2023 ᠣᠨ ᠤ ᠰᠢᠭᠤᠶᠢᠲᠤ ᠲᠣᠭᠤᠷᠢᠭ ᠤᠨ ᠠᠵᠢᠯ ᠦᠢᠯᠡᠰ ᠤᠨ ᠠᠵᠢᠯᠲᠠᠨ ᠠᠯᠪᠠᠨ ᠪᠠᠶᠢᠭᠤᠯᠭ᠎ᠠ ᠶᠢᠨ ᠠᠵᠢᠯᠲᠠᠨ ᠤ ᠴᠠᠯᠢᠩ ᠪᠦᠷᠢᠳᠬᠡᠬᠦ ᠠᠵᠢᠯ ᠢ ᠴᠢᠨᠠᠷ ᠰᠠᠶᠢᠲᠠᠢ ᠪᠡᠶᠡᠯᠡᠭᠦᠯᠦᠨ᠎ᠡ
ᠨᠡᠶᠢᠲᠡᠯᠡᠭᠰᠡᠨ ᠴᠠᠭ᠄
2024/4/7
        ᠣᠨ ᠤ ᠠᠵᠢᠯ ᠦᠢᠯᠡᠰ ᠤᠨ ᠠᠵᠢᠯᠲᠠᠨ᠂ ᠪᠠᠶᠢᠭᠤᠯᠤᠯᠭ᠎ᠠ ᠶᠢᠨ ᠦᠢᠯᠡᠴᠢᠯᠡᠭᠡᠨ ᠤ ᠠᠵᠢᠯᠲᠠᠨ ᠤ ᠴᠠᠯᠢᠩ ᠤᠨ ᠲᠤᠭ᠎ᠠ ᠪᠦᠷᠢᠳᠬᠡᠯ ᠪᠣᠯ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠭ᠎ᠠ ᠶᠢᠨ ᠲᠤᠭ᠎ᠠ ᠪᠠᠷᠢᠮᠲᠠ ᠶᠢ ᠪᠦᠷᠢᠳᠬᠡᠬᠦ ᠶᠢᠨ ᠴᠢᠬᠤᠯᠠ ᠪᠦᠷᠢᠯᠳᠦᠭᠦᠨ ᠬᠡᠰᠡᠭ ᠪᠤᠯᠬᠤ ᠪᠥᠭᠡᠳ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠵᠢᠯ ᠦᠢᠯᠡᠰ ᠤᠨ ᠨᠢᠭᠡᠴᠡ ᠶᠢᠨ ᠴᠠᠯᠢᠩ ᠠᠰᠠᠷᠠᠮᠵᠢ ᠶᠢᠨ ᠲᠥᠷᠥ ᠶᠢᠨ ᠪᠣᠳᠣᠯᠭ᠎ᠠ ᠶᠢᠨ ᠴᠢᠬᠤᠯᠠ ᠯᠠᠪᠯᠠᠯᠲᠠ ᠪᠤᠯᠬᠤ ᠪᠥᠭᠡᠳ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠴᠢᠬᠤᠯᠠ ᠰᠢᠯᠭᠠᠨ ᠪᠠᠶᠢᠴᠠᠭᠠᠬᠤ ᠪᠠᠷᠢᠮᠵᠢᠶ᠎ᠠ ᠪᠣᠯᠣᠨ᠎ᠠ᠃ ᠪᠤᠭᠤᠲᠤ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 2023 ᠣᠨ ᠤ ᠰᠢᠭᠤᠶᠢᠲᠤ ᠲᠣᠭᠤᠷᠢᠭ ᠤᠨ ᠠᠵᠢᠯ ᠦᠢᠯᠡᠰ ᠤᠨ ᠠᠵᠢᠯᠲᠠᠨ᠂ ᠠᠯᠪᠠᠨ ᠪᠠᠶᠢᠭᠤᠯᠤᠯᠭ᠎ᠠ ᠶᠢᠨ ᠠᠵᠢᠯᠲᠠᠨ ᠤ ᠴᠠᠯᠢᠩ ᠢ ᠪᠦᠷᠢᠳᠬᠡᠬᠦ ᠠᠵᠢᠯ ᠢ ᠬᠢᠨᠠᠮᠠᠭᠠᠢ ᠥᠷᠨᠢᠭᠦᠯᠪᠡ᠃ 
1712051552668079281 (1).jpeg
        ᠰᠢᠭᠤᠶᠢᠲᠤ ᠲᠣᠭᠤᠷᠢᠭ ᠤᠨ ᠠᠵᠢᠯ ᠦᠢᠯᠡᠰ ᠤᠨ ᠨᠢᠭᠡᠴᠡ ᠶᠢᠨ ᠴᠠᠯᠢᠩ ᠤᠨ ᠪᠦᠷᠢᠳᠬᠡᠯ ᠤᠨ ᠵᠢᠯ ᠤᠨ ᠮᠡᠳᠡᠭᠦᠯᠦᠯᠲᠡ ᠶᠢᠨ ᠠᠵᠢᠯ ᠢ ᠣᠨᠣᠪᠴᠢᠲᠠᠢ ᠪᠥᠭᠡᠳ ᠥᠨᠳᠥᠷ ᠦᠷ᠎ᠡ ᠪᠦᠲᠦᠮᠵᠢᠲᠡᠢ ᠰᠠᠶᠢᠲᠤᠷ ᠬᠢᠬᠦ ᠶᠢᠨ ᠲᠥᠯᠥᠭᠡ ᠂ ᠮᠠᠨ ᠤ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠨᠠᠷ ᠬᠠᠮᠢᠶ᠎ᠠ ᠪᠦᠬᠦᠢ ᠬᠤᠪᠢ ᠣᠷᠣᠭᠤᠯᠬᠤ ᠲᠠᠰᠤᠭ ᠤᠨ ᠠᠵᠢᠯᠲᠠᠳ ᠢ ᠵᠣᠬᠢᠶᠠᠨ ᠪᠠᠶᠢᠭᠤᠯᠤᠨ ︽2023 ᠣᠨ ᠤ ᠠᠵᠢᠯ ᠦᠢᠯᠡᠰ ᠤᠨ ᠨᠢᠭᠡᠴᠡ ᠶᠢᠨ ᠴᠠᠯᠢᠩ ᠤᠨ ᠪᠦᠷᠢᠳᠬᠡᠯ ᠤᠨ ᠬᠠᠮᠢᠶ᠎ᠠ ᠪᠦᠬᠦᠢ ᠠᠭᠤᠯᠭ᠎ᠠ ᠶᠢᠨ ᠲᠠᠶᠢᠯᠪᠤᠷᠢᠯᠠᠯᠲᠠ ᠵᠢᠴᠢ ᠮᠡᠳᠡᠭᠦᠯᠦᠨ ᠬᠦᠷᠭᠡᠬᠦ ᠱᠠᠭᠠᠷᠳᠠᠯᠭ᠎ᠠ︾ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠬᠢᠨᠠᠮᠠᠭᠠᠢ ᠰᠤᠳᠤᠯᠤᠨ ᠰᠤᠷᠤᠯᠴᠠᠭᠤᠯᠵᠤ᠂ ᠲᠠᠭᠯᠠᠵᠤ ᠮᠡᠳᠡᠭᠦᠯᠬᠦ ᠭᠤᠣᠯ ᠭᠠᠵᠠᠷ ᠵᠢᠴᠢ ᠪᠤᠷᠤᠭᠤ ᠠᠮᠠᠷᠬᠠᠨ ᠴᠢᠭ ᠲᠠᠢ ᠪᠤᠯᠭᠠᠵᠤ᠂ ᠲᠤᠭ᠎ᠠ ᠪᠠᠷᠢᠮᠲᠠ ᠲᠠᠭᠯᠠᠨ ᠮᠡᠳᠡᠭᠦᠯᠬᠦ ᠠᠵᠢᠯ ᠢ ᠥᠨᠳᠥᠷ ᠦᠷ᠎ᠡ ᠪᠦᠲᠦᠮᠵᠢᠲᠡᠢ ᠠᠬᠢᠭᠤᠯᠬᠤ ᠶᠢ ᠪᠠᠲᠤᠯᠠᠬᠤ ᠬᠡᠷᠡᠭᠲᠡᠢ︔ 2023 ᠣᠨ ᠤ ᠠᠵᠢᠯ ᠦᠢᠯᠡᠰ ᠤᠨ ᠠᠵᠢᠯᠲᠠᠨ᠂ ᠪᠠᠶᠢᠭᠤᠯᠭ᠎ᠠ ᠶᠢᠨ ᠠᠵᠢᠯᠲᠠᠨ ᠤ ᠴᠠᠯᠢᠩ ᠢ ᠲᠢᠭᠯᠡᠭᠦ ᠰᠠᠭᠤᠷᠢ ᠲᠤᠭ᠎ᠠ ᠪᠠᠷᠢᠮᠲᠠ ᠶᠢ ᠦᠨᠳᠦᠰᠦᠯᠡᠨ᠂ ᠠᠵᠢᠯᠲᠠᠨ ᠤ ᠦᠨᠳᠦᠰᠦᠨ ᠮᠡᠳᠡᠭᠡ ᠵᠠᠩᠭᠢ᠂ ᠴᠠᠯᠢᠩ ᠤᠨ ᠮᠡᠳᠡᠭᠡ ᠵᠠᠩᠭᠢ ᠶᠢ ᠴᠢᠩᠭ᠎ᠠ ᠬᠠᠷᠭᠤᠭᠤᠯᠤᠨ ᠬᠠᠷᠭᠤᠭᠤᠯᠵᠤ᠂ ᠮᠡᠳᠡᠭᠡ ᠵᠠᠩᠭᠢ ᠶᠢᠨ ᠨᠠᠷᠢᠨ ᠪᠣᠳᠠᠲᠠᠢ ᠣᠨᠣᠪᠴᠢᠲᠠᠢ ᠪᠠᠶᠢᠬᠤ ᠶᠢ ᠦᠨᠡᠨᠬᠦ ᠪᠠᠲᠤᠯᠠᠨ᠎ᠠ︔ ᠰᠡᠵᠢᠭᠯᠡᠯᠲᠡᠢ ᠲᠤᠭ᠎ᠠ ᠪᠠᠷᠢᠮᠲᠠ ᠶᠢ ᠨᠢᠭᠡ ᠨᠢᠭᠡ ᠪᠠᠷ ᠬᠠᠷᠭᠤᠭᠤᠯᠤᠨ ᠬᠠᠷᠭᠤᠭᠤᠯᠵᠤ᠂ ᠰᠢᠰᠲ᠋ᠧᠮ ᠳᠠᠬᠢ ᠯᠣᠭᠢᠭ ᠤᠨ ᠴᠢᠨᠠᠷ᠂ ᠵᠦᠢ ᠵᠣᠬᠢᠰᠲᠠᠢ ᠴᠢᠨᠠᠷ ᠢ ᠪᠦᠭᠦ ᠲᠠᠯ᠎ᠠ ᠪᠠᠷ ᠬᠢᠨᠠᠨ ᠬᠠᠷᠭᠤᠭᠤᠯᠵᠤ᠂ ᠬᠠᠮᠤᠭ ᠡᠴᠦᠰ ᠲᠤ ᠦᠨᠡᠨ ᠪᠣᠳᠠᠲᠠᠢ ᠵᠥᠪ ᠣᠨᠣᠪᠴᠢᠲᠠᠢ 2023 ᠣᠨ ᠤ ᠰᠢᠭᠤᠶᠢᠲᠤ ᠣᠷᠣᠨ ᠤ ᠠᠵᠢᠯ ᠦᠢᠯᠡᠰ ᠤᠨ ᠠᠵᠢᠯᠲᠠᠨ᠂ ᠠᠯᠪᠠᠨ ᠪᠠᠶᠢᠭᠤᠯᠭ᠎ᠠ ᠶᠢᠨ ᠦᠢᠯᠡᠴᠢᠯᠡᠭᠡᠨ ᠤ ᠠᠵᠢᠯᠲᠠᠨ ᠤ ᠴᠠᠯᠢᠩ ᠤᠨ ᠪᠦᠷᠢᠳᠬᠡᠯ ᠤᠨ ᠮᠡᠳᠡᠭᠦᠯᠦᠯᠲᠡ ᠶᠢᠨ ᠬᠦᠰᠦᠨᠦᠭᠲᠦ ᠶᠢ ᠪᠦᠷᠢᠯᠳᠦᠭᠦᠯᠬᠦ ᠬᠡᠷᠡᠭᠲᠡᠢ︔ ᠬᠤᠶᠠᠷ ᠲᠠᠯ᠎ᠠ ᠪᠠᠷ ᠢᠶᠠᠨ ᠬᠠᠷᠢᠴᠠᠭᠤᠯᠤᠨ᠂ ᠰᠢᠰᠲ᠋ᠧᠮ ᠤᠨ ᠰᠡᠵᠢᠭᠲᠦ ᠲᠤᠭ᠎ᠠ ᠪᠠᠷᠢᠮᠲᠠ ᠶᠢ ᠰᠠᠭᠤᠷᠢ ᠲᠤᠭ᠎ᠠ ᠪᠠᠷᠢᠮᠲᠠ ᠲᠠᠢ ᠬᠠᠷᠢᠴᠠᠭᠤᠯᠵᠤ᠂ ᠰᠠᠭᠤᠷᠢ ᠲᠤᠭ᠎ᠠ ᠪᠠᠷᠢᠮᠲᠠ ᠳᠤ ᠰᠡᠵᠢᠭ ᠲᠠᠢ ᠪᠣᠯ ᠤᠯᠠᠮ ᠨᠢᠭᠡ ᠠᠯᠬᠤᠮ ᠬᠢᠨᠠᠨ ᠬᠠᠷᠭᠤᠭᠤᠯᠵᠤ᠂ ᠴᠠᠯᠢᠩ ᠢ ᠪᠦᠷᠢᠳᠬᠡᠨ ᠮᠡᠳᠡᠭᠦᠯᠦᠨ ᠬᠦᠷᠭᠡᠬᠦ ᠠᠵᠢᠯ ᠢ ᠪᠡᠶᠡᠯᠡᠭᠦᠯᠬᠦ ᠶᠢᠨ ᠬᠠᠮᠲᠤ᠂ ᠰᠢᠭᠤᠶᠢᠲᠤ ᠲᠣᠭᠤᠷᠢᠭ ᠤᠨ ᠠᠵᠢᠯ ᠦᠢᠯᠡᠰ ᠤᠨ ᠠᠵᠢᠯᠲᠠᠨ᠂ ᠪᠠᠶᠢᠭᠤᠯᠤᠯᠭ᠎ᠠ ᠶᠢᠨ ᠠᠵᠢᠯᠯᠠᠭᠴᠢᠳ ᠤᠨ ᠴᠠᠯᠢᠩ ᠣᠯᠭᠤᠮᠵᠢ ᠶᠢᠨ ᠣᠨᠣᠪᠴᠢᠲᠤ ᠴᠢᠨᠠᠷ ᠢ ᠦᠨᠡᠨᠬᠦ ᠪᠠᠲᠤᠯᠠᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号