ᠰᠢᠭᠤᠶᠢᠲᠤ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠩᠬᠠᠳᠤᠭᠠᠷ ᠬᠤᠭᠤᠴᠠᠭᠠᠨ ᠤ ᠪᠦᠭᠦ ᠣᠷᠣᠨ ᠤ ᠡᠮ ᠡᠮᠨᠡᠯᠭᠡ ᠶᠢᠨ ᠪᠠᠶᠢᠭᠤᠯᠤᠮᠵᠢ ᠶᠢᠨ ︽ᠭᠤᠷᠪᠠᠨ ᠦᠨᠳᠦᠰᠦᠨ︾᠎ ᠤ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2024/4/7
        ︽ᠭᠤᠷᠪᠠᠨ ᠦᠨᠳᠦᠰᠦᠨ︾᠎ ᠤ ᠴᠢᠳᠠᠪᠤᠷᠢ ᠶᠢᠨ ᠬᠢᠷᠢ ᠬᠡᠮᠵᠢᠶ᠎ᠡ ( ᠰᠠᠭᠤᠷᠢ ᠮᠡᠳᠡᠯᠭᠡ᠂ ᠦᠨᠳᠦᠰᠦᠨ ᠣᠨᠣᠯ᠂ ᠦᠨᠳᠦᠰᠦᠨ ᠮᠡᠷᠭᠡᠵᠢᠯ ᠤᠨ ᠴᠢᠳᠠᠪᠤᠷᠢ ) ᠪᠣᠯ ᠡᠮᠴᠢᠯᠡᠭᠡᠨ ᠤ ᠪᠠᠶᠢᠭᠤᠯᠤᠮᠵᠢ ᠶᠢᠨ ᠲᠤᠰᠬᠠᠢ ᠮᠡᠷᠭᠡᠵᠢᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠬᠡᠪ ᠴᠢᠨᠠᠷ ᠪᠣᠯᠣᠨ ᠮᠡᠷᠭᠡᠵᠢᠯ ᠤᠨ ᠴᠢᠳᠠᠪᠤᠷᠢ ᠶᠢᠨ ᠬᠢᠷᠢ ᠬᠡᠮᠵᠢᠶ᠎ᠡ ᠶᠢ ᠬᠡᠮᠵᠢᠬᠦ ᠶᠢᠨ ᠴᠢᠬᠤᠯᠠ ᠠᠭᠤᠯᠭ᠎ᠠ ᠪᠣᠯᠣᠨ᠎ᠠ᠃ ᠮᠠᠨ ᠤ ᠲᠣᠭᠤᠷᠢᠭ ᠤᠨ ᠬᠠᠯᠳᠠᠪᠤᠷᠢᠲᠤ ᠡᠪᠡᠳᠴᠢᠨ᠂ ᠰᠦᠷᠢᠶ᠎ᠡ ᠡᠪᠡᠳᠴᠢᠨ᠂ ᠬᠤᠯᠤᠭᠠᠨ᠎ᠠ ᠬᠢᠵᠢᠭ᠂ ᠪᠷᠦ᠋ᠼᠧᠯ ᠡᠪᠡᠳᠴᠢᠨ᠂ ᠠᠶᠢᠽ ᠡᠪᠡᠳᠴᠢᠨ᠂ ᠤᠯᠠᠭᠠᠨ ᠡᠯᠢᠭᠡ᠂ ᠦᠬᠦᠭᠰᠡᠨ ᠰᠢᠯᠲᠠᠭᠠᠨ ᠪᠦᠬᠦᠢ ᠬᠠᠪᠤᠳᠠᠷ᠂ ᠬᠦᠨᠳᠦ ᠨᠠᠷᠢᠯᠢᠭ ᠵᠡᠷᠭᠡ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠡᠪᠡᠳᠴᠢᠨ ᠡᠮᠭᠡᠭ ᠢ ᠰᠡᠷᠭᠡᠶᠢᠯᠡᠬᠦ ᠠᠵᠢᠯ ᠤᠨ ᠴᠤᠪᠤᠷᠠᠯ ᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠤᠰᠠᠳᠠ᠂ ᠰᠢᠭᠤᠶᠢᠲᠤ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ 3 ᠰᠠᠷ᠎ᠠ ᠶᠢᠨ 28᠎ ᠤ ᠡᠳᠦᠷ ᠠᠴᠠ 29᠎ ᠤ ᠡᠳᠦᠷ ᠪᠤᠯᠲᠠᠯ᠎ᠠ ᠠᠩᠬᠠᠳᠤᠭᠠᠷ ᠬᠤᠭᠤᠴᠠᠭᠠᠨ ᠤ ᠪᠦᠭᠦ ᠣᠷᠣᠨ ᠤ ᠡᠮᠴᠢᠯᠡᠭᠡᠨ ᠤ ᠪᠠᠶᠢᠭᠤᠯᠤᠮᠵᠢ ᠶᠢᠨ 2024 ᠣᠨ ᠤ ︽ᠭᠤᠷᠪᠠᠨ ᠦᠨᠳᠦᠰᠦᠨ︾᠎ ᠤ ᠪᠣᠯᠪᠠᠰᠤᠷᠠᠭᠤᠯᠤᠯ ᠤᠨ ᠠᠩᠭᠢ ᠶᠢ ᠡᠷᠭᠢᠯᠡᠪᠡ ᠃ 
1712046698181027508.png
        ᠥᠪᠡᠷᠲᠡᠭᠡᠨ ᠵᠠᠰᠠᠬᠤ ᠣᠷᠣᠨ ᠤ ᠡᠪᠡᠳᠴᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠳᠡᠳ᠋ ᠡᠷᠭᠢᠯᠡᠭᠴᠢ ᠭᠤᠣ ᠴᠦᠨ ᠯᠢ ᠪᠦᠭᠦ ᠣᠷᠣᠨ ᠤ ︽ᠭᠤᠷᠪᠠᠨ ᠦᠨᠳᠦᠰᠦᠨ︾᠎ ᠤ ᠪᠣᠯᠪᠠᠰᠤᠷᠠᠯ ᠡᠷᠭᠢᠯᠡᠭᠦ ᠶᠡᠷᠦᠩᠬᠡᠢ ᠬᠠᠷᠠᠯᠲᠠ ᠪᠠ ᠠᠴᠢ ᠬᠤᠯᠪᠣᠭᠳᠠᠯ ᠢ ᠴᠢᠬᠤᠯᠠᠴᠢᠯᠠᠵᠤ᠂ ᠡᠯ᠎ᠡ ᠡᠮ ᠡᠮᠨᠡᠯᠭᠡ ᠶᠢᠨ ᠪᠠᠶᠢᠭᠤᠯᠤᠮᠵᠢ ᠨᠢ ᠰᠤᠷᠤᠯᠴᠠᠬᠤ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠵᠦ᠂ ᠰᠤᠷᠤᠯᠴᠠᠬᠤ ᠳᠤ ᠪᠠᠨ ᠤᠬᠠᠭ᠎ᠠ ᠲᠠᠢ᠂ ᠣᠪᠣᠷ ᠢᠶᠠᠨ ᠲᠥᠪ ᠪᠤᠯᠭᠠᠵᠤ᠂ ︽ᠵᠣᠷᠢᠭᠲᠠᠢ ᠪᠠᠷ ᠬᠢᠵᠦ᠂ ᠦᠰᠦᠨ ᠪᠣᠶᠢᠵᠢᠬᠤ︾᠎ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃ ᠲᠤᠰ ᠤᠳᠠᠭ᠎ᠠ ᠶᠢᠨ ᠪᠣᠯᠪᠠᠰᠤᠷᠠᠯ ᠨᠢ 8 ᠠᠩᠭᠢ ᠤᠳᠠᠭ᠎ᠠ ᠳᠤ 10 ᠰᠤᠷᠤᠯᠭ᠎ᠠ ᠶᠢᠨ ᠬᠤᠭᠤᠴᠠᠭ᠎ᠠ ᠲᠣᠬᠢᠷᠠᠭᠤᠯᠵᠠᠢ᠃ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ᠂ ᠰᠦᠷᠢᠶ᠎ᠡ ᠡᠪᠡᠳᠴᠢᠨ ᠢ ᠰᠡᠷᠭᠡᠶᠢᠯᠡᠨ ᠵᠠᠰᠠᠬᠤ᠂ ᠬᠤᠯᠤᠭᠠᠨ᠎ᠠ ᠬᠢᠵᠢᠭ ᠢ ᠰᠡᠷᠭᠡᠶᠢᠯᠡᠨ ᠵᠠᠰᠠᠬᠤ᠂ ᠪᠡᠯᠭᠡ ᠶᠢᠨ ᠡᠪᠡᠳᠴᠢᠨ ᠠᠶᠢᠽ ᠡᠪᠡᠳᠴᠢᠨ ᠢ ᠰᠡᠷᠭᠡᠶᠢᠯᠡᠨ ᠵᠠᠰᠠᠬᠤ᠂ ᠦᠯᠦ ᠬᠠᠯᠳᠠᠭᠠᠬᠤ ᠲᠥᠯᠦᠪᠵᠢᠭᠦᠯᠭᠡ᠂ ᠣᠷᠣᠨ ᠨᠤᠲᠤᠭ ᠤᠨ ᠡᠪᠡᠳᠴᠢᠨ ᠤᠳᠠᠭᠠᠨ ᠴᠢᠨᠠᠷᠲᠠᠢ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ 7 ᠰᠠᠯᠠᠭ᠎ᠠ ᠲᠠᠰᠤᠭ ᠤᠨ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠠᠯᠳᠠᠪᠤᠷᠢᠲᠤ ᠡᠪᠡᠳᠴᠢᠨ ᠤ ᠮᠡᠳᠡᠭᠡ ᠵᠠᠩᠭᠢ ᠶᠢᠨ ᠮᠡᠳᠡᠭᠦᠯᠦᠯᠲᠡ ᠶᠢᠨ ᠬᠠᠮᠢᠶᠠᠷᠤᠯᠲᠠ᠂ ᠰᠤᠷᠭᠠᠭᠤᠯᠢ ᠶᠢᠨ ᠰᠦᠷᠢᠶ᠎ᠡ ᠡᠪᠡᠳᠴᠢᠨ ᠢ ᠰᠡᠷᠭᠡᠶᠢᠯᠡᠨ ᠡᠵᠡᠮᠳᠡᠬᠦ ᠵᠦᠭᠯᠡᠭᠦᠷ᠂ ᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠬᠠᠮᠢᠶ᠎ᠠ ᠪᠦᠬᠦᠢ ᠮᠡᠷᠭᠡᠵᠢᠯ᠂ ᠠᠶᠢᠽ ᠡᠪᠡᠳᠴᠢᠨ ᠥᠩᠭᠡᠨ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠵᠢᠴᠢ ᠠᠵᠢᠯ ᠤᠨ ᠯᠡᠪᠡᠷᠡᠬᠦ ᠰᠡᠷᠭᠡᠶᠢᠯᠡᠨ ᠬᠠᠮᠠᠭᠠᠯᠠᠬᠤ ᠂ ᠬᠥᠮᠥᠨ ᠤ ᠬᠤᠭᠤᠷᠣᠨᠳᠣᠭᠢ ᠪᠷᠦ᠋ᠼᠧᠯ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠬᠢᠭᠡᠳ ᠲᠤᠷᠰᠢᠯᠲᠠ ᠶᠢᠨ ᠲᠠᠰᠤᠭ ᠤᠨ ᠪᠠᠶᠢᠴᠠᠭᠠᠨ ᠰᠢᠯᠭᠠᠬᠤ᠂ ᠣᠶᠤᠨ ᠮᠡᠳᠡᠷᠡᠯ ᠤᠨ ᠬᠦᠨᠳᠦ ᠨᠣᠴᠢᠲᠠᠢ ᠰᠠᠭᠠᠲᠠᠯ ᠲᠠᠢ ᠡᠪᠡᠳᠴᠢᠲᠡᠨ ᠢ ᠬᠠᠮᠢᠶᠠᠷᠤᠨ ᠵᠠᠰᠠᠬᠤ᠂ ᠰᠡᠷᠭᠡᠶᠢᠯᠡᠬᠦ ᠲᠠᠷᠢᠯᠭ᠎ᠠ ᠶᠢᠨ ᠠᠵᠢᠯ ᠤᠨ ᠵᠢᠷᠤᠮᠵᠢᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠭᠤᠰᠤᠨ ᠪᠣᠷᠣ ᠳᠠᠪᠬᠤᠷᠭ᠎ᠠ ᠶᠢᠨ ᠦᠷᠪᠢᠰᠦᠯ ᠤᠨ ᠠᠮᠢᠳᠤ ᠸᠠᠺᠼᠢᠨ ᠢ ᠤᠰᠠᠳᠬᠠᠨ ᠠᠷᠢᠯᠭᠠᠵᠤ ᠦᠷ᠎ᠡ ᠨᠥᠬᠦᠪᠦᠷᠢᠯᠡᠬᠦ ᠬᠡᠷᠡᠭᠵᠢᠭᠦᠯᠬᠦ ᠲᠥᠰᠥᠯ᠂ ᠦᠬᠦᠭᠰᠡᠨ ᠭᠡᠷᠡᠴᠢ ᠪᠢᠴᠢᠭ ᠤᠨ ᠵᠢᠷᠤᠮᠵᠢᠯ᠂ ᠬᠠᠪᠤᠳᠠᠷ ᠡᠪᠡᠳᠴᠢᠨ ᠤ ᠺᠠᠷᠲ ᠲᠠᠭᠯᠠᠬᠤ ᠵᠢᠴᠢ ᠳᠠᠭᠠᠯᠳᠤᠨ ᠰᠤᠷᠪᠤᠯᠵᠢᠯᠠᠬᠤ ᠵᠡᠷᠭᠡ ᠲᠤᠰᠬᠠᠢ ᠮᠡᠷᠭᠡᠵᠢᠯ ᠤᠨ ᠰᠠᠭᠤᠷᠢ ᠮᠡᠳᠡᠯᠭᠡ ᠪᠣᠯᠣᠨ ᠮᠡᠷᠭᠡᠵᠢᠯ ᠤᠨ ᠴᠢᠳᠠᠪᠤᠷᠢ ᠶᠢ ᠭᠦᠨᠵᠡᠭᠡᠢ ᠲᠠᠶᠢᠯᠪᠤᠷᠢᠯᠠᠵᠠᠢ᠃ ᠡᠭᠦᠨ ᠤ ᠬᠠᠮᠲᠤ ᠰᠢᠭᠤᠶᠢᠲᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠤᠷᠢᠵᠤ ᠪᠷᠦ᠋ᠼᠧᠯ ᠡᠪᠡᠳᠴᠢᠨ ᠤ ᠬᠢᠴᠢᠶᠡᠯ ᠣᠷᠣᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠨ ᠰᠤᠳᠤᠯᠤᠨ ᠶᠠᠷᠢᠯᠴᠠᠵᠤ᠂ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠨᠡᠶᠢᠯᠡᠮᠡᠯ ᠬᠦᠴᠦᠨ ᠢ ᠨᠡᠮᠡᠭᠳᠡᠭᠦᠯᠬᠦ ᠬᠡᠷᠡᠭᠲᠡᠢ᠃ ᠬᠢᠴᠢᠶᠡᠯ ᠪᠦᠷᠢ ᠶᠢᠨ ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠰᠤᠷᠤᠬᠴᠢᠳ ᠥᠪᠡᠷᠰᠡᠳ ᠢᠶᠠᠨ ᠰᠣᠯᠢᠯᠴᠠᠨ ᠶᠠᠷᠢᠯᠴᠠᠬᠤ ᠶᠢᠨ ᠬᠠᠮᠲᠤ ᠣᠨᠣᠯ ᠤᠨ ᠰᠢᠯᠭᠠᠯᠲᠠ ᠬᠢᠵᠦ᠂ ᠰᠤᠷᠤᠬᠴᠢᠳ ᠤᠨ ᠰᠢᠯᠭᠠᠯᠲᠠ ᠶᠢᠨ ᠬᠢᠷᠢ ᠪᠦᠲᠦᠮᠵᠢ ᠪᠦᠷ ᠬᠢᠷᠢ ᠲᠡᠩᠴᠡᠬᠦ ᠦᠶᠡᠰ ᠤᠷᠢᠳᠴᠢᠯᠠᠨ ᠵᠢᠱᠢᠭᠰᠡᠨ ᠦᠷ᠎ᠡ ᠪᠦᠲᠦᠮᠵᠢ ᠳᠤ ᠬᠦᠷᠬᠦ ᠪᠣᠯᠣᠨ᠎ᠠ᠃ 
1712046709381073515.png
        ᠲᠤᠰ ᠤᠳᠠᠭᠠᠨ ᠤ ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠡᠯ᠎ᠡ ᠦᠨᠳᠦᠰᠦᠨ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠪᠡᠳᠴᠢᠨ ᠡᠮᠭᠡᠭ ᠢ ᠰᠡᠷᠭᠡᠶᠢᠯᠡᠬᠦ ᠠᠵᠢᠯ ᠤᠨ ᠴᠤᠪᠤᠷᠠᠯ ᠳᠤᠮᠳᠠᠬᠢ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠡᠮᠨᠡᠯᠭᠡ ᠶᠢᠨ ᠠᠵᠢᠯᠲᠠᠳ ᠤᠨ ᠦᠨᠳᠦᠰᠦᠨ ᠲᠤᠬᠠᠶᠢᠯᠠᠭᠰᠠᠨ ᠠᠵᠢᠯ ᠤᠨ ᠬᠡᠪ ᠴᠢᠨᠠᠷ ᠪᠣᠯᠣᠨ ᠮᠡᠷᠭᠡᠵᠢᠯ ᠤᠨ ᠴᠢᠳᠠᠪᠤᠷᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃ ᠳᠠᠷᠠᠭ᠎ᠠ ᠠᠯᠬᠤᠮ ᠳᠤ᠂ ᠰᠢᠭᠤᠶᠢᠲᠤ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠨᠢ ᠦᠨᠳᠦᠰᠦᠨ ᠱᠠᠲᠤᠨ ᠤ ᠬᠢᠨ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠠᠵᠢᠯ ᠢ ᠨᠠᠷᠢᠨ ᠨᠢᠮᠪᠠᠢ ᠪᠥᠭᠡᠳ ᠪᠣᠳᠠᠲᠠᠢ ᠬᠢᠵᠦ᠂ ᠲᠤᠰᠬᠠᠢ ᠮᠡᠷᠭᠡᠵᠢᠯ ᠤᠨ ᠡᠩᠨᠡᠭᠡ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠰᠢᠭᠤᠶᠢᠲᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠦᠢᠯᠡᠰ ᠢ ᠰᠢᠨ᠎ᠡ ᠳᠡᠭᠲᠡᠷ ᠲᠤ ᠭᠠᠷᠭᠠᠬᠤ ᠪᠠᠷ ᠪᠠᠶᠢᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号