ᠨᠢᠭᠡᠳᠦᠭᠡᠷ ᠤᠯᠠᠷᠢᠯ ᠳᠤ᠂ ᠰᠢᠭᠤᠶᠢᠲᠤ ᠲᠣᠭᠤᠷᠢᠭ ᠤᠨᠬᠢᠨ ᠠᠵᠤ ᠦᠢᠯᠡᠰ ᠢ ᠲᠣᠭᠲᠠᠪᠤᠷᠢᠵᠢᠭᠤᠯᠬᠤ᠂ | ᠬᠡᠯᠬᠢᠶ᠎ᠡ ᠶᠢ ᠴᠢᠩᠭᠠᠳᠬᠠᠬᠤ᠂ ᠬᠥᠳᠡᠯᠭᠡᠬᠦ ᠴᠢᠳᠠᠪᠤᠷᠢ ᠶᠢ ᠪᠣᠶᠢᠵᠢᠭᠤᠯᠬᠤ ᠪᠠᠷ ᠬᠦᠴᠦᠯᠡᠵᠦ᠂ ᠠᠵᠤ ᠦᠢᠯᠡᠳᠪᠦᠷᠢ ᠶᠢᠨ | ᠠᠵᠤ ᠠᠬᠤᠢ ᠶᠢᠨ ᠴᠢᠨᠠᠷ ᠰᠠᠶᠢᠲᠠᠢ ᠦᠷᠭᠦᠯᠵᠢᠯᠡᠬᠦ ᠬᠥᠭᠵᠢᠯᠲᠡ ᠶᠢᠨ ᠰᠠᠭᠤᠷᠢ ᠶᠢ ᠲᠠᠰᠤᠷᠠᠯᠲᠠ ᠦᠭᠡᠢ | ᠪᠠᠬᠢᠵᠢᠭᠦᠯᠵᠦ᠂ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠶᠢ ᠢᠯᠡᠷᠡᠭᠦᠯᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠦᠢᠯᠡᠳᠪᠦᠷᠢᠯᠡᠯ ᠤᠨ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠨᠡᠮᠡᠭᠳᠡᠭᠦᠯᠬᠦ᠂ ᠬᠥᠭᠵᠢᠯᠲᠡ ᠶᠢᠨ ᠢᠲᠡᠭᠡᠯ ᠢ | ᠪᠦᠲᠦᠮᠵᠢᠲᠡᠢ ᠳᠡᠭᠡᠭᠰᠢᠯᠡᠭᠦᠯᠬᠦ ᠶᠢ ᠠᠬᠢᠭᠤᠯᠪᠠ᠃ ᠪᠦᠬᠦ ᠲᠣᠭᠤᠷᠢᠭ ᠤᠨ ᠠᠵᠤ ᠦᠢᠯᠡᠳᠪᠦᠷᠢ ᠶᠢᠨ ᠠᠵᠤ | ᠠᠬᠤᠢ ᠶᠢᠨ ᠨᠡᠮᠡᠭᠳᠡᠯ ᠤᠨ ᠬᠠᠨᠳᠤᠰᠢ ᠦᠳᠲᠡᠷ ᠲᠦᠷᠭᠡᠨ᠂ ᠬᠦᠴᠦᠲᠡᠢ ᠪᠣᠯᠵᠤ᠂ ᠡᠯ᠎ᠡ ᠵᠦᠢᠯ ᠤᠨ ᠠᠵᠤ ᠠᠬᠤᠢ ᠶᠢᠨ | ᠭᠦᠢᠴᠡᠳᠬᠡᠯ ᠲᠤᠭ᠎ᠠ ᠢᠯᠡᠳᠲᠡ ᠳᠡᠭᠡᠭᠰᠢᠯᠡᠪᠡ᠃ | ᠨᠢᠭᠡ᠂ ᠠᠵᠤ ᠦᠢᠯᠡᠳᠪᠦᠷᠢ ᠶᠢᠨ ᠪᠦᠬᠦᠯᠢ ᠴᠣᠭᠴᠠ ᠶᠢᠨ ᠨᠡᠮᠡᠭᠳᠡᠯ ᠤᠨ ᠬᠤᠷᠳᠤᠴᠠ ᠨᠡᠯᠢᠶᠡᠳ ᠲᠦᠷᠭᠡᠨ | ᠪᠠᠶᠢᠵᠤ᠂ ᠦᠢᠯᠡᠳᠬᠦ ᠦᠢᠯᠡᠰ ᠤᠨ ᠬᠥᠲᠥᠯᠥᠨ ᠳᠠᠭᠠᠭᠤᠯᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠤᠨ᠎ᠠ | ᠨᠢᠭᠡᠳᠦᠭᠡᠷ ᠤᠯᠠᠷᠢᠯ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ | ᠠᠳᠠᠯᠢ ᠬᠤᠭᠤᠴᠠᠭᠠᠨ ᠤ ᠬᠢ ᠠᠴᠠ 18.3% ᠪᠠᠷ ᠨᠡᠮᠡᠭᠳᠡᠵᠦ᠂ ᠪᠥᠬᠦ ᠬᠤᠲᠠ ᠶᠢᠨ ᠨᠡᠷᠡᠰ ᠤᠨ ᠵᠢᠭᠰᠠᠭᠠᠯᠲᠠ ᠳᠤ | ᠲᠠᠪᠤᠳᠤᠭᠠᠷ ᠲᠤ ᠣᠷᠣᠵᠤ᠂ ᠨᠡᠮᠡᠭᠳᠡᠯ ᠤᠨ ᠬᠤᠷᠳᠤᠴᠠ ᠨᠢ ᠠᠳᠠᠯᠢ ᠬᠤᠭᠤᠴᠠᠭᠠᠨ ᠤ ᠬᠢ ᠠᠴᠠ 13.5 ᠵᠠᠭᠤᠨ ᠤ | ᠨᠢᠭᠡᠴᠢ ᠲᠦᠷᠭᠡᠨ ᠪᠣᠯᠵᠤ᠂ ᠲᠣᠰ ᠲᠣᠰ ᠪᠥᠬᠦ ᠬᠤᠲᠠ᠂ ᠪᠥᠬᠦ ᠣᠷᠣᠨ᠂ ᠪᠥᠬᠦ ᠤᠯᠤᠰ ᠤᠨ 1.8 ᠵᠢᠩ᠂ 11.2᠂ | 12.2 ᠵᠠᠭᠤᠨ ᠤ ᠴᠡᠭ ᠥᠨᠳᠥᠷ ᠪᠣᠯᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠦᠢᠯᠡᠳᠬᠦᠨ ᠤ ᠶᠡᠷᠦᠩᠬᠡᠢ ᠥᠷᠲᠡᠭ ᠨᠡᠶᠢᠲᠡ 74.8 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 32.4% ᠨᠡᠮᠡᠭᠳᠡᠪᠡ᠃ | | ᠠᠵᠤ ᠦᠢᠯᠡᠳᠪᠦᠷᠢ ᠶᠢᠨ ᠭᠤᠷᠪᠠᠨ ᠲᠣᠮᠣ ᠲᠥᠷᠥᠯ ᠤᠨ ᠳᠣᠲᠣᠷ᠎ᠠ᠂ ᠠᠭᠤᠷᠬᠠᠢ ᠮᠠᠯᠲᠠᠬᠤ ᠦᠢᠯᠡᠰ ᠤᠨ | ᠨᠡᠮᠡᠭᠳᠡᠯ ᠥᠷᠲᠡᠭ 56.1% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 1.7% ᠪᠠᠷ ᠨᠡᠮᠡᠭᠳᠡᠪᠡ︔ | ᠦᠢᠯᠡᠳᠬᠦ ᠦᠢᠯᠡᠰ ᠤᠨ ᠨᠡᠮᠡᠭᠳᠡᠯ ᠥᠷᠲᠡᠭ ᠨᠢ 43.1% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 52. | 2% ᠢᠶᠠᠷ ᠨᠡᠮᠡᠭᠳᠡᠵᠦ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ | ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠤᠨ ᠡᠵᠡᠯᠡᠬᠦ ᠬᠠᠷᠢᠴᠠᠯ ᠨᠢ 0.8% | ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1.5% ᠪᠠᠷ ᠨᠡᠮᠡᠭᠳᠡᠪᠡ᠃ | ᠬᠤᠶᠠᠷ᠂ ᠰᠢᠨ᠎ᠡ ᠪᠠᠷ ᠨᠡᠮᠡᠭᠳᠡᠭᠰᠡᠨ ᠠᠵᠢᠯ ᠲᠥᠷᠥᠯ ᠤᠨ ᠳᠠᠶᠢᠴᠢᠯᠠᠬᠤ ᠦᠢᠯᠡᠳᠦᠯ ᠢᠯᠡᠳᠲᠡ ᠪᠣᠯᠵᠤ᠂ | ᠰᠢᠨ᠎ᠡ ᠠᠵᠤ ᠦᠢᠯᠡᠰ ᠤᠨ ᠬᠥᠳᠡᠯᠭᠡᠬᠦ ᠬᠦᠴᠦᠨ ᠲᠡᠭᠦᠯᠳᠡᠷ ᠪᠣᠯᠪᠠ | ᠨᠢᠭᠡᠳᠦᠭᠡᠷ ᠤᠯᠠᠷᠢᠯ ᠳᠤ᠂ ᠮᠠᠨ ᠤ ᠲᠣᠭᠤᠷᠢᠭ ᠲᠤ ᠬᠤᠯᠪᠣᠭᠳᠠᠬᠤ 12 ᠠᠵᠢᠯ ᠲᠥᠷᠥᠯ ᠤᠨ ᠶᠡᠭᠡ | ᠲᠥᠷᠥᠯ ᠤᠨ ᠳᠣᠲᠣᠷᠠᠬᠢ 6 ᠠᠵᠢᠯ ᠲᠥᠷᠥᠯ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠨᠡᠮᠡᠭᠳᠡᠬᠦ | ᠬᠠᠨᠳᠤᠰᠢ ᠲᠠᠢ ᠪᠠᠶᠢᠨ᠎ᠠ᠃ ᠭᠤᠷᠪᠠᠨ ᠲᠣᠮᠣ ᠭᠤᠣᠯ ᠠᠵᠢᠯ ᠲᠥᠷᠥᠯ ᠤᠨ ᠳᠣᠲᠣᠷ᠎ᠠ᠂ ᠨᠡᠭᠦᠷᠡᠰᠦ ᠮᠠᠯᠲᠠᠬᠤ ᠪᠠ | ᠤᠬᠢᠶᠠᠵᠤ ᠰᠢᠯᠢᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 1.7% ᠪᠠᠷ ᠨᠡᠮᠡᠭᠳᠡᠵᠦ᠂ | ᠪᠥᠬᠦ ᠲᠣᠭᠤᠷᠢᠭ ᠤᠨ ᠨᠡᠮᠡᠭᠳᠡᠯ ᠥᠷᠲᠡᠭ ᠢ 2.4 ᠵᠠᠭᠤᠨ ᠤ ᠨᠢᠭᠡᠴᠢ ᠨᠡᠮᠡᠭᠳᠡᠪᠡ︔ ᠬᠠᠷ᠎ᠠ ᠲᠡᠮᠦᠷᠯᠢᠭ | ᠬᠠᠶᠢᠯᠤᠭᠤᠯᠬᠤ ᠪᠠ ᠳᠠᠷᠤᠵᠤ ᠤᠷᠲᠤᠳᠬᠠᠨ ᠡᠳ᠋ᠰᠢᠭᠦᠯᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ | ᠬᠢ ᠠᠴᠠ 42.1% ᠪᠠᠷ ᠨᠡᠮᠡᠭᠳᠡᠵᠦ᠂ ᠪᠥᠬᠦ ᠲᠣᠭᠤᠷᠢᠭ ᠤᠨ ᠨᠡᠮᠡᠭᠳᠡᠯ ᠥᠷᠲᠡᠭ ᠢ 8.7 ᠵᠠᠭᠤᠨ ᠤ ᠴᠡᠭ | ᠨᠡᠮᠡᠭᠳᠡᠪᠡ︔ ᠰᠢᠨ᠎ᠡ ᠪᠠᠷ ᠨᠡᠮᠡᠭᠳᠡᠭᠰᠡᠨ ᠴᠠᠬᠢᠯᠭᠠᠨ ᠮᠠᠰᠢᠨ ᠮᠧᠬᠠᠨᠢᠭ ᠪᠠ ᠪᠠᠭᠠᠵᠢ ᠬᠡᠷᠡᠭᠰᠡᠯ ᠦᠢᠯᠡᠳᠬᠦ ᠦᠢᠯᠡᠰ ᠤᠨ | ᠨᠡᠮᠡᠭᠳᠡᠯ ᠥᠷᠲᠡᠭ ᠢ ᠴᠤᠯ ᠨᠡᠮᠡᠭᠳᠡᠯ ᠤᠨ ᠬᠡᠮᠵᠢᠶ᠎ᠡ ᠪᠣᠯᠭᠠᠵᠤ᠂ ᠪᠥᠬᠦ ᠣᠷᠣᠨ ᠤ ᠨᠡᠮᠡᠭᠳᠡᠯ ᠥᠷᠲᠡᠭ ᠢ 11.5 | ᠵᠠᠭᠤᠨ ᠤ ᠴᠡᠭ ᠨᠡᠮᠡᠭᠳᠡᠪᠡ᠃ ᠬᠢᠮᠢ ᠶᠢᠨ ᠲᠦᠭᠦᠬᠡᠢ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ᠂ | ᠲᠡᠮᠦᠷᠯᠢᠭ ᠪᠤᠰᠤ ᠡᠷᠦᠳᠡᠰᠦ ᠦᠢᠯᠡᠳᠬᠦ ᠦᠢᠯᠡᠰ᠂ ᠥᠩᠭᠡᠲᠦ ᠲᠡᠮᠦᠷᠯᠢᠭ ᠬᠠᠶᠢᠯᠤᠭᠤᠯᠬᠤ ᠪᠠ ᠳᠠᠷᠤᠵᠤ | ᠤᠷᠲᠤᠳᠬᠠᠨ ᠡᠳ᠋ᠰᠢᠭᠦᠯᠬᠦ ᠦᠢᠯᠡᠰ᠂ ᠰᠢᠲᠠᠮᠠᠬᠠᠢ ᠬᠡᠢ ᠦᠢᠯᠡᠳᠪᠦᠷᠢᠯᠡᠬᠦ ᠪᠠ ᠬᠠᠩᠭᠠᠬᠤ ᠦᠢᠯᠡᠰ ᠤᠨ ᠨᠡᠮᠡᠭᠳᠡᠯ | ᠥᠷᠲᠡᠭ ᠨᠢ ᠲᠣᠰ ᠲᠣᠰ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 35%᠂ 108.7%᠂ 62.5%᠂ | 370.8% ᠨᠡᠮᠡᠭᠳᠡᠪᠡ᠂ ᠭᠡᠪᠡᠴᠦ ᠡᠨᠡ ᠳᠥᠷᠪᠡᠨ ᠠᠵᠢᠯ ᠲᠥᠷᠥᠯ ᠤᠨ ᠬᠤᠪᠢ ᠶᠢᠨ ᠬᠡᠮᠵᠢᠶ᠎ᠡ ᠨᠢ ᠨᠡᠯᠢᠶᠡᠳ ᠪᠠᠭ᠎ᠠ᠂ | ᠪᠥᠬᠦ ᠲᠣᠭᠤᠷᠢᠭ ᠤᠨ ᠨᠡᠮᠡᠭᠳᠡᠯ ᠥᠷᠲᠡᠭ ᠢ ᠳᠠᠶᠢᠴᠢᠯᠠᠬᠤ ᠡᠷᠴᠢᠮ ᠨᠡᠯᠢᠶᠡᠳ ᠪᠠᠭᠤᠷᠠᠢ ᠪᠠᠶᠢᠨ᠎ᠠ᠃ ᠪᠤᠰᠤᠳ 5 | ᠠᠵᠢᠯ ᠲᠥᠷᠥᠯ ᠤᠨ ᠨᠡᠮᠡᠭᠳᠡᠯ ᠥᠷᠲᠡᠭ ᠨᠢ ᠪᠠᠭᠤᠷᠠᠬᠤ ᠬᠠᠨᠳᠤᠰᠢ ᠲᠠᠢ ᠪᠠᠶᠢᠵᠤ᠂ ᠲᠣᠰ ᠲᠣᠰ ᠴᠢᠯᠠᠭᠤᠨ ᠲᠣᠰᠣ᠂ | ᠨᠡᠭᠦᠷᠡᠰᠦ ᠵᠢᠴᠢ ᠪᠤᠰᠤᠳ ᠲᠦᠯᠡᠰᠢ ᠡᠳ᠋ᠰᠢᠭᠦᠯᠬᠦ ᠦᠢᠯᠡᠰ᠂ ᠭᠤᠮ ᠪᠠ ᠰᠦᠯᠢᠶᠥᠦ ᠶᠢᠨ ᠪᠦᠲᠦᠭᠡᠭᠳᠡᠬᠦᠨ᠂ | ᠲᠡᠮᠦᠷᠯᠢᠭ ᠤᠨ ᠪᠦᠲᠦᠭᠡᠭᠳᠡᠬᠦᠨ ᠤ ᠦᠢᠯᠡᠰ᠂ ᠬᠠᠶᠠᠭᠳᠠᠮᠠᠯ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠦᠢᠯᠡᠰ | ᠵᠢᠴᠢ ᠴᠠᠬᠢᠯᠭᠠᠨ ᠬᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠪᠣᠯᠣᠨ᠎ᠠ᠃ | | ᠨᠠᠷᠠᠨ ᠡᠨᠧᠷᠭᠢ ᠪᠠᠷ ᠴᠠᠭᠢᠯᠭᠠᠨ ᠭᠠᠷᠭᠠᠬᠤ ᠪᠠ ᠰᠠᠯᠬᠢᠨ ᠡᠨᠧᠷᠭᠢ ᠪᠠᠷ ᠴᠠᠭᠢᠯᠭᠠᠨ ᠭᠠᠷᠭᠠᠬᠤ ᠮᠠᠰᠢᠨ | ᠲᠣᠨᠣᠭᠯᠠᠯ ᠵᠢᠴᠢ ᠰᠡᠯᠪᠢᠭ ᠲᠣᠨᠤᠭ ᠦᠢᠯᠡᠳᠬᠦ ᠪᠠᠷ ᠭᠤᠣᠯ ᠪᠤᠯᠭᠠᠬᠰᠠᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠰᠢᠨ᠎ᠡ ᠪᠠᠷ ᠪᠤᠢ ᠪᠣᠯᠤᠭᠰᠠᠨ ᠠᠵᠤ ᠦᠢᠯᠡᠰ ᠤᠨ ᠬᠥᠳᠡᠯᠭᠡᠬᠦ ᠬᠦᠴᠦᠨ ᠭᠦᠢᠴᠡᠳ ᠪᠠᠶᠢᠵᠤ᠂ ᠨᠢᠭᠡᠳᠦᠭᠡᠷ | ᠤᠯᠠᠷᠢᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 90.6 % ᠪᠠᠷ ᠨᠡᠮᠡᠭᠳᠡᠵᠦ᠂ ᠪᠦᠭᠦ | ᠣᠷᠣᠨ ᠤ ᠨᠡᠮᠡᠭᠳᠡᠯ ᠥᠷᠲᠡᠭ ᠢ ᠵᠠᠭᠤᠨ ᠤ 6 ᠬᠤᠪᠢ ᠪᠠᠷ ᠨᠡᠮᠡᠭᠳᠡᠪᠡ᠃ | ᠪᠦᠭᠦ ᠲᠣᠭᠤᠷᠢᠭ ᠤᠨ 10 ᠵᠦᠢᠯ ᠤᠨ ᠭᠤᠣᠯ ᠠᠵᠤ ᠦᠢᠯᠡᠳᠪᠦᠷᠢ ᠶᠢᠨ ᠦᠢᠯᠡᠳᠬᠦᠨ ᠤ 8 ᠨᠢ | ᠨᠡᠮᠡᠭᠳᠡᠵᠦ᠂ ᠨᠡᠮᠡᠭᠳᠡᠯ ᠤᠨ ᠬᠡᠪᠴᠢᠶ᠎ᠡ ᠨᠢ 80 % ᠳᠤ ᠭᠦᠷᠪᠡ᠃ | | ᠭᠤᠷᠪᠠ᠂ ᠠᠵᠤ ᠠᠬᠤᠶᠢᠯᠠᠯ ᠤᠨ ᠡᠵᠡᠩᠨᠡᠯᠲᠡ ᠶᠢᠨ ᠦᠷ᠎ᠡ ᠪᠦᠲᠦᠭᠡᠯ ᠮᠠᠭᠤ᠂ ᠦᠷ᠎ᠡ ᠠᠰᠢᠭ ᠤᠨ | ᠪᠠᠶᠢᠳᠠᠯ ᠢ ᠰᠠᠶᠢᠵᠢᠷᠠᠭᠤᠯᠬᠤ ᠴᠢᠬᠤᠯᠠᠲᠠᠢ ᠪᠠᠶᠢᠨ᠎ᠠ | ᠨᠢᠭᠡᠳᠦᠭᠡᠷ ᠤᠯᠠᠷᠢᠯ ᠳᠤ᠂ ᠪᠦᠭᠦ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠨᠡᠶᠢᠲᠡ 41 ᠪᠠᠶᠢᠵᠤ᠂ ᠡᠭᠦᠨ ᠳᠤ ᠠᠯᠳᠠᠭᠳᠠᠯ ᠲᠠᠢ ᠠᠵᠤ ᠠᠬᠤᠶᠢᠯᠠᠯ 22 | ᠪᠠᠶᠢᠵᠤ᠂ ᠠᠯᠳᠠᠭᠳᠠᠯ ᠲᠠᠢ ᠠᠵᠤ ᠠᠬᠤᠶᠢᠯᠠᠯ 53.7 % ᠳᠤ ᠬᠦᠷᠴᠡᠢ᠃ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 48.9 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 8.6 % ᠪᠠᠷ ᠳᠣᠷᠣᠭᠰᠢᠯᠠᠵᠤ᠂ ᠡᠵᠡᠩᠨᠡᠯᠲᠡ ᠶᠢᠨ ᠠᠰᠢᠭ | ᠬᠤᠨᠵᠢᠪᠤᠷᠢ 2.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 50.6 % ᠪᠠᠷ | ᠳᠣᠷᠣᠭᠰᠢᠯᠠᠵᠤ᠂ ᠠᠰᠢᠭ ᠬᠤᠨᠵᠢᠪᠤᠷᠢ ᠶᠢᠨ ᠶᠡᠷᠦᠩᠬᠡᠢ ᠲᠤᠭ᠎ᠠ 0.3 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 93 % ᠪᠠᠷ ᠪᠠᠭᠤᠷᠠᠪᠠ᠃ | ᠳᠥᠷᠪᠡ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ | ᠰᠠᠨᠠᠭᠤᠯᠭ᠎ᠠ | ᠣᠳᠣᠬᠠᠨ ᠳᠤ ᠠᠵᠤ ᠦᠢᠯᠡᠳᠪᠦᠷᠢ ᠶᠢᠨ ᠠᠵᠤ ᠠᠬᠤᠢ ᠶᠢᠨ ᠴᠣᠭᠴᠠ ᠶᠢᠨ ᠬᠡᠮᠵᠢᠶ᠎ᠡ ᠲᠡᠩᠴᠡᠭᠦᠷᠢ ᠦᠭᠡᠢ | ᠂ ᠠᠵᠤ ᠠᠬᠤᠶᠢᠯᠠᠯ ᠤᠨ ᠬᠡᠪᠴᠢᠶ᠎ᠡ ᠨᠡᠶᠢᠳᠡᠮ ᠳᠡᠭᠡᠨ ᠪᠠᠭ᠎ᠠ᠂ ᠪᠦᠬᠦᠯᠢ ᠴᠣᠭᠴᠠ ᠶᠢᠨ ᠥᠷᠢᠰᠦᠯᠳᠦᠬᠦ ᠬᠦᠴᠦᠨ | ᠴᠢᠩᠭ᠎ᠠ ᠪᠤᠰᠤ᠂ ᠳᠠᠭᠠᠭᠤᠯᠤᠭᠴᠢ ᠠᠵᠤ ᠠᠬᠤᠶᠢᠯᠠᠯ ᠳᠤ ᠲᠦᠰᠢᠭᠯᠡᠬᠦ ᠴᠢᠨᠠᠷ ᠭᠡᠳᠦ ᠶᠡᠭᠡ ᠪᠠᠶᠢᠭ᠎ᠠ ᠠᠴᠠ ᠭᠠᠳᠠᠨ᠎ᠠ᠂ | ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠤ ᠥᠭᠡᠳᠡ ᠦᠭᠡᠢ ᠨᠥᠯᠥᠭᠡ ᠶᠢ ᠬᠦᠷᠲᠡᠵᠦ᠂ ᠦᠢᠯᠡᠳᠬᠦᠨ ᠤ ᠦᠨ᠎ᠡ | ᠬᠠᠩᠰᠢ ᠪᠠᠭᠤᠷᠠᠵᠤ᠂ ᠦᠢᠯᠡᠳᠬᠦᠨ ᠤ ᠬᠡᠮᠵᠢᠶ᠎ᠡ ᠳᠣᠷᠣᠭᠰᠢᠯᠠᠵᠤ᠂ 17 ᠡᠷᠦᠭᠡ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠨᠢᠭᠡᠳᠦᠭᠡᠷ ᠤᠯᠠᠷᠢᠯ ᠤᠨ ᠦᠢᠯᠡᠳᠬᠦᠨ ᠤ ᠥᠷᠲᠡᠭ ᠨᠢ ᠨᠢᠳᠤᠨᠤᠨ ᠤ ᠠᠳᠠᠯᠢ ᠬᠤᠭᠤᠴᠠᠭᠠᠨ ᠤ | ᠬᠢ ᠠᠴᠠ ᠵᠣᠬᠢᠬᠤ ᠬᠡᠮᠵᠢᠶ᠎ᠡ ᠪᠠᠷ ᠪᠠᠭᠤᠷᠠᠵᠤ᠂ ᠮᠠᠨ ᠤ ᠲᠣᠭᠤᠷᠢᠭ ᠤᠨ ᠠᠵᠤ ᠦᠢᠯᠡᠳᠪᠦᠷᠢ ᠶᠢᠨ ᠶᠡᠷᠦᠩᠬᠡᠢ | ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠪᠠ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ | ᠨᠡᠮᠡᠭᠳᠡᠯ ᠤᠨ ᠬᠤᠷᠳᠤᠴᠠ ᠶᠢ ᠵᠣᠬᠢᠬᠤ ᠬᠡᠮᠵᠢᠶ᠎ᠡ ᠪᠠᠷ ᠪᠣᠭᠤᠨᠢᠰᠬᠠᠭᠰᠠᠨ ᠪᠠᠶᠢᠨ᠎ᠠ᠃ | ᠮᠠᠨ ᠤ ᠲᠣᠭᠤᠷᠢᠭ ᠤᠨ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠶᠢᠨ ᠲᠤᠰᠠᠳᠠ᠂ ᠳᠣᠣᠷᠠᠬᠢ ᠬᠡᠳᠦᠨ | ᠲᠠᠯ᠎ᠠ ᠪᠠᠷ ᠬᠤᠯᠪᠣᠭᠳᠠᠯ ᠪᠦᠬᠦᠢ ᠠᠵᠢᠯ ᠢ ᠭᠠᠷᠳᠠᠨ ᠲᠦᠯᠬᠢᠨ ᠠᠬᠢᠭᠤᠯᠬᠤ ᠬᠡᠷᠡᠭᠲᠡᠢ᠃ ᠨᠢᠭᠡ ᠳᠤ ᠦᠢᠯᠡᠳᠬᠦᠨ ᠤ | ᠥᠷᠲᠡᠭ ᠢ ᠳᠠᠷᠤᠭᠠᠰᠤ ᠨᠢ ᠨᠡᠮᠡᠭᠳᠡᠭᠦᠯᠵᠦ ᠪᠠᠶᠢᠭ᠎ᠠ ᠠᠵᠤ ᠠᠬᠤᠶᠢᠯᠠᠯ ᠳᠤ ᠥᠭᠬᠦ ᠬᠦᠴᠢᠷᠳᠡᠯ ᠢ ᠰᠢᠢᠳᠪᠦᠷᠢᠯᠡᠬᠦ | ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠳᠤ ᠬᠠᠷᠠᠭᠠᠯᠵᠠᠯ ᠦᠵᠡᠭᠦᠯᠭᠦ ᠲᠥᠷᠥ ᠶᠢᠨ ᠪᠣᠳᠣᠯᠭ᠎ᠠ ᠶᠢ | ᠢᠳᠡᠪᠬᠢᠲᠡᠢ ᠨᠠᠶᠢᠳᠠᠪᠤᠷᠢᠵᠢᠭᠤᠯᠤᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠠᠵᠤ | ᠠᠬᠤᠶᠢᠯᠠᠯ ᠢ ᠬᠠᠪᠰᠤᠷᠴᠤ ᠵᠠᠬ᠎ᠠ ᠳᠡᠯᠭᠡᠭᠦᠷ ᠢ ᠨᠡᠭᠡᠭᠡᠨ ᠥᠷᠭᠡᠳᠬᠡᠵᠦ᠂ ᠪᠣᠷᠣᠯᠠᠭᠤᠯᠬᠤ ᠠᠷᠭ᠎ᠠ ᠵᠠᠮ ᠢ ᠨᠢ | ᠥᠷᠭᠡᠳᠬᠡᠵᠦ᠂ ᠵᠠᠬ᠎ᠠ ᠳᠡᠯᠭᠡᠭᠦᠷ ᠤᠨ ᠡᠵᠡᠩᠨᠡᠯᠲᠡ ᠪᠣᠷᠤᠯᠠᠭᠤᠯᠭ᠎ᠠ ᠶᠢᠨ ᠲᠡᠭᠦᠯᠳᠡᠷᠵᠢᠭᠰᠡᠨ ᠲᠣᠣᠷ ᠰᠦᠯᠵᠢᠶ᠎ᠡ ᠶᠢ | ᠪᠠᠶᠢᠭᠤᠯᠬᠤ ᠪᠠᠷ ᠳᠠᠮᠵᠢᠭᠤᠯᠤᠨ ᠦᠢᠯᠡᠳᠬᠦᠨ ᠤ ᠵᠠᠬ᠎ᠠ ᠳᠡᠯᠭᠡᠭᠦᠷ ᠡᠵᠡᠯᠡᠬᠦ ᠨᠣᠷᠮ᠎ᠠ ᠶᠢ ᠨᠡᠮᠡᠭᠳᠡᠭᠦᠯᠦᠨ᠎ᠡ᠃ | ᠬᠤᠶᠠᠷ ᠲᠤ ᠠᠵᠤ ᠠᠬᠤᠶᠢᠯᠠᠯ ᠤᠨ ᠮᠡᠷᠭᠡᠵᠢᠯ ᠤᠨ ᠰᠢᠨᠡᠴᠢᠯᠡᠯᠲᠡ ᠪᠠᠷ ᠳᠠᠮᠵᠢᠭᠤᠯᠤᠨ ᠦᠢᠯᠡᠳᠬᠦᠨ ᠤ ᠨᠡᠮᠡᠯᠲᠡ | ᠥᠷᠲᠡᠭ ᠢᠶᠠᠨ ᠳᠡᠭᠡᠭᠰᠢᠯᠡᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠢ ᠲᠡᠳᠬᠦᠬᠦ ᠡᠷᠴᠢᠮ ᠢᠶᠠᠨ | ᠴᠢᠩᠭᠠᠷᠠᠭᠤᠯᠵᠤ᠂ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ᠂ ᠶᠠᠰᠤ | ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠲᠦᠯᠬᠢᠨ ᠠᠬᠢᠭᠤᠯᠬᠤ ᠶᠢ ᠵᠣᠷᠢᠭᠵᠢᠭᠤᠯᠤᠨ᠎ᠠ᠃ | ᠭᠤᠷᠪᠠ ᠳᠤ ᠵᠠᠬ᠎ᠠ ᠳᠡᠯᠭᠡᠭᠦᠷ ᠤᠨ ᠠᠯᠤᠰ ᠤᠨ ᠲᠥᠯᠥᠪ ᠢᠶᠠᠷ ᠰᠠᠶᠢᠨ᠂ ᠮᠡᠷᠭᠡᠵᠢᠯ ᠤᠨ ᠠᠭᠤᠯᠤᠭᠳᠠᠴᠠ ᠪᠠᠷ | ᠥᠨᠳᠥᠷ᠂ ᠭᠠᠶᠢᠯᠢ ᠲᠠᠲᠠᠪᠤᠷᠢ ᠶᠢᠨ ᠬᠤᠪᠢ ᠨᠡᠮᠡᠷᠢ ᠪᠠᠷ ᠶᠡᠭᠡ᠂ ᠠᠵᠢᠯ ᠣᠯᠭᠤᠯᠲᠠ ᠶᠢ ᠳᠠᠶᠢᠴᠢᠯᠠᠬᠤ ᠪᠠᠷ ᠴᠢᠩᠭ᠎ᠠ | ᠪᠠᠶᠢᠳᠠᠭ ᠳᠠᠪᠠᠭᠤᠯᠢᠭ ᠠᠵᠤ ᠦᠢᠯᠡᠳᠪᠦᠷᠢ ᠶᠢᠨ ᠲᠥᠷᠥᠯ ᠵᠦᠢᠯ ᠳᠤ ᠴᠢᠭᠯᠡᠭᠦᠯᠦᠨ᠂ ᠪᠡᠯᠡ ᠣᠷᠣᠭᠤᠯᠤᠯᠲᠠ ᠶᠢᠨ | ᠡᠷᠴᠢᠮ ᠢᠶᠠᠨ ᠨᠡᠮᠡᠭᠳᠡᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠵᠤ | ᠠᠬᠤᠢ ᠶᠢᠨ ᠰᠢᠨ᠎ᠡ ᠨᠡᠮᠡᠭᠳᠡᠯ ᠤᠨ ᠴᠢᠭ ᠢ ᠪᠣᠶᠢᠵᠢᠭᠤᠯᠬᠤ ᠶᠢᠨ ᠬᠠᠮᠲᠤ ᠳᠠᠭᠠᠭᠤᠯᠤᠭᠴᠢ ᠠᠵᠤ ᠠᠬᠤᠶᠢᠯᠠᠯ ᠢ | ᠣᠷᠣᠭᠤᠯᠵᠤ ᠢᠷᠡᠬᠦ ᠶᠢ ᠲᠦᠷᠭᠡᠳᠬᠡᠨ᠂ ᠬᠠᠮᠢᠶ᠎ᠠ ᠪᠦᠬᠦᠢ ᠠᠵᠤ ᠦᠢᠯᠡᠰ ᠤᠨ ᠲᠤᠬᠠᠢ ᠶᠢᠨ ᠭᠠᠵᠠᠷ ᠲᠤᠨᠢ | ᠬᠥᠭᠵᠢᠬᠦ ᠶᠢ ᠳᠠᠶᠢᠴᠢᠯᠠᠬᠤ ᠬᠡᠷᠡᠭᠲᠡᠢ᠃ | | |