᠨ᠂ ᠡᠮᠨᠡᠯᠭᠡ ᠶᠢᠨ ᠳᠠᠭᠠᠳᠬᠠᠯ ᠤᠨ ᠥᠷᠢᠲᠦᠵᠦ ᠪᠠᠶᠢᠭ᠎ᠠ ᠵᠠᠷᠤᠳᠠᠯ ᠨᠢ ᠣᠯᠭᠤᠮᠵᠢ ᠭᠦᠷᠲᠡᠭᠦ ᠶᠢ ᠨᠥᠯᠥᠭᠡᠯᠡᠨ᠎ᠡ᠃ ᠡᠭᠦᠨ ᠤ ᠬᠠᠮᠲᠤ᠂ ᠰᠢᠨ᠎ᠡ ᠪᠠᠷ ᠡᠷᠦᠭᠡ ᠪᠠᠶᠢᠭᠤᠯᠤᠭᠰᠠᠨ ᠠᠵᠤ ᠠᠬᠤᠶᠢᠯᠠᠯ ᠤᠨ ᠡᠮᠴᠢᠯᠡᠭᠡᠨ ᠤ ᠳᠠᠭᠠᠳᠬᠠᠯ ᠳᠤ ᠣᠷᠤᠯᠴᠠᠬᠤ ᠶᠢ ᠳᠠᠩᠰᠠᠯᠠᠨ ᠲᠡᠮᠳᠡᠭᠯᠡᠬᠦ᠂ ᠠᠵᠤ ᠠᠬᠤᠶᠢᠯᠠᠯ ᠤᠨ ᠰᠢᠨ᠎ᠡ ᠪᠠᠷ ᠨᠡᠮᠡᠭᠳᠡᠭᠰᠡᠨ ᠠᠵᠢᠯᠲᠠᠨ ᠠᠵᠢᠯᠴᠢᠨ ᠤ ᠳᠠᠭᠠᠳᠬᠠᠯ ᠳᠤ ᠣᠷᠤᠯᠴᠠᠬᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠳᠠᠭᠠᠳᠬᠠᠯ ᠳᠤ ᠣᠷᠤᠯᠴᠠᠬᠤ ᠶᠢ ᠲᠦᠷ ᠵᠣᠭᠰᠤᠭᠠᠬᠤ᠂ ᠡᠮᠴᠢᠯᠡᠭᠡᠨ ᠤ ᠳᠠᠭᠠᠳᠬᠠᠯ ᠤᠨ ᠬᠢᠨᠠᠨ ᠲᠣᠭᠲᠠᠭᠠᠵᠤ ᠡᠯᠰᠡᠨ ᠴᠤᠭᠯᠠᠭᠤᠯᠬᠤ ᠵᠡᠷᠭᠡ ᠲᠤᠬᠠᠶᠢᠯᠠᠭᠰᠠᠨ ᠠᠵᠢᠯ ᠳᠤ ︽ᠰᠦᠯᠵᠢᠶ᠎ᠡ ᠪᠠᠷ ᠭᠦᠢᠴᠡᠳᠬᠡᠬᠦ︾ ︽ᠠᠭᠤᠯᠵᠠᠬᠤ ᠦᠭᠡᠢ︾ ᠭᠦᠢᠴᠡᠳᠬᠡᠬᠦ ᠠᠷᠭ᠎ᠠ ᠮᠠᠶ᠋ᠢᠭ ᠢ ᠬᠡᠷᠡᠭᠵᠢᠭᠦᠯᠵᠦ᠂ ᠠᠵᠤ ᠠᠬᠤᠶᠢᠯᠠᠯ ᠤᠨ ᠡᠮᠴᠢᠯᠡᠭᠡᠨ ᠤ ᠳᠠᠭᠠᠳᠬᠠᠯ ᠤᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠨᠡᠩ ᠳᠥᠭᠦᠮ ᠳᠥᠲᠡ ᠥᠨᠳᠥᠷ ᠦᠷ᠎ᠡ ᠪᠦᠲᠦᠮᠵᠢ ᠲᠠᠢ ᠪᠠᠶᠢᠯᠭᠠᠬᠤ ᠬᠡᠷᠡᠭᠲᠡᠢ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号