ᠰᠢᠭᠤᠶᠢᠲᠤ ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢᠨ ᠥᠷᠨᠢᠭᠦᠯᠦᠭᠰᠡᠨ ︽ᠵᠢᠷᠭᠤᠭᠠᠨ ᠦᠭᠡ︾ ᠎ ᠶᠢᠨ ᠪᠣᠳᠠᠲᠤ ᠶᠠᠪᠤᠳᠠᠯ ᠪᠠ ᠶᠣᠰᠣ ᠰᠤᠷᠲᠠᠬᠤᠨ ᠪᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠰᠤᠷᠤᠯᠴᠠᠬᠤ ᠰᠤᠳᠤᠯᠤᠨ ᠶᠠᠷᠢᠯᠴᠠᠬᠤ ᠬᠤᠷᠠᠯ
ᠨᠡᠶᠢᠲᠡᠯᠡᠭᠰᠡᠨ ᠴᠠᠭ᠄
2024/4/7
        ᠶᠡᠷᠦᠩᠬᠡᠢ ᠱᠦᠵᠢ ᠰᠢ ᠶᠢᠨ ᠫᠢᠩ ᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠤᠢ ᠪᠤᠯᠭᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ᠂ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠵᠦ᠂ ᠶᠡᠷᠦᠩᠬᠡᠢ ᠱᠦᠵᠢ  ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠃ ᠰᠢᠭᠤᠶᠢᠲᠤ ᠲᠣᠭᠤᠷᠢᠭ ᠤᠨ ᠡᠮᠨᠡᠯᠭᠡ ᠶᠢᠨ ᠬᠤᠷᠢᠶ᠎ᠠ ︽ᠨᠠᠮ ᠤᠨ ᠠᠴᠢ ᠡᠨᠡᠷᠢᠯ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠰᠢᠷᠢᠰ ᠠᠵᠢᠯᠯᠠᠭ᠎ᠠ ᠶᠢᠨ ︽ᠵᠢᠷᠭᠤᠭᠠᠨ ᠦᠭᠡ︾᠎ ᠶᠢᠨ ᠪᠣᠳᠠᠲᠤ ᠶᠠᠪᠤᠳᠠᠯ ᠪᠣᠯᠣᠨ ᠶᠣᠰᠣ ᠰᠤᠷᠲᠠᠬᠤᠨ ᠪᠠ ᠦᠨᠡᠨᠴᠢ ᠢᠲᠡᠭᠡᠮᠵᠢᠲᠦ ᠪᠠᠶᠢᠭᠤᠯᠤᠯᠲᠠ ᠶᠢᠨ ᠲᠤᠰᠬᠠᠢ ᠰᠡᠳᠦᠪᠲᠦ ᠰᠤᠷᠤᠯᠴᠠᠵᠤ ᠰᠤᠳᠤᠯᠤᠨ ᠶᠠᠷᠢᠯᠴᠠᠬᠤ ᠬᠤᠷᠠᠯ ᠬᠢᠪᠡ᠃ 
1712046776032050351.png
        ᠬᠤᠷᠠᠯ ᠳᠡᠭᠡᠷ᠎ᠡ᠂ ︽ᠵᠢᠷᠭᠤᠭᠠᠨ ᠦᠭᠡ︾᠎ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠭᠦᠨᠵᠡᠭᠡᠢ ᠲᠠᠶᠢᠯᠪᠤᠷᠢᠯᠠᠵᠤ᠂ ᠣᠯᠠᠨ ᠢ ᠵᠢᠯᠣᠭᠤᠳᠤᠨ ︽ᠨᠠᠮ ᠤᠨ ᠠᠴᠢ ᠡᠨᠡᠷᠢᠯ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾᠎ ᠶᠢ ᠨᠡᠩ ᠭᠤᠶᠢᠪᠢᠰᠢ ᠦᠭᠡᠢ ᠪᠠᠷᠢᠮᠲᠠᠯᠠᠵᠤ᠂ ᠢᠮᠠᠭᠲᠠ ᠦᠨᠡᠨᠴᠢ ᠢᠲᠡᠭᠡᠮᠵᠢ ᠶᠢᠨ ᠣᠶᠢᠯᠠᠭᠠᠭᠳᠠᠬᠤᠨ ᠢ ᠰᠡᠳᠬᠢᠯ ᠳᠤ ᠦᠨᠳᠦᠰᠦᠯᠡᠵᠦ᠂ ᠦᠨᠡᠨᠴᠢ ᠢᠲᠡᠭᠡᠮᠵᠢᠲᠡᠢ ᠨᠡᠶᠢᠭᠡᠮ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠵᠤ᠂ ᠠᠴᠢ ᠡᠨᠡᠷᠢᠯ ᠳᠤ ᠲᠠᠯᠠᠷᠬᠠᠬᠤ ᠰᠡᠳᠬᠢᠯᠭᠡ ᠪᠠᠷ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠠᠪᠤᠨ ᠶᠡᠭᠡ ᠡᠭᠦᠷᠭᠡ ᠳᠤ ᠲᠤᠰᠢᠶᠠᠭᠰᠠᠨ ᠢᠷᠠᠭᠤ ᠠᠯᠳᠠᠷᠲᠤ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃         ᠡᠭᠦᠨ ᠤ ᠬᠠᠮᠲᠤ ᠨᠡᠶᠢᠲᠡᠯᠢᠭ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠦᠯᠢᠭᠡᠷ ᠳᠣᠮᠤᠭ ᠪᠣᠯᠣᠨ ᠣᠳᠣ ᠦᠶ᠎ᠡ ᠶᠢᠨ ᠨᠡᠶᠢᠭᠡᠮ ᠤᠨ ᠦᠨᠡᠨᠴᠢ ᠢᠲᠡᠭᠡᠮᠵᠢ ᠳᠤᠲᠠᠭᠳᠠᠭᠰᠠᠨ ᠤ ᠡᠰᠡᠷᠭᠦ ᠲᠠᠯ᠎ᠠ ᠶᠢᠨ ᠬᠡᠷᠡᠭ ᠢᠶᠠᠷ ᠵᠢᠱᠢᠶ᠎ᠡ ᠪᠣᠯᠭᠠᠨ᠂ ᠲᠣᠭᠤᠷᠢᠭ ᠤᠨ ᠡᠮᠨᠡᠯᠭᠡ ᠶᠢᠨ ᠬᠤᠷᠢᠶᠠᠨ ᠤ ᠡᠮᠴᠢ ᠰᠤᠪᠢᠯᠠᠭᠴᠢᠳ ᠲᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠭᠤᠯᠤᠨ᠎ᠠ᠃ 
1712046786861091793.png
        ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠴᠢᠬᠤᠯᠠ ᠶᠡᠭᠡ ᠠᠴᠢ ᠬᠤᠯᠪᠣᠭᠳᠠᠯ ᠢ ᠪᠦᠭᠦ ᠲᠠᠯ᠎ᠠ ᠪᠠᠷ ᠰᠤᠷᠤᠯᠴᠠᠨ ᠣᠶᠢᠯᠠᠭᠠᠵᠤ᠂ ︽ᠵᠢᠷᠭᠤᠭᠠᠨ ᠦᠭᠡ︾᠎ ᠶᠢᠨ ᠪᠣᠳᠠᠲᠤ ᠬᠡᠷᠡᠭ ᠪᠠ ᠶᠣᠰᠣ ᠤᠴᠢᠷ ᠢ ᠭᠦᠨᠵᠡᠭᠡᠢ ᠣᠶᠢᠯᠠᠭᠠᠵᠤ᠂ ᠶᠡᠷᠦᠩᠬᠡᠢ ᠱᠦᠵᠢ  ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠪᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠠᠶᠢᠩᠭᠤ ᠶᠢᠨ ᠴᠢᠨᠠᠷᠲᠠᠢ᠂ ᠤᠷᠲᠤ ᠬᠤᠭᠤᠴᠠᠭ᠎ᠠ ᠪᠠᠷ ᠦᠷ᠎ᠡ ᠪᠦᠲᠦᠮᠵᠢᠲᠡᠢ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾᠎ ᠶᠢ ᠡᠷᠡᠰ ᠬᠦᠷᠢᠶᠡᠯᠡᠨ᠂ ︽ᠳᠥᠷᠪᠡᠨ ᠤᠬᠠᠮᠰᠠᠷ︾᠎ ᠢ ᠦᠨᠡᠨᠬᠦ ᠴᠢᠩᠭᠠᠳᠬᠠᠵᠤ᠂ ︽ᠳᠥᠷᠪᠡᠨ ᠢᠲᠡᠭᠡᠯ︾᠎ ᠢ ᠪᠠᠲᠤᠳᠬᠠᠨ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠪᠦᠭᠦ ᠬᠦᠴᠦᠨ ᠢᠶᠠᠷ ᠠᠬᠢᠭᠤᠯᠬᠤ ᠬᠡᠷᠡᠭᠲᠡᠢ᠃ ᠬᠤᠶᠠᠷ ᠲᠤ᠂ ᠦᠨᠡᠨᠴᠢ ᠢᠲᠡᠭᠡᠮᠵᠢᠲᠡᠢ ᠪᠠᠶᠢᠬᠤ ᠶᠢ ᠲᠣᠭᠤᠷᠢᠭ ᠤᠨ ᠡᠮᠨᠡᠯᠭᠡ ᠶᠢᠨ ᠬᠤᠷᠢᠶᠠᠨ ᠤ ᠦᠨᠳᠦᠰᠦᠨ ᠱᠠᠭᠠᠷᠳᠠᠯᠭ᠎ᠠ ᠪᠤᠯᠭᠠᠬᠤ ᠶᠢ ᠪᠠᠷᠢᠮᠲᠠᠯᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠤᠬᠠᠮᠰᠠᠷ ᠠᠴᠠ ᠪᠠᠨ ᠨᠠᠮᠴᠢ ᠴᠢᠨᠠᠷ ᠤᠨ ᠪᠣᠯᠪᠠᠰᠤᠷᠠᠯ ᠢ ᠴᠢᠩᠭᠠᠳᠬᠠᠬᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ ᠵᠡᠷᠭᠡ ᠠᠵᠢᠯ ᠲᠠᠢ ᠤᠶᠠᠯᠳᠤᠭᠤᠯᠵᠤ᠂ ᠦᠨᠡᠨᠴᠢ ᠢᠲᠡᠭᠡᠮᠵᠢ ᠶᠢᠨ ᠤᠬᠠᠮᠰᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠨᠡᠨᠴᠢ ᠢᠲᠡᠭᠡᠮᠵᠢ ᠶᠢᠨ ᠣᠶᠢᠯᠠᠭᠠᠭᠳᠠᠬᠤᠨ ᠢ ᠪᠤᠢ ᠪᠤᠯᠭᠠᠵᠤ᠂ ᠦᠨᠡᠨᠴᠢ ᠢᠲᠡᠭᠡᠮᠵᠢ ᠶᠢᠨ ᠠᠵᠢᠯᠯᠠᠭ᠎ᠠ ᠶᠢ ᠪᠠᠷᠢᠮᠲᠠᠯᠠᠬᠤ ᠬᠡᠷᠡᠭᠲᠡᠢ᠃ ᠭᠤᠷᠪᠠ ᠳᠤ ︽ᠨᠠᠮ ᠤᠨ ᠠᠴᠢ ᠡᠨᠡᠷᠢᠯ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠦᠨᠳᠦᠰᠦᠨ ᠱᠠᠲᠤᠨ ᠤ ᠦᠨᠳᠦᠰᠦᠲᠡᠨ ᠨᠦᠭᠦᠳ ᠤᠨ ᠺᠠᠲᠷ ᠣᠯᠠᠨ ᠲᠦᠮᠡᠨ ᠳᠤ ᠦᠨᠡᠨᠴᠢ ᠢᠲᠡᠭᠡᠮᠵᠢᠲᠡᠢ ᠰᠣᠶᠣᠯ ᠤᠨ ᠮᠡᠳᠡᠯᠭᠡ ᠪᠣᠯᠣᠨ ᠦᠨᠡᠨᠴᠢ ᠢᠲᠡᠭᠡᠮᠵᠢᠲᠡᠢ ᠶᠣᠰᠣ ᠮᠣᠷᠠᠯ ᠢ ᠵᠢᠷᠤᠮᠯᠠᠬᠤ ᠵᠢᠱᠢᠶᠡᠴᠢ ᠦᠯᠢᠭᠡᠷ ᠳᠠᠭᠤᠷᠢᠶᠠᠯ ᠤᠨ ᠦᠢᠯᠡ ᠠᠵᠢᠯᠯᠠᠭ᠎ᠠ ᠶᠢ ᠥᠷᠭᠡᠨ ᠢᠶᠠᠷ ᠤᠬᠠᠭᠤᠯᠵᠤ᠂ ︽ᠦᠨᠡᠨᠴᠢ ᠢᠲᠡᠭᠡᠮᠵᠢᠲᠡᠢ ᠦᠯᠢᠭᠡᠷ︾᠎ ᠢ ᠦᠨᠡᠨᠬᠦ ᠰᠠᠶᠢᠲᠤᠷ ᠶᠠᠷᠢᠵᠤ᠂ ᠪᠦᠭᠦ ᠣᠷᠣᠨ ᠳᠤ ᠢᠲᠡᠭᠡᠯ ᠬᠦᠨᠳᠦ ᠲᠠᠢ᠂ ᠢᠲᠡᠭᠡᠯ ᠬᠦᠨᠳᠦ ᠲᠠᠢ ᠨᠡᠶᠢᠭᠡᠮ ᠤᠨ ᠰᠠᠶᠢᠨ ᠰᠠᠶᠢᠬᠠᠨ ᠣᠷᠴᠢᠨ ᠠᠬᠤᠢ ᠶᠢ ᠪᠤᠢ ᠪᠤᠯᠭᠠᠬᠤ ᠳᠤ ᠦᠨᠡᠨᠬᠦ ᠬᠤᠪᠢ ᠨᠡᠮᠡᠷᠢ ᠦᠵᠡᠭᠦᠯᠭᠦ ᠬᠡᠷᠡᠭᠲᠡᠢ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号