ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠢᠭᠡᠳ ᠰᠢᠭᠤᠶᠢᠲᠤ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠴᠠᠯᠢᠩ ᠥᠷᠢᠲᠦᠬᠦ ᠶᠢ ᠵᠠᠰᠠᠬᠤ ᠠᠵᠢᠯ ᠢ ᠬᠠᠮᠲᠤᠪᠠᠷ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2024/4/7
        ᠠᠷᠠᠳ ᠤᠨ ᠠᠮᠢᠳᠤᠷᠠᠯ ᠢ ᠬᠠᠮᠠᠭᠠᠯᠠᠬᠤ᠂ ᠠᠷᠠᠳ ᠤᠨ ᠠᠰᠢᠭ ᠲᠤᠰᠠ ᠶᠢ ᠬᠠᠮᠠᠭᠠᠯᠠᠬᠤ᠂ ᠡᠶ᠎ᠡ ᠵᠣᠬᠢᠴᠠᠯᠳᠤ ᠭᠦᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠵᠤ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠎ᠠ᠃ ᠣᠶᠢᠷ᠎ᠠ ᠳᠤ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ ᠰᠢᠭᠤᠶᠢᠲᠤ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠲᠠᠢ ᠬᠠᠮᠲᠤᠷᠠᠨ ᠴᠠᠯᠢᠩ ᠥᠷᠢᠲᠦᠵᠦ ᠪᠠᠶᠢᠭ᠎ᠠ ᠠᠵᠤ ᠠᠬᠤᠶᠢᠯᠠᠯ ᠳᠤ ᠪᠣᠯᠵᠣᠵᠤ᠂ ᠬᠥᠯᠥᠰᠦᠨ ᠠᠵᠢᠯᠴᠢᠨ ᠤ ᠴᠠᠯᠢᠩ ᠠᠪᠴᠤ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ ᠪᠠᠶᠢᠨ᠎ᠠ᠃ 
微信截图_20240407103413.png
        ᠡᠩ ᠲᠡᠷᠢᠭᠦᠨ ᠳᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ ᠠᠵᠤ ᠠᠬᠤᠶᠢᠯᠠᠯ ᠤᠨ ᠴᠠᠯᠢᠩ ᠥᠷᠢᠲᠦᠭᠰᠡᠨ ᠬᠡᠷᠡᠭ ᠢ ᠪᠠᠶᠢᠴᠠᠭᠠᠭᠰᠠᠨ ᠪᠠ ᠰᠢᠢᠳᠪᠦᠷᠢᠯᠡᠭᠰᠡᠨ ᠪᠠᠶᠢᠳᠠᠯ ᠢ ᠲᠠᠨᠢᠯᠴᠠᠭᠤᠯᠵᠠᠢ᠃ ᠳᠠᠷᠠᠭ᠎ᠠ ᠨᠢ᠂ ᠪᠠᠶᠢᠴᠠᠭᠠᠬᠤ ᠬᠤᠷᠢᠶ᠎ᠠ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ ᠶᠢ ᠵᠢᠯᠣᠭᠤᠳᠤᠨ ᠰᠢᠭᠦᠬᠦ ᠬᠤᠷᠢᠶ᠎ᠠ ᠶᠢ ᠵᠢᠯᠣᠭᠤᠳᠤᠨ ᠬᠤᠯᠪᠣᠭᠳᠠᠯ ᠪᠦᠬᠦᠢ ᠬᠠᠤᠯᠢ ᠳᠦᠷᠢᠮ ᠪᠠ ᠴᠤᠪᠤᠷᠠᠯ ᠢ ᠠᠯᠪᠠᠲᠠᠨ ᠭᠦᠢᠴᠡᠳᠬᠡᠯᠭᠡᠬᠦ ᠪᠠᠷ ᠭᠤᠶᠤᠴᠢᠯᠠᠬᠤ ᠶᠢᠨ ᠬᠠᠮᠲᠤ᠂ ᠠᠵᠤ ᠠᠬᠤᠶᠢᠯᠠᠯ ᠤᠨ ᠲᠤᠯᠭᠠᠷᠠᠵᠤ ᠮᠡᠳᠡᠬᠦ ᠵᠠᠷᠭᠤ ᠪᠠ ᠭᠦᠢᠴᠡᠳᠬᠡᠬᠦ ᠠᠶᠤᠯ ᠲᠦᠭᠰᠢᠭᠦᠷᠢ ᠶᠢ ᠴᠢᠬᠤᠯᠠᠴᠢᠯᠠᠪᠠ᠃ ᠠᠵᠤ ᠠᠬᠤᠶᠢᠯᠠᠯ ᠤᠨ ᠬᠠᠷᠢᠭᠤᠴᠠᠯᠭᠠᠲᠠᠨ᠂ 2024 ᠣᠨ ᠤ 4 ᠰᠠᠷ᠎ᠠ ᠶᠢᠨ 8 ᠡᠳᠦᠷ ᠠᠴᠠ ᠡᠮᠦᠨ᠎ᠡ ᠪᠡᠯᠡ ᠮᠥᠩᠭᠦ ᠴᠤᠭᠯᠠᠭᠤᠯᠵᠤ ᠴᠠᠯᠢᠩ ᠥᠷᠳᠡᠬᠦ ᠠᠰᠠᠭᠤᠳᠠᠯ ᠢ ᠰᠢᠢᠳᠪᠦᠷᠢᠯᠡᠨ᠎ᠡ ᠭᠡᠵᠦ ᠢᠯᠡᠳᠬᠡᠵᠡᠢ᠃          ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠭᠡᠰᠡᠨ ᠦᠭᠡᠢ᠂ ᠪᠠᠶᠢᠴᠠᠭᠠᠬᠤ ᠪᠠᠶᠢᠭᠤᠯᠭ᠎ᠠ ᠭᠡᠰᠡᠨ ᠦᠭᠡᠢ᠂ ᠠᠷᠠᠳ ᠣᠯᠠᠨ ᠤ ᠠᠰᠢᠭ ᠲᠤᠰᠠ ᠳᠤ ᠬᠤᠯᠪᠣᠭᠳᠠᠭᠰᠠᠨ ᠶᠡᠭᠡ ᠬᠡᠷᠡᠭ ᠤᠨ ᠡᠮᠦᠨ᠎ᠡ ᠴᠥᠮ ᠵᠠᠶᠢᠯᠠᠭᠤᠯᠵᠤ ᠪᠣᠯᠣᠰᠢ ᠦᠭᠡᠢ ᠬᠠᠷᠢᠭᠤᠴᠠᠯᠭ᠎ᠠ ᠲᠠᠢ ᠶᠤᠮ᠃ ᠬᠤᠶᠠᠷ ᠲᠠᠯ᠎ᠠ ᠪᠠᠷ ᠢᠶᠠᠨ ᠮᠡᠳᠡᠭᠡ ᠵᠠᠩᠭᠢ ᠶᠢᠨ ᠨᠡᠪᠲᠡᠷᠡᠯᠴᠡᠭᠡ ᠪᠠᠨ ᠤᠯᠠᠮ ᠨᠢᠭᠡ ᠠᠯᠬᠤᠮ ᠴᠢᠩᠭᠠᠳᠬᠠᠨ᠂ ᠪᠠᠷᠢᠯᠭ᠎ᠠ ᠶᠢᠨ ᠠᠵᠢᠯ ᠲᠥᠷᠥᠯ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠲᠡᠯᠢᠭ ᠬᠡᠷᠡᠭ ᠢ ᠰᠢᠢᠳᠪᠦᠷᠢᠯᠡᠬᠦ ᠶᠢ ᠴᠢᠩᠭᠠᠳᠬᠠᠨ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽1+1 ﹀ 2︾ ᠤ ᠠᠵᠢᠯ ᠤᠨ ᠦᠷ᠎ᠡ ᠪᠦᠲᠦᠮᠵᠢ ᠶᠢ ᠪᠤᠢ ᠪᠣᠯᠭᠠᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠃
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号