ᠰᠢᠭᠤᠶᠢᠲᠤ ᠲᠣᠭᠤᠷᠢᠭ ᠤᠨ ᠡᠬᠡ ᠨᠢᠯᠬᠠᠰ ᠤᠨ ᠡᠷᠡᠭᠦᠯᠵᠢᠯ ᠤᠨ ᠭᠠᠵᠠᠷ ᠦᠨᠡᠨᠴᠢ ᠢᠲᠡᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠭᠤᠣᠯ ᠰᠡᠳᠦᠪᠲᠦ ᠤᠬᠠᠭᠤᠯᠭ᠎ᠠ ᠶᠢᠨ ᠬᠤᠷᠠᠯ
ᠨᠡᠶᠢᠲᠡᠯᠡᠭᠰᠡᠨ ᠴᠠᠭ᠄
2024/4/7
        4 ᠰᠠᠷ᠎ᠠ ᠶᠢᠨ 2᠎ ᠤ ᠡᠳᠦᠷ᠂ ᠰᠢᠭᠤᠶᠢᠲᠤ ᠲᠣᠭᠤᠷᠢᠭ ᠤᠨ ᠡᠬᠡ ᠨᠢᠯᠬᠠᠰ ᠤᠨ ᠡᠷᠡᠭᠦᠯᠵᠢᠯ ᠤᠨ ᠭᠠᠵᠠᠷ ᠡᠮᠨᠡᠯᠭᠡ ᠶᠢᠨ ᠠᠵᠢᠯᠲᠠᠨ ᠢ ᠵᠣᠬᠢᠶᠠᠨ ᠪᠠᠶᠢᠭᠤᠯᠤᠨ ︽ᠢᠲᠡᠭᠡᠮᠵᠢ ᠲᠠᠢ ᠪᠣᠯ ᠢᠷᠠᠭᠤ ᠠᠯᠳᠠᠷᠲᠠᠢ᠂ ᠢᠲᠡᠭᠡᠯ ᠠᠯᠳᠠᠪᠠᠯ ᠢᠴᠢᠭᠦᠷᠢ ᠰᠣᠨᠵᠢᠭᠤᠷᠢ ᠦᠭᠡᠢ︾ ᠭᠤᠣᠯ ᠰᠡᠳᠦᠪᠲᠦ ᠤᠬᠠᠭᠤᠯᠭ᠎ᠠ ᠶᠢᠨ ᠬᠤᠷᠠᠯ ᠬᠢᠪᠡ᠃          ᠬᠤᠷᠠᠯ ᠤᠨ ᠠᠭᠤᠯᠭ᠎ᠠ ᠶᠢ ᠭᠤᠷᠪᠠᠨ ᠲᠠᠯ᠎ᠠ ᠬᠤᠪᠢᠶᠠᠨ᠎ᠠ᠄          ᠨᠢᠭᠡ ᠳᠤ᠂ ᠢᠯᠡ ᠲᠣᠳᠣ ᠵᠠᠰᠠᠭ ᠤᠨ ᠶᠠᠪᠤᠳᠠᠯ ᠢ ᠲᠦᠯᠬᠢᠨ ᠠᠬᠢᠭᠤᠯᠵᠤ᠂ ᠰᠠᠯᠠᠭ᠎ᠠ ᠮᠥᠴᠢᠷ ᠤᠨ ᠲᠥᠰᠥᠪ ᠢ ᠴᠠᠭ ᠲᠤᠬᠠᠢ ᠳᠤᠨᠢ ᠢᠯᠡ ᠪᠤᠯᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃          ᠬᠤᠶᠠᠷ ᠲᠤ ᠠᠯᠪᠠᠨ ᠠᠵᠢᠯᠲᠠᠨ ᠤ ᠢᠲᠡᠭᠡᠮᠵᠢ ᠶᠢᠨ ᠬᠥᠮᠦᠵᠢᠯ ᠢ ᠴᠢᠩᠭᠠᠳᠬᠠᠵᠤ᠂ ᠢᠲᠡᠭᠡᠮᠵᠢ ᠶᠢᠨ ᠪᠠᠶᠢᠭᠤᠯᠤᠯᠲᠠ ᠶᠢ ᠣᠨᠣᠯ ᠤᠨ ᠰᠤᠷᠤᠯᠴᠠᠯᠭ᠎ᠠ ᠶᠢᠨ ᠠᠭᠤᠯᠭ᠎ᠠ ᠳᠤ ᠣᠷᠣᠭᠤᠯᠵᠤ᠂ ᠪᠦᠭᠦ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ︽ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠬᠠᠮᠢᠶ᠎ᠠ ᠪᠦᠬᠦᠢ ᠮᠡᠳᠡᠯᠭᠡ︾᠎ ᠶᠢ 1 ᠤᠳᠠᠭ᠎ᠠ ᠰᠤᠷᠤᠯᠴᠠᠭᠤᠯᠵᠤ᠂ ᠺᠠᠲᠷ ᠠᠵᠢᠯᠲᠠᠨ ᠠᠵᠢᠯᠴᠢᠨ ᠢ ᠬᠥᠲᠥᠯᠥᠨ ᠵᠢᠯᠤᠭᠤᠳᠴᠤ ᠪᠠᠶᠢᠭᠠᠳ ᠢᠲᠡᠭᠡᠮᠵᠢ ᠶᠢᠨ ᠰᠣᠶᠣᠯ ᠢ ᠨᠢ ᠪᠠᠳᠠᠷᠠᠭᠤᠯᠬᠤ ᠬᠡᠷᠡᠭᠲᠡᠢ᠃ ᠲᠤᠰ ᠪᠡᠶ᠎ᠡ ᠶᠢᠨ ᠦᠨᠡᠨᠴᠢ ᠢᠲᠡᠭᠡᠮᠵᠢ ᠲᠠᠢ ᠪᠠᠶᠢᠬᠤ ᠪᠠᠶᠢᠭᠤᠯᠤᠯᠲᠠ ᠶᠢ ᠴᠢᠩᠭᠠᠳᠬᠠᠵᠤ᠂ ᠢᠲᠡᠭᠡᠮᠵᠢ ᠶᠢᠨ ᠦᠵᠡᠯ ᠤᠬᠠᠮᠰᠠᠷ ᠪᠣᠯᠣᠨ ᠦᠨᠡᠨᠴᠢ ᠢᠲᠡᠭᠡᠮᠵᠢ ᠲᠠᠢ ᠵᠠᠰᠠᠭ ᠶᠠᠪᠤᠭᠤᠯᠬᠤ ᠤᠬᠠᠮᠰᠠᠷᠲᠤ ᠴᠢᠨᠠᠷ ᠢ ᠨᠡᠮᠡᠭᠳᠡᠭᠦᠯᠬᠦ ᠬᠡᠷᠡᠭᠲᠡᠢ᠃          ᠭᠤᠷᠪᠠ ᠳᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠤᠬᠠᠭᠤᠯᠭ᠎ᠠ ᠶᠢ ᠴᠢᠩᠭᠠᠳᠬᠠᠵᠤ᠂ LED ᠳᠡᠯᠭᠡᠴᠡ ᠪᠠᠷ ᠢᠲᠡᠭᠡᠮᠵᠢ ᠶᠢᠨ ᠪᠠᠶᠢᠭᠤᠯᠤᠯᠲᠠ ᠶᠢᠨ ᠬᠠᠮᠢᠶ᠎ᠠ ᠪᠦᠬᠦᠢ ᠤᠬᠠᠭᠤᠯᠭ᠎ᠠ ᠶᠢᠨ ᠤᠷᠢᠶ᠎ᠠ ᠯᠣᠽᠦ᠋ᠩ ᠤᠬᠠᠭᠤᠯᠬᠤ ᠶᠢ ᠤᠬᠠᠭᠤᠯᠤᠨ ᠳᠠᠮᠵᠢᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠭᠤᠷ ᠠᠮᠢᠰᠬᠤᠯ ᠢ ᠪᠤᠢ ᠪᠣᠯᠭᠠᠨ᠎ᠠ᠃ 
 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号