ᠣᠶᠢᠷ᠎ᠠ ᠶᠢᠨ ᠵᠢᠯ ᠤᠨ ᠲᠤᠷᠰᠢ᠂ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠬᠦᠨᠳᠦ | ᠣᠨᠴᠠ ᠶᠡᠭᠡ ᠡᠪᠡᠳᠴᠢᠨ ᠤ ᠡᠮ ᠡᠮᠨᠡᠯᠭᠡ ᠶᠢᠨ ᠳᠠᠭᠠᠳᠬᠠᠯ ᠪᠣᠯᠣᠨ ᠠᠪᠤᠷᠠᠨ ᠲᠤᠰᠠᠯᠠᠬᠤ ᠳᠦᠷᠢᠮ ᠢ ᠲᠠᠰᠤᠷᠠᠯᠲᠠ | ᠦᠭᠡᠢ ᠲᠣᠭᠲᠠᠭᠠᠨ ᠲᠡᠭᠦᠯᠳᠡᠷᠵᠢᠭᠦᠯᠵᠦ᠂ ᠬᠦᠴᠢᠷᠳᠡᠯᠲᠡᠢ ᠣᠯᠠᠨ ᠲᠦᠮᠡᠨ ᠤ ᠬᠦᠨᠳᠦ ᠣᠨᠴᠠ ᠶᠡᠭᠡ ᠡᠪᠡᠳᠴᠢᠨ | ᠡᠮᠭᠡᠭ ᠤᠨ ᠡᠮᠴᠢᠯᠡᠭᠡᠨ ᠤ ᠳᠠᠷᠤᠭᠠᠰᠤ ᠶᠢ ᠬᠥᠩᠭᠡᠷᠡᠭᠦᠯᠵᠦ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠰᠠᠭᠤᠷᠢ ᠠᠴᠠ | ᠨᠢ ᠲᠤᠯᠬᠤ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢᠨ ᠬᠢᠷᠢ ᠲᠦᠪᠰᠢᠨ ᠢ ᠦᠷᠭᠦᠯᠵᠢᠯᠡᠨ ᠰᠠᠶᠢᠵᠢᠷᠠᠭᠤᠯᠬᠤ ᠪᠠ ᠳᠡᠭᠡᠭᠰᠢᠯᠡᠭᠦᠯᠵᠦ᠂ ᠡᠮ ᠡᠮᠨᠡᠯᠭᠡ ᠶᠢᠨ | ᠠᠪᠤᠷᠠᠨ ᠲᠤᠰᠠᠯᠠᠬᠤ ᠪᠠᠲᠤᠯᠠᠭ᠎ᠠ ᠶᠢᠨ ᠲᠣᠣᠷᠵᠢᠯ ᠢ ᠲᠠᠰᠤᠷᠠᠯᠲᠠ ᠦᠭᠡᠢ ᠪᠠᠲᠤ ᠪᠠᠬᠢ ᠪᠠᠶᠢᠭᠤᠯᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠲᠤᠰᠠᠯᠠᠵᠤ᠂ ᠡᠪᠡᠳᠴᠢᠨ ᠠᠴᠠ ᠪᠣᠯᠵᠤ ᠬᠡᠪᠴᠢᠶ᠎ᠡ | ᠨᠢ ᠪᠣᠯᠵᠤ ᠶᠠᠳᠠᠭᠤᠷᠠᠬᠤ ᠪᠠ ᠳᠠᠭᠢᠨ ᠶᠠᠳᠠᠭᠤᠷᠠᠬᠤ ᠨᠠᠭᠠᠲᠤ ᠵᠠᠬ᠎ᠠ ᠶᠢᠨ ᠬᠢᠵᠠᠭᠠᠷ ᠱᠤᠭᠤᠮ ᠢ ᠪᠠᠲᠤ ᠰᠠᠬᠢᠪᠠ᠃ | ᠰᠢᠭᠤᠶᠢᠲᠤ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ᠮᠡᠳᠡᠭᠡ ᠵᠠᠩᠭᠢ ᠶᠢᠨ ᠤᠬᠠᠭᠤᠯᠭ᠎ᠠ ᠶᠢ | ᠴᠢᠩᠭᠠᠳᠬᠠᠬᠤ᠂ ᠰᠠᠯᠠᠭ᠎ᠠ ᠮᠥᠴᠢᠷ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠬᠤ ᠠᠴᠠ ᠭᠠᠷᠳᠠᠵᠤ᠂ | ᠬᠦᠴᠢᠷᠳᠡᠯᠲᠡᠢ ᠣᠯᠠᠨ ᠲᠦᠮᠡᠨ ᠤ ᠡᠪᠡᠳᠴᠢᠨ ᠦᠵᠡᠭᠦᠯᠭᠦ ᠪᠠᠲᠤᠯᠠᠭ᠎ᠠ ᠶᠢᠨ ᠲᠣᠣᠷ ᠢ ᠪᠠᠲᠤ ᠪᠠᠬᠢ ᠰᠠᠭᠤᠯᠭᠠᠵᠠᠢ᠃ | | ᠨᠢᠭᠡ ᠳᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠬᠦᠴᠢᠷᠳᠡᠯ ᠲᠠᠢ ᠣᠯᠠᠨ | ᠲᠦᠮᠡᠨ ᠢ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠤᠯᠬᠤ ᠪᠠᠷ ᠳᠠᠮᠵᠢᠨ᠂ ᠣᠨᠴᠠᠭᠠᠢ | ᠬᠦᠴᠢᠷᠳᠡᠯ ᠲᠠᠢ ᠣᠯᠠᠨ ᠲᠦᠮᠡᠨ ᠤ ᠳᠠᠭᠠᠳᠬᠠᠯ ᠳᠤ ᠣᠷᠤᠯᠴᠠᠬᠤ ᠶᠢ ᠪᠡᠶᠡᠯᠡᠭᠦᠯᠦᠨ᠎ᠡ᠃ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠦᠨᠳᠦᠰᠦᠨ ᠡᠮᠨᠡᠯᠭᠡ ᠶᠢᠨ ᠳᠠᠭᠠᠳᠬᠠᠯ ᠳᠤ ᠣᠷᠣᠯᠴᠠᠵᠤ᠂ ᠬᠦᠴᠢᠷᠳᠡᠯᠲᠡᠢ ᠣᠯᠠᠨ | ᠲᠦᠮᠡᠨ ᠤ ᠡᠪᠡᠳᠴᠢᠨ ᠦᠵᠡᠭᠦᠯᠭᠦ ᠳᠠᠷᠤᠯᠲᠠ ᠶᠢ ᠬᠥᠩᠭᠡᠷᠡᠭᠦᠯᠬᠦ ᠪᠣᠯ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ | ᠳᠦᠷᠢᠮ ᠢ ᠵᠢᠷᠤᠭᠯᠠᠨ ᠲᠥᠯᠥᠪᠯᠡᠬᠦ ᠨᠢᠭᠡᠳᠦᠭᠡᠷ ᠵᠠᠩᠭᠢᠯᠠᠭ᠎ᠠ ᠪᠣᠯᠣᠨ᠎ᠠ᠃ ᠰᠢᠭᠤᠶᠢᠲᠤ ᠲᠣᠭᠤᠷᠢᠭ ᠤᠨ ᠡᠮᠴᠢᠯᠡᠭᠡᠨ ᠤ | ᠳᠠᠭᠠᠳᠬᠠᠯ ᠤᠨ ᠲᠣᠪᠴᠢᠶ᠎ᠠ ᠴᠠᠭ ᠲᠤᠬᠠᠢ ᠳᠤᠨᠢ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠵᠣᠬᠢᠶᠠᠨ | ᠪᠠᠶᠢᠭᠤᠯᠵᠤ᠂ ᠸᠢᠴᠠᠲ ᠲᠠᠬᠢ ᠣᠯᠠᠨ ᠨᠡᠶᠢᠲᠡ ᠶᠢᠨ ᠨᠣᠮᠧᠷ᠂ ᠡᠷᠦᠭᠡ ᠳᠤ ᠣᠷᠣᠬᠤ ᠤᠬᠠᠭᠤᠯᠭ᠎ᠠ᠂ ᠲᠥᠷᠥ ᠶᠢᠨ | ᠪᠣᠳᠣᠯᠭ᠎ᠠ ᠶᠢᠨ ᠪᠣᠯᠪᠠᠰᠤᠷᠠᠭᠤᠯᠤᠯ ᠵᠡᠷᠭᠡ ᠭᠡᠯᠪᠡᠷᠢ ᠪᠠᠷ ᠳᠠᠮᠵᠢᠨ᠂ ᠲᠤᠬᠠᠶᠢᠯᠠᠭᠰᠠᠨ ᠠᠵᠢᠯ ᠢ ᠭᠠᠷᠳᠠᠨ | ᠭᠦᠢᠴᠡᠳᠭᠡᠭᠴᠢ ᠠᠴᠠ ᠲᠣᠭᠲᠠᠭᠰᠠᠨ ᠴᠢᠭ ᠤᠨ ᠡᠮᠴᠢᠯᠡᠭᠡᠨ ᠤ ᠪᠠᠶᠢᠭᠤᠯᠤᠮᠵᠢ ᠶᠢᠨ ᠡᠮᠨᠡᠯᠭᠡ ᠶᠢᠨ ᠠᠵᠢᠯᠲᠠᠨ ᠳᠤ | ᠭᠦᠷᠲᠡᠯ᠎ᠡ᠂ ᠵᠡᠭᠡᠯᠢ ᠭᠤᠳᠤᠮᠵᠢ᠂ ᠰᠤᠮᠤ ᠪᠠᠯᠭᠠᠰᠤ ᠶᠢᠨ ᠡᠮᠴᠢᠯᠡᠭᠡᠨ ᠤ ᠳᠠᠭᠠᠳᠬᠠᠯ ᠢ ᠭᠠᠷᠳᠠᠨ | ᠭᠦᠢᠴᠡᠳᠭᠡᠭᠴᠢ ᠠᠴᠠ ᠲᠣᠰᠬᠤᠨ ᠤ ᠵᠥᠪᠯᠡᠯ᠂ ᠲᠣᠰᠬᠤᠨ ᠤ ᠳᠤᠭᠤᠶᠢᠯᠠᠩ ᠤᠨ ᠡᠮᠴᠢᠯᠡᠭᠡᠨ ᠤ ᠳᠠᠭᠠᠳᠬᠠᠯ ᠤᠨ | ᠲᠤᠰᠬᠠᠢ ᠺᠠᠳᠷ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠨᠢ ᠣᠯᠠᠨ ᠠᠷᠭ᠎ᠠ ᠵᠠᠮ ᠢᠶᠠᠷ᠂ ᠡᠮᠴᠢᠯᠡᠭᠡᠨ ᠤ | ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠲᠣᠣᠷ ᠰᠦᠯᠵᠢᠶ᠎ᠡ ᠶᠢ ᠪᠦᠭᠦ ᠲᠠᠯ᠎ᠠ ᠪᠠᠷ ᠪᠠᠲᠤ | ᠪᠠᠬᠢ ᠵᠣᠬᠢᠶᠠᠨ ᠪᠠᠶᠢᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠠᠪᠤᠷᠠᠨ ᠲᠤᠰᠠᠯᠠᠬᠤ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠬᠦᠴᠢᠷᠳᠡᠯᠲᠡᠢ ᠣᠯᠠᠨ ᠲᠦᠮᠡᠨ ᠢ ᠬᠠᠮᠤᠷᠤᠨ᠂ ᠬᠤᠲᠠ | ᠬᠥᠳᠡᠭᠡ ᠶᠢᠨ ᠬᠦᠴᠢᠷᠳᠡᠯᠲᠡᠢ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠢᠳᠡᠪᠬᠢᠲᠡᠢ ᠣᠷᠣᠯᠴᠠᠭᠤᠯᠬᠤ ᠬᠡᠷᠡᠭᠲᠡᠢ᠃ 2024 ᠣᠨ | ᠪᠤᠯᠲᠠᠯ᠎ᠠ᠂ ᠣᠳᠣᠬᠠᠨ ᠪᠤᠯᠲᠠᠯ᠎ᠠ ᠮᠠᠨ ᠤ ᠲᠣᠭᠤᠷᠢᠭ ᠤᠨ 1579 ᠨᠡᠷ᠎ᠡ ᠬᠦᠴᠢᠷᠳᠡᠯᠲᠡᠢ ᠣᠯᠠᠨ ᠲᠦᠮᠡᠨ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠵᠤ᠂ ᠳᠠᠭᠠᠳᠬᠠᠯ ᠳᠤ | ᠣᠷᠣᠭᠰᠠᠨ ᠮᠥᠩᠭᠦ ᠨᠡᠶᠢᠲᠡ 49.93 ᠲᠦᠮᠡᠨ ᠲᠥᠭᠦᠷᠢᠭ ᠲᠤᠰᠠᠯᠠᠵᠤ᠂ ᠣᠨᠴᠠ ᠬᠦᠴᠢᠷᠳᠡᠯᠲᠡᠢ ᠣᠯᠠᠨ | ᠲᠦᠮᠡᠨ ᠤ 100 % ᠪᠠᠷ ᠳᠠᠭᠠᠳᠬᠠᠯ ᠳᠤ ᠣᠷᠣᠵᠤ ᠰᠦᠢᠳᠬᠡᠯ ᠲᠤᠰᠢᠶᠠᠬᠤ ᠶᠢ ᠪᠡᠶᠡᠯᠡᠭᠦᠯᠪᠡ᠃ | ᠬᠤᠶᠠᠷ ᠲᠤ ᠮᠡᠳᠡᠭᠡ ᠵᠠᠩᠭᠢ ᠶᠢ ᠬᠠᠮᠲᠤ ᠳᠠᠭᠠᠨ ᠡᠳ᠋ᠯᠡᠬᠦ ᠶᠢ ᠴᠢᠩᠭᠠᠷᠠᠭᠤᠯᠤᠨ᠂ ᠭᠠᠷᠳᠠᠨ ᠬᠢᠬᠦ | ᠦᠢᠯᠡᠴᠢᠯᠡᠭᠡᠨ ᠢ ᠰᠠᠶᠢᠲᠤᠷ ᠬᠢᠵᠦ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠵᠠᠷᠤᠳᠠᠯ ᠢ ︽ᠨᠢᠭᠡ ᠥᠷᠲᠡᠭᠡᠯᠢᠭ︾ | ᠪᠠᠷ ᠳ᠋ᠦᠩᠨᠡᠨ ᠪᠤᠳᠣᠬᠤ ᠶᠢ ᠪᠡᠶᠡᠯᠡᠭᠦᠯᠦᠨ᠎ᠡ᠃ ᠰᠢᠭᠤᠶᠢᠲᠤ ᠣᠷᠣᠨ ᠤ ᠣᠨᠴᠠ ᠬᠦᠴᠢᠷᠳᠡᠯᠲᠡᠢ᠂ ᠥᠨᠥᠴᠢᠨ | ᠬᠡᠦᠬᠡᠳ ᠵᠢᠴᠢ ᠪᠣᠳᠠᠲᠤ ᠶᠠᠪᠤᠳᠠᠯ ᠳᠡᠭᠡᠷ᠎ᠡ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠂ ᠨᠠᠭᠠᠲᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ ᠶᠢᠨ ᠠᠪᠤᠷᠠᠨ ᠲᠤᠰᠠᠯᠠᠬᠤ ᠡᠲᠡᠭᠡᠳ᠂ ᠬᠢᠨᠠᠨ ᠬᠡᠮᠵᠢᠬᠦ ᠡᠷᠦᠭᠡ᠂ ᠶᠠᠳᠠᠭᠤ ᠠᠴᠠ | ᠠᠩᠭᠢᠵᠢᠷᠠᠭᠤᠯᠬᠤ ᠬᠠᠷᠠᠭᠠᠯᠵᠠᠯ ᠬᠦᠷᠲᠡᠭᠰᠡᠳ᠂ ᠬᠦᠨᠳᠦ ᠵᠡᠮᠳᠡᠭ ᠬᠥᠮᠥᠰ ᠵᠡᠷᠭᠡ 7 ᠲᠥᠷᠥᠯ ᠤᠨ ᠣᠨᠴᠠ | ᠬᠦᠴᠢᠷᠳᠡᠯᠲᠡᠢ ᠬᠥᠮᠥᠰ ᠤᠨ ᠡᠮᠴᠢᠯᠡᠭᠡᠨ ᠤ ᠠᠪᠤᠷᠠᠨ ᠲᠤᠰᠠᠯᠠᠬᠤ ᠣᠯᠭᠤᠮᠵᠢ ᠶᠢ ᠦᠨᠡᠨᠬᠦ ᠪᠠᠲᠤᠯᠠᠵᠤ᠂ ᠡᠨᠡ 7 | ᠲᠥᠷᠥᠯ ᠤᠨ ᠬᠥᠮᠥᠰ ᠲᠤ ᠰᠠᠶᠢᠲᠤᠷ ᠦᠢᠯᠡᠴᠢᠯᠡᠬᠦ ᠶᠢᠨ ᠲᠤᠰᠠᠳᠠ᠂ ᠰᠢᠭᠤᠶᠢᠲᠤ ᠲᠣᠭᠤᠷᠢᠭ ᠤᠨ ᠡᠮᠴᠢᠯᠡᠭᠡᠨ ᠤ | ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶ᠎ᠠ ᠨᠢ ᠣᠷᠣᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠴᠠᠭ | ᠲᠤᠬᠠᠢ ᠳᠤᠨᠢ ᠬᠠᠷᠢᠯᠴᠠᠵᠤ᠂ ᠣᠨᠴᠠ ᠬᠦᠴᠢᠷᠳᠡᠯᠲᠡᠢ ᠬᠥᠮᠥᠰ ᠤᠨ ᠪᠡᠶ᠎ᠡ ᠶᠢᠨ ᠬᠢᠷᠢ ᠭᠡᠮ ᠤᠨ ᠮᠡᠳᠡᠭᠡ ᠵᠠᠩᠭᠢ ᠶᠢ | ᠬᠠᠷᠢᠯᠴᠠᠨ ᠰᠣᠯᠢᠯᠴᠠᠬᠤ ᠲᠣᠭᠲᠠᠴᠠ ᠶᠢ ᠪᠤᠢ ᠪᠤᠯᠭᠠᠵᠤ᠂ ᠰᠠᠷ᠎ᠠ ᠪᠦᠷᠢ ᠶᠢᠨ 15 ᠤ ᠡᠳᠦᠷ ᠠᠴᠠ ᠡᠮᠦᠨ᠎ᠡ ᠬᠠᠮᠢᠶ᠎ᠠ | ᠪᠦᠬᠦᠢ ᠰᠠᠯᠠᠭ᠎ᠠ ᠮᠥᠴᠢᠷ ᠠᠴᠠ ᠮᠠᠭᠠᠳᠯᠠᠨ ᠲᠣᠭᠲᠠᠭᠠᠭᠰᠠᠨ ᠣᠨᠴᠠ ᠬᠦᠴᠢᠷᠳᠡᠯᠲᠡᠢ ᠬᠥᠮᠥᠰ ᠤᠨ ᠮᠡᠳᠡᠭᠡ | ᠵᠠᠩᠭᠢ ᠶᠢ ᠰᠢᠭᠤᠶᠢᠲᠤ ᠣᠷᠣᠨ ᠤ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠲᠤ ᠬᠠᠮᠲᠤᠪᠠᠷ ᠬᠦᠷᠲᠡᠭᠡᠵᠦ᠂ | ᠡᠮᠴᠢᠯᠡᠭᠡᠨ ᠤ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠳᠡᠭᠡᠷ᠎ᠡ ᠣᠨᠴᠣᠭᠤᠢ ᠬᠦᠴᠢᠷᠳᠡᠯᠲᠡᠢ ᠬᠥᠮᠥᠰ ᠲᠤ | ᠪᠡᠶ᠎ᠡ ᠶᠢᠨ ᠭᠠᠷᠤᠯ ᠤᠨ ᠮᠡᠳᠡᠭᠡ ᠵᠠᠩᠭᠢ ᠥᠭᠴᠦ᠂ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ | ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠬᠤ ︽ᠨᠢᠭᠡ ᠥᠷᠲᠡᠭᠡ ᠮᠠᠶ᠋ᠢᠭ︾ ᠤᠨ ᠳ᠋ᠦᠩᠨᠡᠨ ᠪᠣᠳᠣᠯᠲᠠ᠂ ︽ | ᠨᠢᠭᠡ ᠴᠣᠩᠬᠤᠪᠴᠢ︾ ᠤᠨ ᠲᠤᠭ᠎ᠠ ᠪᠠᠷᠢᠮᠲᠠ ᠶᠢ ᠣᠯᠠᠨ ᠳᠤᠲᠠᠭᠠᠬᠤ︾᠂ ᠣᠯᠠᠨ ᠲᠦᠮᠡᠨ ᠳᠤ ᠳᠥᠭᠦᠮ ᠳᠥᠲᠡ | ᠳ᠋ᠦᠩᠨᠡᠨ ᠪᠤᠳᠣᠬᠤ ᠦᠢᠯᠡᠴᠢᠯᠡᠭᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ 2023 ᠣᠨ ᠠᠴᠠ 2024 | ᠣᠨ ᠤ 3 ᠰᠠᠷ᠎ᠠ ᠪᠤᠯᠲᠠᠯ᠎ᠠ᠂ ᠮᠠᠨ ᠤ ᠲᠣᠭᠤᠷᠢᠭ ᠤᠨ ᠣᠨᠴᠠ ᠬᠦᠴᠢᠷᠳᠡᠯᠲᠡᠢ ᠬᠥᠮᠥᠰ ᠡᠮᠨᠡᠯᠭᠡ ᠶᠢᠨ ᠠᠪᠤᠷᠠᠨ | ᠲᠤᠰᠠᠯᠠᠬᠤ ︽ᠨᠢᠭᠡ ᠥᠷᠲᠡᠭᠡ ᠮᠠᠶ᠋ᠢᠭ︾ ᠤᠨ ᠳ᠋ᠦᠩᠨᠡᠨ ᠪᠤᠳᠣᠬᠤ ᠣᠯᠭᠤᠮᠵᠢ ᠶᠢ 3583 ᠬᠥᠮᠥᠨ ᠤᠳᠠᠭ᠎ᠠ | ᠬᠦᠷᠲᠡᠵᠦ᠂ ᠨᠡᠶᠢᠲᠡ 83.42 ᠲᠦᠮᠡᠨ ᠲᠥᠭᠦᠷᠢᠭ ᠪᠠᠶᠢᠵᠤ᠂ ᠮᠠᠨ ᠤ ᠣᠷᠣᠨ ᠤ ᠬᠦᠴᠢᠷᠳᠡᠯᠲᠡᠢ ᠣᠯᠠᠨ | ᠲᠦᠮᠡᠨ ᠤ ᠡᠮᠨᠡᠯᠭᠡ ᠶᠢᠨ ᠬᠤᠷᠢᠶᠠᠨ ᠳᠤ ᠴᠠᠭ ᠲᠤᠬᠠᠢ ᠳᠤᠨᠢ ᠡᠮᠨᠡᠯᠭᠡ ᠶᠢᠨ ᠠᠪᠤᠷᠠᠨ ᠲᠤᠰᠠᠯᠠᠬᠤ ᠣᠯᠭᠤᠮᠵᠢ | ᠭᠦᠷᠲᠡᠭᠦ ᠶᠢ ᠦᠨᠡᠨᠬᠦ ᠪᠠᠲᠤᠯᠠᠨ᠎ᠠ᠃ | ᠭᠤᠷᠪᠠ ᠳᠤ᠂ ᠤᠷᠢᠳᠴᠢᠯᠠᠨ ᠰᠡᠷᠡᠮᠵᠢᠯᠡᠵᠦ ᠬᠢᠨᠠᠨ ᠰᠢᠨᠵᠢᠬᠦ ᠶᠢ ᠴᠢᠩᠭᠠᠷᠠᠭᠤᠯᠤᠨ᠂ ᠲᠤᠶᠢᠯ ᠤᠨ | ᠣᠨᠣᠪᠴᠢᠲᠠᠢ ᠪᠠᠷ ᠠᠪᠤᠷᠠᠨ ᠲᠤᠰᠠᠯᠠᠬᠤ ᠶᠢ ᠨᠠᠶᠢᠳᠠᠪᠤᠷᠢᠵᠢᠭᠤᠯᠵᠤ᠂ ᠡᠮᠴᠢᠯᠡᠭᠡᠨ ᠤ ᠵᠠᠷᠤᠳᠠᠯ ᠤᠨ ᠥᠨᠳᠥᠷ | ᠵᠠᠷᠤᠯᠭ᠎ᠠ ᠳᠤ ᠵᠠᠷᠤᠴᠠᠭᠤᠯᠤᠭᠴᠢ ᠳᠠᠰᠢ ᠡᠮᠴᠢᠯᠡᠭᠡᠨ ᠤ ᠠᠪᠤᠷᠠᠨ ᠲᠤᠰᠠᠯᠠᠬᠤ ᠶᠢ ᠬᠡᠷᠡᠭᠵᠢᠭᠦᠯᠦᠨ᠎ᠡ᠃ ᠤᠯᠠᠷᠢᠯ | ᠪᠦᠷᠢ ᠳᠤ ᠮᠡᠳᠡᠭᠡ ᠵᠠᠩᠭᠢ ᠶᠢᠨ ᠲᠠᠪᠴᠠᠩ ᠢᠶᠠᠷ ᠳᠠᠮᠵᠢᠨ ᠡᠪᠡᠳᠴᠢᠨ ᠤ ᠬᠠᠷᠠᠭ᠎ᠠ ᠪᠠᠷ ᠡᠮᠨᠡᠯᠭᠡ ᠳᠤ ᠰᠠᠭᠤᠵᠤ | ᠡᠮᠨᠡᠯᠭᠡ ᠳᠤ ᠰᠠᠭᠤᠭᠰᠠᠨ ᠦᠨᠳᠦᠰᠦᠨ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠵᠡᠷᠭᠡ ᠪᠠᠷ | ᠳᠠᠮᠵᠢᠨ ᠳᠠᠩᠰᠠ ᠲᠠᠶᠢᠯᠤᠭᠰᠠᠨ ᠤ ᠳᠠᠷᠠᠭ᠎ᠠ᠂ ᠡᠮᠨᠡᠯᠭᠡ ᠶᠢᠨ ᠳᠠᠭᠠᠳᠬᠠᠯ ᠤᠨ ᠭᠠᠷᠴᠠᠭ ᠤᠨ ᠬᠡᠪᠴᠢᠶᠡᠨ ᠳᠣᠲᠣᠷᠠᠬᠢ | ᠬᠤᠪᠢ ᠬᠥᠮᠥᠨ ᠤ ᠥᠪᠡᠰᠦᠪᠡᠨ ᠲᠤᠰᠢᠶᠠᠭᠰᠠᠨ ᠵᠠᠷᠤᠳᠠᠯ ᠨᠢ ᠪᠦᠭᠦ ᠬᠤᠲᠠ ᠶᠢᠨ ᠶᠠᠳᠠᠭᠤ ᠶᠢ ᠰᠡᠷᠭᠡᠶᠢᠯᠡᠬᠦ | ᠰᠡᠷᠡᠮᠵᠢᠯᠡᠭᠦᠯᠭᠦ ᠥᠷᠲᠡᠭ ᠠᠴᠠ ᠳᠠᠪᠠᠭᠰᠠᠨ ᠪᠠ ᠡᠪᠡᠳᠴᠢᠨ ᠠᠴᠠ ᠪᠣᠯᠵᠤ ᠶᠠᠳᠠᠭᠤᠷᠠᠬᠤ ᠶᠢ ᠬᠢᠨᠠᠨ ᠬᠡᠮᠵᠢᠬᠦ | ᠬᠢᠵᠠᠭᠠᠷ ᠱᠤᠭᠤᠮ ᠠᠴᠠ ᠳᠠᠪᠠᠭᠰᠠᠨ ᠳᠠᠭᠠᠳᠬᠠᠯ ᠳᠤ ᠣᠷᠣᠯᠴᠠᠭᠰᠠᠳ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ | ᠬᠢᠨᠠᠨ ᠬᠡᠮᠵᠢᠵᠦ᠂ ᠳᠡᠭᠡᠷ᠎ᠡ ᠳᠤᠷᠠᠳᠤᠭᠰᠠᠨ ᠮᠡᠳᠡᠭᠡ ᠵᠠᠩᠭᠢ ᠶᠢ ᠠᠷᠠᠳ ᠤᠨ ᠶᠠᠪᠤᠳᠠᠯ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠰᠣᠯᠢᠯᠴᠠᠵᠤ᠂ | ᠣᠯᠠᠨ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠵᠦ ᠬᠦᠴᠦ ᠪᠠᠨ ᠬᠠᠮᠲᠤᠳᠬᠠᠨ ᠶᠡᠷᠦᠩᠬᠡᠶᠢᠯᠡᠭᠰᠡᠨ | ᠪᠠᠲᠤᠯᠠᠭ᠎ᠠ ᠶᠢᠨ ᠬᠠᠪᠰᠤᠷᠤᠨ ᠲᠡᠳᠬᠦᠬᠦ ᠶᠢ ᠬᠡᠷᠡᠭᠵᠢᠭᠦᠯᠵᠦ᠂ ᠦᠨᠡᠨᠬᠦ ᠡᠷᠲᠡ ᠣᠯᠵᠤ ᠮᠡᠳᠡᠬᠦ᠂ ᠲᠤᠶᠢᠯ ᠤᠨ | ᠣᠨᠣᠪᠴᠢᠲᠠᠢ ᠪᠠᠷ ᠠᠪᠤᠷᠠᠨ ᠲᠤᠰᠠᠯᠠᠬᠤ᠂ ᠴᠠᠭ ᠲᠤᠬᠠᠢ ᠳᠤᠨᠢ ᠬᠠᠪᠰᠤᠷᠤᠨ ᠲᠡᠳᠬᠦᠬᠦ ᠶᠢ ᠪᠡᠶᠡᠯᠡᠭᠦᠯᠵᠦ᠂ | ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠦᠨᠡᠨᠬᠦ ᠬᠠᠪᠰᠤᠷᠬᠤ ᠴᠢᠬᠤᠯᠠᠲᠠᠢ ᠣᠯᠠᠨ ᠲᠦᠮᠡᠨ ᠤ | ᠪᠡᠶ᠎ᠡ ᠳᠡᠭᠡᠷ᠎ᠡ ᠨᠠᠶᠢᠳᠠᠪᠤᠷᠢᠵᠢᠭᠤᠯᠵᠤ᠂ ᠬᠦᠴᠢᠷᠳᠡᠯᠲᠡᠢ ᠣᠯᠠᠨ ᠲᠦᠮᠡᠨ ᠢ ᠬᠠᠮᠲᠤᠪᠠᠷ ᠪᠠᠶᠠᠵᠢᠬᠤ ᠵᠠᠮ ᠳᠡᠭᠡᠷ᠎ᠡ ︽ | ᠡᠩᠨᠡᠭᠡ ᠠᠴᠠ ᠬᠤᠴᠣᠷᠤᠭᠤᠯᠬᠤ ᠦᠭᠡᠢ︾ ᠪᠣᠯᠭᠠᠨ᠎ᠠ᠃ | |