ᠠᠩᠬᠠᠷᠤᠭᠤᠰᠢᠲᠠᠢ ᠨᠢ᠄ ᠰᠢᠭᠤᠶᠢᠲᠤ ᠲᠣᠭᠤᠷᠢᠭ ᠤᠨ 2024 ᠣᠨ ᠤ ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ  ᠶᠢᠨ ᠳᠠᠭᠠᠳᠬᠠᠯ ᠤᠨ ᠠᠵᠢᠯ  ᠠᠴᠠ ᠪᠠᠨ ᠪᠠᠭᠤᠵᠤ ᠠᠮᠠᠷᠠᠬᠤ ᠬᠠᠷᠠᠭᠠᠯᠵᠠᠯ  ᠢ ᠤᠷᠢᠳᠴᠢᠯᠠᠨ ᠣᠯᠭᠤᠬᠤ ᠠᠵᠢᠯ ᠡᠬᠢᠯᠡᠯ᠎ᠡ︕
ᠨᠡᠶᠢᠲᠡᠯᠡᠭᠰᠡᠨ ᠴᠠᠭ᠄
2024/4/7
        ᠥᠪᠡᠷᠲᠡᠭᠡᠨ ᠵᠠᠰᠠᠬᠤ ᠣᠷᠣᠨ ᠤ ︽ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ ᠤᠨ ᠵᠠᠷᠤᠳᠠᠯ ᠢ ᠤᠷᠢᠳᠴᠢᠯᠠᠨ ᠬᠠᠷᠭᠤᠭᠤᠯᠵᠤ ᠤᠷᠢᠳᠴᠢᠯᠠᠨ ᠲᠤᠰᠢᠶᠠᠬᠤ ᠪᠠ ᠨᠠᠰᠤᠵᠢᠯ ᠤᠨ ᠳᠠᠭᠠᠳᠬᠠᠯ ᠤᠨ ᠣᠯᠭᠤᠮᠵᠢ ᠶᠢ ᠤᠷᠢᠳᠴᠢᠯᠠᠨ ᠲᠠᠷᠬᠠᠭᠠᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠵᠢᠯ ᠪᠦᠷᠢ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠳᠠᠭᠠᠳᠬᠠᠯ ᠤᠨ ᠣᠯᠭᠤᠮᠵᠢ ᠶᠢ ᠪᠤᠳᠣᠵᠤ ᠣᠯᠭᠤᠬᠤ ᠰᠠᠭᠤᠷᠢ ᠲᠤᠭ᠎ᠠ ᠪᠠ ᠳᠠᠩᠰᠠ ᠲᠡᠮᠳᠡᠭᠯᠡᠬᠦ ᠬᠦᠦ ᠮᠥᠩᠭᠦ ᠶᠢᠨ ᠨᠣᠷᠮ᠎ᠠ ᠶᠢ ᠨᠡᠶᠢᠲᠡᠯᠡᠬᠦ ᠠᠴᠠ ᠡᠮᠦᠨ᠎ᠡ᠂ ᠲᠤᠰ ᠵᠢᠯ ᠤᠨ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠥᠰ ᠤᠨ ᠦᠨᠳᠦᠰᠦᠨ ᠨᠠᠰᠤᠵᠢᠯ ᠤᠨ ᠮᠥᠩᠭᠦ ᠶᠢ ᠴᠠᠭ ᠲᠤᠬᠠᠢ ᠳᠤᠨᠢ ᠲᠣᠭᠠᠴᠠᠭ᠎ᠠ ᠬᠢᠵᠦ ᠳᠡᠶᠢᠯᠭᠦ ᠦᠭᠡᠢ ᠠᠴᠠ ᠪᠣᠯᠵᠤ᠂ ᠳᠡᠭᠡᠷ᠎ᠡ ᠬᠠᠭᠠᠰ ᠵᠢᠯ ᠳᠤ ᠭᠤᠶᠤᠴᠢᠯᠠᠨ ᠠᠵᠢᠯ ᠠᠴᠠ ᠪᠠᠨ ᠪᠠᠭᠤᠵᠤ ᠠᠮᠠᠷᠠᠭᠰᠠᠨ ᠮᠥᠷᠲᠡᠭᠡᠨ ᠬᠢᠨᠠᠨ ᠵᠥᠪᠰᠢᠶᠡᠷᠡᠵᠦ ᠪᠠᠲᠤᠯᠠᠭᠰᠠᠨ ᠬᠥᠮᠥᠰ ᠳᠣᠣᠷ᠎ᠠ ᠬᠠᠭᠠᠰ ᠵᠢᠯ ᠳᠤ ᠰᠠᠶ᠋ᠢ ᠠᠵᠢᠯ ᠠᠴᠠ ᠪᠠᠨ ᠪᠠᠭᠤᠵᠤ ᠠᠮᠠᠷᠠᠭᠰᠠᠨ ᠴᠠᠯᠢᠩ ᠢ ᠣᠯᠵᠤ ᠪᠣᠯᠣᠨ᠎ᠠ᠃          ᠡᠶᠢᠮᠦᠷᠬᠦ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢᠨ ᠲᠥᠯᠥᠭᠡ ᠂ ᠲᠡᠳᠡᠨ ᠢᠶᠠᠷ ᠠᠵᠢᠯ ᠠᠴᠠ ᠪᠠᠨ ᠪᠠᠭᠤᠵᠤ ᠠᠮᠠᠷᠠᠬᠤ ᠬᠠᠷᠠᠭᠠᠯᠵᠠᠯ ᠢ ᠴᠠᠭ ᠲᠤᠬᠠᠢ ᠳᠤᠨᠢ ᠬᠦᠷᠲᠡᠭᠡᠵᠦ᠂ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠲᠥᠪ ᠨᠢᠭᠡᠨᠲᠡ 2024 ᠣᠨ ᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠢᠨ᠎ᠡ ᠪᠠᠷ ᠨᠡᠮᠡᠭᠳᠡᠭᠰᠡᠨ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠶᠢ ᠤᠷᠢᠳᠴᠢᠯᠠᠨ ᠣᠯᠭᠤᠬᠤ ᠱᠠᠭᠠᠷᠳᠠᠯᠭ᠎ᠠ ᠶᠢ ᠦᠨᠳᠦᠰᠦᠯᠡᠨ᠂ ᠨᠢᠭᠡᠨᠲᠡ ᠠᠵᠢᠯ  ᠠᠴᠠ ᠪᠠᠨ ᠪᠠᠭᠤᠵᠤ ᠠᠮᠠᠷᠠᠬᠤ ᠨᠠᠰᠤᠨ ᠳᠤ ᠬᠦᠷᠦᠭᠰᠡᠨ ᠪᠥᠭᠡᠳ ᠠᠵᠢᠯ  ᠠᠴᠠ ᠪᠠᠨ ᠪᠠᠭᠤᠵᠤ ᠠᠮᠠᠷᠠᠬᠤ ᠶᠢ ᠬᠢᠨᠠᠨ ᠵᠥᠪᠰᠢᠶᠡᠷᠡᠭᠦᠯᠬᠦ ᠭᠠᠷᠳᠠᠮ ᠢ ᠨᠢᠭᠡᠨᠲᠡ ᠭᠦᠢᠴᠡᠳᠬᠡᠭᠰᠡᠨ ᠬᠥᠮᠥᠰ ᠲᠤ ᠴᠥᠮ ᠳᠡᠭᠡᠷ᠎ᠡ ᠵᠢᠯ ᠤᠨ ᠪᠤᠳᠤᠵᠤ ᠣᠯᠭᠤᠬᠤ ᠰᠠᠭᠤᠷᠢ ᠲᠤᠭ᠎ᠠ ᠪᠣᠯᠣᠨ ᠲᠠᠩᠰᠠ ᠲᠡᠮᠳᠡᠭᠯᠡᠬᠦ ᠬᠦᠦ ᠮᠥᠩᠭᠦ ᠶᠢᠨ ᠨᠣᠷᠮ᠎ᠠ ᠪᠠᠷ ᠲᠦᠷ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠪᠤᠳᠤᠬᠤ ᠶᠢᠨ ᠬᠠᠮᠲᠤ ᠤᠷᠢᠳᠴᠢᠯᠠᠨ ᠣᠯᠭᠤᠵᠤ᠂ ᠲᠣᠰ ᠵᠢᠯ ᠤᠨ ᠪᠤᠳᠤᠵᠤ ᠣᠯᠭᠤᠬᠤ ᠰᠠᠭᠤᠷᠢ ᠲᠤᠭ᠎ᠠ ᠪᠣᠯᠣᠨ ᠲᠠᠩᠰᠠ ᠲᠡᠮᠳᠡᠭᠯᠡᠬᠦ ᠬᠦᠦ ᠮᠥᠩᠭᠦ ᠶᠢᠨ ᠨᠣᠷᠮ᠎ᠠ ᠶᠢ ᠨᠡᠶᠢᠲᠡᠯᠡᠭᠰᠡᠨ ᠤ ᠳᠠᠷᠠᠭ᠎ᠠ᠂ ᠤᠷᠢᠳᠴᠢᠯᠠᠨ ᠣᠯᠭᠤᠬᠤ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠬᠦ ᠪᠠ ᠢᠯᠭᠠᠷᠠᠭᠤᠯᠤᠨ ᠪᠤᠳᠤᠬᠤ ᠬᠡᠷᠡᠭᠲᠡᠢ᠃ 2024 ᠣᠨ ᠤ 3 ᠰᠠᠷ᠎ᠠ ᠪᠣᠯᠲᠠᠯ᠎ᠠ᠂ 45 ᠬᠥᠮᠥᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠠᠰᠤᠨ ᠤ ᠠᠮᠠᠷᠠᠯᠲᠠ ᠶᠢᠨ ᠬᠠᠷᠠᠭᠠᠯᠵᠠᠯ ᠤᠨ ᠲᠣᠭᠠᠴᠠᠭ᠎ᠠ ᠬᠢᠵᠦ ᠳᠠᠭᠤᠰᠬᠠᠵᠠᠢ᠂ ᠡᠭᠦᠨ ᠳᠤ 16 ᠬᠥᠮᠥᠨ ᠤ ᠬᠠᠷᠠᠭᠠᠯᠵᠠᠯ ᠢ ᠤᠷᠢᠳᠴᠢᠯᠠᠨ ᠣᠯᠭᠤᠵᠤ᠂ 3 ᠰᠠᠷ᠎ᠠ ᠶᠢᠨ ᠰᠡᠭᠦᠯᠴᠢ ᠪᠠᠷ ᠣᠯᠭᠤᠬᠤ ᠪᠣᠯᠣᠨ᠎ᠠ᠃        ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠲᠥᠪ ᠨᠢ ᠣᠯᠠᠨ ᠲᠦᠮᠡᠨ ᠳᠤ ᠦᠢᠯᠡᠴᠢᠯᠡᠬᠦ ᠪᠠᠷ ᠡᠬᠢᠯᠡᠯᠲᠡ ᠪᠣᠯᠭᠠᠵᠤ᠂ ᠠᠷᠠᠳ ᠤᠨ ᠠᠮᠢᠳᠤᠷᠠᠯ ᠢ ᠪᠠᠲᠤᠯᠠᠬᠤ ᠪᠠᠷ ᠵᠣᠭᠰᠣᠴᠠ ᠪᠣᠯᠭᠠᠵᠤ᠂ ︽ᠣᠯᠭᠤᠬᠤ ᠶᠢ ᠪᠠᠲᠤᠯᠠᠬᠤ︾ ᠠᠵᠢᠯ ᠢ ᠡᠷᠡᠰ ᠭᠤᠶᠢᠪᠢᠰᠢ ᠦᠭᠡᠢ ᠪᠠᠷ ᠰᠠᠶᠢᠲᠤᠷ ᠬᠢᠨ᠎ᠡ᠃ 2024 ᠣᠨ ᠤ ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ ᠢ ᠪᠤᠳᠤᠵᠤ ᠣᠯᠭᠤᠬᠤ ᠰᠠᠭᠤᠷᠢ ᠲᠤᠭ᠎ᠠ ᠶᠢ ᠨᠡᠶᠢᠲᠡᠯᠡᠬᠦ ᠠᠴᠠ ᠡᠮᠦᠨ᠎ᠡ᠂ ᠠᠵᠢᠯ ᠠᠴᠠ ᠪᠠᠨ ᠪᠠᠭᠤᠵᠤ ᠠᠮᠠᠷᠠᠭᠰᠠᠳ ᠨᠢᠭᠡᠪᠦᠷᠢ ᠴᠥᠮ ᠤᠷᠢᠳᠴᠢᠯᠠᠨ ᠣᠯᠭᠤᠬᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠴᠠᠭ ᠲᠤᠬᠠᠢ  ᠳᠤᠨᠢ ᠣᠯᠬᠤ ᠶᠢ ᠦᠨᠡᠨ ᠬᠦ ᠪᠠᠲᠤᠯᠠᠵᠤ᠂ ᠠᠵᠢᠯ ᠠᠴᠠ ᠪᠠᠨ ᠪᠠᠭᠤᠵᠤ ᠠᠮᠠᠷᠠᠬᠤ ᠠᠮᠢᠳᠤᠷᠠᠯ ᠤᠨ ᠨᠥᠯᠥᠭᠡᠯᠡᠭᠳᠡᠬᠦ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号