ᠰᠢᠭᠤᠶᠢᠲᠤ ᠲᠣᠭᠤᠷᠢᠭ ᠤᠨ ᠬᠥᠨᠳᠡᠯᠡᠨ ᠤ ᠲᠠᠰᠤᠯᠤᠯᠲᠠ ︽ᠭᠤᠷᠪᠠᠨ ᠲᠦᠷᠭᠡᠨ︾ ᠤ ᠵᠠᠭᠪᠤᠷ ᠢ ᠪᠣᠶ ᠪᠣᠯᠭᠠᠵᠤ ᠬᠥᠳᠡᠯᠮᠦᠷᠢ ᠶᠢᠨ ᠮᠠᠷᠭᠤᠯᠳᠤᠭᠠᠨ ᠤ ᠬᠡᠷᠡᠭ ᠢ ᠰᠢᠢᠳᠪᠦᠷᠢᠯᠡᠪᠡ
ᠨᠡᠶᠢᠲᠡᠯᠡᠭᠰᠡᠨ ᠴᠠᠭ᠄
2024/4/7
          ᠰᠢᠭᠤᠶᠢᠲᠤ ᠲᠣᠭᠤᠷᠢᠭ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠤᠷᠢᠶ᠎ᠠ ᠨᠢ ᠪᠣᠳᠠᠲᠤ ᠶᠠᠪᠤᠳᠠᠯ ᠨᠢ ᠲᠣᠳᠣᠷᠬᠠᠢ᠂ ᠭᠡᠷᠡᠴᠢ ᠪᠠᠷᠢᠮᠲᠠ ᠨᠢ ᠪᠦᠷᠢᠨ ᠭᠦᠢᠴᠡᠳ ᠬᠥᠳᠡᠯᠮᠦᠷᠢ ᠶᠢᠨ ᠮᠠᠷᠭᠤᠯᠳᠤᠭᠠᠨ ᠤ ᠬᠡᠷᠡᠭ ᠲᠤ ︽ᠲᠦᠷᠭᠡᠨ ᠪᠠᠶᠢᠭᠤᠯᠬᠤ᠂ ᠲᠦᠷᠭᠡᠨ ᠰᠢᠭᠦᠬᠦ᠂ ᠲᠦᠷᠭᠡᠨ ᠳᠠᠭᠤᠰᠬᠠᠬᠤ︾ ︽ᠭᠤᠷᠪᠠᠨ ᠲᠦᠷᠭᠡᠨ︾ ᠤ ᠵᠠᠭᠪᠤᠷ ᠢ ᠬᠡᠷᠡᠭᠵᠢᠭᠦᠯᠵᠦ᠂ ᠬᠥᠳᠡᠯᠮᠦᠷᠢ ᠶᠢᠨ ᠮᠠᠷᠭᠤᠯᠳᠤᠭᠠᠨ ᠤ ᠬᠡᠷᠡᠭ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠠᠵᠢᠯ ᠤᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠰᠡᠳᠬᠢᠯ ᠲᠠᠯᠪᠢᠵᠤ ᠬᠠᠶᠢᠷ᠎ᠠ ᠰᠡᠳᠬᠢᠯᠭᠡ ᠪᠠᠷ ᠢᠶᠠᠨ᠂ ᠨᠠᠩ ᠬᠠᠯᠠᠭᠤᠨ ᠳᠤᠯᠠᠭᠠᠨ ᠠᠵᠢᠯᠯᠠᠬᠤ ᠠᠷᠭ᠎ᠠ ᠪᠠᠷ ᠬᠥᠳᠡᠯᠮᠦᠷᠢᠴᠢᠳ ᠤᠨ ᠠᠰᠢᠭ ᠲᠤᠰᠠ ᠶᠢ ᠬᠠᠮᠠᠭᠠᠯᠠᠵᠤ᠂ ᠪᠥᠬᠦ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠪᠠ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃        ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠵᠠᠮ ᠢ ᠰᠠᠭᠠᠳ ᠦᠭᠡᠢ ᠪᠣᠯᠭᠠᠵᠤ ᠬᠡᠷᠡᠭ ᠢ ︽ᠲᠦᠷᠭᠡᠨ ᠰᠢᠢᠳᠪᠦᠷᠢᠯᠡᠬᠦ︾ ᠪᠠᠷ ᠪᠠᠶᠢᠨ᠎ᠠ        ᠰᠢᠭᠤᠶᠢᠲᠤ ᠲᠣᠭᠤᠷᠢᠭ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠤᠷᠢᠶ᠎ᠠ ᠨᠢ ᠲᠤᠬᠠᠢ ᠶᠢᠨ ᠬᠥᠮᠥᠨ ᠤ ᠭᠤᠶᠤᠴᠢᠯᠠᠯ ᠤᠨ ᠮᠠᠲ᠋ᠧᠷᠢᠶᠠᠯ ᠤᠨ ᠪᠢᠴᠢᠭ ᠢ ᠵᠢᠷᠤᠮᠵᠢᠯ ᠲᠠᠢ ᠲᠠᠭᠯᠠᠵᠤ᠂ ᠮᠠᠲ᠋ᠧᠷᠢᠶᠠᠯ ᠨᠢ ᠪᠦᠷᠢᠨ ᠭᠦᠢᠴᠡᠳ ᠪᠠᠶᠢᠪᠠᠯ᠂ ᠴᠠᠭ ᠲᠤᠬᠠᠢ ᠳᠤᠨᠢ ᠬᠡᠷᠡᠭ ᠪᠣᠯᠭᠠᠨ ᠳᠡᠩᠰᠡᠯᠡᠨ᠎ᠡ︔ ᠲᠤᠬᠠᠢ ᠶᠢᠨ ᠬᠥᠮᠥᠨ ᠤ ᠬᠠᠩᠭᠠᠭᠰᠠᠨ ᠮᠠᠲ᠋ᠧᠷᠢᠶᠠᠯ ᠨᠢ ᠪᠦᠷᠢᠨ ᠪᠤᠰᠤ ᠪᠠᠶᠢᠪᠠᠯ᠂ ᠲᠤᠬᠠᠢ ᠶᠢᠨ ᠬᠥᠮᠥᠨ ᠳᠤ ᠬᠡᠷᠡᠭᠰᠡᠬᠦ ᠬᠡᠷᠡᠭ ᠪᠣᠯᠭᠠᠨ ᠳᠠᠩᠰᠠᠯᠠᠬᠤ ᠮᠠᠲ᠋ᠧᠷᠢᠶᠠᠯ ᠢ ᠨᠢᠭᠡ ᠯᠡ ᠤᠳᠠᠭ᠎ᠠ ᠳᠤ ᠮᠡᠳᠡᠭᠳᠡᠵᠦ᠂ ᠬᠡᠷᠡᠭ ᠪᠣᠯᠭᠠᠨ ᠳᠠᠩᠰᠠᠯᠠᠬᠤ ᠴᠠᠭ ᠢ ᠪᠣᠭᠤᠨᠢᠰᠬᠠᠵᠤ᠂ ᠬᠥᠳᠡᠯᠮᠦᠷᠢᠴᠢᠨ ᠢ ᠨᠢᠭᠡ ᠯᠡ ᠤᠳᠠᠭ᠎ᠠ ᠭᠦᠶᠦᠯᠭᠡᠬᠦ ᠪᠣᠯᠭᠠᠨ᠎ᠠ᠃        ᠬᠡᠷᠡᠭ ᠰᠢᠢᠳᠪᠦᠷᠢᠯᠡᠬᠦ ᠶᠠᠪᠤᠴᠠ ᠶᠢ ᠰᠢᠯᠢᠳᠡᠭᠵᠢᠭᠦᠯᠬᠦ ᠬᠡᠷᠡᠭ ᠤᠨ ︽ᠲᠦᠷᠭᠡᠨ ᠰᠢᠭᠦᠯᠲᠡ︾        ᠪᠣᠳᠠᠲᠤ ᠶᠠᠪᠤᠳᠠᠯ ᠨᠢ ᠲᠣᠳᠣᠷᠬᠠᠢ᠂ ᠭᠡᠷᠡᠴᠢ ᠪᠠᠷᠢᠮᠲᠠ ᠨᠢ ᠪᠦᠷᠢᠨ ᠭᠦᠢᠴᠡᠳ ᠬᠥᠳᠡᠯᠮᠦᠷᠢ ᠶᠢᠨ ᠮᠠᠷᠭᠤᠯᠳᠤᠭᠠᠨ ᠤ ᠬᠡᠷᠡᠭ ᠤᠨ ᠪᠦᠬᠦ ᠶᠠᠪᠤᠴᠠ ᠶᠢ ᠰᠢᠯᠢᠳᠡᠭᠵᠢᠭᠦᠯᠦᠨ ᠰᠢᠢᠳᠪᠦᠷᠢᠯᠡᠬᠦ ᠶᠢ ᠬᠡᠷᠡᠭᠵᠢᠭᠦᠯᠵᠦ᠂ ᠬᠡᠷᠡᠭ ᠪᠣᠯᠭᠠᠨ ᠳᠠᠩᠰᠠᠯᠠᠭᠰᠠᠨ ᠤ ᠳᠠᠷᠠᠭ᠎ᠠ ᠤᠲᠠᠰᠤ ᠪᠠᠷ ᠪᠤᠶᠤ ᠰᠢᠤᠳᠠᠨ ᠢᠶᠠᠷ ᠢᠯᠡᠭᠡᠬᠦ ᠠᠷᠭ᠎ᠠ ᠮᠠᠶ᠋ᠢᠭ ᠢᠶᠠᠷ ᠲᠠᠷᠠᠭᠠᠴᠢ ᠶᠢᠨ ᠬᠥᠨᠳᠡᠯᠡᠨ ᠠᠴᠠ ᠲᠠᠰᠤᠯᠬᠤ ᠵᠦᠢᠯᠡᠰ ᠢ ᠲᠤᠬᠠᠢ ᠶᠢᠨ ᠬᠥᠮᠥᠨ ᠳᠤ ᠨᠢᠭᠡ ᠯᠡ ᠤᠳᠠᠭ᠎ᠠ ᠶᠢᠨ ᠴᠢᠨᠠᠷᠲᠠᠢ ᠪᠠᠷ ᠮᠡᠳᠡᠭᠳᠡᠵᠦ᠂ ᠲᠤᠬᠠᠢ ᠶᠢᠨ ᠬᠥᠮᠥᠨ ᠤ ᠢᠯᠡᠭᠦᠦ ᠭᠦᠶᠦᠬᠦ ᠠᠴᠠ ᠵᠠᠶᠢᠯᠠᠰᠬᠢᠬᠦ ᠬᠡᠷᠡᠭᠲᠡᠢ᠃ ᠬᠡᠷᠡᠭ ᠤᠨ ᠪᠠᠶᠢᠳᠠᠯ ᠢ ᠦᠨᠳᠦᠰᠦᠯᠡᠨ ᠲᠢᠩᠬᠢᠮ ᠨᠡᠭᠡᠭᠡᠬᠦ ᠴᠠᠭ ᠢ ᠠᠮᠢᠳᠤᠯᠢᠭ ᠢᠶᠠᠷ ᠲᠣᠭᠲᠠᠭᠠᠵᠤ᠂ ᠲᠢᠩᠬᠢᠮ ᠤᠨ ᠰᠢᠭᠦᠯᠲᠡ ᠶᠢᠨ ᠵᠢᠷᠤᠮ ᠳᠤ ᠲᠦᠷᠭᠡᠨ ᠣᠷᠣᠭᠤᠯᠵᠤ᠂ ᠲᠢᠩᠬᠢᠮ ᠤᠨ ᠰᠢᠭᠦᠯᠲᠡ ᠶᠢᠨ ᠴᠠᠭ ᠢ ᠠᠯᠢ ᠴᠢᠳᠠᠬᠤ ᠪᠠᠷ ᠪᠣᠭᠤᠨᠢᠰᠬᠠᠵᠤ᠂ ᠰᠢᠭᠦᠬᠦ ᠴᠠᠭ ᠤᠨ ᠬᠢᠵᠠᠭᠠᠷ ᠢ ᠪᠠᠭᠠᠰᠬᠠᠪᠠ᠃        ᠳᠦᠷᠢᠮ ᠤᠨ ᠳᠠᠪᠠᠭᠤᠯᠢᠭ ᠢ ᠪᠠᠳᠠᠷᠠᠭᠤᠯᠵᠤ ︽ᠲᠦᠷᠭᠡᠨ ᠵᠠᠩᠭᠢᠷᠠᠬᠤ︾ ᠶᠢ ᠪᠡᠶᠡᠯᠡᠭᠦᠯᠦᠨ᠎ᠡ        ᠰᠢᠭᠤᠶᠢᠲᠤ ᠲᠣᠭᠤᠷᠢᠭ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠤᠷᠢᠶ᠎ᠠ ᠮᠠᠷᠭᠤᠯᠳᠤᠭᠠᠨ ᠤ ᠬᠡᠷᠡᠭ ᠲᠤ ᠡᠶᠡᠳᠡᠭᠦᠯᠬᠦ ᠶᠢ ᠲᠡᠷᠢᠭᠦᠨ ᠳᠤ ᠲᠠᠯᠪᠢᠵᠤ᠂ ᠲᠣᠬᠢᠷᠠᠭᠤᠯᠵᠤ ᠪᠣᠯᠬᠤ ᠶᠢ ᠨᠢ ᠴᠥᠮ ᠲᠣᠬᠢᠷᠠᠭᠤᠯᠵᠤ᠂ ᠬᠠᠮᠤᠭ ᠤᠨ ᠶᠡᠭᠡ ᠴᠢᠷᠮᠠᠶᠢᠯᠭ᠎ᠠ ᠪᠠᠷ ᠬᠡᠷᠡᠭ ᠰᠢᠢᠳᠪᠦᠷᠢᠯᠡᠬᠦ ᠶᠠᠪᠤᠴᠠ ᠶᠢ ᠪᠣᠭᠤᠨᠢᠰᠬᠠᠵᠤ᠂ ᠲᠤᠬᠠᠢ ᠶᠢᠨ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠦᠳᠲᠡᠷ ᠲᠦᠷᠭᠡᠨ ᠬᠠᠮᠠᠭᠠᠯᠠᠪᠠ; ᠡᠶᠡᠳᠡᠭᠦᠯᠦᠭᠡᠳ ᠪᠦᠲᠦᠭᠰᠡᠨ ᠦᠭᠡᠢ ᠪᠤᠶᠤ ᠡᠶᠡᠳᠡᠭᠦᠯᠬᠦ ᠶᠢᠨ ᠠᠷᠭ᠎ᠠ ᠦᠭᠡᠢ ᠪᠣᠯᠤᠭᠰᠠᠨ ᠮᠠᠷᠭᠤᠯᠳᠤᠭᠠᠨ ᠳᠤ ᠴᠠᠭ ᠲᠤᠬᠠᠢ ᠳᠤᠨᠢ ᠲᠣᠭᠲᠠᠭᠠᠯᠲᠠ ᠭᠠᠷᠭᠠᠵᠤ᠂ ᠬᠡᠷᠡᠭ ᠢ ᠲᠦᠷᠭᠡᠨ ᠰᠢᠭᠦᠵᠦ ᠳᠠᠭᠤᠰᠬᠠᠪᠠ᠃        ︽ᠲᠦᠷᠭᠡᠨ ᠪᠠᠶᠢᠭᠤᠯᠬᠤ᠂ ᠲᠦᠷᠭᠡᠨ ᠰᠢᠭᠦᠬᠦ᠂ ᠲᠦᠷᠭᠡᠨ ᠳᠠᠭᠤᠰᠬᠠᠬᠤ︾ ︽ᠭᠤᠷᠪᠠᠨ ᠲᠦᠷᠭᠡᠨ︾ ᠤ ᠵᠠᠭᠪᠤᠷ ᠢ ᠬᠡᠷᠡᠭᠯᠡᠬᠦ ᠳᠡᠭᠡᠨ ᠬᠡᠷᠡᠭ ᠢ ᠲᠦᠷᠭᠡᠨ ᠰᠢᠢᠳᠪᠦᠷᠢᠯᠡᠬᠦ᠂ ᠳᠥᠭᠦᠮ ᠳᠥᠲᠡ᠂ ᠠᠮᠢᠳᠤᠯᠢᠭ ᠠᠷᠭ᠎ᠠ ᠮᠠᠶ᠋ᠢᠭ ᠢᠶᠠᠷ ᠳᠠᠮᠵᠢᠭᠤᠯᠤᠨ ᠬᠡᠷᠡᠭ ᠢ ᠲᠣᠬᠢᠲᠠᠢ ᠰᠢᠢᠳᠪᠦᠷᠢᠯᠡᠵᠦ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠴᠠᠭ ᠲᠤᠬᠠᠢ ᠳᠤᠨᠢ ᠬᠠᠮᠠᠭᠠᠯᠠᠪᠠ᠃ ︽ᠭᠤᠷᠪᠠᠨ ᠲᠦᠷᠭᠡᠨ︾ ᠤ ᠵᠠᠭᠪᠤᠷ ᠨᠢ ᠬᠥᠳᠡᠯᠮᠦᠷᠢᠴᠢᠨ ᠤ ᠬᠥᠳᠡᠯᠮᠦᠷᠢ ᠶᠢᠨ ᠵᠢᠭᠤᠷᠠᠯᠳᠤᠭᠠᠨ ᠢ ᠰᠢᠢᠳᠪᠦᠷᠢᠯᠡᠬᠦ ᠬᠤᠭᠤᠴᠠᠭ᠎ᠠ ᠶᠢ ᠪᠣᠭᠤᠨᠢᠰᠬᠠᠭᠰᠠᠨ ᠢᠶᠠᠷ ᠪᠠᠷᠠᠬᠤ ᠦᠭᠡᠢ ᠨᠡᠩ ᠴᠤ ᠬᠥᠳᠡᠯᠮᠦᠷᠢ ᠶᠢᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠡᠷᠡᠭ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠤ ᠤᠯᠠᠮ ᠠᠴᠠ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠬᠥᠭᠵᠢᠯᠲᠡ ᠶᠢ ᠠᠬᠢᠭᠤᠯᠵᠤ᠂ ᠬᠥᠳᠡᠯᠮᠦᠷᠢ ᠶᠢᠨ ᠬᠥᠨᠳᠡᠯᠡᠨ ᠠᠴᠠ ᠲᠠᠰᠤᠯᠬᠤ ᠶᠢᠨ ᠨᠡᠶᠢᠭᠡᠮ ᠤᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠡᠢ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号