ᠡᠮ ᠡᠮᠨᠡᠯᠭᠡ ᠶᠢᠨ ᠠᠪᠤᠷᠠᠨ ᠲᠤᠰᠠᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ
ᠨᠡᠶᠢᠲᠡᠯᠡᠭᠰᠡᠨ ᠴᠠᠭ᠄
2024/4/7
        ᠣᠶᠢᠷ᠎ᠠ ᠶᠢᠨ ᠵᠢᠯ ᠤᠨ ᠲᠤᠷᠰᠢ᠂ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠬᠦᠨᠳᠦ ᠣᠨᠴᠠ ᠶᠡᠭᠡ ᠡᠪᠡᠳᠴᠢᠨ ᠤ ᠡᠮ ᠡᠮᠨᠡᠯᠭᠡ ᠶᠢᠨ ᠳᠠᠭᠠᠳᠬᠠᠯ ᠪᠣᠯᠣᠨ ᠠᠪᠤᠷᠠᠨ ᠲᠤᠰᠠᠯᠠᠬᠤ ᠳᠦᠷᠢᠮ ᠢ ᠲᠠᠰᠤᠷᠠᠯᠲᠠ ᠦᠭᠡᠢ ᠲᠣᠭᠲᠠᠭᠠᠨ ᠲᠡᠭᠦᠯᠳᠡᠷᠵᠢᠭᠦᠯᠵᠦ᠂ ᠬᠦᠴᠢᠷᠳᠡᠯᠲᠡᠢ ᠣᠯᠠᠨ ᠲᠦᠮᠡᠨ ᠤ ᠬᠦᠨᠳᠦ ᠣᠨᠴᠠ ᠶᠡᠭᠡ ᠡᠪᠡᠳᠴᠢᠨ ᠡᠮᠭᠡᠭ ᠤᠨ ᠡᠮᠴᠢᠯᠡᠭᠡᠨ ᠤ ᠳᠠᠷᠤᠭᠠᠰᠤ ᠶᠢ ᠬᠥᠩᠭᠡᠷᠡᠭᠦᠯᠵᠦ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠰᠠᠭᠤᠷᠢ ᠠᠴᠠ ᠎ ᠨᠢ ᠲᠤᠯᠬᠤ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠦᠷᠭᠦᠯᠵᠢᠯᠡᠨ ᠰᠠᠶᠢᠵᠢᠷᠠᠭᠤᠯᠬᠤ ᠪᠠ ᠳᠡᠭᠡᠭᠰᠢᠯᠡᠭᠦᠯᠵᠦ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠪᠠᠲᠤᠯᠠᠭ᠎ᠠ ᠶᠢᠨ ᠲᠣᠣᠷᠵᠢᠯ ᠢ ᠲᠠᠰᠤᠷᠠᠯᠲᠠ ᠦᠭᠡᠢ ᠪᠠᠲᠤ ᠪᠠᠬᠢ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠲᠤᠰᠠᠯᠠᠵᠤ᠂ ᠡᠪᠡᠳᠴᠢᠨ ᠠᠴᠠ ᠪᠣᠯᠵᠤ ᠬᠡᠪᠴᠢᠶ᠎ᠡ ᠎ ᠨᠢ ᠪᠣᠯᠵᠤ ᠶᠠᠳᠠᠭᠤᠷᠠᠬᠤ ᠪᠠ ᠳᠠᠭᠢᠨ ᠶᠠᠳᠠᠭᠤᠷᠠᠬᠤ ᠨᠠᠭᠠᠲᠤ ᠵᠠᠬ᠎ᠠ ᠶᠢᠨ ᠬᠢᠵᠠᠭᠠᠷ ᠱᠤᠭᠤᠮ ᠢ ᠪᠠᠲᠤ ᠰᠠᠬᠢᠪᠠ᠃ ᠰᠢᠭᠤᠶᠢᠲᠤ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ᠮᠡᠳᠡᠭᠡ ᠵᠠᠩᠭᠢ ᠶᠢᠨ ᠤᠬᠠᠭᠤᠯᠭ᠎ᠠ ᠶᠢ ᠴᠢᠩᠭᠠᠳᠬᠠᠬᠤ᠂ ᠰᠠᠯᠠᠭ᠎ᠠ ᠮᠥᠴᠢᠷ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠬᠤ ᠠᠴᠠ ᠭᠠᠷᠳᠠᠵᠤ᠂ ᠬᠦᠴᠢᠷᠳᠡᠯᠲᠡᠢ ᠣᠯᠠᠨ ᠲᠦᠮᠡᠨ ᠤ ᠡᠪᠡᠳᠴᠢᠨ ᠦᠵᠡᠭᠦᠯᠭᠦ ᠪᠠᠲᠤᠯᠠᠭ᠎ᠠ ᠶᠢᠨ ᠲᠣᠣᠷ ᠢ ᠪᠠᠲᠤ ᠪᠠᠬᠢ ᠰᠠᠭᠤᠯᠭᠠᠵᠠᠢ᠃          ᠨᠢᠭᠡ ᠳᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠬᠦᠴᠢᠷᠳᠡᠯ ᠲᠠᠢ ᠣᠯᠠᠨ ᠲᠦᠮᠡᠨ ᠢ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠤᠯᠬᠤ ᠪᠠᠷ ᠳᠠᠮᠵᠢᠨ᠂ ᠣᠨᠴᠠᠭᠠᠢ ᠬᠦᠴᠢᠷᠳᠡᠯ ᠲᠠᠢ ᠣᠯᠠᠨ ᠲᠦᠮᠡᠨ ᠤ ᠳᠠᠭᠠᠳᠬᠠᠯ ᠳᠤ ᠣᠷᠤᠯᠴᠠᠬᠤ ᠶᠢ ᠪᠡᠶᠡᠯᠡᠭᠦᠯᠦᠨ᠎ᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠨᠡᠯᠭᠡ ᠶᠢᠨ ᠳᠠᠭᠠᠳᠬᠠᠯ ᠳᠤ ᠣᠷᠣᠯᠴᠠᠵᠤ᠂ ᠬᠦᠴᠢᠷᠳᠡᠯᠲᠡᠢ ᠣᠯᠠᠨ ᠲᠦᠮᠡᠨ ᠤ ᠡᠪᠡᠳᠴᠢᠨ ᠦᠵᠡᠭᠦᠯᠭᠦ ᠳᠠᠷᠤᠯᠲᠠ ᠶᠢ ᠬᠥᠩᠭᠡᠷᠡᠭᠦᠯᠬᠦ ᠪᠣᠯ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠳᠦᠷᠢᠮ ᠢ ᠵᠢᠷᠤᠭᠯᠠᠨ ᠲᠥᠯᠥᠪᠯᠡᠬᠦ ᠨᠢᠭᠡᠳᠦᠭᠡᠷ ᠵᠠᠩᠭᠢᠯᠠᠭ᠎ᠠ ᠪᠣᠯᠣᠨ᠎ᠠ᠃ ᠰᠢᠭᠤᠶᠢᠲᠤ ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠴᠠᠭ ᠲᠤᠬᠠᠢ ᠳᠤᠨᠢ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠵᠣᠬᠢᠶᠠᠨ ᠪᠠᠶᠢᠭᠤᠯᠵᠤ᠂ ᠸᠢᠴᠠᠲ ᠲᠠᠬᠢ ᠣᠯᠠᠨ ᠨᠡᠶᠢᠲᠡ ᠶᠢᠨ ᠨᠣᠮᠧᠷ᠂ ᠡᠷᠦᠭᠡ ᠳᠤ ᠣᠷᠣᠬᠤ ᠤᠬᠠᠭᠤᠯᠭ᠎ᠠ᠂ ᠲᠥᠷᠥ ᠶᠢᠨ ᠪᠣᠳᠣᠯᠭ᠎ᠠ ᠶᠢᠨ ᠪᠣᠯᠪᠠᠰᠤᠷᠠᠭᠤᠯᠤᠯ ᠵᠡᠷᠭᠡ ᠭᠡᠯᠪᠡᠷᠢ ᠪᠠᠷ ᠳᠠᠮᠵᠢᠨ᠂ ᠲᠤᠬᠠᠶᠢᠯᠠᠭᠰᠠᠨ ᠠᠵᠢᠯ ᠢ ᠭᠠᠷᠳᠠᠨ ᠭᠦᠢᠴᠡᠳᠭᠡᠭᠴᠢ ᠠᠴᠠ ᠲᠣᠭᠲᠠᠭᠰᠠᠨ ᠴᠢᠭ ᠤᠨ ᠡᠮᠴᠢᠯᠡᠭᠡᠨ ᠤ ᠪᠠᠶᠢᠭᠤᠯᠤᠮᠵᠢ ᠶᠢᠨ ᠡᠮᠨᠡᠯᠭᠡ ᠶᠢᠨ ᠠᠵᠢᠯᠲᠠᠨ ᠳᠤ ᠭᠦᠷᠲᠡᠯ᠎ᠡ᠂ ᠵᠡᠭᠡᠯᠢ ᠭᠤᠳᠤᠮᠵᠢ᠂ ᠰᠤᠮᠤ ᠪᠠᠯᠭᠠᠰᠤ ᠶᠢᠨ ᠡᠮᠴᠢᠯᠡᠭᠡᠨ ᠤ ᠳᠠᠭᠠᠳᠬᠠᠯ ᠢ ᠭᠠᠷᠳᠠᠨ ᠭᠦᠢᠴᠡᠳᠭᠡᠭᠴᠢ ᠠᠴᠠ ᠲᠣᠰᠬᠤᠨ ᠤ ᠵᠥᠪᠯᠡᠯ᠂ ᠲᠣᠰᠬᠤᠨ ᠤ ᠳᠤᠭᠤᠶᠢᠯᠠᠩ ᠤᠨ ᠡᠮᠴᠢᠯᠡᠭᠡᠨ ᠤ ᠳᠠᠭᠠᠳᠬᠠᠯ ᠤᠨ ᠲᠤᠰᠬᠠᠢ ᠺᠠᠳᠷ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠨᠢ ᠣᠯᠠᠨ ᠠᠷᠭ᠎ᠠ ᠵᠠᠮ ᠢᠶᠠᠷ᠂ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠲᠣᠣᠷ ᠰᠦᠯᠵᠢᠶ᠎ᠡ ᠶᠢ ᠪᠦᠭᠦ ᠲᠠᠯ᠎ᠠ ᠪᠠᠷ ᠪᠠᠲᠤ ᠪᠠᠬᠢ ᠵᠣᠬᠢᠶᠠᠨ ᠪᠠᠶᠢᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠬᠦᠴᠢᠷᠳᠡᠯᠲᠡᠢ ᠣᠯᠠᠨ ᠲᠦᠮᠡᠨ ᠢ ᠬᠠᠮᠤᠷᠤᠨ᠂ ᠬᠤᠲᠠ ᠬᠥᠳᠡᠭᠡ ᠶᠢᠨ ᠬᠦᠴᠢᠷᠳᠡᠯᠲᠡᠢ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠢᠳᠡᠪᠬᠢᠲᠡᠢ ᠣᠷᠣᠯᠴᠠᠭᠤᠯᠬᠤ ᠬᠡᠷᠡᠭᠲᠡᠢ᠃ 2024 ᠣᠨ ᠪᠤᠯᠲᠠᠯ᠎ᠠ᠂ ᠣᠳᠣᠬᠠᠨ ᠪᠤᠯᠲᠠᠯ᠎ᠠ ᠮᠠᠨ ᠤ  ᠲᠣᠭᠤᠷᠢᠭ ᠤᠨ 1579 ᠨᠡᠷ᠎ᠡ ᠬᠦᠴᠢᠷᠳᠡᠯᠲᠡᠢ ᠣᠯᠠᠨ ᠲᠦᠮᠡᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠵᠤ᠂ ᠳᠠᠭᠠᠳᠬᠠᠯ ᠳᠤ ᠣᠷᠣᠭᠰᠠᠨ ᠮᠥᠩᠭᠦ ᠨᠡᠶᠢᠲᠡ 49.93 ᠲᠦᠮᠡᠨ ᠲᠥᠭᠦᠷᠢᠭ ᠲᠤᠰᠠᠯᠠᠵᠤ᠂ ᠣᠨᠴᠠ ᠬᠦᠴᠢᠷᠳᠡᠯᠲᠡᠢ ᠣᠯᠠᠨ ᠲᠦᠮᠡᠨ ᠤ 100 %᠎ ᠪᠠᠷ ᠳᠠᠭᠠᠳᠬᠠᠯ ᠳᠤ ᠣᠷᠣᠵᠤ ᠰᠦᠢᠳᠬᠡᠯ ᠲᠤᠰᠢᠶᠠᠬᠤ ᠶᠢ ᠪᠡᠶᠡᠯᠡᠭᠦᠯᠪᠡ᠃         ᠬᠤᠶᠠᠷ ᠲᠤ ᠮᠡᠳᠡᠭᠡ ᠵᠠᠩᠭᠢ ᠶᠢ ᠬᠠᠮᠲᠤ ᠳᠠᠭᠠᠨ ᠡᠳ᠋ᠯᠡᠬᠦ ᠶᠢ ᠴᠢᠩᠭᠠᠷᠠᠭᠤᠯᠤᠨ᠂ ᠭᠠᠷᠳᠠᠨ ᠬᠢᠬᠦ ᠦᠢᠯᠡᠴᠢᠯᠡᠭᠡᠨ ᠢ ᠰᠠᠶᠢᠲᠤᠷ ᠬᠢᠵᠦ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠵᠠᠷᠤᠳᠠᠯ ᠢ ︽ᠨᠢᠭᠡ ᠥᠷᠲᠡᠭᠡᠯᠢᠭ︾ ᠎ ᠪᠠᠷ ᠳ᠋ᠦᠩᠨᠡᠨ ᠪᠤᠳᠣᠬᠤ ᠶᠢ ᠪᠡᠶᠡᠯᠡᠭᠦᠯᠦᠨ᠎ᠡ᠃ ᠰᠢᠭᠤᠶᠢᠲᠤ ᠣᠷᠣᠨ ᠤ ᠣᠨᠴᠠ ᠬᠦᠴᠢᠷᠳᠡᠯᠲᠡᠢ᠂ ᠥᠨᠥᠴᠢᠨ ᠬᠡᠦᠬᠡᠳ ᠵᠢᠴᠢ ᠪᠣᠳᠠᠲᠤ ᠶᠠᠪᠤᠳᠠᠯ ᠳᠡᠭᠡᠷ᠎ᠡ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠠᠪᠤᠷᠠᠨ ᠲᠤᠰᠠᠯᠠᠬᠤ ᠡᠲᠡᠭᠡᠳ᠂ ᠬᠢᠨᠠᠨ ᠬᠡᠮᠵᠢᠬᠦ ᠡᠷᠦᠭᠡ᠂ ᠶᠠᠳᠠᠭᠤ ᠠᠴᠠ ᠠᠩᠭᠢᠵᠢᠷᠠᠭᠤᠯᠬᠤ ᠬᠠᠷᠠᠭᠠᠯᠵᠠᠯ ᠬᠦᠷᠲᠡᠭᠰᠡᠳ᠂ ᠬᠦᠨᠳᠦ ᠵᠡᠮᠳᠡᠭ ᠬᠥᠮᠥᠰ ᠵᠡᠷᠭᠡ 7 ᠲᠥᠷᠥᠯ ᠤᠨ ᠣᠨᠴᠠ ᠬᠦᠴᠢᠷᠳᠡᠯᠲᠡᠢ ᠬᠥᠮᠥᠰ ᠤᠨ ᠡᠮᠴᠢᠯᠡᠭᠡᠨ ᠤ ᠠᠪᠤᠷᠠᠨ ᠲᠤᠰᠠᠯᠠᠬᠤ ᠣᠯᠭᠤᠮᠵᠢ ᠶᠢ ᠦᠨᠡᠨᠬᠦ ᠪᠠᠲᠤᠯᠠᠵᠤ᠂ ᠡᠨᠡ 7 ᠲᠥᠷᠥᠯ ᠤᠨ ᠬᠥᠮᠥᠰ ᠲᠤ ᠰᠠᠶᠢᠲᠤᠷ ᠦᠢᠯᠡᠴᠢᠯᠡᠬᠦ ᠶᠢᠨ ᠲᠤᠰᠠᠳᠠ᠂ ᠰᠢᠭᠤᠶᠢᠲᠤ ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶ᠎ᠠ ᠨᠢ ᠣᠷᠣᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠴᠠᠭ ᠲᠤᠬᠠᠢ ᠳᠤᠨᠢ ᠬᠠᠷᠢᠯᠴᠠᠵᠤ᠂ ᠣᠨᠴᠠ ᠬᠦᠴᠢᠷᠳᠡᠯᠲᠡᠢ ᠬᠥᠮᠥᠰ ᠤᠨ ᠪᠡᠶ᠎ᠡ ᠶᠢᠨ ᠬᠢᠷᠢ ᠭᠡᠮ ᠤᠨ ᠮᠡᠳᠡᠭᠡ ᠵᠠᠩᠭᠢ ᠶᠢ ᠬᠠᠷᠢᠯᠴᠠᠨ ᠰᠣᠯᠢᠯᠴᠠᠬᠤ ᠲᠣᠭᠲᠠᠴᠠ ᠶᠢ ᠪᠤᠢ ᠪᠤᠯᠭᠠᠵᠤ᠂ ᠰᠠᠷ᠎ᠠ ᠪᠦᠷᠢ ᠶᠢᠨ 15᠎ ᠤ ᠡᠳᠦᠷ ᠠᠴᠠ ᠡᠮᠦᠨ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠮᠠᠭᠠᠳᠯᠠᠨ ᠲᠣᠭᠲᠠᠭᠠᠭᠰᠠᠨ ᠣᠨᠴᠠ ᠬᠦᠴᠢᠷᠳᠡᠯᠲᠡᠢ ᠬᠥᠮᠥᠰ ᠤᠨ ᠮᠡᠳᠡᠭᠡ ᠵᠠᠩᠭᠢ ᠶᠢ ᠰᠢᠭᠤᠶᠢᠲᠤ ᠣᠷᠣᠨ ᠤ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠲᠤ ᠬᠠᠮᠲᠤᠪᠠᠷ ᠬᠦᠷᠲᠡᠭᠡᠵᠦ᠂ ᠡᠮᠴᠢᠯᠡᠭᠡᠨ ᠤ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠳᠡᠭᠡᠷ᠎ᠡ ᠣᠨᠴᠣᠭᠤᠢ ᠬᠦᠴᠢᠷᠳᠡᠯᠲᠡᠢ ᠬᠥᠮᠥᠰ ᠲᠤ ᠪᠡᠶ᠎ᠡ ᠶᠢᠨ ᠭᠠᠷᠤᠯ ᠤᠨ ᠮᠡᠳᠡᠭᠡ ᠵᠠᠩᠭᠢ ᠥᠭᠴᠦ᠂ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠬᠤ ︽ᠨᠢᠭᠡ ᠥᠷᠲᠡᠭᠡ ᠮᠠᠶ᠋ᠢᠭ︾᠎ ᠤᠨ ᠳ᠋ᠦᠩᠨᠡᠨ ᠪᠣᠳᠣᠯᠲᠠ᠂ ︽ᠨᠢᠭᠡ ᠴᠣᠩᠬᠤᠪᠴᠢ︾᠎ ᠤᠨ ᠲᠤᠭ᠎ᠠ ᠪᠠᠷᠢᠮᠲᠠ ᠶᠢ ᠣᠯᠠᠨ ᠳᠤᠲᠠᠭᠠᠬᠤ︾᠂ ᠣᠯᠠᠨ ᠲᠦᠮᠡᠨ ᠳᠤ ᠳᠥᠭᠦᠮ ᠳᠥᠲᠡ ᠳ᠋ᠦᠩᠨᠡᠨ ᠪᠤᠳᠣᠬᠤ ᠦᠢᠯᠡᠴᠢᠯᠡᠭᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ 2023 ᠣᠨ ᠠᠴᠠ 2024 ᠣᠨ ᠤ 3 ᠰᠠᠷ᠎ᠠ ᠪᠤᠯᠲᠠᠯ᠎ᠠ᠂ ᠮᠠᠨ ᠤ ᠲᠣᠭᠤᠷᠢᠭ ᠤᠨ ᠣᠨᠴᠠ ᠬᠦᠴᠢᠷᠳᠡᠯᠲᠡᠢ ᠬᠥᠮᠥᠰ ᠡᠮᠨᠡᠯᠭᠡ ᠶᠢᠨ ᠠᠪᠤᠷᠠᠨ ᠲᠤᠰᠠᠯᠠᠬᠤ ︽ᠨᠢᠭᠡ ᠥᠷᠲᠡᠭᠡ ᠮᠠᠶ᠋ᠢᠭ︾᠎ ᠤᠨ ᠳ᠋ᠦᠩᠨᠡᠨ ᠪᠤᠳᠣᠬᠤ ᠣᠯᠭᠤᠮᠵᠢ ᠶᠢ 3583 ᠬᠥᠮᠥᠨ ᠤᠳᠠᠭ᠎ᠠ ᠬᠦᠷᠲᠡᠵᠦ᠂ ᠨᠡᠶᠢᠲᠡ 83.42 ᠲᠦᠮᠡᠨ ᠲᠥᠭᠦᠷᠢᠭ ᠪᠠᠶᠢᠵᠤ᠂ ᠮᠠᠨ ᠤ ᠣᠷᠣᠨ ᠤ ᠬᠦᠴᠢᠷᠳᠡᠯᠲᠡᠢ ᠣᠯᠠᠨ ᠲᠦᠮᠡᠨ ᠤ ᠡᠮᠨᠡᠯᠭᠡ ᠶᠢᠨ ᠬᠤᠷᠢᠶᠠᠨ ᠳᠤ ᠴᠠᠭ ᠲᠤᠬᠠᠢ ᠳᠤᠨᠢ ᠡᠮᠨᠡᠯᠭᠡ ᠶᠢᠨ ᠠᠪᠤᠷᠠᠨ ᠲᠤᠰᠠᠯᠠᠬᠤ ᠣᠯᠭᠤᠮᠵᠢ ᠭᠦᠷᠲᠡᠭᠦ ᠶᠢ ᠦᠨᠡᠨᠬᠦ ᠪᠠᠲᠤᠯᠠᠨ᠎ᠠ᠃       ᠭᠤᠷᠪᠠ ᠳᠤ᠂ ᠤᠷᠢᠳᠴᠢᠯᠠᠨ ᠰᠡᠷᠡᠮᠵᠢᠯᠡᠵᠦ ᠬᠢᠨᠠᠨ ᠰᠢᠨᠵᠢᠬᠦ ᠶᠢ ᠴᠢᠩᠭᠠᠷᠠᠭᠤᠯᠤᠨ᠂ ᠲᠤᠶᠢᠯ ᠤᠨ ᠣᠨᠣᠪᠴᠢᠲᠠᠢ ᠪᠠᠷ ᠠᠪᠤᠷᠠᠨ ᠲᠤᠰᠠᠯᠠᠬᠤ ᠶᠢ ᠨᠠᠶᠢᠳᠠᠪᠤᠷᠢᠵᠢᠭᠤᠯᠵᠤ᠂ ᠡᠮᠴᠢᠯᠡᠭᠡᠨ ᠤ ᠵᠠᠷᠤᠳᠠᠯ ᠤᠨ ᠥᠨᠳᠥᠷ ᠵᠠᠷᠤᠯᠭ᠎ᠠ ᠳᠤ ᠵᠠᠷᠤᠴᠠᠭᠤᠯᠤᠭᠴᠢ ᠳᠠᠰᠢ ᠡᠮᠴᠢᠯᠡᠭᠡᠨ ᠤ ᠠᠪᠤᠷᠠᠨ ᠲᠤᠰᠠᠯᠠᠬᠤ ᠶᠢ ᠬᠡᠷᠡᠭᠵᠢᠭᠦᠯᠦᠨ᠎ᠡ᠃ ᠤᠯᠠᠷᠢᠯ ᠪᠦᠷᠢ ᠳᠤ ᠮᠡᠳᠡᠭᠡ ᠵᠠᠩᠭᠢ ᠶᠢᠨ ᠲᠠᠪᠴᠠᠩ ᠢᠶᠠᠷ ᠳᠠᠮᠵᠢᠨ ᠡᠪᠡᠳᠴᠢᠨ ᠤ ᠬᠠᠷᠠᠭ᠎ᠠ ᠪᠠᠷ ᠡᠮᠨᠡᠯᠭᠡ ᠳᠤ ᠰᠠᠭᠤᠵᠤ ᠡᠮᠨᠡᠯᠭᠡ ᠳᠤ ᠰᠠᠭᠤᠭᠰᠠᠨ ᠦᠨᠳᠦᠰᠦᠨ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠵᠡᠷᠭᠡ ᠪᠠᠷ ᠳᠠᠮᠵᠢᠨ ᠳᠠᠩᠰᠠ ᠲᠠᠶᠢᠯᠤᠭᠰᠠᠨ ᠤ ᠳᠠᠷᠠᠭ᠎ᠠ᠂ ᠡᠮᠨᠡᠯᠭᠡ ᠶᠢᠨ ᠳᠠᠭᠠᠳᠬᠠᠯ ᠤᠨ ᠭᠠᠷᠴᠠᠭ ᠤᠨ ᠬᠡᠪᠴᠢᠶᠡᠨ ᠳᠣᠲᠣᠷᠠᠬᠢ ᠬᠤᠪᠢ ᠬᠥᠮᠥᠨ ᠤ ᠥᠪᠡᠰᠦᠪᠡᠨ ᠲᠤᠰᠢᠶᠠᠭᠰᠠᠨ ᠵᠠᠷᠤᠳᠠᠯ ᠨᠢ ᠪᠦᠭᠦ ᠬᠤᠲᠠ ᠶᠢᠨ ᠶᠠᠳᠠᠭᠤ ᠶᠢ ᠰᠡᠷᠭᠡᠶᠢᠯᠡᠬᠦ ᠰᠡᠷᠡᠮᠵᠢᠯᠡᠭᠦᠯᠭᠦ ᠥᠷᠲᠡᠭ ᠠᠴᠠ ᠳᠠᠪᠠᠭᠰᠠᠨ ᠪᠠ ᠡᠪᠡᠳᠴᠢᠨ ᠠᠴᠠ ᠪᠣᠯᠵᠤ ᠶᠠᠳᠠᠭᠤᠷᠠᠬᠤ ᠶᠢ ᠬᠢᠨᠠᠨ ᠬᠡᠮᠵᠢᠬᠦ ᠬᠢᠵᠠᠭᠠᠷ ᠱᠤᠭᠤᠮ ᠠᠴᠠ ᠳᠠᠪᠠᠭᠰᠠᠨ ᠳᠠᠭᠠᠳᠬᠠᠯ ᠳᠤ ᠣᠷᠣᠯᠴᠠᠭᠰᠠᠳ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠬᠢᠨᠠᠨ ᠬᠡᠮᠵᠢᠵᠦ᠂ ᠳᠡᠭᠡᠷ᠎ᠡ ᠳᠤᠷᠠᠳᠤᠭᠰᠠᠨ ᠮᠡᠳᠡᠭᠡ ᠵᠠᠩᠭᠢ ᠶᠢ ᠠᠷᠠᠳ ᠤᠨ ᠶᠠᠪᠤᠳᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠰᠣᠯᠢᠯᠴᠠᠵᠤ᠂ ᠣᠯᠠᠨ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠵᠦ ᠬᠦᠴᠦ ᠪᠠᠨ ᠬᠠᠮᠲᠤᠳᠬᠠᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠬᠠᠪᠰᠤᠷᠤᠨ ᠲᠡᠳᠬᠦᠬᠦ ᠶᠢ ᠬᠡᠷᠡᠭᠵᠢᠭᠦᠯᠵᠦ᠂ ᠦᠨᠡᠨᠬᠦ ᠡᠷᠲᠡ ᠣᠯᠵᠤ ᠮᠡᠳᠡᠬᠦ᠂ ᠲᠤᠶᠢᠯ ᠤᠨ ᠣᠨᠣᠪᠴᠢᠲᠠᠢ ᠪᠠᠷ ᠠᠪᠤᠷᠠᠨ ᠲᠤᠰᠠᠯᠠᠬᠤ᠂ ᠴᠠᠭ ᠲᠤᠬᠠᠢ ᠳᠤᠨᠢ ᠬᠠᠪᠰᠤᠷᠤᠨ ᠲᠡᠳᠬᠦᠬᠦ ᠶᠢ ᠪᠡᠶᠡᠯᠡᠭᠦᠯᠵᠦ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠦᠨᠡᠨᠬᠦ ᠬᠠᠪᠰᠤᠷᠬᠤ ᠴᠢᠬᠤᠯᠠᠲᠠᠢ ᠣᠯᠠᠨ ᠲᠦᠮᠡᠨ ᠤ ᠪᠡᠶ᠎ᠡ ᠳᠡᠭᠡᠷ᠎ᠡ ᠨᠠᠶᠢᠳᠠᠪᠤᠷᠢᠵᠢᠭᠤᠯᠵᠤ᠂ ᠬᠦᠴᠢᠷᠳᠡᠯᠲᠡᠢ ᠣᠯᠠᠨ ᠲᠦᠮᠡᠨ ᠢ ᠬᠠᠮᠲᠤᠪᠠᠷ ᠪᠠᠶᠠᠵᠢᠬᠤ ᠵᠠᠮ ᠳᠡᠭᠡᠷ᠎ᠡ ︽ᠡᠩᠨᠡᠭᠡ ᠠᠴᠠ ᠬᠤᠴᠣᠷᠤᠭᠤᠯᠬᠤ ᠦᠭᠡᠢ︾ ᠪᠣᠯᠭᠠᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号