ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠰᠢᠭᠤᠶᠢᠲᠤ ᠲᠣᠭᠤᠷᠢᠭ ᠤᠨ ︽ᠭᠤᠷᠪᠠ ᠶᠢ ᠲᠡᠮᠡᠴᠡᠨ ᠣᠯᠬᠤ︾ ᠬᠢᠨᠠᠨ ᠰᠢᠯᠭᠠᠵᠤ ᠱᠠᠩᠨᠠᠬᠤ ᠠᠷᠭ᠎ᠠ ( ᠲᠤᠷᠰᠢᠨ ᠬᠡᠷᠡᠭᠵᠢᠭᠦᠯᠬᠦ )︾᠎ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/4/7
                    ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠠᠷᠬᠠᠭᠠᠭᠰᠠᠨ 〔 2014 〕 3 ᠳ᠋ᠤᠭᠠᠷ ᠲᠣᠭᠠᠲᠤ  ᠵᠢᠪᠬᠤᠯᠠᠩᠲᠤ ᠰᠤᠮᠤ᠂ ᠪᠠᠳᠺᠠᠷ ᠵᠣᠣ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠭᠢᠯᠡᠭᠦ ᠭᠠᠵᠠᠷ᠂ ᠡᠯ᠎ᠡ ᠬᠦᠷᠢᠶᠡᠯᠡᠩ ᠲᠣᠭᠤᠷᠢᠭ᠂ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ᠂ ᠡᠯ᠎ᠡ ᠠᠷᠠᠳ ᠤᠨ ᠪᠦᠯᠭᠦᠮ᠂ ᠲᠣᠭᠤᠷᠢᠭ ᠲᠤ ᠰᠠᠭᠤᠭ᠎ᠠ ᠡᠯ᠎ᠡ ᠨᠢᠭᠡᠴᠡ ᠳᠤ᠄          ᠰᠢᠭᠤᠶᠢᠲᠤ  ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ︽ᠰᠢᠭᠤᠶᠢᠲᠤ ᠲᠣᠭᠤᠷᠢᠭ ᠤᠨ ︽ᠭᠤᠷᠪᠠ ᠶᠢ ᠲᠡᠮᠡᠴᠡᠨ ᠣᠯᠬᠤ︾ ᠬᠢᠨᠠᠨ ᠰᠢᠯᠭᠠᠵᠤ ᠱᠠᠩᠨᠠᠬᠤ ᠠᠷᠭ᠎ᠠ ( ᠲᠤᠷᠰᠢᠨ ᠬᠡᠷᠡᠭᠵᠢᠭᠦᠯᠬᠦ )︾᠎ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃                   ᠰᠢᠭᠤᠶᠢᠲᠤ ᠲᠣᠭᠤᠷᠢᠭ ᠤᠨ ᠠᠷᠠᠳ ᠶᠢᠨ ᠵᠠᠰᠠᠭ ᠤᠨ ᠣᠷᠳᠣᠨ ᠤ ᠠᠯᠪᠠᠨ ᠭᠡᠷ                              2024 ᠣᠨ ᠤ 1 ᠰᠠᠷ᠎ᠠ ᠶᠢᠨ 26᠎ ᠤ ᠡᠳᠦᠷ                              ( ᠲᠤᠰ ᠪᠢᠴᠢᠭ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ )          ᠰᠢᠭᠤᠶᠢᠲᠤ ᠲᠣᠭᠤᠷᠢᠭ ᠤᠨ ︽ᠭᠤᠷᠪᠠ ᠶᠢ ᠲᠡᠮᠡᠴᠡᠨ ᠣᠯᠬᠤ︾ ᠬᠢᠨᠠᠨ ᠰᠢᠯᠭᠠᠵᠤ ᠱᠠᠩᠨᠠᠨ ᠬᠥᠬᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶       ᠰᠢᠭᠤᠶᠢᠲᠤ ᠲᠣᠭᠤᠷᠢᠭ ᠤᠨ ᠰᠢᠨᠵᠢᠯᠡᠬᠦ ᠤᠬᠠᠭᠠᠨ ᠤ ᠳᠡᠰ ᠤᠨ ᠤᠳᠤᠷᠢᠳᠬᠤ ᠪᠠᠭ ᠪᠣᠯᠣᠨ ᠤᠳᠤᠷᠢᠳᠬᠤ ᠺᠠᠲᠷ ᠤᠨ ᠵᠣᠷᠢᠭᠲᠠᠢ ᠪᠤᠳᠣᠵᠤ ᠵᠣᠷᠢᠭᠲᠠᠢ ᠠᠵᠢᠯᠯᠠᠵᠤ᠂ ᠵᠣᠷᠢᠭᠲᠠᠢ ᠪᠠᠷ ᠲᠦᠷᠦᠭᠦᠯᠡᠭᠦᠯᠬᠦ ᠶᠢ ᠵᠣᠷᠢᠭᠵᠢᠭᠤᠯᠵᠤ᠂ ᠥᠷᠭᠡᠨ ᠣᠯᠠᠨ ᠺᠠᠲᠷ ᠠᠵᠢᠯᠲᠠᠨ ᠠᠵᠢᠯᠴᠢᠨ ᠢ ᠬᠥᠲᠥᠯᠥᠨ ᠵᠢᠯᠤᠭᠤᠳᠴᠤ ᠪᠠᠶᠢᠭᠠᠳ ︽ᠰᠢᠯᠢᠳᠡᠭ ᠢ ᠨᠢ ᠦᠯᠡᠳᠡᠭᠡᠵᠦ ᠵᠠᠳᠠᠷᠠᠭᠤᠯᠬᠤ ᠰᠡᠳᠬᠢᠬᠦᠢ ᠲᠠᠢ︾ ᠪᠤᠯᠭᠠᠵᠤ᠂ ᠢᠳᠡᠪᠬᠢᠲᠡᠢ ᠡᠭᠦᠷᠭᠡᠯᠡᠨ ᠵᠢᠳᠬᠦᠯ ᠭᠠᠷᠭᠠᠵᠤ᠂ ᠳᠡᠭᠡᠳᠦ ᠱᠠᠲᠤᠨ ᠤ ᠪᠡᠯᠡ ᠮᠥᠩᠭᠦ᠂ ᠲᠥᠷᠥ ᠶᠢᠨ ᠪᠣᠳᠣᠯᠭ᠎ᠠ ᠪᠣᠯᠣᠨ ᠲᠤᠷᠰᠢᠯᠲᠠ ᠶᠢᠨ ᠴᠢᠭ ᠤᠨ ᠵᠢᠱᠢᠶ᠎ᠡ ᠦᠵᠡᠭᠦᠯᠭᠦ ᠶᠢ ᠬᠦᠴᠦᠯᠡᠨ ᠴᠢᠷᠮᠠᠶᠢᠵᠤ᠂ ᠪᠤᠭᠤᠲᠤ ᠬᠤᠲᠠ ᠶᠢᠨ ᠲᠡᠦᠬᠡ ᠶᠢᠨ ᠬᠠᠮᠤᠭ ᠥᠨᠳᠥᠷ ᠲᠦᠪᠰᠢᠨ ᠳᠤ ᠬᠦᠷᠴᠦ᠂ ᠡᠨᠡ ᠵᠢᠯ ᠪᠦᠭᠦ ᠤᠯᠤᠰ ᠤᠨ ᠵᠠᠭᠤᠨ ᠬᠦᠴᠦᠷᠬᠡᠭ ᠬᠤᠲᠠ ᠶᠢᠨ ᠳᠤᠮᠳᠠ ᠳᠠᠬᠢᠨᠲᠠ ᠠᠷᠪᠠᠨ ᠬᠦᠴᠦᠷᠬᠡᠭ ᠬᠤᠲᠠ ᠶᠢᠨ ᠬᠥᠭᠵᠢᠯᠲᠡ ᠶᠢᠨ ᠶᠡᠭᠡ ᠪᠠᠶᠢᠳᠠᠯ ᠳᠤ ᠴᠢᠯᠠᠭᠤᠨ ᠵᠠᠮ ᠢ ᠨᠡᠭᠡᠭᠡᠵᠦ᠂ ᠴᠢᠯᠠᠭᠤᠨ ᠵᠠᠮ ᠢ ᠨᠡᠭᠡᠭᠡᠵᠦ ᠠᠷᠪᠠᠨ ᠬᠤᠪᠢ ᠨᠡᠮᠡᠷᠢ ᠦᠵᠡᠭᠦᠯᠵᠦ᠂ ᠪᠣᠬᠢᠷᠳᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠣᠨᠴᠠᠯᠢᠭ ᠢᠶᠠᠷ ᠢᠯᠡ ᠲᠣᠳᠣ ᠥᠨᠳᠥᠷ ᠶᠠᠰᠤ ᠴᠢᠨᠠᠷ ᠲᠠᠢ ᠬᠥᠭᠵᠢᠯᠲᠡ ᠶᠢᠨ ᠳᠠᠭᠠᠭᠤᠯᠤᠭᠴᠢ ᠣᠷᠣᠨ ᠢ ᠪᠦᠲᠦᠭᠡᠨ ᠪᠠᠶᠢᠭᠤᠯᠬᠤ ᠶᠢ ᠲᠦᠯᠬᠢᠨ ᠠᠬᠢᠭᠤᠯᠵᠤ᠂ ᠴᠢᠬᠤᠯᠠ ᠶᠡᠭᠡ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠣᠯᠬᠤ ᠪᠠᠷ ᠴᠢᠷᠮᠠᠶᠢᠨ᠎ᠠ᠃ ᠭᠠᠵᠠᠷ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠰ ᠠᠷᠭ᠎ᠠ ᠶᠢ ᠲᠣᠭᠲᠠᠭᠠᠪᠠ᠃          ᠨᠢᠭᠡ᠂ ᠱᠠᠩᠨᠠᠬᠤ ᠡᠲᠡᠭᠡᠳ ᠬᠢᠭᠡᠳ ᠪᠡᠯᠡ ᠮᠥᠩᠭᠦ ᠶᠢᠨ ᠢᠷᠡᠯᠲᠡ         ( ᠨᠢᠭᠡ ) ᠳᠡᠭᠡᠳᠦ ᠱᠠᠲᠤᠨ ᠤ ᠪᠡᠯᠡ ᠮᠥᠩᠭᠦ ᠶᠢ ᠴᠢᠷᠮᠠᠶᠢᠨ ᠣᠯᠣᠨ᠎ᠠ          ᠲᠤᠰ ᠭᠦᠢᠴᠡᠳᠬᠡᠯ ᠲᠤᠭ᠎ᠠ ᠶᠢ ᠣᠷᠣᠨ ᠤ ᠡᠳ᠋ ᠤᠨ ᠵᠠᠰᠠᠭ ᠤᠨ ᠲᠣᠪᠴᠢᠶ᠎ᠠ ᠲᠦᠷᠦᠭᠦᠯᠡᠨ ᠬᠠᠷᠢᠭᠤᠴᠠᠨ᠎ᠠ ᠂ ᠭᠤᠣᠯᠳᠠᠭᠤ᠄ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭ᠂ ᠡᠩ ᠤᠨ ᠵᠢᠭᠡᠯᠡᠯᠭᠡ ᠶᠢᠨ ᠲᠡᠮᠳᠡᠭ᠂ ᠲᠥᠯᠥᠪᠦᠷᠢ ᠦᠭᠡᠢ ᠤᠯᠤᠰ ᠤᠨ ᠵᠢᠭᠡᠯᠡᠯᠭᠡ ᠶᠢᠨ ᠪᠡᠯᠡ ᠮᠥᠩᠭᠦ᠂ ᠲᠤᠰᠬᠠᠢ ᠵᠦᠢᠯ ᠢᠶᠠᠷ ᠰᠢᠯᠵᠢᠭᠦᠯᠦᠨ ᠥᠭᠬᠦ᠂ ᠬᠡᠷᠡᠭᠯᠡᠭᠡᠨ ᠤ ᠬᠡᠷᠡᠭᠴᠡᠭᠡ ᠪᠦᠬᠦᠢ ᠡᠩ ᠤᠨ ᠴᠢᠨᠠᠷᠲᠠᠢ ᠰᠢᠯᠵᠢᠭᠦᠯᠦᠨ ᠥᠭᠬᠦ᠂ ᠡᠳ᠋ ᠤᠨ ᠬᠦᠴᠦᠨ ᠤ ᠴᠢᠨᠠᠷᠲᠠᠢ ᠰᠢᠯᠵᠢᠭᠦᠯᠦᠨ ᠥᠭᠬᠦ ᠶᠢᠨ ᠨᠡᠮᠡᠭᠳᠡᠯ ᠬᠡᠮᠵᠢᠶ᠎ᠡ ᠵᠡᠷᠭᠡ ᠶᠢ ᠭᠤᠣᠯᠳᠠᠭᠤ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ᠂ ᠬᠤᠲᠠ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ ᠵᠢᠴᠢ ᠪᠤᠰᠤᠳ ᠲᠠᠯ᠎ᠠ ᠶᠢᠨ ᠲᠥᠷᠥᠯ ᠵᠦᠢᠯ ᠤᠨ ᠪᠡᠯᠡ ᠮᠥᠩᠭᠦ ᠳᠤ ᠬᠡᠷᠡᠭᠯᠡᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠪᠤᠭᠤᠲᠤ ᠬᠤᠲᠠ ᠶᠢᠨ ᠨᠡᠶᠢᠳᠡᠮ ᠴᠢᠨᠠᠷᠲᠠᠢ ᠲᠣᠬᠢᠷᠠᠭᠤᠯᠤᠭᠰᠠᠨ ᠪᠤᠶᠤ ᠬᠠᠨᠳᠤᠯᠭ᠎ᠠ ᠲᠠᠢ ᠲᠣᠬᠢᠷᠠᠭᠤᠯᠤᠭᠰᠠᠨ ᠲᠥᠷᠥᠯ ᠵᠦᠢᠯ ᠤᠨ ᠪᠡᠯᠡ ᠮᠥᠩᠭᠦ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠭᠠᠮᠰᠢᠭ ᠠᠴᠠ ᠠᠪᠤᠷᠠᠬᠤ ᠪᠡᠯᠡ ᠮᠥᠩᠭᠦ᠂ ᠡᠳ᠋ ᠪᠠᠷᠠᠭ᠎ᠠ᠂ ᠠᠰᠠᠷᠠᠮᠵᠢ ᠶᠢᠨ ᠪᠡᠯᠡ ᠮᠥᠩᠭᠦ᠂ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ᠂ ᠲᠤᠬᠠᠶᠢᠯᠠᠭᠰᠠᠨ ᠠᠵᠢᠯ ᠤᠨ ᠵᠠᠷᠤᠳᠠᠯ᠂ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠨᠥᠬᠦᠪᠦᠷᠢ᠂ ᠳᠡᠭᠡᠭᠰᠢ ᠲᠤᠰᠢᠶᠠᠵᠤ ᠪᠤᠴᠠᠭᠠᠬᠤ ᠲᠤᠰᠬᠠᠢ ᠵᠦᠢᠯ ᠤᠨ ᠪᠡᠯᠡ ᠮᠥᠩᠭᠦ ᠵᠡᠷᠭᠡ ( ᠠᠷᠤ ᠳᠤᠨᠢ ᠪᠡᠯᠡ ᠮᠥᠩᠭᠦ ᠣᠯᠬᠤ ᠪᠠᠷ ᠴᠢᠷᠮᠠᠶᠢᠬᠤ ᠬᠡᠪᠴᠢᠶᠡᠨ ᠳᠤ ᠣᠷᠣᠭᠤᠯᠬᠤ ᠦᠭᠡᠢ ) ᠪᠠᠭᠲᠠᠬᠤ ᠦᠭᠡᠢ᠃ ᠱᠠᠩᠨᠠᠯ ᠭᠦᠷᠲᠡᠭᠦ ᠡᠲᠡᠭᠡᠳ ᠢ ᠳᠣᠣᠷᠠᠬᠢ ᠭᠤᠷᠪᠠᠨ ᠲᠥᠷᠥᠯ ᠳᠤ ᠬᠤᠪᠢᠶᠠᠨ᠎ᠠ᠄         ᠨᠢᠭᠡᠳᠦᠭᠡᠷ ᠲᠥᠷᠥᠯ᠄ ᠬᠥᠭᠵᠢᠭᠦᠯᠦᠯᠲᠡ ᠥᠭᠡᠷᠡᠴᠢᠯᠡᠯᠲᠡ ᠶᠢᠨ ᠲᠣᠪᠴᠢᠶ᠎ᠠ᠂ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠢᠭᠤᠶᠢᠲᠤ ᠠᠵᠤ ᠦᠢᠯᠡᠰ ᠤᠨ ᠬᠦᠷᠢᠶᠡᠯᠡᠩ᠂ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ᠂ ᠡᠳ᠋ ᠤᠨ ᠵᠠᠰᠠᠭ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠤᠨ ᠬᠤᠷᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠪᠠᠭᠲᠠᠨ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠤ ᠡᠭᠦᠳᠦᠯᠲᠡ ᠪᠠᠷ ᠬᠤᠪᠢᠷᠠᠭᠤᠯᠬᠤ ᠲᠥᠪ᠃          ᠬᠤᠶᠠᠳᠤᠭᠠᠷ ᠲᠥᠷᠥᠯ᠄ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ᠂ ᠨᠢᠭᠡᠳᠦᠮᠡᠯ ᠹᠷᠣᠨᠲ ᠤᠨ ᠬᠡᠯᠲᠡᠰ᠂ ᠲᠣᠮᠣ ᠲᠤᠭ᠎ᠠ ᠪᠠᠷᠢᠮᠲᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ᠂ ᠳᠠᠩᠰᠠ ᠡᠪᠬᠡᠮᠡᠯ ᠤᠨ ᠲᠣᠪᠴᠢᠶ᠎ᠠ᠂ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠭᠠᠯ ᠤᠨᠲᠠᠷᠠᠭᠠᠬᠤ ᠶᠡᠭᠡ ᠠᠩᠭᠢ᠂ ᠠᠷᠠᠳ ᠤᠨ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠲᠠᠯᠪᠢᠬᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠮᠥᠩᠭᠦᠨ ᠭᠦᠢᠯᠭᠡᠭᠡᠨ ᠤ ᠵᠠᠭᠤᠴᠢᠯᠠᠭᠤᠷ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠵᠡᠮᠳᠡᠭᠴᠦᠳ ᠤᠨ ᠬᠤᠯᠪᠤᠭ᠎ᠠ᠂ ᠵᠠᠬᠢᠳᠠᠯ ᠰᠤᠷᠪᠤᠯᠵᠢᠯᠠᠯ ᠤᠨ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ᠂ ᠴᠡᠷᠢᠭ ᠤᠨ ᠬᠥᠮᠥᠨ ᠤ ᠬᠦᠴᠦᠨ ᠤ ᠲᠣᠪᠴᠢᠶ᠎ᠠ᠂ ᠠᠵᠢᠯᠴᠢᠨ ᠤ ᠶᠡᠷᠦᠩᠬᠡᠢ ᠡᠪᠯᠡᠯ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠵᠡᠪᠰᠡᠭᠲᠦ ᠬᠦᠴᠦᠨ ᠤ ᠬᠡᠯᠲᠡᠰ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠪᠡᠳᠬᠡᠷ ᠵᠣᠣ ᠪᠠᠯᠭᠠᠰᠤ᠂  ᠵᠢᠪᠬᠤᠯᠠᠩᠲᠤ ᠰᠤᠮᠤ᠂ ᠳ᠋ᠠ ᠳ᠋ᠧ ᠾᠧᠩ ᠵᠡᠭᠡᠯᠢ ᠭᠤᠳᠤᠮᠵᠢ᠂ ᠪᠠᠢ ᠬᠤ᠋ ᠭᠧᠦ ᠬᠡᠷᠡᠭ ᠡᠷᠭᠢᠯᠡᠭᠦ ᠭᠠᠵᠠᠷ᠃         ᠭᠤᠷᠪᠠᠳᠤᠭᠠᠷ ᠲᠥᠷᠥᠯ᠄ ᠲᠣᠭᠤᠷᠢᠭ ᠤᠨ ᠨᠠᠮ ᠤᠨ ᠬᠤᠷᠢᠶ᠎ᠠ ᠶᠢᠨ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ᠂ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠨᠠᠮ ᠤᠨ ᠰᠤᠷᠭᠠᠭᠤᠯᠢ᠂ ᠬᠢᠨᠠᠨ ᠪᠤᠳᠣᠬᠤ ᠲᠣᠪᠴᠢᠶ᠎ᠠ᠂ ᠡᠪᠯᠡᠯ ᠤᠨ ᠬᠤᠷᠢᠶ᠎ᠠ᠂ ᠬᠠᠮᠲᠤᠷᠠᠯᠴᠠᠨ ᠰᠣᠯᠢᠯᠴᠠᠬᠤ ᠲᠥᠪ᠂ ᠲᠣᠭᠤᠷᠢᠨ ᠭᠦᠢᠴᠡᠳᠬᠡᠬᠦ᠂ ᠡᠮᠨᠡᠯᠭᠡ ᠶᠢᠨ ᠳᠠᠭᠠᠳᠬᠠᠯ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂  ᠳ᠋ᠠ ᠼᠢ ᠶᠢᠨ ᠬᠡᠷᠡᠭ ᠡᠷᠭᠢᠯᠡᠭᠦ ᠭᠠᠵᠠᠷ᠂ ᠰᠢᠭᠤᠶᠢᠲᠤ ᠬᠡᠷᠡᠭ ᠡᠷᠭᠢᠯᠡᠭᠦ ᠭᠠᠵᠠᠷ᠃          ( ᠬᠤᠶᠠᠷ ) ᠳᠡᠮᠵᠢᠬᠦ ᠲᠥᠷᠥ ᠶᠢᠨ ᠪᠣᠳᠣᠯᠭ᠎ᠠ ᠶᠢ ᠣᠯᠬᠤ ᠪᠠᠷ ᠴᠢᠷᠮᠠᠶᠢᠨ᠎ᠠ         ᠲᠤᠰ ᠭᠦᠢᠴᠡᠳᠬᠡᠯ ᠲᠤᠭ᠎ᠠ ᠶᠢ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ ᠬᠠᠷᠢᠭᠤᠴᠠᠨ᠎ᠠ᠂ ᠭᠤᠣᠯᠳᠠᠭᠤ ᠡᠯ᠎ᠡ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠤᠯᠤᠰ᠂ ᠮᠤᠵᠢ ᠶᠢᠨ ᠱᠠᠲᠤ᠂ ᠬᠤᠲᠠ ᠶᠢᠨ ᠱᠠᠲᠤᠨ ᠳᠤ ᠲᠦᠭᠡᠮᠡᠯ ᠬᠠᠷᠠᠭᠠᠯᠵᠠᠯ ᠤᠨ ᠪᠤᠰᠤ ᠴᠢᠨᠠᠷᠲᠠᠢ ᠲᠥᠷᠥ ᠶᠢᠨ ᠪᠣᠳᠣᠯᠭ᠎ᠠ ᠶᠢ ᠴᠢᠷᠮᠠᠶᠢᠨ ᠣᠯᠵᠤ᠂ ᠡᠭᠦᠨ ᠤ ᠤᠯᠠᠮ ᠢᠶᠠᠷ ᠲᠤᠬᠠᠢ ᠶᠢᠨ ᠬᠤᠭᠤᠴᠠᠭ᠎ᠠ ᠪᠤᠶᠤ ᠲᠥᠰᠥᠭᠡᠯᠡᠵᠦ ᠪᠤᠯᠬᠤ ᠲᠥᠷᠥᠯ ᠵᠦᠢᠯ ᠤᠨ ᠳᠡᠮᠵᠢᠯᠭᠡ᠂ ᠪᠡᠯᠡ ᠮᠥᠩᠭᠦ ᠶᠢᠨ ᠳᠡᠮᠵᠢᠯᠭᠡ᠂ ᠴᠢᠳᠠᠪᠤᠷᠢᠲᠠᠨ ᠤ ᠳᠡᠮᠵᠢᠯᠭᠡ ᠵᠡᠷᠭᠡ᠂ ᠵᠢᠴᠢ ᠰᠢᠭᠤᠶᠢᠲᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠯᠤᠰ ᠭᠡᠳᠦ ᠶᠢᠨ ᠴᠢᠨᠠᠷᠲᠠᠢ ᠪᠤᠰᠤᠳ ᠭᠦᠢᠴᠡᠳᠬᠡᠯ ᠲᠤᠭ᠎ᠠ ᠶᠢᠨ ᠲᠥᠷᠥᠯ ᠤᠨ ᠲᠥᠷᠥ ᠶᠢᠨ ᠪᠣᠳᠣᠯᠭ᠎ᠠ ᠶᠢ ᠣᠯᠵᠤ᠂ ᠪᠣᠳᠠᠲᠠᠢ ᠪᠠᠷ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠤᠯᠤᠰ ᠤᠨ ᠡᠯ᠎ᠡ ᠶᠠᠮᠤᠨ ᠵᠥᠪᠯᠡᠯ ᠤᠨ ᠰᠢᠭᠤᠳ ᠳᠡᠮᠵᠢᠬᠦ ᠲᠥᠷᠥ ᠶᠢᠨ ᠪᠣᠳᠣᠯᠭ᠎ᠠ ᠪᠠᠭᠲᠠᠨ᠎ᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ ᠨᠢᠭᠡᠴᠡ ᠶᠢᠨ ᠰᠢᠭᠤᠳ ᠳᠡᠮᠵᠢᠬᠦ ᠲᠥᠷᠥ ᠶᠢᠨ ᠪᠣᠳᠣᠯᠭ᠎ᠠ︔  ᠪᠤᠭᠤᠳᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠰᠢᠭᠤᠳ ᠳᠡᠮᠵᠢᠵᠦ ᠪᠠᠶᠢᠭ᠎ᠠ ᠲᠥᠷᠥ ᠶᠢᠨ ᠪᠣᠳᠣᠯᠭ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠨᠡᠶᠢᠳᠡᠮ ᠲᠣᠬᠢᠷᠠᠭᠤᠯᠤᠭᠰᠠᠨ ᠪᠤᠶᠤ ᠬᠠᠨᠳᠤᠯᠭ᠎ᠠ ᠲᠠᠢ ᠲᠣᠬᠢᠷᠠᠭᠤᠯᠤᠭᠰᠠᠨ ᠲᠥᠷᠥ ᠶᠢᠨ ᠪᠣᠳᠣᠯᠭ᠎ᠠ ᠪᠠᠭᠲᠠᠬᠤ ᠦᠭᠡᠢ᠂ ᠲᠥᠷᠥᠯ ᠵᠦᠢᠯ᠂ ᠪᠡᠯᠡ ᠮᠥᠩᠭᠦ᠂ ᠴᠢᠳᠠᠪᠤᠷᠢᠲᠠᠨ ᠤ ᠳᠡᠮᠵᠢᠯᠭᠡ ᠪᠠᠶᠢᠬᠤ ᠦᠭᠡᠢ ᠵᠢᠴᠢ ᠰᠢᠭᠤᠶᠢᠲᠤ  ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠯᠤᠰ ᠭᠡᠳᠦ ᠶᠢᠨ ᠠᠰᠢᠭ ᠲᠤᠰᠠ ᠦᠭᠡᠢ ᠲᠥᠷᠥ ᠶᠢᠨ ᠪᠣᠳᠣᠯᠭ᠎ᠠ ᠪᠣᠯ ᠱᠠᠩᠨᠠᠬᠤ ᠬᠡᠪᠴᠢᠶᠡᠨ ᠳᠤ ᠪᠠᠶᠢᠬᠤ ᠦᠭᠡᠢ᠃          ( ᠭᠤᠷᠪᠠ ) ᠲᠤᠷᠰᠢᠯᠲᠠ ᠶᠢᠨ ᠵᠢᠱᠢᠶ᠎ᠡ ᠦᠵᠡᠭᠦᠯᠭᠦ ᠶᠢ ᠴᠢᠷᠮᠠᠶᠢᠨ᠎ᠠ        ᠲᠤᠰ ᠭᠦᠢᠴᠡᠳᠬᠡᠬᠦ ᠲᠤᠭ᠎ᠠ ᠶᠢ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠦᠷᠦᠭᠦᠯᠡᠨ ᠬᠠᠷᠢᠭᠤᠴᠠᠨ᠎ᠠ᠃ ᠱᠠᠩᠨᠠᠯ ᠢ ᠲᠡᠮᠡᠴᠡᠨ ᠣᠯᠣᠭᠰᠠᠨ ᠢᠷᠠᠭᠤ ᠠᠯᠳᠠᠷ ᠤᠨ ᠳᠡᠰ ᠤᠨ ᠶᠣᠰᠣᠭᠠᠷ ᠤᠯᠤᠰ ᠤᠨ ᠳᠡᠰ᠂ ᠮᠤᠵᠢ ᠶᠠᠮᠤᠨ ᠤ ᠳᠡᠰ᠂ ᠬᠤᠲᠠ ᠲᠢᠩᠬᠢᠮ ᠤᠨ ᠳᠡᠰ ᠭᠡᠵᠦ ᠭᠤᠷᠪᠠᠨ ᠲᠥᠷᠥᠯ ᠬᠤᠪᠢᠶᠠᠨ᠎ᠠ᠃ ᠬᠤᠲᠠ ᠶᠢᠨ ᠲᠢᠩᠬᠢᠮ ᠤᠨ ᠱᠠᠲᠤ ᠨᠢ ᠪᠤᠭᠤᠲᠤ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠲᠢᠩᠬᠢᠮ ᠲᠣᠪᠴᠢᠶ᠎ᠠ ᠶᠢᠨ ᠰᠢᠭᠤᠳ ᠣᠯᠭᠤᠭᠰᠠᠨ ᠱᠠᠩᠨᠠᠯ ᠪᠤᠯᠬᠤ ᠪᠥᠭᠡᠳ ᠮᠤᠵᠢ ᠶᠠᠮᠤᠨ ᠤ ᠱᠠᠲᠤ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠤᠨ ᠶᠠᠮᠤᠨ ᠬᠤᠷᠢᠶ᠎ᠠ ᠶᠢᠨ ᠰᠢᠭᠤᠳ ᠣᠯᠭᠤᠭᠰᠠᠨ ᠱᠠᠩᠨᠠᠯ ᠪᠤᠯᠬᠤ ᠪᠥᠭᠡᠳ ᠤᠯᠤᠰ ᠤᠨ ᠳᠡᠰ ᠤᠨ ᠬᠢᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠭᠤᠳ ᠣᠯᠭᠤᠭᠰᠠᠨ ᠱᠠᠩᠨᠠᠯ ᠪᠣᠯᠣᠨ᠎ᠠ᠃          ᠱᠠᠩᠨᠠᠯ ᠤᠨ ᠪᠡᠯᠡ ᠮᠥᠩᠭᠦ ᠶᠢ ᠡᠳ᠋ ᠤᠨ ᠵᠠᠰᠠᠭ ᠤᠨ ᠣᠨ ᠤ ᠲᠥᠰᠥᠪ ᠲᠤ ᠣᠷᠣᠭᠤᠯᠤᠨ ᠨᠢᠭᠡᠳᠦᠯᠲᠡᠢ ᠲᠣᠬᠢᠷᠠᠭᠤᠯᠬᠤ ᠬᠡᠷᠡᠭᠲᠡᠢ᠃         ᠬᠤᠶᠠᠷ᠂ ᠱᠠᠩᠨᠠᠬᠤ ᠠᠷᠭ᠎ᠠ ᠬᠡᠮᠵᠢᠶ᠎ᠡ          ( ᠨᠢᠭᠡ ) ᠵᠠᠷᠤᠳᠠᠯ ᠤᠨ ᠤᠷᠮᠠᠰᠢᠭᠤᠯᠬᠤ          1. ᠪᠡᠯᠡ ᠮᠥᠩᠭᠦ ᠶᠢᠨ ᠱᠠᠩᠨᠠᠯ ᠬᠥᠬᠢᠭᠦᠯᠦᠯ ᠢ ᠴᠢᠷᠮᠠᠶᠢᠨ ᠣᠯᠣᠨ᠎ᠠ         (1 ) ᠣᠨ ᠤ ᠪᠣᠳᠠᠲᠠᠢ ᠪᠣᠳᠠᠲᠠᠶᠢᠵᠢᠭᠤᠯᠬᠤ ᠪᠠᠷ ᠴᠢᠷᠮᠠᠶᠢᠨ ᠲᠡᠮᠡᠴᠡᠭᠰᠡᠨ ᠲᠥᠯᠥᠪᠦᠷᠢ ᠦᠭᠡᠢ ᠪᠡᠯᠡ ᠮᠥᠩᠭᠦ ᠶᠢ ᠨᠢᠭᠡᠴᠡ ᠶᠢᠨ ᠰᠢᠨᠵᠢ ᠴᠢᠨᠠᠷ ᠨᠢ ᠠᠳᠠᠯᠢ ᠪᠤᠰᠤ ᠬᠡᠰᠡᠭ ᠬᠤᠪᠢᠶᠠᠨ ᠠᠬᠢᠭᠤᠯᠤᠨ ᠪᠤᠳᠣᠬᠤ ᠳᠦᠷᠢᠮ ᠢᠶᠠᠷ ᠱᠠᠩᠨᠠᠯ ᠤᠨ ᠮᠥᠩᠭᠦ ᠶᠢ ᠪᠤᠳᠣᠨ᠎ᠠ᠃          500 ᠲᠦᠮᠡᠨ ᠲᠥᠭᠦᠷᠢᠭ ᠠᠴᠠ ᠳᠣᠷᠣᠭᠰᠢ (500 ᠲᠦᠮᠡᠨ ᠲᠥᠭᠦᠷᠢᠭ ᠪᠠᠭᠲᠠᠨ᠎ᠠ )᠄ ᠨᠢᠭᠡᠳᠦᠭᠡᠷ ᠲᠥᠷᠥᠯ ᠤᠨ ᠨᠢᠭᠡᠴᠡ ᠶᠢ 2 %᠎ ᠢᠶᠠᠷ ᠱᠠᠩᠨᠠᠵᠤ᠂ ᠬᠤᠶᠠᠳᠤᠭᠠᠷ ᠲᠥᠷᠥᠯ ᠤᠨ ᠨᠢᠭᠡᠴᠡ ᠶᠢ 3 %᠎ ᠪᠠᠷ ᠱᠠᠩᠨᠠᠵᠤ᠂ ᠭᠤᠷᠪᠠᠳᠤᠭᠠᠷ ᠲᠥᠷᠥᠯ ᠤᠨ ᠨᠢᠭᠡᠴᠡ ᠶᠢ 4 %᠎ ᠪᠠᠷ ᠱᠠᠩᠨᠠᠨ᠎ᠠ︔          500 ᠲᠦᠮᠡᠨ ᠲᠥᠭᠦᠷᠢᠭ ᠠᠴᠠ 2000 ᠲᠦᠮᠡᠨ ᠲᠥᠭᠦᠷᠢᠭ (2000 ᠲᠦᠮᠡᠨ ᠲᠥᠭᠦᠷᠢᠭ ᠪᠠᠭᠲᠠᠨ᠎ᠠ )᠎ ᠶᠢᠨ ᠨᠢᠭᠡᠳᠦᠭᠡᠷ ᠲᠥᠷᠥᠯ᠂ ᠬᠤᠶᠠᠳᠤᠭᠠᠷ ᠲᠥᠷᠥᠯ᠂ ᠭᠤᠷᠪᠠᠳᠤᠭᠠᠷ ᠲᠥᠷᠥᠯ ᠤᠨ ᠨᠢᠭᠡᠴᠡ ᠶᠢ ᠨᠢᠭᠡᠳᠦᠯᠲᠡᠢ ᠪᠠᠷ 1 %᠎ ᠪᠠᠷ ᠱᠠᠩᠨᠠᠨ ᠬᠥᠬᠢᠭᠦᠯᠦᠨ᠎ᠡ︔          2000 ᠲᠦᠮᠡᠨ ᠲᠥᠭᠦᠷᠢᠭ ᠠᠴᠠ 5000 ᠲᠦᠮᠡᠨ ᠲᠥᠭᠦᠷᠢᠭ (5000 ᠲᠦᠮᠡᠨ ᠲᠥᠭᠦᠷᠢᠭ ᠪᠠᠭᠲᠠᠨ᠎ᠠ )᠎ ᠶᠢᠨ ᠨᠢᠭᠡᠳᠦᠭᠡᠷ ᠲᠥᠷᠥᠯ᠂ ᠬᠤᠶᠠᠳᠤᠭᠠᠷ ᠲᠥᠷᠥᠯ᠂ ᠭᠤᠷᠪᠠᠳᠤᠭᠠᠷ ᠲᠥᠷᠥᠯ ᠤᠨ ᠨᠢᠭᠡᠴᠡ ᠶᠢ ᠨᠢᠭᠡᠳᠦᠯᠲᠡᠢ ᠪᠠᠷ 0.5 %᠎ ᠪᠠᠷ ᠱᠠᠩᠨᠠᠨ ᠬᠥᠬᠢᠭᠦᠯᠦᠨ᠎ᠡ︔          5000 ᠲᠦᠮᠡᠨ ᠲᠥᠭᠦᠷᠢᠭ ᠠᠴᠠ ᠳᠡᠭᠡᠭᠰᠢᠬᠢ ᠨᠢᠭᠡᠳᠦᠭᠡᠷ ᠲᠥᠷᠥᠯ᠂ ᠬᠤᠶᠠᠳᠤᠭᠠᠷ ᠲᠥᠷᠥᠯ᠂ ᠭᠤᠷᠪᠠᠳᠤᠭᠠᠷ ᠲᠥᠷᠥᠯ ᠤᠨ ᠨᠢᠭᠡᠴᠡ ᠶᠢ ᠨᠢᠭᠡᠳᠦᠯᠲᠡᠢ 0.3 %᠎ ᠪᠠᠷ ᠱᠠᠩᠨᠠᠨ ᠬᠥᠬᠢᠭᠦᠯᠦᠨ᠎ᠡ᠃         (2 ) ᠵᠢᠯ ᠤᠨ ᠣᠯᠬᠤ ᠡᠩ ᠤᠨ ᠵᠢᠭᠡᠯᠡᠯᠭᠡ ᠶᠢᠨ ᠲᠡᠮᠳᠡᠭᠲᠦ᠂ ᠲᠤᠰᠬᠠᠢ ᠲᠥᠷᠥᠯ ᠤᠨ ᠵᠢᠭᠡᠯᠡᠯᠭᠡ ᠶᠢᠨ ᠲᠡᠮᠳᠡᠭᠲᠦ ᠵᠡᠷᠭᠡ ᠲᠥᠯᠥᠪᠦᠷᠢ ᠲᠠᠢ ᠬᠦᠦ ᠮᠥᠩᠭᠦ ᠲᠠᠢ ᠪᠡᠯᠡ ᠮᠥᠩᠭᠦ ᠶᠢ 1.5‰᠎ ᠪᠠᠷ ᠴᠢᠷᠮᠠᠶᠢᠨ ᠲᠡᠮᠡᠴᠡᠵᠦ᠂ ᠱᠠᠩᠨᠠᠨ ᠬᠥᠬᠢᠭᠦᠯᠦᠨ᠎ᠡ᠃          (3 ) ᠨᠢᠭᠡ ᠯᠡ ᠤᠳᠠᠭ᠎ᠠ ᠶᠢᠨ ᠴᠢᠨᠠᠷᠲᠠᠢ ᠲᠡᠳᠡᠨ ᠠᠪᠬᠤ᠂ ᠣᠨ ᠠᠯᠤᠰᠯᠠᠨ ᠰᠠᠯᠭᠠᠨ ᠥᠭᠬᠦ ᠪᠤᠶᠤ ᠣᠨ ᠬᠤᠪᠢᠶᠠᠨ ᠰᠠᠯᠭᠠᠨ ᠥᠭᠬᠦ ᠳᠤ᠂ ᠲᠤᠰ ᠵᠢᠯ ᠤᠨ ᠪᠣᠳᠠᠲᠠᠢ ᠰᠠᠯᠭᠠᠨ ᠥᠭᠴᠦ ᠣᠷᠣᠨ ᠪᠠᠶᠢᠷᠢ ᠳᠤᠨᠢ ᠲᠤᠯᠤᠭᠰᠠᠨ ᠪᠡᠯᠡ ᠮᠥᠩᠭᠦ ᠶᠢᠨ ᠲᠤᠭ᠎ᠠ ᠪᠠᠷ ᠪᠤᠳᠣᠨ᠎ᠠ᠃          (4 ) ᠨᠢᠭᠡ ᠨᠢᠭᠡᠴᠡ ᠶᠢᠨ ᠭᠠᠭᠴᠠᠭᠠᠷ ᠢᠶᠠᠨ ᠲᠡᠮᠡᠴᠡᠨ ᠣᠯᠣᠭᠰᠠᠨ ᠳᠡᠭᠡᠳᠦ ᠱᠠᠲᠤᠨ ᠤ ᠪᠡᠯᠡ ᠮᠥᠩᠭᠦ ᠶᠢᠨ ᠱᠠᠩᠨᠠᠯ ᠤᠨ ᠪᠡᠯᠡ ᠮᠥᠩᠭᠦ ᠶᠢ ᠣᠯᠬᠤ ᠪᠠᠷ ᠴᠢᠷᠮᠠᠶᠢᠵᠤ ᠪᠠᠶᠢᠭ᠎ᠠ ᠨᠢᠭᠡᠴᠡ ᠳᠤ ᠪᠦᠭᠦ ᠲᠤᠭ᠎ᠠ ᠪᠠᠷ ᠨᠢ ᠱᠠᠩᠨᠠᠵᠤ ᠥᠭᠭᠦᠨ᠎ᠡ᠃          ︵5︶ ᠬᠤᠶᠠᠷ ᠪᠤᠶᠤ ᠬᠤᠶᠠᠷ ᠠᠴᠠ ᠳᠡᠭᠡᠭᠰᠢ ᠨᠢᠭᠡᠴᠡ ᠠᠴᠠ ᠬᠠᠮᠲᠤ ᠪᠠᠷ ᠴᠢᠷᠮᠠᠶᠢᠨ ᠣᠯᠣᠭᠰᠠᠨ ᠳᠡᠭᠡᠳᠦ ᠱᠠᠲᠤᠨ ᠤ ᠲᠥᠷᠥᠯ ᠵᠦᠢᠯ ᠤᠨ ᠪᠡᠯᠡ ᠮᠥᠩᠭᠦ ᠶᠢ ᠪᠡᠯᠡ ᠮᠥᠩᠭᠦ ᠣᠯᠬᠤ ᠪᠠᠷ ᠭᠤᠣᠯ ᠨᠢᠭᠡᠴᠡ ᠬᠢᠭᠡᠳ ᠬᠠᠮᠵᠢᠯᠴᠠᠬᠤ ᠨᠢᠭᠡᠴᠡ ᠭᠡᠵᠦ ᠬᠤᠪᠢᠶᠠᠨ᠎ᠠ᠃ ᠡᠭᠦᠨ ᠳᠤ᠂ ᠭᠤᠣᠯ ᠨᠢᠭᠡᠴᠡ ᠶᠢᠨ ᠱᠠᠩᠨᠠᠯ ᠤᠨ ᠪᠡᠯᠡ ᠮᠥᠩᠭᠦ ᠶᠢ 60 %᠎ ᠠᠴᠠ ᠬᠡᠲᠦᠷᠡᠭᠦᠯᠬᠦ ᠦᠭᠡᠢ᠃ ᠬᠤᠶᠠᠷ ᠪᠤᠶᠤ ᠬᠤᠶᠠᠷ ᠠᠴᠠ ᠳᠡᠭᠡᠭᠰᠢᠬᠢ ᠬᠠᠮᠵᠢᠯᠴᠠᠬᠤ ᠨᠢᠭᠡᠴᠡ ᠶᠢᠨ ᠱᠠᠩᠨᠠᠯ ᠤᠨ ᠪᠡᠯᠡ ᠮᠥᠩᠭᠦ ᠳᠤ ᠬᠤᠯᠪᠣᠭᠳᠠᠬᠤ ᠪᠣᠯᠬᠤᠷ᠂ ᠭᠤᠣᠯ ᠨᠢᠭᠡᠴᠡ ᠨᠢ ᠬᠠᠮᠵᠢᠯᠴᠠᠬᠤ ᠨᠢᠭᠡᠴᠡ ᠯᠦᠭᠡ ᠵᠥᠪᠳᠡᠯᠴᠡᠭᠡᠳ ᠬᠤᠪᠢᠶᠠᠷᠢᠯᠠᠬᠤ ᠰᠠᠨᠠᠯ ᠢᠶᠠᠨ ᠳᠤᠷᠠᠳᠴᠤ ᠪᠣᠯᠣᠨ᠎ᠠ᠃         2. ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢᠨ ᠱᠠᠩᠨᠠᠯ ᠢ ᠣᠯᠬᠤ ᠪᠠᠷ ᠴᠢᠷᠮᠠᠶᠢᠬᠤ ᠨᠢ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢ ᠣᠯᠬᠤ ᠳᠤᠮᠳᠠ᠂ ᠲᠥᠷᠥ ᠶᠢᠨ ᠪᠣᠳᠣᠯᠭ᠎ᠠ ᠶᠢ ᠴᠢᠷᠮᠠᠶᠢᠬᠤ ᠶᠢᠨ ᠳᠠᠭᠠᠤ ᠲᠥᠬᠦᠷᠵᠢᠭᠰᠡᠨ ᠪᠡᠯᠡ ᠮᠥᠩᠭᠦ ᠶᠢ ᠪᠣᠳᠠᠲᠠᠶᠢᠵᠢᠭᠤᠯᠤᠭᠰᠠᠨ ᠪᠠᠶᠢᠪᠠᠯ᠂ ᠥᠨᠳᠥᠷ ᠪᠠᠶᠢᠳᠠᠯ ᠲᠤᠨᠢ ᠦᠯᠦ ᠳᠠᠪᠲᠠᠬᠤ ᠵᠠᠷᠴᠢᠮ ᠶᠣᠰᠣᠭᠠᠷ ᠱᠠᠩᠨᠠᠯ ᠣᠯᠭᠤᠨ᠎ᠠ᠃ ᠨᠢᠭᠡ ᠵᠦᠢᠯ ᠤᠨ ᠤᠯᠤᠰ ᠤᠨ ᠳᠡᠰ ᠤᠨ ᠲᠥᠷᠥ ᠶᠢᠨ ᠪᠣᠳᠣᠯᠭ᠎ᠠ ᠶᠢ ᠣᠯᠵᠤ ᠨᠢᠭᠡᠴᠢ ᠶᠢᠨ20 ᠲᠦᠮᠡᠨ ᠲᠥᠭᠦᠷᠢᠭ ᠤᠨ ᠱᠠᠩᠨᠠᠯ ᠣᠯᠭᠤᠬᠤ ᠪᠠᠷ ᠴᠢᠷᠮᠠᠶᠢᠵᠤ᠂ ᠮᠤᠵᠢ ᠶᠢᠨ ᠳᠡᠰ ᠤᠨ ᠲᠥᠷᠥ ᠶᠢᠨ ᠪᠣᠳᠣᠯᠭ᠎ᠠ ᠳᠤ ᠨᠢᠭᠡᠯᠡ ᠤᠳᠠᠭ᠎ᠠ ᠳᠤ 10 ᠲᠦᠮᠡᠨ ᠲᠥᠭᠦᠷᠢᠭ ᠤᠨ ᠱᠠᠩᠨᠠᠯ ᠣᠯᠭᠤᠵᠤ᠂ ᠬᠤᠲᠠ ᠶᠢᠨ ᠳᠡᠰ ᠤᠨ ᠲᠥᠷᠥ ᠶᠢᠨ ᠪᠣᠳᠣᠯᠭ᠎ᠠ ᠳᠤ ᠨᠢᠭᠡᠯᠡ ᠤᠳᠠᠭ᠎ᠠ ᠳᠤ 5 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃          3. ᠵᠢᠱᠢᠶ᠎ᠡ ᠦᠵᠡᠭᠦᠯᠭᠦ ᠲᠤᠷᠰᠢᠯᠲᠠ ᠶᠢᠨ ᠱᠠᠩᠨᠠᠯ ᠢ ᠣᠯᠬᠤ ᠪᠠᠷ ᠴᠢᠷᠮᠠᠶᠢᠵᠤ᠂ ᠲᠤᠷᠰᠢᠯᠲᠠ ᠶᠢᠨ ᠵᠢᠱᠢᠶ᠎ᠡ ᠦᠵᠡᠭᠦᠯᠭᠦ ᠳᠤᠮᠳᠠ᠂ ᠤᠯᠤᠰ ᠤᠨ ᠳᠡᠰ ᠤᠨ ᠢᠷᠠᠭᠤ ᠠᠯᠳᠠᠷ ᠢ ᠣᠯᠣᠭᠰᠠᠨ ᠨᠢᠭᠡ ᠤᠳᠠᠭ᠎ᠠ ᠶᠢᠨ ᠴᠢᠨᠠᠷᠲᠠᠢ ᠪᠠᠷ ᠨᠢᠭᠡᠴᠡ ᠳᠤ 20 ᠲᠦᠮᠡᠨ ᠲᠥᠭᠦᠷᠢᠭ ᠤᠨ ᠱᠠᠩᠨᠠᠯ ᠣᠯᠭᠤᠵᠤ᠂ ᠮᠤᠵᠢ ᠶᠠᠮᠤᠨ ᠤ ᠳᠡᠰ ᠤᠨ ᠢᠷᠠᠭᠤ ᠠᠯᠳᠠᠷ ᠢ ᠣᠯᠣᠭᠰᠠᠨ ᠨᠢᠭᠡ ᠤᠳᠠᠭ᠎ᠠ ᠶᠢᠨ ᠴᠢᠨᠠᠷᠲᠠᠢ ᠪᠠᠷ ᠨᠢᠭᠡᠴᠡ ᠳᠤ 10 ᠲᠦᠮᠡᠨ ᠲᠥᠭᠦᠷᠢᠭ ᠤᠨ ᠱᠠᠩᠨᠠᠯ ᠣᠯᠭᠤᠵᠤ᠂ ᠬᠤᠲᠠ ᠶᠢᠨ ᠲᠢᠩᠬᠢᠮ ᠤᠨ ᠳᠡᠰ ᠤᠨ ᠢᠷᠠᠭᠤ ᠠᠯᠳᠠᠷ ᠢ ᠨᠢᠭᠡ ᠤᠳᠠᠭ᠎ᠠ ᠶᠢᠨ ᠴᠢᠨᠠᠷᠲᠠᠢ ᠪᠠᠷ ᠨᠢᠭᠡᠴᠡ ᠳᠤ 5 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃         ( ᠬᠤᠶᠠᠷ ) ᠤᠳᠤᠷᠢᠳᠬᠤ ᠪᠠᠭ ᠪᠣᠯᠣᠨ ᠤᠳᠤᠷᠢᠳᠬᠤ ᠺᠠᠲᠷ ᠢ ᠤᠷᠮᠠᠰᠢᠭᠤᠯᠬᠤ          1. ᠬᠤᠶᠠᠷ ᠵᠢᠯ ᠳᠠᠷᠠᠭᠠᠯᠠᠨ ᠳᠡᠭᠡᠳᠦ ᠱᠠᠲᠤᠨ ᠤ ᠪᠡᠯᠡ ᠮᠥᠩᠭᠦ ᠶᠢ 1000 ᠲᠦᠮᠡᠨ ᠲᠥᠭᠦᠷᠢᠭ ᠠᠴᠠ ᠳᠡᠭᠡᠭᠰᠢ ᠴᠢᠷᠮᠠᠶᠢᠨ ᠣᠯᠬᠤ ᠶᠢᠨ ᠬᠠᠮᠲᠤ ᠪᠠᠰᠠ ᠬᠤᠷᠳᠤᠴᠠ ᠶᠢ ᠨᠢ ᠨᠡᠮᠡᠭᠳᠡᠭᠦᠯᠵᠦ ᠪᠦᠭᠦ ᠣᠷᠣᠨ ᠤ ᠡᠮᠦᠨ᠎ᠡ ᠭᠤᠷᠪᠠ ᠳᠤ ᠵᠢᠭᠰᠠᠭᠠᠨ ᠨᠡᠷᠡᠰ ᠤᠨ ᠵᠢᠭᠰᠠᠭᠠᠯᠲᠠ ᠬᠢᠵᠦ ᠪᠠᠶᠢᠭ᠎ᠠ ᠨᠢᠭᠡᠴᠡ ᠳᠤ᠂ ᠨᠢᠭᠡᠴᠡ ᠶᠢᠨ ᠺᠠᠲᠷ ᠠᠵᠢᠯᠲᠠᠨ ᠠᠵᠢᠯᠴᠢᠨ ᠤ ᠰᠢᠯᠢᠳᠡᠭ ᠢ ᠰᠢᠯᠭᠠᠷᠠᠭᠤᠯᠬᠤ ᠬᠠᠷᠢᠴᠠᠯ ᠨᠢ ᠠᠯᠪᠠᠲᠠᠨ ᠤ ᠰᠢᠯᠢᠳᠡᠭ ᠢ ᠰᠢᠯᠭᠠᠷᠠᠭᠤᠯᠬᠤ ᠬᠠᠷᠢᠴᠠᠯ ᠢ ᠬᠠᠮᠤᠭ ᠤᠨ ᠥᠨᠳᠥᠷ ᠲᠡᠭᠡᠨ 25 %᠎ ᠶᠢ ᠳᠠᠪᠠᠭᠤᠯᠬᠤ ᠦᠭᠡᠢ᠂ ᠠᠵᠢᠯ ᠦᠢᠯᠡᠰ ᠤᠨ ᠠᠵᠢᠯᠲᠠᠨ ᠤ ᠰᠢᠯᠢᠳᠡᠭ ᠢ ᠰᠢᠯᠭᠠᠷᠠᠭᠤᠯᠬᠤ ᠬᠠᠷᠢᠴᠠᠯ ᠢ ᠬᠠᠮᠤᠭ ᠤᠨ ᠥᠨᠳᠥᠷ ᠲᠡᠭᠡᠨ 20 %᠎ ᠶᠢ ᠳᠠᠪᠠᠭᠤᠯᠬᠤ ᠦᠭᠡᠢ ᠰᠠᠭᠤᠷᠢᠨ ᠳᠡᠭᠡᠷ᠎ᠡ᠂ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠦᠨ᠎ᠡ᠃ ᠬᠤᠶᠠᠷ ᠵᠢᠯ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠤ ᠱᠠᠲᠤ ᠵᠢᠴᠢ ᠲᠡᠭᠦᠨ ᠠᠴᠠ ᠳᠡᠭᠡᠭᠰᠢᠬᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ ᠲᠤᠷᠰᠢᠯᠲᠠ ᠶᠢᠨ ᠵᠢᠱᠢᠶ᠎ᠡ ᠦᠵᠡᠭᠦᠯᠭᠦ ᠨᠢᠭᠡᠴᠡ ᠳᠤ ᠣᠯᠬᠤ ᠪᠠᠷ ᠴᠢᠷᠮᠠᠶᠢᠵᠤ᠂ ᠵᠣᠬᠢᠶᠠᠨ ᠪᠠᠶᠢᠭᠤᠯᠤᠯᠲᠠ ᠪᠠᠷ ᠰᠤᠳᠤᠯᠤᠨ ᠮᠠᠭᠠᠳᠯᠠᠭᠤᠯᠵᠤ᠂ ᠲᠤᠰ ᠵᠦᠢᠯ ᠢᠶᠠᠷ ᠯᠠᠪᠯᠠᠯᠲᠠ ᠪᠣᠯᠭᠠᠨ ᠤᠷᠮᠠᠰᠢᠭᠤᠯᠬᠤ ᠬᠡᠷᠡᠭᠲᠡᠢ᠃          2. ︽ᠭᠤᠷᠪᠠ ᠶᠢ ᠲᠡᠮᠡᠴᠡᠨ ᠣᠯᠬᠤ︾ ᠠᠵᠢᠯ ᠤᠨ ᠳᠤᠮᠳᠠ᠂ ᠲᠣᠭᠤᠷᠢᠭ ᠤᠨ ᠨᠠᠮ ᠤᠨ ᠬᠤᠷᠢᠶ᠎ᠠ᠂  ᠲᠣᠭᠤᠷᠢᠭ ᠤᠨ ᠵᠠᠰᠠᠭ ᠤᠨ ᠣᠷᠳᠣᠨ ᠢᠶᠠᠷ ᠰᠤᠳᠤᠯᠤᠭᠤᠯᠤᠨ ᠨᠤᠲᠠᠯᠠᠭᠤᠯᠤᠭᠠᠳ ᠲᠣᠪᠣᠶᠢᠮ᠎ᠠ ᠢᠯᠡᠷᠡᠯ ᠲᠠᠢ ᠺᠠᠲᠷ ᠢ ᠰᠢᠯᠢᠳᠡᠭ ᠢ ᠰᠢᠯᠭᠠᠷᠠᠭᠤᠯᠬᠤ ᠲᠡᠷᠢᠭᠦᠨ ᠤ ᠬᠢ ᠶᠢ ᠰᠢᠯᠭᠠᠷᠠᠭᠤᠯᠬᠤ᠂ ᠲᠤᠰᠢᠶᠠᠯ ᠤᠨ ᠵᠡᠷᠭᠡ ᠳᠡᠰ ᠳᠡᠪᠰᠢᠭᠦᠯᠬᠦ ᠵᠡᠷᠭᠡ ᠲᠠᠯ᠎ᠠ ᠪᠠᠷ ᠤᠷᠢᠳᠠᠪᠠᠷ ᠪᠣᠳᠣᠯᠬᠢᠯᠠᠨ᠎ᠠ᠃         3. ᠳᠡᠭᠡᠳᠦ ᠱᠠᠲᠤᠨ ᠤ ᠱᠠᠩᠨᠠᠯ ᠪᠠ ᠳᠡᠮᠵᠢᠯᠭᠡ ᠶᠢ ᠣᠯᠣᠭᠰᠠᠨ ᠪᠠᠶᠢᠪᠠᠯ᠂ ᠣᠨ ᠤ ᠰᠢᠯᠭᠠᠨ ᠬᠢᠨᠠᠭᠰᠠᠨ ᠶᠡᠷᠦᠩᠬᠡᠢ ᠬᠤᠪᠢ ᠳᠤ ᠬᠤᠪᠢ ᠨᠡᠮᠡᠵᠦ᠂ ᠪᠣᠳᠠᠲᠠᠢ ᠪᠠᠷ ᠤᠯᠤᠰ ᠤᠨ ᠳᠡᠰ ᠤᠨ 2 ᠬᠤᠪᠢ ᠨᠡᠮᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠤᠯᠤᠰ ᠤᠨ ᠶᠠᠮᠤᠨ ᠵᠥᠪᠯᠡᠯ ᠠᠴᠠ 1 ᠬᠤᠪᠢ ᠨᠡᠮᠡᠵᠦ᠂ ᠪᠤᠭᠤᠲᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠥᠪᠡᠷᠲᠡᠭᠡᠨ ᠵᠠᠰᠠᠬᠤ ᠣᠷᠣᠨ ᠤ ᠲᠢᠩᠬᠢᠮ ᠲᠣᠪᠴᠢᠶ᠎ᠠ 0.5 ᠬᠤᠪᠢ ᠨᠡᠮᠡᠨ᠎ᠡ᠃ ᠲᠤᠰᠬᠠᠢ ᠲᠥᠷᠥᠯ ᠤᠨ ᠠᠵᠢᠯ ᠨᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠳᠡᠯᠭᠡᠷᠡᠭᠦᠯᠦᠯᠲᠡ ᠶᠢ ᠣᠯᠣᠭᠰᠠᠨ ᠪᠠᠶᠢᠪᠠᠯ᠂ ᠤᠯᠤᠰ ᠤᠨ ᠱᠠᠲᠤᠨ ᠳᠤ 2 ᠬᠤᠪᠢ ᠨᠡᠮᠡᠵᠦ᠂ ᠥᠪᠡᠷᠲᠡᠭᠡᠨ ᠵᠠᠰᠠᠬᠤ ᠣᠷᠣᠨ ᠤ ᠱᠠᠲᠤᠨ ᠳᠤ 1 ᠬᠤᠪᠢ᠂ ᠬᠤᠲᠠ ᠶᠢᠨ ᠱᠠᠲᠤᠨ ᠳᠤ 0.5 ᠬᠤᠪᠢ ᠨᠡᠮᠡᠨ᠎ᠡ᠃ ᠠᠳᠠᠯᠢ ᠪᠤᠰᠤ ᠢᠷᠠᠭᠤ ᠠᠯᠳᠠᠷ ᠨᠢ ᠨᠡᠶᠢᠯᠡᠭᠡᠳ ᠬᠤᠪᠢ ᠨᠡᠮᠡᠵᠦ ᠪᠣᠯᠣᠨ᠎ᠠ᠂ ᠳᠡᠭᠡᠷ᠎ᠡ ᠲᠠᠯ᠎ᠠ ᠶᠢᠨ ᠬᠢᠵᠠᠭᠠᠷ ᠨᠢ 5 ᠬᠤᠪᠢ ᠠᠴᠠ ᠬᠡᠲᠦᠷᠡᠬᠦ ᠦᠭᠡᠢ᠃ ᠡᠭᠦᠨ ᠠᠴᠠ ᠭᠠᠳᠠᠨ᠎ᠠ᠂ ︽ᠭᠤᠷᠪᠠ ᠶᠢ ᠲᠡᠮᠡᠴᠡᠨ ᠣᠯᠬᠤ︾ ᠠᠵᠢᠯ ᠢ ᠰᠢᠭᠤᠶᠢᠲᠤ ᠲᠣᠭᠤᠷᠢᠭ ᠤᠨ ᠲᠤᠰᠬᠠᠢ ᠵᠦᠢᠯ ᠤᠨ ᠬᠢᠨᠠᠨ ᠰᠢᠯᠭᠠᠯᠲᠠ ᠳᠤ ᠵᠢᠭᠰᠠᠭᠠᠨ ᠣᠷᠣᠭᠤᠯᠵᠤ᠂ ᠲᠤᠰᠬᠠᠢ ᠵᠦᠢᠯ ᠤᠨ ᠬᠢᠨᠠᠨ ᠰᠢᠯᠭᠠᠯᠲᠠ ᠳᠤ ᠡᠮᠦᠨ᠎ᠡ ᠨᠡᠷᠡᠰ ᠲᠤ ᠵᠢᠭᠰᠠᠭᠠᠭᠳᠠᠭᠰᠠᠨ ᠨᠢᠭᠡᠴᠡ ᠨᠢ ︽ᠰᠢᠭᠤᠶᠢᠲᠤ ᠲᠣᠭᠤᠷᠢᠭ ᠤᠨ ᠰᠠᠯᠠᠭᠠᠨ ᠳᠡᠰ ( ᠳᠡᠳ᠋ ᠭᠠᠵᠠᠷ ᠤᠨ ᠳᠡᠰ ᠪᠠᠭᠲᠠᠨ᠎ᠠ )᠎ ᠶᠢᠨ ᠤᠳᠤᠷᠢᠳᠬᠤ ᠪᠠᠭ ᠪᠠ ᠤᠳᠤᠷᠢᠳᠬᠤ ᠺᠠᠲᠷ ᠤᠨ ︽ᠨᠢᠭᠡ ᠶᠢ ᠲᠣᠭᠲᠠᠭᠠᠵᠤ ᠬᠤᠶᠠᠷ ᠢ ᠰᠢᠯᠭᠠᠬᠤ ᠭᠤᠷᠪᠠᠨ ᠳᠦᠷᠢᠮ︾᠎ ᠤᠨ ᠬᠢᠨᠠᠨ ᠰᠢᠯᠭᠠᠬᠤ ᠠᠷᠭ᠎ᠠ︾ ( ᠰᠢᠭᠤᠶᠢᠲᠤ ᠨᠠᠮ ᠲᠠᠷᠬᠠᠭᠠᠭᠰᠠᠨ 〔 2023 〕17 ᠳ᠋ᠤᠭᠠᠷ ᠲᠣᠭᠠᠲᠤ )᠎ ᠳᠠᠬᠢ ︽ᠬᠤᠪᠢ ᠨᠡᠮᠡᠬᠦ︾ ᠠᠷᠭ᠎ᠠ ᠶᠢᠨ ᠶᠣᠰᠣᠭᠠᠷ ᠦᠷᠭᠦᠯᠵᠢᠯᠡᠨ ᠬᠤᠪᠢ ᠨᠡᠮᠡᠵᠦ ᠪᠣᠯᠣᠨ᠎ᠠ᠃         ( ᠭᠤᠷᠪᠠ ) ᠬᠢᠨᠠᠨ ᠵᠥᠪᠰᠢᠶᠡᠷᠡᠬᠦ ᠳᠡᠰ ᠳᠠᠷᠠᠭᠠᠯᠠᠯ          1. ᠮᠡᠳᠡᠭᠦᠯᠬᠦ᠃ ᠡᠯ᠎ᠡ ᠨᠢᠭᠡᠴᠡ ᠶᠢᠨ ᠣᠯᠵᠤ ᠠᠪᠤᠭᠰᠠᠨ ᠳᠡᠭᠡᠳᠦ ᠱᠠᠲᠤᠨ ᠤ ᠲᠥᠷᠥᠯ ᠵᠦᠢᠯ ᠤᠨ ᠪᠡᠯᠡ ᠮᠥᠩᠭᠦ ᠶᠢ ᠪᠣᠳᠠᠲᠠᠢ ᠪᠠᠷ ᠳᠠᠩᠰᠠᠨ ᠳᠤ ᠣᠷᠣᠭᠤᠯᠤᠭᠰᠠᠨ ᠤ ᠳᠠᠷᠠᠭ᠎ᠠ᠂ ᠴᠢᠷᠮᠠᠶᠢᠨ ᠣᠯᠣᠭᠰᠠᠨ ᠲᠥᠷᠥ ᠶᠢᠨ ᠪᠣᠳᠣᠯᠭ᠎ᠠ᠂ ᠵᠢᠱᠢᠶ᠎ᠡ ᠦᠵᠡᠭᠦᠯᠭᠦ ᠲᠤᠷᠰᠢᠯᠲᠠ ᠶᠢᠨ ᠴᠢᠭ ᠤᠨ ᠪᠢᠴᠢᠭ ᠮᠠᠲ᠋ᠧᠷᠢᠶᠠᠯ ᠢ ᠵᠢᠩᠬᠢᠨᠢ ᠪᠠᠷ ᠪᠠᠭᠤᠯᠭᠠᠭᠰᠠᠨ ᠤ ᠳᠠᠷᠠᠭ᠎ᠠ᠂ ᠲᠣᠭᠤᠷᠢᠭ ᠤᠨ ᠡᠳ᠋ ᠤᠨ ᠵᠠᠰᠠᠭ᠂  ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠢᠴᠢ  ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠤᠯᠲᠠ ᠳᠤ ᠲᠡᠮᠡᠴᠡᠨ ᠣᠯᠣᠭᠰᠠᠨ ᠪᠠᠶᠢᠳᠠᠯ ᠢᠶᠠᠨ ᠲᠤᠰ ᠲᠤᠰ ᠮᠡᠳᠡᠭᠦᠯᠵᠦ᠂ ︽ᠰᠢᠭᠤᠶᠢᠲᠤ ᠲᠣᠭᠤᠷᠢᠭ ᠤᠨ ︽ᠭᠤᠷᠪᠠ ᠶᠢ ᠲᠡᠮᠡᠴᠡᠨ ᠣᠯᠬᠤ︾ ᠱᠠᠩᠨᠠᠯ ᠤᠨ ᠪᠡᠯᠡ ᠮᠥᠩᠭᠦ ᠶᠢᠨ ᠭᠤᠶᠤᠴᠢᠯᠠᠯ ᠤᠨ ᠬᠦᠰᠦᠨᠦᠭᠲᠦ︾᠎ ᠶᠢ ᠲᠠᠭᠯᠠᠬᠤ ᠶᠢᠨ ᠬᠠᠮᠲᠤ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠪᠠᠭᠤᠯᠭᠠᠭᠰᠠᠨ ᠪᠡᠯᠡ ᠮᠥᠩᠭᠦ ᠶᠢᠨ ᠭᠦᠢᠴᠡᠳᠬᠡᠬᠦ ᠲᠤᠭ᠎ᠠ ᠶᠢᠨ ᠪᠢᠴᠢᠭ ᠮᠠᠲ᠋ᠧᠷᠢᠶᠠᠯ ᠤᠨ ᠬᠠᠭᠤᠯᠪᠤᠷᠢ ᠶᠢ ᠬᠠᠩᠭᠠᠬᠤ ᠬᠡᠷᠡᠭᠲᠡᠢ᠃ ᠬᠤᠶᠠᠷ ᠪᠤᠶᠤ ᠬᠤᠶᠠᠷ ᠠᠴᠠ ᠳᠡᠭᠡᠭᠰᠢᠬᠢ ᠨᠢᠭᠡᠴᠡ ᠶᠢᠨ ᠬᠠᠮᠲᠤ ᠪᠠᠷ ᠴᠢᠷᠮᠠᠶᠢᠨ ᠣᠯᠬᠤ ᠲᠥᠷᠥᠯ ᠵᠦᠢᠯ ᠢ ᠪᠣᠯ ᠭᠤᠣᠯ ᠪᠤᠯᠬᠤ ᠴᠢᠷᠮᠠᠶᠢᠨ ᠣᠯᠬᠤ ᠨᠢᠭᠡᠴᠡ ᠨᠢ ᠮᠡᠳᠡᠭᠦᠯᠵᠦ᠂ ᠠᠳᠠᠯᠢ ᠨᠢᠭᠡᠨ ᠲᠥᠷᠥᠯ ᠵᠦᠢᠯ ᠳᠤ ᠪᠣᠯ ᠳᠠᠭᠢᠵᠤ ᠱᠠᠩᠨᠠᠬᠤ ᠪᠤᠳᠣᠬᠤ ᠦᠭᠡᠢ᠃          2. ᠦᠨᠡᠮᠰᠢᠬᠦ᠃ ᠪᠡᠯᠡ ᠮᠥᠩᠭᠦ ᠶᠢ ᠴᠢᠷᠮᠠᠶᠢᠨ ᠲᠡᠮᠡᠴᠡᠨ ᠣᠯᠵᠤ᠂ ᠣᠷᠣᠨ ᠤ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠢᠨᠠᠨ ᠪᠤᠳᠣᠬᠤ ᠲᠣᠪᠴᠢᠶ᠎ᠠ ᠠᠴᠠ ᠲᠥᠷᠥᠯ ᠵᠦᠢᠯ ᠤᠨ ᠪᠡᠯᠡ ᠮᠥᠩᠭᠦ ᠶᠢ ᠴᠢᠷᠮᠠᠶᠢᠨ ᠣᠯᠬᠤ ᠳᠤᠭᠤᠶᠢᠯᠠᠩ ᠢ ᠬᠠᠮᠲᠤ ᠪᠠᠷ ᠪᠦᠷᠢᠯᠳᠦᠭᠦᠯᠵᠦ᠂ ᠲᠥᠷᠥ ᠶᠢᠨ ᠪᠣᠳᠣᠯᠭ᠎ᠠ ᠪᠠ ᠵᠢᠱᠢᠶ᠎ᠡ ᠦᠵᠡᠭᠦᠯᠭᠦ ᠲᠤᠷᠰᠢᠯᠲᠠ ᠶᠢᠨ ᠴᠢᠭ ᠢ  ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂  ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠬᠠᠮᠲᠤᠷᠠᠨ ᠦᠨᠡᠮᠰᠢᠬᠦ ᠳᠤᠭᠤᠶᠢᠯᠠᠩ ᠢ ᠪᠦᠷᠢᠯᠳᠦᠭᠦᠯᠵᠦ᠂ ᠡᠯ᠎ᠡ ᠨᠢᠭᠡᠴᠡ ᠶᠢᠨ ᠮᠡᠳᠡᠭᠦᠯᠦᠭᠰᠡᠨ ᠲᠥᠷᠥᠯ ᠵᠦᠢᠯ ᠤᠨ ᠪᠡᠯᠡ ᠮᠥᠩᠭᠦ ᠶᠢ ᠴᠢᠷᠮᠠᠶᠢᠨ ᠣᠯᠣᠭᠰᠠᠨ ᠪᠠᠶᠢᠳᠠᠯ᠂ ᠲᠥᠷᠥ ᠶᠢᠨ ᠪᠣᠳᠣᠯᠭ᠎ᠠ ᠶᠢᠨ ᠪᠠᠶᠢᠳᠠᠯ᠂ ᠵᠢᠱᠢᠶ᠎ᠡ ᠦᠵᠡᠭᠦᠯᠭᠦ ᠲᠤᠷᠰᠢᠯᠲᠠ ᠶᠢᠨ ᠴᠢᠭ ᠤᠨ ᠪᠠᠶᠢᠳᠠᠯ ᠢ ᠬᠢᠨᠠᠨ ᠬᠠᠷᠭᠤᠭᠤᠯᠵᠤ ᠨᠤᠲᠠᠯᠠᠨ ᠲᠣᠭᠲᠠᠭᠠᠨ᠎ᠠ᠃          3. ᠬᠢᠨᠠᠨ ᠵᠥᠪᠰᠢᠶᠡᠷᠡᠬᠦ᠃ ᠲᠥᠷᠥᠯ ᠵᠦᠢᠯ ᠤᠨ ᠪᠡᠯᠡ ᠮᠥᠩᠭᠦ ᠶᠢ ᠦᠨᠡᠮᠰᠢᠬᠦ ᠳᠤᠭᠤᠶᠢᠯᠠᠩ ᠢ ᠴᠢᠷᠮᠠᠶᠢᠨ ᠣᠯᠵᠤ᠂ ᠱᠠᠩᠨᠠᠬᠤ ᠪᠠᠷᠢᠮᠵᠢᠶ᠎ᠠ ᠶᠢ ᠦᠨᠳᠦᠰᠦᠯᠡᠨ ᠡᠯ᠎ᠡ ᠨᠢᠭᠡᠴᠡ ᠶᠢᠨ ᠱᠠᠩᠨᠠᠯ ᠤᠨ ᠪᠡᠯᠡ ᠮᠥᠩᠭᠦ ᠳᠤ ᠬᠡᠮᠵᠢᠨ ᠪᠣᠳᠣᠯᠲᠠ ᠬᠢᠵᠦ᠂ ᠱᠠᠩᠨᠠᠬᠤ ᠲᠥᠰᠥᠯ ᠳᠤᠷᠠᠳᠴᠤ᠂  ᠲᠣᠭᠤᠷᠢᠭ ᠤᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠢ᠃          4. ᠪᠡᠯᠡᠨ ᠵᠣᠭᠤᠰ ᠪᠤᠯᠭᠠᠬᠤ᠃  ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠨᠢ  ᠲᠣᠭᠤᠷᠢᠭ ᠤᠨ ᠵᠠᠰᠠᠭ ᠤᠨ ᠣᠷᠳᠣᠨ ᠤ ᠬᠢᠨᠠᠨ ᠵᠥᠪᠰᠢᠶᠡᠷᠡᠭᠰᠡᠨ ᠰᠠᠨᠠᠯ ᠢ ᠦᠨᠳᠦᠰᠦᠯᠡᠨ᠂ 5 ᠠᠵᠢᠯᠯᠠᠬᠤ ᠡᠳᠦᠷ ᠤᠨ ᠳᠣᠲᠣᠷ᠎ᠠ ᠱᠠᠩᠨᠠᠯ ᠤᠨ ᠪᠡᠯᠡ ᠮᠥᠩᠭᠦ ᠶᠢ ᠨᠢᠭᠡᠴᠡ ᠳᠤ ᠰᠠᠯᠭᠠᠨ ᠥᠭᠬᠦ ᠬᠡᠷᠡᠭᠲᠡᠢ᠃         ( ᠳᠥᠷᠪᠡ ) ᠱᠠᠩᠨᠠᠯ ᠤᠨ ᠪᠡᠯᠡ ᠮᠥᠩᠭᠦ ᠶᠢᠨ ᠬᠡᠷᠡᠭᠯᠡᠯᠲᠡ          ᠱᠠᠩᠨᠠᠯ ᠤᠨ ᠪᠡᠯᠡ ᠮᠥᠩᠭᠦ ᠶᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠵᠠᠷᠤᠳᠠᠯ᠂ ᠲᠥᠷᠥᠯ ᠵᠦᠢᠯ ᠤᠨ ᠪᠡᠯᠡ ᠮᠥᠩᠭᠦ ᠣᠯᠬᠤ ᠠᠵᠢᠯ ᠤᠨ ᠵᠠᠷᠤᠳᠠᠯ᠂ ᠲᠤᠰ ᠨᠢᠭᠡᠴᠡ ᠶᠢᠨ ᠠᠯᠪᠠᠨ ᠵᠠᠷᠤᠳᠠᠯ ᠢ ᠨᠥᠬᠦᠪᠦᠷᠢᠯᠡᠬᠦ ᠵᠡᠷᠭᠡ ᠳᠤ ᠬᠡᠷᠡᠭᠯᠡᠵᠦ ᠪᠣᠯᠣᠨ᠎ᠠ᠃          ᠭᠤᠷᠪᠠ᠂ ᠬᠠᠷᠢᠭᠤᠴᠠᠯᠭ᠎ᠠ ᠶᠢᠨ ᠬᠤᠪᠢᠶᠠᠷᠢᠯᠠᠯ          ᠨᠢᠭᠡ ᠳᠤ ᠡᠯ᠎ᠡ ᠨᠢᠭᠡᠴᠡ ᠨᠦᠭᠦᠳ ︽ᠭᠤᠷᠪᠠ ᠶᠢ ᠲᠡᠮᠡᠴᠡᠨ ᠣᠯᠬᠤ︾ ᠬᠠᠷᠢᠭᠤᠴᠠᠯᠭ᠎ᠠ ᠶᠢᠨ ᠭᠤᠣᠯ ᠴᠣᠭᠴᠠ ᠪᠣᠯᠤᠭᠰᠠᠨ ᠤ ᠬᠤᠪᠢ ᠳᠤ᠂ ᠲᠥᠷᠥᠯ ᠵᠦᠢᠯ ᠤᠨ ᠪᠡᠯᠡ ᠮᠥᠩᠭᠦ ᠶᠢ ᠴᠢᠷᠮᠠᠶᠢᠨ ᠣᠯᠬᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠣᠯᠬᠤ᠂ ᠲᠤᠷᠰᠢᠯᠲᠠ ᠶᠢᠨ ᠴᠢᠭ ᠢᠶᠠᠷ ᠵᠢᠱᠢᠶ᠎ᠡ ᠦᠵᠡᠭᠦᠯᠭᠦ ᠵᠡᠷᠭᠡ ᠠᠵᠢᠯ ᠢ ᠨᠡᠩ ᠴᠢᠬᠤᠯᠠ ᠪᠠᠶᠢᠷᠢᠨ ᠳᠤ ᠲᠠᠯᠪᠢᠬᠤ ᠬᠡᠷᠡᠭᠲᠡᠢ᠃ ︽ᠨᠢᠭᠡᠳᠦᠭᠡᠷ ᠭᠠᠷ︾ ᠡᠷᠬᠡᠪᠰᠢ ᠪᠡᠶ᠎ᠡ ᠪᠠᠷ ᠢᠶᠠᠨ ᠠᠳᠬᠤᠬᠤ ᠬᠡᠷᠡᠭᠲᠡᠢ᠃ ᠡᠭᠦᠨ ᠤ ᠬᠠᠮᠲᠤ᠂ ᠺᠠᠲᠷ ᠠᠵᠢᠯᠲᠠᠨ ᠠᠵᠢᠯᠴᠢᠨ ᠢ ᠳᠠᠶᠢᠴᠢᠯᠠᠨ ︽ᠭᠤᠷᠪᠠ ᠶᠢ ᠲᠡᠮᠡᠴᠡᠨ ᠣᠯᠬᠤ︾ ᠠᠵᠢᠯ ᠳᠤ ᠪᠦᠭᠦ ᠬᠦᠴᠦᠨ ᠢᠶᠠᠷ ᠢᠶᠠᠨ ᠣᠷᠣᠯᠴᠠᠭᠤᠯᠵᠤ᠂ ᠨᠢᠭᠡ ᠱᠠᠲᠤ ᠨᠢ ᠨᠢᠭᠡ ᠱᠠᠲᠤ ᠪᠠᠨ ᠠᠳᠬᠤᠬᠤ᠂ ᠱᠠᠲᠤ ᠱᠠᠲᠤ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ᠂ ᠲᠥᠷᠥᠯ ᠵᠦᠢᠯ ᠤᠨ ᠠᠵᠢᠯ ᠢ ᠬᠠᠮᠲᠤ ᠪᠠᠷ ᠠᠬᠢᠭᠤᠯᠬᠤ ᠰᠠᠶᠢᠨ ᠰᠠᠶᠢᠬᠠᠨ ᠪᠠᠶᠢᠳᠠᠯ ᠢ ᠪᠤᠢ ᠪᠤᠯᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃         ᠬᠤᠶᠠᠷ ᠲᠤ ᠢᠷᠠᠭᠤ ᠠᠯᠳᠠᠷ᠂ ᠲᠥᠷᠥᠯ ᠵᠦᠢᠯ ᠡᠷᠡᠮᠵᠡᠯᠡᠨ ᠲᠥᠯᠥᠪᠯᠡᠵᠦ ᠪᠣᠭᠤᠳᠠᠯᠯᠠᠬᠤ ᠠᠵᠢᠯ ᠢ ᠤᠷᠢᠳᠴᠢᠯᠠᠨ ᠰᠠᠶᠢᠲᠤᠷ ᠬᠢᠬᠦ ᠬᠡᠷᠡᠭᠲᠡᠢ᠃ ᠨᠠᠷᠢᠨ ᠨᠢᠮᠪᠠᠢ ᠰᠢᠯᠢᠨ ᠰᠣᠩᠭᠤᠵᠤ᠂ ᠨᠡᠩ ᠣᠯᠠᠨ ᠲᠥᠷᠥᠯ ᠵᠦᠢᠯ ᠢ ᠲᠥᠪ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠲᠥᠷᠥᠯ ᠵᠦᠢᠯ ᠤᠨ ᠲᠠᠯ᠎ᠠ ᠶᠢᠨ ᠲᠥᠯᠦᠪᠵᠢᠭᠦᠯᠭᠡ ᠳᠤ ᠣᠷᠣᠭᠤᠯᠬᠤ ᠪᠠᠷ ᠴᠢᠷᠮᠠᠶᠢᠵᠤ᠂ ᠲᠥᠷᠥ ᠶᠢᠨ ᠪᠣᠳᠣᠯᠭ᠎ᠠ ᠶᠢᠨ ᠲᠥᠷᠥᠯ ᠵᠦᠢᠯ ᠤᠨ ᠪᠡᠯᠡ ᠮᠥᠩᠭᠦ ᠶᠢᠨ ᠨᠠᠶᠢᠳᠠᠪᠤᠷᠢᠵᠢᠬᠤ ᠲᠦᠷᠭᠡᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃          ᠭᠤᠷᠪᠠ ᠳᠤ ᠳᠡᠭᠡᠳᠦ ᠱᠠᠲᠤᠨ ᠳᠤ ᠬᠠᠷᠢᠭᠤ ᠮᠡᠳᠡᠭᠦᠯᠦᠯᠲᠡ ᠬᠢᠵᠦ ᠳᠦᠷᠢᠮᠵᠢᠭᠦᠯᠦᠭᠰᠡᠨ ᠪᠠᠶᠢᠵᠤ᠂ ᠳᠡᠭᠡᠳᠦ ᠱᠠᠲᠤᠨ ᠳᠤ ᠬᠠᠷᠢᠭᠤ ᠮᠡᠳᠡᠭᠦᠯᠬᠦ ᠳᠦᠷᠢᠮ ᠪᠠᠶᠢᠭᠤᠯᠬᠤ ᠬᠡᠷᠡᠭᠲᠡᠢ᠃ ᠨᠢᠭᠡᠴᠡ ᠶᠢᠨ ᠤᠳᠤᠷᠢᠳᠤᠯᠭ᠎ᠠ ᠰᠠᠷ᠎ᠠ ᠪᠦᠷᠢ ᠠᠳᠠᠭ ᠲᠠᠭᠠᠨ ᠨᠢᠭᠡ ᠤᠳᠠᠭ᠎ᠠ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠠᠵᠢᠯ ᠲᠥᠷᠥᠯ ᠤᠨ ᠰᠠᠯᠠᠭ᠎ᠠ ᠮᠥᠴᠢᠷ ᠲᠤ ᠣᠴᠢᠵᠤ ᠠᠵᠢᠯ ᠢᠶᠠᠨ ᠬᠠᠷᠢᠭᠤ ᠮᠡᠳᠡᠭᠦᠯᠵᠦ᠂ ᠳᠡᠭᠡᠳᠦ ᠱᠠᠲᠤᠨ ᠤ ᠳᠡᠮᠵᠢᠵᠦ ᠪᠦᠬᠦᠢ ᠭᠤᠣᠯᠳᠠᠯᠭ᠎ᠠ ᠲᠠᠢ ᠲᠥᠷᠥᠯ ᠵᠦᠢᠯ ᠪᠣᠯᠣᠨ ᠬᠦᠷᠢᠶ᠎ᠡ ᠬᠡᠪᠴᠢᠶ᠎ᠡ ᠶᠢ ᠴᠠᠭ ᠲᠤᠬᠠᠢ ᠳᠤᠨᠢ ᠣᠶᠢᠯᠠᠭᠠᠵᠤ᠂ ᠳᠡᠭᠡᠳᠦ ᠱᠠᠲᠤᠨ ᠤ ᠳᠡᠮᠵᠢᠯᠭᠡ ᠶᠢ ᠢᠳᠡᠪᠬᠢᠲᠡᠢ ᠴᠢᠷᠮᠠᠶᠢᠨ ᠣᠯᠬᠤ ᠬᠡᠷᠡᠭᠲᠡᠢ ᠭᠡᠵᠦ ᠱᠠᠭᠠᠷᠳᠠᠪᠠ᠃          ᠳᠥᠷᠪᠡ ᠳᠤ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ ᠨᠢ ᠡᠯ᠎ᠡ ᠰᠠᠯᠠᠭ᠎ᠠ ᠮᠥᠴᠢᠷ ᠯᠦᠭᠡ ᠨᠡᠪᠲᠡᠷᠡᠯᠴᠡᠭᠡ ᠪᠠᠨ ᠴᠢᠩᠭᠠᠳᠬᠠᠨ᠂ ᠲᠥᠷᠥᠯ ᠵᠦᠢᠯ ᠤᠨ ᠪᠡᠯᠡ ᠮᠥᠩᠭᠦ᠂ ᠲᠥᠷᠥ ᠶᠢᠨ ᠪᠣᠳᠣᠯᠭ᠎ᠠ ᠶᠢ ᠣᠯᠬᠤ ᠪᠠᠷ ᠴᠢᠷᠮᠠᠶᠢᠵᠤ ᠪᠠᠶᠢᠭ᠎ᠠ ᠪᠠᠶᠢᠳᠠᠯ ᠳᠤ ᠵᠠᠳᠠᠯᠤᠯᠲᠠ ᠬᠢᠵᠦ᠂ ᠦᠨ᠎ᠡ ᠥᠷᠲᠡᠭ ᠲᠠᠢ ᠮᠡᠳᠡᠭᠡ ᠵᠠᠩᠭᠢ ᠶᠢ ᠴᠠᠭ ᠲᠤᠬᠠᠢ ᠳᠤᠨᠢ ᠬᠠᠷᠢᠭᠤ ᠲᠤᠰᠬᠠᠬᠤ ᠶᠢ ᠦᠨᠡᠨᠬᠦ ᠪᠠᠲᠤᠯᠠᠬᠤ ᠶᠢᠨ ᠬᠠᠮᠲᠤ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠳᠡᠭᠡᠭᠰᠢ ᠪᠠᠨ ᠪᠡᠯᠡ ᠮᠥᠩᠭᠦ᠂ ᠲᠥᠷᠥ ᠶᠢᠨ ᠪᠣᠳᠣᠯᠭ᠎ᠠ ᠣᠯᠬᠤ ᠪᠠᠷ ᠴᠢᠷᠮᠠᠶᠢᠬᠤ ᠨᠡᠶᠢᠯᠡᠯ ᠬᠦᠴᠦᠨ ᠢ ᠪᠤᠢ ᠪᠤᠯᠭᠠᠬᠤ ᠬᠡᠷᠡᠭᠲᠡᠢ᠃        ᠳᠥᠷᠪᠡ᠂ ᠨᠢᠭᠡᠳᠦᠯᠲᠡᠢ ᠲᠥᠯᠥᠪᠯᠡᠨ ᠬᠠᠮᠢᠶᠠᠷᠬᠤ          ᠪᠡᠯᠡ ᠮᠥᠩᠭᠦ ᠶᠢᠨ ᠰᠢᠨᠵᠢ ᠴᠢᠨᠠᠷ᠂ ᠬᠡᠷᠡᠭᠴᠡᠭᠡ ᠶᠢ ᠬᠤᠪᠢᠷᠠᠭᠤᠯᠬᠤ ᠦᠭᠡᠢ ᠪᠠᠶᠢᠬᠤ ᠤᠷᠢᠳᠠᠯ ᠳᠣᠣᠷ᠎ᠠ᠂ ᠵᠠᠰᠠᠭ ᠤᠨ ᠣᠷᠳᠣᠨ ᠢᠶᠠᠷ ᠤᠳᠤᠷᠢᠳᠤᠮᠵᠢ ᠪᠣᠯᠭᠠᠨ᠂ ᠨᠢᠭᠡᠳᠦᠯᠲᠡᠢ ᠲᠥᠯᠥᠪᠯᠡᠬᠦ ᠪᠠᠷ ᠭᠤᠣᠯ ᠪᠤᠯᠭᠠᠵᠤ᠂ ᠡᠳ᠋ ᠤᠨ ᠵᠠᠰᠠᠭ ᠤᠨ ᠲᠤᠰᠬᠠᠢ ᠵᠦᠢᠯ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠲᠥᠪᠯᠡᠷᠡᠭᠦᠯᠦᠨ ᠣᠷᠣᠭᠤᠯᠤᠯᠲᠠ ᠣᠷᠣᠭᠤᠯᠵᠤ᠂ ᠬᠠᠮᠢᠶᠠᠷᠤᠯᠲᠠ ᠶᠢᠨ ᠠᠵᠢᠯᠯᠠᠭᠠᠨ ᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠡᠳ᠋ ᠤᠨ ᠵᠠᠰᠠᠭ ᠤᠨ ᠡᠬᠢ ᠪᠠᠶᠠᠯᠢᠭ ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠣᠬᠢᠷᠠᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠦᠢᠯᠡᠳᠦᠯ ᠢ ᠶᠡᠬᠡᠰᠬᠡᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠪᠦᠬᠦᠯᠢ ᠴᠣᠭᠴᠠ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃          ᠲᠠᠪᠤ᠂ ᠲᠤᠰ ᠠᠷᠭ᠎ᠠ ᠶᠢ ᠵᠣᠬᠢᠶᠠᠨ ᠪᠠᠶᠢᠭᠤᠯᠬᠤ ᠬᠡᠯᠲᠡᠰ᠂ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠬᠠᠷᠢᠭᠤᠴᠠᠨ ᠲᠠᠶᠢᠯᠪᠤᠷᠢᠯᠠᠵᠤ᠂ 2024 ᠣᠨ ᠤ 1 ᠳ᠋ᠦᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠵᠦ᠂ ᠨᠢᠭᠡ ᠵᠢᠯ ᠲᠤᠷᠰᠢᠨ ᠬᠡᠷᠡᠭᠵᠢᠭᠦᠯᠬᠦ ᠬᠡᠷᠡᠭᠲᠡᠢ᠃         ᠪᠡᠯᠡ ᠮᠥᠩᠭᠦ ᠲᠡᠮᠡᠴᠡᠨ ᠣᠯᠬᠤ ᠬᠦᠷᠢᠶ᠎ᠡ ᠬᠡᠪᠴᠢᠶᠡᠨ ᠣᠷᠣᠭᠤᠯᠬᠤ ᠦᠭᠡᠢ ᠲᠣᠳᠣᠷᠬᠠᠢ ᠳᠠᠩᠰᠠᠨ          ᠨᠢᠭᠡᠴᠢ᠄ ᠲᠦᠮᠡᠨ ᠲᠥᠭᠦᠷᠢᠭ 
微信截图_20240407154344.png
微信截图_20240407154424.png
微信截图_20240407154452.png
微信截图_20240407154530.png
微信截图_20240407154559.png
微信截图_20240407154632.png
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号