ᠡᠷᠴᠢ ᠵᠣᠷᠢᠭ ᠲᠡᠭᠦᠯᠳᠡᠷ︕ ᠰᠢᠭᠤᠶᠢᠲᠤ ᠲᠣᠭᠤᠷᠢᠭ᠄ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ︽ᠰᠢᠨ᠎ᠡ ᠵᠢᠯ ᠣᠷᠭᠢᠯᠤᠨ ᠤᠷᠤᠰᠤᠨ᠎ᠠ︾᠂ ᠬᠤᠳᠠᠯᠳᠤᠭᠠᠴᠢᠨ ᠤᠷᠢᠵᠤ ᠪᠡᠯᠡ ᠮᠥᠩᠭᠦ ︽ᠰᠣᠯᠣᠩᠭ᠎ᠠ ᠮᠡᠲᠦ ᠡᠵᠡᠩᠨᠡᠬᠦ︾᠂ ᠠᠵᠤ ᠠᠬᠤᠢ ᠶᠢᠨ ᠬᠥᠭᠵᠢᠯᠲᠡ ︽ᠲᠦᠷᠭᠡᠨ ᠭᠦᠶᠦᠯᠲᠡ︾︕
ᠨᠡᠶᠢᠲᠡᠯᠡᠭᠰᠡᠨ ᠴᠠᠭ᠄
2024/4/8
        ᠡᠨᠡ ᠵᠢᠯ ᠠᠴᠠ ᠨᠠᠰᠢ᠂ ᠰᠢᠭᠤᠶᠢᠲᠤ ᠲᠣᠭᠤᠷᠢᠭ ᠨᠢ ᠪᠤᠭᠤᠲᠤ ᠬᠤᠲᠠ ᠶᠢᠨ ︽2+5+N︾ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠣᠶᠢᠵᠢᠭᠤᠯᠬᠤ ᠲᠠᠢ ᠨᠢᠭᠲᠠ ᠤᠶᠠᠯᠳᠤᠭᠤᠯᠤᠨ᠂ ︽ᠬᠤᠶᠠᠷ ᠪᠦᠯᠦᠭ ᠲᠠᠪᠤᠨ ᠲᠣᠭᠣᠷᠢᠭ ᠨᠢᠭᠡ ᠭᠠᠵᠠᠷ︾ ᠤᠨ ᠠᠵᠤ ᠦᠢᠯᠡᠰ ᠤᠨ ᠪᠦᠲᠦᠴᠡ ᠶᠢᠨ ᠰᠢᠨ᠎ᠡ ᠬᠠᠷᠠᠯᠲᠠ ᠳᠤ ᠣᠨᠣᠪᠴᠢᠲᠠᠢ ᠠᠩᠬᠠᠷᠤᠯ ᠢᠶᠠᠨ ᠲᠥᠪᠯᠡᠷᠡᠭᠦᠯᠵᠦ᠂ ᠠᠷᠠᠯᠵᠢᠶᠠᠴᠢᠨ ᠤᠷᠢᠬᠤ᠂ ᠪᠣᠳᠠᠲᠤ ᠴᠣᠭᠴᠠ ᠶᠢ ᠬᠦᠴᠦᠷᠬᠡᠭᠵᠢᠭᠦᠯᠬᠦ᠂ ᠪᠦᠲᠦᠴᠡ ᠶᠢ ᠰᠢᠯᠢᠳᠡᠭᠵᠢᠭᠦᠯᠬᠦ ᠠᠵᠢᠯ ᠢ ᠠᠳᠬᠤᠵᠤ᠂ ᠭᠠᠵᠠᠷ ᠪᠣᠯᠭᠠᠨ ᠳᠤ ᠲᠥᠷᠥᠯ ᠵᠦᠢᠯ ᠢ ᠨᠢᠭᠡᠳᠬᠡᠬᠦ᠂ ᠪᠦᠲᠦᠭᠡᠨ ᠪᠠᠶᠢᠭᠤᠯᠤᠯᠲᠠ ᠬᠢᠬᠦ᠂ ᠬᠥᠭᠵᠢᠯᠲᠡ ᠶᠢ ᠠᠳᠬᠤᠬᠤ ᠬᠦᠴᠦᠲᠦ ᠤᠷᠤᠰᠬᠠᠯ ᠪᠢᠯᠬᠠᠵᠤ ᠪᠤᠢ᠃ ᠲᠥᠷᠥᠯ ᠵᠦᠢᠯ ᠤᠨ ᠭᠡᠷ᠎ᠡ ᠲᠣᠭᠲᠠᠬᠤ᠂ ᠪᠠᠷᠢᠯᠭ᠎ᠠ ᠪᠠᠷᠢᠬᠤ ᠶᠢ ᠬᠠᠷᠢᠯᠴᠠᠨ ᠠᠬᠢᠭᠤᠯᠵᠤ᠂ ᠪᠦᠲᠦᠭᠡᠨ ᠪᠠᠶᠢᠭᠤᠯᠤᠯᠲᠠ ᠪᠣᠯᠣᠨ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠭᠠᠪᠰᠢᠭᠠᠶᠢᠯᠠᠨ᠂ ᠡᠷᠴᠢ ᠵᠣᠷᠢᠭ ᠲᠡᠭᠦᠯᠳᠡᠷ ᠪᠠᠶᠢᠵᠤ᠂ ᠨᠢᠭᠡ ᠤᠳᠠᠭᠠᠨ ᠤ ᠲᠣᠮᠣ ᠲᠥᠷᠥᠯ ᠵᠦᠢᠯ ᠢ ᠠᠳᠬᠤᠵᠤ᠂ ᠬᠥᠭᠵᠢᠯᠲᠡ ᠶᠢ ᠶᠡᠬᠡᠪᠡᠷ ᠠᠳᠬᠤᠭᠰᠠᠨ ᠠᠵᠤ ᠦᠢᠯᠡᠰ ᠤᠨ ︽ᠲᠦᠷᠭᠡᠨ ᠭᠦᠶᠦᠯᠲᠡ︾ ᠶᠢ ᠡᠬᠢᠯᠡᠭᠦᠯᠪᠡ᠃          ᠰᠠᠨᠠᠭᠠᠴᠢᠯᠠᠭᠠᠲᠠᠢ ᠪᠠᠷ ᠡᠭᠦᠳᠡᠨ ᠳᠤ ᠪᠠᠨ ᠬᠦᠷᠴᠦ ︽ᠦᠢᠯᠡᠴᠢᠯᠡᠭᠡ ᠬᠢᠬᠦ︾᠂ ᠪᠦᠭᠦ ᠶᠠᠪᠤᠴᠠ ᠶᠢ ︽ᠪᠠᠲᠤᠯᠠᠭ᠎ᠠ ᠶᠢ ᠠᠳᠬᠤᠬᠤ︾᠃ ᠰᠢᠭᠤᠶᠢᠲᠤ ᠲᠣᠭᠤᠷᠢᠭ ᠨᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠᠷ ᠠᠵᠤ ᠠᠬᠤᠢ ᠶᠢᠨ ᠠᠵᠢᠯ ᠤᠨ ︽ᠡᠬᠢ ᠰᠤᠷᠪᠤᠯᠵᠢ︾ ᠪᠠ ︽ᠨᠢᠭᠡᠳᠦᠭᠡᠷ ᠨᠣᠮᠧᠷᠲᠤ ᠢᠨᠵᠧᠨᠧᠷᠢᠩ︾ ᠪᠤᠯᠭᠠᠵᠤ᠂ ᠭᠤᠣᠯᠯᠠᠭᠴᠢ ᠠᠵᠤ ᠦᠢᠯᠡᠰ ᠤᠨ ᠵᠡᠭᠦᠨ ᠪᠠᠷᠠᠭᠤᠨ ᠲᠠᠯ᠎ᠠ᠂ ᠳᠡᠭᠡᠳᠦ ᠳᠣᠣᠷᠠᠳᠤ ᠤᠷᠤᠰᠬᠠᠯ ᠤᠨ ᠬᠡᠯᠬᠢᠶ᠎ᠡ ᠪᠠᠨ ᠤᠷᠲᠤᠳᠬᠠᠨ ᠴᠥᠷᠬᠡ ᠴᠢᠩᠭᠠᠳᠬᠠᠵᠤ᠂ ᠬᠤᠳᠠᠯᠳᠤᠭᠠᠴᠢᠨ ᠤᠷᠢᠬᠤ ᠵᠢᠭᠰᠠᠭᠠᠯ ᠤᠨ ᠰᠢᠨ᠎ᠡ ᠶᠢ ᠡᠭᠦᠳᠴᠦ᠂ ᠭᠦᠢᠴᠡᠳ ᠬᠦᠴᠦ ᠭᠠᠷᠭᠠᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ︽ᠬᠦᠴᠦᠷᠬᠡᠭ ᠰᠣᠷᠢᠨᠵᠢᠨ ᠲᠠᠯᠠᠪᠤᠷ︾ ᠢ ᠴᠣᠭᠴᠠᠯᠠᠨ ᠪᠠᠶᠢᠭᠤᠯᠪᠠ᠃         ᠬᠤᠸᠠ ᠷᠦᠨ ᠪᠦᠯᠦᠭᠯᠡᠯ ᠤᠨ ᠬᠢᠨ ᠪᠡᠯᠡ ᠣᠷᠣᠭᠤᠯᠤᠨ ᠬᠤᠪᠢ ᠣᠷᠣᠭᠤᠯᠤᠭᠰᠠᠨ ᠤᠯᠤᠰ ᠤᠨ ᠳᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠤᠯᠬᠤ ᠠᠨᠾᠦᠢ ᠶᠢᠨ ᠬᠤᠢ ᠼᠠᠢ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠥᠪᠥᠷ ᠮᠣᠩᠭᠤᠯ ᠳᠤ ᠪᠠᠶᠢᠭᠤᠯᠤᠭᠰᠠᠨ ᠪᠦᠷᠢᠨ ᠬᠥᠷᠥᠩᠭᠡ ᠶᠢᠨ ᠬᠤᠪᠢᠶᠠᠷᠢ ᠺᠤᠮᠫᠠᠨᠢ ᠪᠤᠯᠬᠤ ᠥᠪᠥᠷ ᠮᠣᠩᠭᠤᠯ ᠤᠨ ᠬᠤᠲᠠ ᠶᠢᠨ ᠠᠮᠢᠨ ᠰᠤᠳᠠᠰᠤ ᠪᠦᠬᠦᠢ ᠲᠣᠭᠠᠴᠢᠯᠠᠭᠰᠠᠨ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠺᠤᠮᠫᠠᠨᠢ ᠰᠢᠭᠤᠶᠢᠲᠤ ᠲᠣᠭᠤᠷᠢᠭ ᠲᠤ ᠬᠦᠷᠴᠦ ᠳᠠᠩᠰᠠᠯᠠᠭᠤᠯᠤᠭᠰᠠᠨ ᠪᠠᠶᠢᠨ᠎ᠠ᠃ ᠲᠥᠷᠥᠯ ᠵᠦᠢᠯ ᠤᠨ ᠵᠢᠱᠢᠯᠲᠡ ᠪᠠᠷ ᠢᠷᠡᠬᠦ 5 ᠵᠢᠯ ᠳᠤ ᠪᠦᠬᠦᠯᠢ ᠴᠣᠭᠴᠠ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ 30 ᠠᠴᠠ 50 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠳᠦ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ 50 ᠬᠥᠮᠥᠨ ᠠᠴᠠ ᠳᠤᠲᠠᠭᠤ ᠦᠭᠡᠢ ᠲᠡᠳᠡᠨ ᠣᠷᠣᠭᠤᠯᠵᠤ᠂ ᠠᠵᠢᠯ ᠣᠯᠭᠤᠬᠤ ᠠᠵᠢᠯ ᠤᠨ ᠪᠠᠶᠢᠷᠢ ᠶᠢ 300  ᠠᠴᠠ ᠳᠤᠲᠠᠭᠤ ᠦᠭᠡᠢ ᠰᠢᠢᠳᠪᠦᠷᠢᠯᠡᠨ᠂ ᠭᠠᠵᠠᠷ ᠣᠷᠣᠨ ᠤ ᠡᠳ᠋ ᠤᠨ ᠵᠠᠰᠠᠭ ᠲᠤ ᠭᠠᠶᠢᠯᠢ ᠲᠠᠲᠠᠪᠤᠷᠢ ᠶᠢ 1 ᠳ᠋ᠦᠩᠰᠢᠭᠤᠷ ᠲᠥᠭᠦᠷᠢᠭ ᠠᠴᠠ ᠳᠤᠲᠠᠭᠤ ᠦᠭᠡᠢ ᠡᠭᠦᠳᠴᠦ ᠥᠭᠭᠦᠨ᠎ᠡ᠃          2 ᠰᠠᠷ᠎ᠠ ᠶᠢᠨ ᠡᠬᠢ ᠪᠠᠷ᠂ ᠰᠢᠭᠤᠶᠢᠲᠤ ᠲᠣᠭᠤᠷᠢᠭ ᠰᠠᠯᠬᠢᠨ ᠬᠦᠴᠦᠨ ᠤ ᠴᠠᠭᠢᠯᠭᠠᠨ ᠤ ᠲᠣᠨᠤᠭ ᠲᠥᠬᠦᠭᠡᠷᠦᠮᠵᠢ ᠶᠢᠨ ᠠᠵᠤ ᠦᠢᠯᠡᠰ ᠤᠨ ᠪᠦᠯᠦᠭᠯᠡᠯ ᠤᠨ ᠳᠠᠭᠠᠭᠤᠯᠤᠭᠴᠢ ᠪᠠᠶᠢᠭᠤᠯᠬᠤ ᠠᠵᠢᠯ ᠤᠨ ᠲᠤᠰᠬᠠᠢ ᠠᠩᠭᠢ ᠶᠢ ᠭᠤᠸᠠᠩᠳᠦᠩ ᠤᠨ ᠵᠦᠩ ᠱᠠᠨ᠂ ᠭᠤᠸ᠋ᠩᠳᠦᠩ ᠤᠨ ᠱᠣᠣ ᠭᠤᠸᠠᠨ᠂ ᠴᠠᠩ ᠵᠧᠦ ᠵᠡᠷᠭᠡ ᠭᠠᠵᠠᠷ ᠣᠷᠣᠨ ᠰᠠᠯᠬᠢᠨ ᠬᠦᠴᠦᠨ ᠤ ᠴᠠᠭᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠢᠵᠢ ᠪᠦᠷᠢᠳᠦᠭᠦᠯᠬᠦ ᠠᠵᠤ ᠦᠢᠯᠡᠰ ᠤᠨ ᠲᠣᠭᠤᠷᠢᠨ ᠳᠤ ᠨᠠᠷᠢᠯᠢᠭ ᠣᠨᠣᠪᠴᠢᠲᠠᠢ ᠠᠷᠠᠯᠵᠢᠶᠠᠴᠢᠨ ᠤᠷᠢᠵᠤ᠂ ᠡᠭᠦᠨ ᠤ ᠳᠣᠲᠣᠷ᠎ᠠ ᠭᠤᠸᠠᠩᠳᠦᠩ ᠤᠨ ᠵᠢᠩ ᡁᠢ ᠯᠢ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠤᠮᠫᠠᠨᠢ ᠳᠤ ᠠᠷᠠᠯᠵᠢᠶᠠᠴᠢᠨ ᠤᠷᠢᠵᠤ ᠰᠢᠨᠵᠢᠯᠡᠨ ᠪᠠᠶᠢᠴᠠᠭᠠᠯᠲᠠ ᠬᠢᠬᠦ ᠪᠥᠭᠡᠳ ᠠᠵᠤ ᠠᠬᠤᠶᠢᠯᠠᠯ ᠨᠤᠲᠤᠭᠰᠢᠭᠰᠠᠨ ᠰᠢᠭᠤᠶᠢᠲᠤ ᠲᠣᠭᠤᠷᠢᠭ ᠲᠤ ᠬᠦᠷᠴᠦ ᠬᠠᠮᠲᠤᠷᠠᠯᠴᠠᠬᠤ ᠬᠡᠯᠡᠯᠴᠡᠭᠡᠷ ᠤᠨ ᠰᠣᠯᠢᠯᠴᠠᠭ᠎ᠠ ᠬᠢᠪᠡ᠃         3 ᠰᠠᠷ᠎ᠠ ᠶᠢᠨ 1 ᠤ ᠡᠳᠦᠷ᠂ ᠶᠢᠨ ᡁᠢ ᠯᠢ ᠰᠢᠨᠵᠢᠯᠡᠬᠦ ᠤᠬᠠᠭᠠᠨ ᠮᠡᠷᠭᠡᠵᠢᠯ ︵ᠥᠪᠥᠷ ᠮᠣᠩᠭᠤᠯ︶ ᠤᠨ ᠬᠢᠵᠠᠭᠠᠷᠲᠤ ᠺᠤᠮᠫᠠᠨᠢ ᠠᠴᠠ ᠰᠢᠭᠤᠶᠢᠲᠤ ᠲᠣᠭᠤᠷᠢᠭ ᠲᠤ ᠳᠠᠩᠰᠠᠯᠠᠭᠤᠯᠵᠤ᠂ ᠡᠨᠡᠬᠦ ᠲᠥᠷᠥᠯ ᠵᠦᠢᠯ ᠤᠨ ᠨᠠᠶᠢᠳᠠᠪᠤᠷᠢᠵᠢᠬᠳᠠᠬᠤ ᠭᠠᠵᠠᠷ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠯᠬᠢᠨ ᠬᠦᠴᠦᠨ ᠤ ᠴᠠᠭᠢᠯᠭᠠᠨ ᠤ ᠲᠣᠮᠣ ᠭᠡᠯᠪᠡᠷᠢ ᠶᠢᠨ ᠴᠢᠳᠬᠤᠮᠠᠯ ᠲᠣᠨᠤᠭ ᠦᠢᠯᠡᠳᠬᠦ ᠠᠵᠤ ᠦᠢᠯᠡᠰ ᠤᠨ ᠬᠤᠭᠤᠰᠤᠨ ᠣᠷᠣᠨ ᠵᠠᠢ ᠶᠢ ᠪᠦᠲᠦᠮᠵᠢᠲᠡᠢ ᠨᠥᠬᠦᠪᠦᠷᠢᠯᠡᠵᠦ᠂ ᠲᠥᠷᠥᠯ ᠵᠦᠢᠯ ᠢ ᠪᠤᠭᠤᠲᠤ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠵᠢᠯ ᠤᠨ ᠰᠠᠯᠬᠢᠨ ᠬᠦᠴᠦᠨ ᠤ ᠴᠠᠭᠢᠯᠭᠠᠨ ᠤ ᠴᠢᠳᠬᠤᠮᠠᠯ ᠲᠣᠨᠤᠭ 6 ᠲᠦᠮᠡᠨ ᠲᠤᠨ᠂ ᠮᠠᠰᠢᠨ ᠲᠡᠷᠭᠡᠨ ᠤ ᠬᠡᠪ ᠲᠣᠨᠤᠭ 1200 ᠲᠥᠬᠦᠷ᠂ ᠲᠡᠷᠢᠭᠦᠨ ᠤ ᠲᠣᠨᠤᠭ ᠰᠡᠯᠪᠢᠭ ᠲᠣᠨᠤᠭ 5 ᠲᠦᠮᠡᠨ ᠲᠥᠬᠦᠷ᠂ ᠵᠢᠯ ᠤᠨ ᠦᠢᠯᠡᠳᠬᠦᠨ ᠤ ᠥᠷᠲᠡᠭ 15 ᠳ᠋ᠦᠩᠰᠢᠭᠤᠷ ᠲᠥᠭᠦᠷᠢᠭ᠂ ᠭᠠᠶᠢᠯᠢ ᠶᠢᠨ ᠣᠷᠣᠯᠭ᠎ᠠ 6000 ᠲᠦᠮᠡᠨ ᠲᠥᠭᠦᠷᠢᠭ ᠪᠠᠶᠢᠵᠤ᠂ 500 ᠭᠠᠷᠤᠢ ᠬᠥᠮᠥᠨ ᠤ ᠠᠵᠢᠯ ᠣᠯᠭᠤᠯᠲᠠ ᠶᠢ ᠳᠠᠶᠢᠴᠢᠯᠠᠬᠤ ᠪᠠᠷ ᠪᠤᠢ᠃         ᠰᠢᠭᠤᠶᠢᠲᠤ ᠲᠣᠭᠣᠷᠢᠭ ᠤᠨ ᠠᠷᠠᠳ ᠤᠨ ᠵᠠᠰᠠᠭ ᠤᠨ ᠣᠷᠳᠣᠨ ᠪᠣᠯᠣᠨ ᠪᠤᠭᠤᠲᠤ ᠬᠤᠲᠠ ᠶᠢᠨ ᠨᠡᠭᠦᠷᠡᠰᠦᠨ ᠤ ᠰᠤᠳᠤᠯᠤᠯ ᠤᠨ ᠰᠢᠨ᠎ᠡ ᠭᠡᠯᠪᠡᠷᠢ ᠶᠢᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠤᠮᠫᠠᠨᠢ ᠵᠢᠯ ᠳᠤ 1000 ᠲᠤᠨ ᠠᠽᠣᠲᠲᠤ ᠪᠤᠷ ᠴᠠᠭᠠᠨ ᠪᠠᠯ ᠦᠢᠯᠡᠳᠪᠦᠷᠢᠯᠡᠵᠦ ᠰᠢᠨ᠎ᠡ ᠮᠠᠲ᠋ᠤᠷᠢᠶᠠᠯ ᠤᠨ ᠲᠥᠷᠥᠯ ᠵᠦᠢᠯ ᠳᠤ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠵᠠᠢ᠃          ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠨᠢ ᠤᠳᠠᠭᠠᠨ ᠪᠠᠶᠢᠵᠤ ᠪᠤᠯᠬᠤ ᠦᠭᠡᠢ᠂ ᠬᠦᠯᠢᠶᠡᠵᠦ ᠳᠡᠶᠢᠯᠭᠦ ᠦᠭᠡᠢ᠂ ᠰᠢᠭᠤᠶᠢᠲᠤ ᠲᠣᠭᠤᠷᠢᠭ ᠪᠦᠭᠦ ᠣᠷᠣᠨ ᠢᠶᠠᠷ ᠢᠶᠠᠨ ᠡᠷᠴᠢ ᠵᠣᠷᠢᠭ ᠢᠶᠠᠨ ᠬᠥᠪᠴᠢᠯᠡᠨ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶᠡᠵᠢᠯ ᠢ ᠴᠢᠩᠭ᠎ᠠ ᠠᠩᠬᠠᠷᠴᠤ᠂ ᠬᠤᠳᠠᠯᠳᠤᠭᠠᠴᠢᠨ ᠤᠷᠢᠬᠤ ᠵᠢᠷᠤᠭ ᠵᠢᠭᠰᠠᠭᠠᠯᠲᠠ ᠶᠢ ᠳᠠᠭᠢᠨ ᠵᠢᠷᠤᠵᠤ ᠲᠡᠭᠦᠯᠳᠡᠷᠵᠢᠭᠦᠯᠦᠨ᠂ ︽ᠳᠥᠷᠪᠡᠨ ᠨᠠᠷᠢᠨ ᠬᠠᠭᠤᠳᠠᠰᠤ︾ ᠶᠢ ᠬᠥᠳᠡᠯᠦᠩᠭᠦᠢ ᠪᠠᠷ ᠲᠣᠬᠢᠷᠠᠭᠤᠯᠵᠤ᠂ ︽ᠵᠦᠵᠢᠶᠦᠶᠢᠨ ᠳᠤ ᠰᠠᠭᠤᠭ᠎ᠠ᠂ ᠬᠥᠬᠡ ᠮᠥᠷᠡᠨ ᠤ ᠭᠤᠷᠪᠠᠯᠵᠢᠨ ᠬᠤᠶᠢᠭ᠂ ᠪᠡᠭᠡᠵᠢᠩ ᠲᠢᠶᠠᠨᠵᠢᠨ ᠾᠧᠪᠧᠢ ᠶᠢᠨ ᠭᠤᠷᠪᠠᠨ ᠰᠠᠯᠪᠤᠷᠢ ᠠᠷᠠᠯᠵᠢᠶᠠᠴᠢᠨ ᠤᠷᠢᠬᠤ ᠡᠩᠨᠡᠭᠡ︾ ᠶᠢ ᠰᠠᠶᠢᠲᠤᠷ ᠠᠳᠬᠤᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠢᠷᠢ ᠭᠡᠮ ᠤᠨ ᠬᠤᠣᠰ ᠳᠡᠭᠡᠭᠰᠢᠯᠡᠯᠲᠡ ᠶᠢ ᠦᠷᠭᠦᠯᠵᠢᠯᠡᠨ ᠠᠬᠢᠭᠤᠯᠵᠤ᠂ ᠲᠥᠷᠥᠯ ᠵᠦᠢᠯ ᠤᠨ ᠡᠷᠲᠡ ᠭᠡᠷ᠎ᠡ ᠲᠣᠭᠲᠠᠨ ᠨᠠᠶᠢᠳᠠᠪᠤᠷᠢᠵᠢᠬᠤ ᠶᠢ ᠠᠬᠢᠭᠤᠯᠤᠨ ᠠᠬᠢᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ︽ᠬᠤᠷᠳᠤᠴᠠ ᠪᠠᠨ ᠲᠦᠷᠭᠡᠳᠬᠡᠬᠦ︾ ᠶᠢ ᠭᠦᠶᠦᠵᠦ ᠭᠠᠷᠭᠠᠨ᠎ᠠ᠃
微信截图_20240408154255.png
        ︽ᠪᠠᠭ᠎ᠠ ᠮᠥᠷᠲᠡᠭᠡᠨ ᠨᠠᠷᠢᠯᠢᠭ᠂ ᠪᠠᠭ᠎ᠠ ᠮᠥᠷᠲᠡᠭᠡᠨ ᠰᠢᠯᠢᠳᠡᠭ᠂ ᠪᠠᠭ᠎ᠠ ᠮᠥᠷᠲᠡᠭᠡᠨ ᠬᠦᠴᠦᠷᠬᠡᠭ︾ ᠬᠠᠷᠠᠯᠲᠠ ᠶᠢᠨ ᠲᠣᠭᠤᠷᠢᠨ ᠳᠤ᠂ ᠡᠨᠡ ᠵᠢᠯ ᠤᠨ ᠰᠢᠭᠤᠶᠢᠲᠤ ᠲᠣᠭᠣᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠬᠠᠷᠠᠯᠲᠠ ᠲᠣᠳᠣᠷᠬᠠᠢ ᠪᠠᠶᠢᠨ᠎ᠠ᠃ ᠨᠢᠭᠡᠳᠦᠭᠡᠷ ᠠᠵᠤ ᠦᠢᠯᠡᠰ ᠤᠨ ᠲᠠᠯ᠎ᠠ ᠪᠠᠷ ᠲᠥᠬᠦᠭᠡᠷᠦᠮᠵᠢᠲᠦ ᠲᠠᠷᠢᠶᠠᠯᠠᠩ ᠪᠠ ᠣᠳᠣ ᠦᠶ᠎ᠡ ᠶᠢᠨ ᠲᠡᠵᠢᠭᠡᠨ ᠦᠷᠡᠵᠢᠭᠦᠯᠬᠦ ᠦᠢᠯᠡᠰ ᠤᠨ ᠲᠥᠷᠥᠯ ᠵᠦᠢᠯ ᠢ ᠭᠤᠣᠯᠯᠠᠨ ᠡᠯᠰᠡᠨ᠎ᠡ︔ ᠬᠤᠶᠠᠳᠤᠭᠠᠷ ᠠᠵᠤ ᠦᠢᠯᠡᠰ ᠤᠨ ᠲᠠᠯ᠎ᠠ ᠪᠠᠷ ᠪᠦᠭᠦ ᠬᠤᠲᠠ ᠶᠢᠨ ︽ᠬᠤᠶᠠᠷ ᠲᠥᠪ︾ ᠤᠨ ᠪᠠᠶᠢᠭᠤᠯᠤᠯᠲᠠ ᠪᠠ ᠲᠠᠪᠤᠨ ᠶᠡᠭᠡ ᠰᠢᠨ᠎ᠡ ᠠᠵᠤ ᠦᠢᠯᠡᠰ ᠢ ᠪᠣᠶᠢᠵᠢᠭᠤᠯᠬᠤ ᠪᠠᠷ ᠭᠤᠣᠯ ᠰᠢᠪᠲᠤᠯᠤᠯᠲᠠ ᠪᠤᠯᠭᠠᠵᠤ᠂ ᠰᠠᠯᠬᠢᠨ ᠬᠦᠴᠦᠨ ᠤ ᠴᠠᠭᠢᠯᠭᠠᠨ ᠤ ᠲᠣᠨᠤᠭ ᠲᠥᠬᠦᠭᠡᠷᠦᠮᠵᠢ ᠂ ᠲᠡᠷᠢᠭᠦᠨ ᠤ ᠲᠡᠮᠦᠷᠯᠢᠭ ᠤᠨ ᠮᠠᠲ᠋ᠧᠷᠢᠶᠠᠯ᠂ ᠨᠡᠭᠦᠷᠡᠰᠦᠲᠥ᠋ᠷᠥᠭᠴᠢ ᠰᠢᠷᠬᠡᠭ ᠵᠢᠴᠢ ᠳᠡᠭᠡᠳᠦ ᠮᠣᠯᠧᠺᠦᠯ ᠤᠨ ᠰᠢᠨ᠎ᠡ ᠮᠠᠲ᠋ᠧᠷᠢᠶᠠᠯ᠂ ᠭᠡᠷᠡᠯ ᠸᠣᠯᠲ ᠢᠵᠢ ᠪᠦᠷᠢᠳᠦᠭᠰᠡᠨ᠂ ᠡᠨᠧᠷᠭᠢ ᠬᠠᠳᠠᠭᠠᠯᠠᠬᠤ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠲᠠᠯ᠎ᠠ ᠪᠠᠷ ᠬᠦᠴᠦ ᠲᠠᠯᠪᠢᠵᠤ᠂ ᠬᠠᠮᠤᠭ ᠶᠡᠭᠡ ᠬᠡᠮᠵᠢᠶ᠎ᠡ ᠪᠠᠷ ᠪᠦᠭᠦ ᠬᠤᠲᠠ ᠶᠢᠨ ᠠᠵᠤ ᠦᠢᠯᠡᠰ ᠤᠨ ᠬᠥᠭᠵᠢᠯᠲᠡ ᠲᠠᠢ ᠬᠠᠷᠢᠯᠴᠠᠨ ᠤᠶᠠᠯᠳᠤᠭᠤᠯᠵᠤ᠂ ᠰᠢᠨ᠎ᠡ ᠡᠨᠧᠷᠭᠢ ᠵᠢᠴᠢ ᠲᠣᠨᠤᠭ ᠲᠥᠬᠦᠭᠡᠷᠦᠮᠵᠢ ᠦᠢᠯᠡᠳᠬᠦ ᠲᠤᠭ ᠲᠡᠮᠳᠡᠭᠲᠦ ᠠᠵᠤ ᠦᠢᠯᠡᠰ ᠤᠨ ᠪᠦᠯᠦᠭᠯᠡᠯ ᠪᠠ ᠵᠠᠭᠤᠨ ᠳ᠋ᠦᠩᠰᠢᠭᠤᠷ ᠤᠨ ᠳᠡᠰ ᠤᠨ ︽ᠬᠤᠶᠠᠷ ᠲᠥᠪ︾ ᠶᠢᠨ ᠢᠵᠢ ᠪᠦᠷᠢᠳᠦᠭᠰᠡᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠦᠷᠦᠭᠵᠢᠯ ᠤᠨ ᠲᠥᠷᠥᠯ ᠵᠦᠢᠯ ᠢ ᠪᠦᠭᠦ ᠬᠦᠴᠦᠨ ᠢᠶᠠᠷ ᠪᠠᠶᠢᠭᠤᠯᠤᠨ᠎ᠠ︔ ᠭᠤᠷᠪᠠᠳᠤᠭᠠᠷ ᠠᠵᠤ ᠦᠢᠯᠡᠰ ᠤᠨ ᠲᠠᠯ᠎ᠠ ᠪᠠᠷ ᠭᠤᠣᠯᠳᠠᠭᠤ ︽8 + 4︾ ᠤ ᠬᠠᠷᠠᠯᠲᠠ ᠶᠢᠨ ᠲᠣᠭᠤᠷᠢᠨ ᠳᠤ ᠲᠤᠶᠢᠯ ᠤᠨ ᠣᠨᠣᠪᠴᠢᠲᠠᠢ ᠪᠠᠷ ᠬᠦᠴᠦᠯᠡᠵᠦ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠭᠤᠣᠯᠳᠠᠯᠭ᠎ᠠ ᠲᠠᠢ ᠰᠠᠶᠢᠲᠤᠷ ᠠᠳᠬᠤᠨ᠂ ᠶᠡᠷᠦᠩᠬᠡᠢ ᠬᠡᠯᠲᠡᠰ ᠤᠨ ᠠᠵᠤ ᠠᠬᠤᠢ ᠶᠢ ᠭᠤᠤᠯᠳᠠᠯᠠᠭ᠎ᠠ ᠲᠠᠢ ᠠᠳᠬᠤᠨ᠎ᠠ᠃ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠭᠤᠣᠯ ᠨᠢ ᠰᠤᠳᠤᠯᠤᠨ ᠨᠡᠭᠡᠭᠡᠵᠦ ᠵᠢᠷᠤᠭᠯᠠᠨ ᠲᠥᠯᠥᠪᠯᠡᠬᠦ᠂ ᠭᠤᠷᠪᠠᠳᠠᠭᠢ ᠡᠲᠡᠭᠡᠳ ᠤᠨ ᠪᠠᠷᠠᠭᠠᠨ ᠤ ᠭᠦᠢᠯᠭᠡᠭᠡ᠂ ᠮᠥᠩᠭᠦᠨ ᠭᠦᠢᠯᠭᠡᠭᠡ ( ᠪᠡᠯᠡ ᠲᠣᠬᠢᠷᠠᠭᠤᠯᠵᠤ ᠲᠦᠷᠢᠶᠡᠰᠦᠯᠡᠭᠦᠯᠬᠦ )᠂ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡ ᠪᠠ ᠡᠯᠧᠺᠲᠷᠣᠨ ᠬᠤᠳᠠᠯᠳᠤᠭᠠᠨ ᠤ ᠶᠠᠪᠤᠳᠠᠯ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ᠂ ᠪᠣᠷᠣᠯᠠᠭᠤᠯᠤᠭᠰᠠᠨ ᠤ ᠳᠠᠷᠠᠭᠠᠬᠢ ᠦᠢᠯᠡᠴᠢᠯᠡᠭᠡ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠪᠠ ᠨᠡᠷᠡᠲᠦ ᠲᠡᠮᠳᠡᠭ ᠤᠨ ᠪᠠᠶᠢᠭᠤᠯᠤᠯᠲᠠ ᠵᠡᠷᠭᠡ 8 ᠬᠦᠷᠢᠶ᠎ᠡ ᠴᠠᠷᠠᠭ᠎ᠠ᠂ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠭᠤᠣᠯ ᠨᠢ ᠡᠷᠡᠭᠦᠯ ᠨᠠᠰᠤᠵᠢᠯ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ᠂ ᠰᠤᠷᠭᠠᠨ ᠬᠥᠮᠦᠵᠢᠯ ᠪᠣᠯᠪᠠᠰᠤᠷᠠᠭᠤᠯᠤᠯ ᠵᠡᠷᠭᠡ 4 ᠬᠦᠷᠢᠶ᠎ᠡ ᠴᠠᠷᠠᠭ᠎ᠠ ᠶᠢᠨ ᠲᠥᠷᠥᠯ ᠵᠦᠢᠯ ᠢ ᠡᠯᠰᠡᠨ᠎ᠡ᠃          ᠬᠠᠪᠤᠷ ᠤᠨ ᠳᠤᠮᠳᠠ᠂ ᠰᠢᠭᠤᠶᠢᠲᠤ ᠲᠣᠭᠣᠷᠢᠭ ᠤᠨ ᠡᠯ᠎ᠡ ᠲᠣᠮᠣ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠤᠢ ᠲᠠᠯᠠᠪᠠᠢ ᠳᠤ ᠣᠴᠢᠬᠤ ᠳᠤ ᠭᠠᠵᠠᠷ ᠪᠣᠯᠭᠠᠨ ᠳᠤ ᠪᠠᠷᠢᠯᠭ᠎ᠠ ᠶᠢᠨ ᠦᠵᠡᠮᠵᠢ ᠢᠯᠡᠷᠡᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠴᠠᠭ ᠮᠥᠴᠡ ᠲᠠᠢ ᠤᠷᠤᠯᠳᠤᠨ᠎ᠠ᠃ 
微信截图_20240408154345.png
        ᠮᠠᠯᠲᠠᠭᠤᠷ ᠮᠠᠰᠢᠨ ᠤᠷᠲᠤ ᠭᠠᠷ ᠰᠠᠵᠢᠯᠠᠨ ᠬᠤᠷᠤᠶᠢᠯᠠᠬᠤ᠂ ᠰᠢᠷᠣᠢ ᠲᠦᠯᠬᠢᠬᠦ ᠮᠠᠰᠢᠨ᠂ ᠱᠦᠢᠨᠢ ᠲᠡᠷᠭᠡ ᠨᠠᠰᠢ ᠴᠠᠰᠢ ᠰᠦᠯᠵᠢᠨ ᠰᠣᠯᠪᠢᠨ᠎ᠠ ᠁ ᠨᠡᠶᠢᠲᠡ 4.25 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠥᠪᠥᠷ ᠮᠣᠩᠭᠤᠯ ᠤᠨ ᠰᠢᠭᠤᠶᠢᠲᠤ ᠲᠣᠭᠤᠷᠢᠭ ᠤᠨ ᠰᠠᠯᠬᠢᠨ ᠬᠦᠴᠦᠨ ᠤ ᠴᠠᠭᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠭᠡᠷ ᠪᠠᠶᠢᠰᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ ᠪᠦᠲᠦᠭᠡᠨ ᠪᠠᠶᠢᠭᠤᠯᠤᠭᠴᠢᠳ ᠶᠠᠭ ᠰᠠᠶᠢᠬᠠᠨ ᠬᠥᠯᠥᠰᠦ ᠪᠠᠨ ᠤᠷᠤᠰᠬᠠᠨ ᠪᠣᠷᠣᠭᠠᠨ ᠠᠴᠠ ᠭᠠᠷᠤᠭ᠎ᠠ ᠦᠭᠡᠢ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠤᠨ ᠰᠠᠭᠤᠷᠢ ᠪᠦᠲᠦᠭᠡᠨ ᠪᠠᠶᠢᠭᠤᠯᠤᠯᠲᠠ ᠬᠢᠵᠦ ᠪᠠᠶᠢᠨ᠎ᠠ᠃          ᠪᠤᠭᠤᠳᠤ ᠶᠢᠨ ᠨᠡᠭᠦᠷᠡᠰᠦᠨ ᠤ ᠰᠤᠳᠤᠯᠤᠯ ᠤᠨ ᠰᠢᠨ᠎ᠡ ᠮᠠᠲ᠋ᠧᠷᠢᠶᠠᠯ ᠬᠥᠭᠵᠢᠭᠦᠯᠬᠦ ᠬᠠᠭ ᠤᠨ ᠣᠨᠴᠠᠭᠠᠢ ᠵᠦᠢᠯ ᠤᠨ ᠪᠠᠯ ᠴᠢᠯᠠᠭᠤ ᠪᠣᠯᠣᠨ ᠬᠤᠯᠪᠣᠭᠳᠠᠯᠲᠠᠢ ᠪᠦᠲᠦᠭᠡᠭᠳᠡᠬᠦᠨ ᠦᠢᠯᠡᠳᠪᠦᠷᠢᠯᠡᠬᠦ ᠫᠠᠷᠺᠠᠳ᠂ ᠨᠤᠨᠳᠠᠭ ᠤᠨ ᠼᠧᠭᠡ᠂ ᠳᠠᠷᠤᠰᠢᠯᠠᠭᠤᠯᠬᠤ ᠼᠧᠭᠡ᠂ ᠭᠦᠪᠦᠷᠡᠯ ᠤᠨ ᠵᠠᠢ᠂ ᠲᠦᠭᠦᠬᠡᠢ ᠮᠠᠲ᠋ᠧᠷᠢᠶᠠᠯ ᠤᠨ ᠰᠠᠨ᠂ ᠪᠦᠲᠦᠭᠡᠭᠳᠡᠬᠦᠨ ᠤ ᠰᠠᠨ ᠵᠡᠷᠭᠡ ᠲᠣᠮᠣ ᠬᠡᠰᠡᠭ ᠰᠢᠨ᠎ᠡ ᠦᠢᠯᠡᠳᠪᠦᠷᠢ ᠨᠦᠭᠦᠳ ᠰᠦᠨᠳᠡᠷᠯᠡᠨ᠃ ᠪᠠᠷᠢᠯᠭ᠎ᠠ ᠶᠢᠨ ᠰᠠᠭᠤᠷᠢ ᠲᠠᠯᠪᠢᠬᠤ᠂ ᠪᠠᠷᠢᠯᠭ᠎ᠠ ᠪᠠᠷᠢᠬᠤ᠂ ᠲᠣᠨᠤᠭ ᠲᠥᠬᠦᠭᠡᠷᠦᠮᠵᠢ ᠤᠭᠰᠠᠷᠠᠬᠤ ᠁ ᠠᠵᠢᠯᠴᠢᠳ ᠤᠨ ᠶᠠᠭᠠᠷᠠᠯᠲᠠᠢ ᠠᠵᠢᠯ ᠡᠭᠦᠷᠭᠡ ᠭᠦᠢᠴᠡᠳᠬᠡᠬᠦ ᠲᠠᠯ᠎ᠠ ᠪᠦᠷᠢ ᠳᠤ ᠨᠢ ᠣᠯᠠᠨ ᠬᠥᠮᠥᠰ ᠤᠨ ᠶᠠᠭᠠᠷᠠᠯᠲᠠᠢ ᠠᠵᠢᠯ ᠦᠢᠯᠡᠰ ᠪᠠᠶᠢᠭ᠎ᠠ ᠶᠢ᠃ 
微信截图_20240408154552.png
        ᠲᠥᠷᠥᠯ ᠵᠦᠢᠯ ᠢ ᠣᠷᠣᠭᠤᠯᠬᠤ ᠳᠠᠭᠠᠨ ᠵᠠᠪᠠᠯ ᠨᠠᠶᠢᠳᠠᠪᠤᠷᠢᠵᠢᠭᠤᠯᠤᠨ᠎ᠠ᠂ ᠨᠡᠩ ᠴᠤ ᠬᠥᠳᠡᠯᠭᠡᠬᠦ ᠬᠡᠷᠡᠭᠲᠡᠢ᠃ ᠰᠢᠭᠤᠶᠢᠲᠤ ᠲᠣᠭᠤᠷᠢᠭ ᠲᠤ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ᠂ ᠨᠠᠷᠢᠯᠢᠭ ᠵᠥᠭᠡᠭᠡᠪᠦᠷᠢᠯᠡᠨ ᠬᠠᠮᠠᠭᠠᠯᠠᠬᠤ ᠦᠢᠯᠡᠴᠢᠯᠡᠭᠡ ᠶᠢᠨ ᠪᠠᠲᠤᠯᠠᠭ᠎ᠠ ᠶᠢ ᠴᠢᠩᠭᠠᠳᠬᠠᠵᠤ᠂ ᠺᠠᠲᠷ ᠤᠨ ᠠᠵᠢᠯ ᠤᠨ ᠰᠤᠷᠲᠠᠯ ᠢ ᠶᠡᠬᠡᠪᠡᠷ ᠬᠤᠪᠢᠷᠠᠭᠤᠯᠵᠤ᠂ ᠬᠤᠳᠠᠯᠳᠤᠭ᠎ᠠ ᠡᠷᠭᠢᠯᠡᠭᠦ ᠣᠷᠴᠢᠨ ᠲᠣᠭᠤᠷᠢᠨ ᠢ ᠶᠡᠬᠡᠪᠡᠷ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠠᠮᠢ ᠠᠬᠤᠢ ᠶᠢᠨ ᠳᠠᠪᠠᠭᠤᠯᠢᠭ ᠰᠢᠨ᠎ᠡ ᠰᠢᠭᠤᠶᠢᠲᠤ ᠲᠣᠭᠤᠷᠢᠭ ᠢ ᠬᠠᠮᠲᠤᠪᠠᠷ ᠪᠦᠲᠦᠭᠡᠨ ᠪᠠᠶᠢᠭᠤᠯᠤᠨ᠎ᠠ᠃ ︽ᠳᠠᠷᠤᠶᠢᠬᠠᠨ ᠬᠢᠵᠦ᠂ ᠦᠨᠡᠨᠬᠦ ᠠᠳᠬᠤᠨ ᠪᠣᠳᠠᠲᠠᠢ ᠬᠢᠬᠦ︾ ᠰᠤᠷᠲᠠᠯ ᠢ ᠶᠡᠬᠡᠪᠡᠷ ᠪᠠᠳᠠᠷᠠᠭᠤᠯᠵᠤ᠂ ᠠᠵᠤ ᠠᠬᠤᠶᠢᠯᠠᠯ ᠳᠤ ᠤᠴᠢᠷ ᠶᠠᠪᠤᠳᠠᠯ ᠦᠭᠡᠢ ᠪᠣᠯ ᠰᠠᠭᠠᠳ ᠤᠴᠠᠷᠠᠭᠤᠯᠬᠤ ᠦᠭᠡᠢ᠂ ᠳᠠᠭᠤᠳᠠᠬᠤ ᠴᠢᠬᠤᠯᠠᠲᠠᠢ᠂ ᠬᠠᠩᠭᠠᠬᠤ ᠴᠢᠬᠤᠯᠠᠲᠠᠢ᠂ ᠬᠥᠮᠥᠨ ᠪᠦᠭᠦᠨ ᠠᠷᠠᠯᠵᠢᠶ᠎ᠠ ᠬᠤᠳᠠᠯᠳᠤᠭ᠎ᠠ ᠡᠷᠭᠢᠯᠡᠭᠦ ᠣᠷᠴᠢᠨ ᠲᠣᠭᠤᠷᠢᠨ ᠢ ᠦᠢᠯᠡᠳᠦᠯᠭᠡᠵᠢᠭᠦᠯᠵᠦ᠂ ᠠᠷᠠᠯᠵᠢᠶ᠎ᠠ ᠬᠤᠳᠠᠯᠳᠤᠭ᠎ᠠ ᠡᠷᠭᠢᠯᠡᠭᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠡᠷᠡᠭᠲᠡᠢ᠃ ᠵᠠᠰᠠᠭ ᠤᠨ ᠣᠷᠳᠣᠨ ᠪᠠ ᠪᠦᠲᠦᠮᠵᠢᠲᠡᠢ ᠵᠠᠬ᠎ᠠ ᠳᠡᠯᠭᠡᠭᠦᠷ ᠢ ᠨᠡᠩ ᠨᠢᠭᠲᠠ ᠤᠶᠠᠯᠳᠤᠭᠤᠯᠬᠤ ᠶᠢ ᠠᠬᠢᠭᠤᠯᠵᠤ᠂ ︽ᠬᠤᠶᠠᠷ ᠢ ᠥᠴᠥᠬᠡᠨ ᠴᠦ ᠭᠤᠶᠢᠪᠢᠰᠢ ᠦᠭᠡᠢ ᠪᠠᠷᠢᠮᠲᠠᠯᠠᠬᠤ︾ ᠶᠢ ᠪᠠᠷᠢᠮᠲᠠᠯᠠᠵᠤ᠂ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠰᠢᠷᠢᠰ ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠵᠦ᠂ ᠲᠣᠮᠣ ᠳᠤᠮᠳᠠ ᠵᠢᠵᠢᠭ ᠠᠵᠤ ᠠᠬᠤᠶᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠤᠯᠤᠰ ᠤᠨ ᠠᠵᠤ ᠠᠬᠤᠶᠢᠯᠠᠯ ᠢ ᠨᠡᠩ ᠵᠣᠷᠢᠭᠲᠠᠢ ᠠᠵᠢᠯᠯᠠᠭᠤᠯᠵᠤ᠂ ᠠᠷᠠᠳ ᠤᠨ ᠠᠵᠤ ᠠᠬᠤᠶᠢᠯᠠᠯ ᠢ ᠨᠡᠩ ᠵᠣᠷᠢᠭᠲᠠᠢ ᠠᠵᠢᠯᠯᠠᠭᠤᠯᠵᠤ᠂ ᠭᠠᠳᠠᠭᠠᠳᠤ ᠶᠢᠨ ᠠᠵᠤ ᠠᠬᠤᠶᠢᠯᠠᠯ ᠳᠤ ᠨᠡᠩ ᠵᠣᠷᠢᠭᠲᠠᠢ ᠣᠷᠣᠬᠤ ᠶᠢ ᠵᠣᠷᠢᠭᠲᠠᠢ ᠪᠣᠯᠭᠠᠨ᠎ᠠ᠃ ᠠᠵᠤ ᠠᠬᠤᠶᠢᠯᠠᠯ ᠤᠨ ᠠᠵᠢᠯ ᠶᠠᠪᠤᠳᠠᠯ ᠢ ᠢᠮᠠᠭᠲᠠ ᠥᠪᠡᠷ ᠤᠨ ᠶᠠᠪᠤᠳᠠᠯ ᠪᠤᠯᠭᠠᠵᠤ᠂ ᠠᠵᠤ ᠠᠬᠤᠶᠢᠯᠠᠯ ᠤᠨ ᠬᠦᠷᠲᠡᠭᠡᠯ ᠤᠨ ᠰᠡᠳᠬᠢᠯᠭᠡ ᠶᠢ ᠬᠠᠮᠤᠭ ᠶᠡᠭᠡ ᠬᠤᠳᠠᠯᠳᠤᠭ᠎ᠠ ᠡᠷᠭᠢᠯᠡᠭᠦ ᠣᠷᠴᠢᠨ ᠲᠣᠭᠤᠷᠢᠨ ᠪᠤᠯᠭᠠᠵᠤ᠂ ᠠᠵᠤ ᠦᠢᠯᠡᠰ ᠤᠨ ᠬᠡᠪᠯᠡᠯ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠷᠢᠨ ᠣᠨᠣᠪᠴᠢᠲᠠᠢ ᠬᠦᠴᠦᠯᠡᠨ ᠲᠣᠭᠲᠠᠭᠠᠵᠤ᠂ ᠲᠡᠷᠢᠭᠦᠨ ᠦᠢᠯᠡᠴᠢᠯᠡᠭᠡᠨ ᠤ ᠨᠣᠶᠠᠨ ᠤ ᠳᠦᠷᠢᠮ ᠢ ᠪᠦᠭᠦ ᠲᠠᠯ᠎ᠠ ᠪᠠᠷ ᠬᠡᠷᠡᠭᠵᠢᠭᠦᠯᠵᠦ᠂ ᠠᠵᠤ ᠠᠬᠤᠶᠢᠯᠠᠯ ᠳᠤ ᠪᠦᠭᠦ ᠶᠠᠪᠤᠴᠠ᠂ ᠳᠤᠰᠤᠯᠭᠠᠨ ᠤᠰᠤᠯᠠᠬᠤ ᠮᠠᠶ᠋ᠢᠭ ᠤᠨ ᠪᠦᠭᠦ ᠠᠮᠢ ᠨᠠᠰᠤᠨ ᠤ ᠦᠶᠡᠯᠡᠯ ᠤᠨ ᠨᠠᠷᠢᠯᠢᠭ ᠣᠨᠣᠪᠴᠢᠲᠠᠢ ᠦᠢᠯᠡᠴᠢᠯᠡᠭᠡ ᠶᠢ ᠬᠠᠩᠭᠠᠵᠤ᠂ ᠠᠵᠤ ᠠᠬᠤᠶᠢᠯᠠᠯ ᠤᠨ ᠭᠠᠵᠠᠷ ᠪᠠᠭᠤᠬᠤ ᠢᠲᠡᠭᠡᠯ ᠵᠣᠷᠢᠭ ᠪᠠ ᠣᠨᠣᠪᠴᠢ ᠶᠢᠨ ᠬᠡᠮᠵᠢᠶ᠎ᠡ ᠶᠢ ᠦᠨᠡᠨᠬᠦ ᠴᠢᠩᠭᠠᠳᠬᠠᠵᠤ᠂ ᠡᠯ᠎ᠡ ᠲᠥᠷᠥᠯ ᠤᠨ ᠠᠵᠤ ᠠᠬᠤᠶᠢᠯᠠᠯ ᠤᠨ ᠰᠢᠭᠤᠢᠲᠤ ᠨᠤᠲᠤᠭ ᠤᠨ ᠠᠷᠠᠳ ᠤᠨ ᠠᠮᠢᠳᠤᠷᠠᠯ᠂ ᠪᠡᠯᠡ ᠣᠷᠣᠭᠤᠯᠤᠨ ᠠᠵᠤ ᠦᠢᠯᠡᠰ ᠪᠣᠰᠬᠠᠬᠤ᠂ ᠶᠡᠭᠡ ᠬᠥᠭᠵᠢᠯᠲᠡ ᠶᠢᠨ ᠠᠤᠭ᠎ᠠ ᠲᠥᠰᠥᠪ ᠢ ᠪᠦᠭᠦ ᠬᠦᠴᠦᠨ ᠢᠶᠠᠷ ᠳᠡᠮᠵᠢᠨ᠎ᠡ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号