ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦᠨ ᠤ ᠠᠶᠤᠯᠭᠦᠢ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2024/4/7
        ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠤᠱᠯᠠᠭᠤᠯᠵᠤ᠂ ᠭᠤᠣᠯ ᠰᠡᠳᠦᠪᠲᠦ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠶᠢ ᠭᠦᠨᠵᠡᠭᠡᠢ ᠪᠣᠳᠠᠲᠠᠢ ᠲᠤᠤᠱᠯᠠᠭᠤᠯᠬᠤ ᠶᠢᠨ ᠲᠥᠯᠥᠭᠡ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠥᠪ ᠤᠨ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠶᠢᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠣᠣᠷ ᠢ ᠨᠢᠭᠲᠠ ᠰᠦᠯᠵᠢᠨ ᠪᠠᠬᠢᠵᠢᠭᠦᠯᠵᠦ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠦᠨ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃          ᠲᠥᠰᠥᠪ ᠤᠨ ᠭᠦᠢᠴᠡᠳᠬᠡᠯ ᠢ ᠨᠠᠷᠢᠨ ᠬᠢᠨᠠᠮᠠᠭᠠᠢ ᠲᠠᠭᠯᠠᠵᠤ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦᠨ ᠤ ᠵᠠᠷᠤᠯᠭ᠎ᠠ ᠶᠢ ᠦᠨᠡᠨᠬᠦᠦ ᠪᠠᠲᠤᠯᠠᠬᠤ ᠬᠡᠷᠡᠭᠲᠡᠢ᠃ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠲᠥᠰᠥᠪ ᠤᠨ ᠭᠦᠢᠴᠡᠳᠬᠡᠯ ᠢ ᠰᠢᠨᠵᠢᠯᠡᠬᠦ ᠤᠬᠠᠭᠠᠨᠴᠢ᠂ ᠴᠢᠩᠭ᠎ᠠ ᠨᠢᠮᠪᠠᠢ ᠲᠠᠭᠯᠠᠵᠤ᠂ ᠨᠡᠶᠢᠭᠡᠮ ᠤᠨ ᠪᠠᠲᠤᠯᠠᠭ᠎ᠠ ᠶᠢᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠪᠠ᠃ ᠡᠳᠦᠷ ᠲᠤᠲᠤᠮ ᠤᠨ ᠠᠵᠢᠯ ᠤᠨ ᠳᠤᠮᠳᠠ᠂ ᠪᠢᠳᠡ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠵᠠᠷᠤᠯᠭ᠎ᠠ ᠶᠢᠨ ᠲᠥᠰᠥᠪ ᠤᠨ ᠭᠦᠢᠴᠡᠳᠬᠡᠯ ᠢ ᠴᠢᠩᠭ᠎ᠠ ᠬᠡᠷᠡᠭᠵᠢᠭᠦᠯᠵᠦ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠵᠠᠷᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢ ᠠᠵᠢᠯ ᠤᠨ ᠠᠬᠢᠴᠠ ᠶᠣᠰᠣᠭᠠᠷ ᠴᠠᠭ ᠲᠤᠬᠠᠢ ᠳᠤᠨᠢ ᠲᠡᠩᠴᠡᠭᠦᠷᠢᠲᠡᠢ ᠰᠢᠯᠵᠢᠭᠦᠯᠦᠨ ᠥᠭᠬᠦ ᠶᠢ ᠪᠡᠶᠡᠯᠡᠭᠦᠯᠪᠡ᠃         ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠵᠦᠢᠯ ᠤᠨ ᠳᠠᠭᠠᠳᠬᠠᠯ ᠤᠨ ᠰᠠᠭᠤᠷᠢ ᠮᠥᠩᠭᠦ ᠲᠠᠷᠬᠠᠭᠠᠬᠤ ᠶᠢ ᠦᠨᠡᠨ ᠬᠦ ᠪᠠᠲᠤᠯᠠᠨ᠎ᠠ᠃ 2024 ᠣᠨ ᠤ 2 ᠰᠠᠷ᠎ᠠ ᠳᠤ ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠯᠭ᠎ᠠ 1537.63 ᠲᠦᠮᠡᠨ ᠲᠥᠭᠦᠷᠢᠭ᠂ ᠪᠠᠶᠢᠭᠤᠯᠤᠯᠭ᠎ᠠ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠯᠭ᠎ᠠ 1153.06 ᠲᠦᠮᠡᠨ ᠲᠥᠭᠦᠷᠢᠭ᠂ ᠪᠠᠶᠢᠭᠤᠯᠤᠯᠭ᠎ᠠ ᠶᠢᠨ ᠠᠵᠢᠯ ᠮᠡᠷᠭᠡᠵᠢᠯ ᠤᠨ ᠣᠨ ᠤ ᠮᠥᠩᠭᠦ ᠶᠢ 73.65 ᠲᠦᠮᠡᠨ ᠲᠥᠭᠦᠷᠢᠭ ᠬᠤᠪᠢᠶᠠᠪᠠ᠃ ᠡᠳᠦᠷ ᠲᠤᠲᠤᠮ ᠤᠨ ᠠᠵᠢᠯ ᠤᠨ ᠳᠤᠮᠳᠠ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠦᠨ᠂ ᠰᠠᠭᠤᠷᠢ ᠮᠥᠩᠭᠦ ᠶᠢᠨ ᠬᠡᠷᠡᠭᠯᠡᠯᠲᠡ ᠶᠢ ᠬᠢᠨᠠᠨ ᠬᠠᠷᠭᠤᠭᠤᠯᠬᠤ ᠪᠣᠭᠤᠮᠲᠠ ᠪᠠ ᠨᠡᠶᠢᠭᠡᠮ ᠤᠨ ᠬᠢᠨᠠᠯᠲᠠ ᠲᠠᠯᠪᠢᠬᠤ ᠪᠣᠭᠤᠮᠲᠠ ᠶᠢ ᠴᠢᠩᠭ᠎ᠠ ᠠᠳᠬᠤᠵᠤ᠂ ᠲᠣᠭᠲᠠᠭᠰᠠᠨ ᠲᠠᠰ ᠳᠠᠷᠠᠭᠠᠯᠠᠯ ᠶᠣᠰᠣᠭᠠᠷ ᠣᠯᠭᠤᠮᠵᠢ ᠭᠥᠷᠳᠡᠬᠦ ᠬᠥᠮᠥᠰ ᠲᠤ ᠬᠢᠨᠠᠮᠠᠭᠠᠢ ᠬᠢᠨᠠᠨ ᠬᠠᠷᠭᠤᠭᠤᠯᠬᠤ ᠶᠢᠨ ᠬᠠᠮᠲᠤ ᠴᠠᠭ ᠲᠤᠬᠠᠢ ᠳᠤᠨᠢ ᠰᠠᠭᠤᠷᠢ ᠮᠥᠩᠭᠦ ᠰᠢᠯᠵᠢᠭᠦᠯᠦᠨ ᠥᠭᠴᠦ᠂ ᠨᠠᠰᠤᠵᠢᠯ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠡᠷᠬᠡ ᠲᠡᠭᠰᠢ᠂ ᠵᠢᠷᠤᠮᠵᠢᠯ ᠲᠠᠢ᠂ ᠡᠮᠬᠢ ᠵᠢᠷᠤᠮ ᠲᠠᠢ ᠪᠠᠷ ᠨᠠᠶᠢᠳᠠᠪᠤᠷᠢᠵᠢᠭᠤᠯᠤᠭᠳᠠᠬᠤ ᠶᠢ ᠦᠨᠡᠨᠬᠦ ᠪᠠᠲᠤᠯᠠᠵᠤ᠂ ᠨᠠᠰᠤᠵᠢᠯ ᠤᠨ ᠳᠠᠭᠠᠳᠬᠠᠯ ᠤᠨ ᠣᠯᠭᠤᠮᠵᠢ ᠶᠢ ᠴᠠᠭ ᠲᠤᠬᠠᠢ  ᠳᠤᠨᠢ ᠲᠤᠭ᠎ᠠ ᠶᠣᠰᠣᠭᠠᠷ ᠣᠯᠭᠤᠨ᠎ᠠ᠃        ᠨᠡᠶᠢᠭᠡᠮ ᠤᠨ ᠪᠠᠲᠤᠯᠠᠭ᠎ᠠ ᠶᠢᠨ ᠡᠳ᠋ ᠤᠨ ᠶᠠᠪᠤᠳᠠᠯ ᠤᠨ ᠰᠠᠭᠤᠷᠢ ᠬᠠᠮᠢᠶᠠᠷᠤᠯᠲᠠ ᠶᠢ ᠴᠢᠩᠭᠠᠳᠬᠠᠵᠤ᠂ ᠰᠠᠭᠤᠷᠢ ᠮᠥᠩᠭᠦ ᠶᠢᠨ ᠠᠶᠤᠯᠭᠦᠢ ᠠᠵᠢᠯᠯᠠᠭᠠᠨ ᠢ ᠦᠨᠡᠨ ᠬᠦ ᠪᠠᠲᠤᠯᠠᠨ᠎ᠠ᠃ ᠨᠡᠶᠢᠭᠡᠮ ᠤᠨ ᠳᠠᠭᠠᠳᠬᠠᠯ ᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠨᠡᠶᠢᠭᠡᠮ ᠤᠨ ᠳᠠᠭᠠᠳᠬᠠᠯ ᠤᠨ ᠡᠳ᠋ ᠤᠨ ᠶᠠᠪᠤᠳᠠᠯ ᠢ ᠰᠦᠯᠵᠢᠶᠡᠵᠢᠭᠦᠯᠦᠨ ᠲᠣᠭᠠᠴᠠᠭ᠎ᠠ ᠬᠢᠬᠦ ᠬᠠᠮᠢᠶᠠᠷᠤᠯᠲᠠ ᠶᠢᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠪᠠᠩᠬᠢ ᠶᠢᠨ ᠶᠣᠰᠣᠭᠠᠷ ᠲᠠᠩᠰᠠ ᠡᠪᠬᠡᠮᠡᠯ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠴᠠᠭ ᠲᠤᠬᠠᠢ ᠳᠤᠨᠢ ᠬᠢᠨᠠᠨ ᠬᠠᠷᠭᠤᠭᠤᠯᠬᠤ ᠶᠢᠨ ᠬᠠᠮᠲᠤ ᠲᠠᠩᠰᠠ ᠨᠢᠭᠡᠪᠦᠷᠢ ᠶᠢ ᠰᠠᠶᠢᠲᠤᠷ ᠬᠢᠵᠦ᠂ ᠪᠥᠬᠦ ᠣᠷᠣᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠰᠠᠷ᠎ᠠ ᠶᠢᠨ ᠮᠡᠳᠡᠭᠦᠯᠦᠯᠲᠡ᠂ ᠨᠢᠭᠲᠠᠯᠠᠨ ᠪᠤᠳᠤᠭᠴᠢ ᠶᠢᠨ ᠲᠣᠭᠠᠴᠠᠭ᠎ᠠ ᠬᠢᠭᠰᠡᠨ ᠮᠠᠲ᠋ᠧᠷᠢᠶᠠᠯ ᠢ ᠬᠤᠲᠠ ᠶᠢᠨ ᠱᠠᠲᠤᠨ ᠳᠤ ᠬᠦᠷᠲᠡᠯ᠎ᠡ ᠳᠡᠭᠡᠭᠰᠢ ᠮᠡᠳᠡᠭᠦᠯᠵᠦ᠂ ᠰᠠᠭᠤᠷᠢ ᠮᠥᠩᠭᠦ ᠶᠢᠨ ᠠᠮᠤᠷ ᠲᠦᠪᠰᠢᠨ ᠢᠶᠠᠷ ᠠᠵᠢᠯᠯᠠᠬᠤ ᠶᠢ ᠪᠦᠲᠦᠮᠵᠢᠲᠡᠶ ᠪᠠᠲᠤᠯᠠᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号