5 ᠰᠠᠷ᠎ᠠ ᠶᠢᠨ 12 ᠤᠨ ᠡᠳᠦᠷ ᠪᠣᠯ ᠪᠥᠬᠦ ᠤᠯᠤᠰ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ | ᠡᠳᠦᠷ ᠮᠥᠨ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠮᠡᠳᠡᠯᠭᠡ ᠶᠢ ᠥᠷᠭᠡᠨ ᠢᠶᠠᠷ ᠤᠬᠠᠭᠤᠯᠤᠨ | ᠲᠦᠭᠡᠮᠡᠯᠵᠢᠭᠦᠯᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ | ᠦᠵᠡᠯ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠰᠢᠭᠤᠶᠢᠲᠤ ᠵᠡᠭᠡᠯᠢ ᠭᠤᠳᠤᠮᠵᠢ ᠲᠥᠪᠯᠡᠷᠡᠭᠦᠯᠦᠨ ᠤᠬᠠᠭᠤᠯᠬᠤ | ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠮᠡᠳᠡᠯᠭᠡ ᠶᠢ | ᠲᠦᠭᠡᠮᠡᠯᠵᠢᠭᠦᠯᠵᠦ᠂ ᠪᠥᠬᠦ ᠠᠷᠠᠳ ᠢᠶᠠᠷ ᠢᠶᠠᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠳᠤ ᠣᠷᠣᠯᠴᠠᠬᠤ | ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠢᠳᠡᠪᠬᠢᠲᠡᠢ ᠪᠣᠶ ᠪᠣᠯᠭᠠᠪᠠ᠃ | | | ᠠᠵᠢᠯᠲᠠᠳ ᠰᠠᠭᠤᠭᠠᠯᠢ ᠠᠷᠠᠳ ᠲᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ | ᠮᠠᠲ᠋ᠧᠷᠢᠶᠠᠯ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠰᠡᠵᠢᠭ ᠲᠠᠢ ᠠᠰᠠᠭᠤᠳᠠᠯ ᠢ ᠰᠢᠢᠳᠪᠦᠷᠢᠯᠡᠬᠦ ᠵᠡᠷᠭᠡ ᠬᠡᠯᠪᠡᠷᠢ ᠪᠠᠷ | ᠳᠠᠮᠵᠢᠭᠤᠯᠤᠨ᠂ ᠥᠷᠭᠡᠨ ᠣᠯᠠᠨ ᠰᠠᠭᠤᠭᠠᠯᠢ ᠠᠷᠠᠳ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ | ᠮᠡᠳᠡᠯᠭᠡ ᠶᠢ ᠣᠶᠢᠯᠠᠭᠠᠬᠤ ᠪᠠ ᠴᠢᠬᠤᠯᠠᠴᠢᠯᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠭᠠᠮᠰᠢᠭ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠭᠠᠮᠰᠢᠭ ᠠᠴᠠ ᠠᠪᠤᠷᠠᠬᠤ ᠵᠢᠴᠢ ᠪᠠᠶᠢᠭᠠᠯᠢ ᠶᠢᠨ ᠭᠠᠮᠰᠢᠭ ᠤᠨ ᠪᠠᠴᠢᠮ ᠪᠠᠶᠢᠳᠠᠯ ᠤᠨ ᠥᠪᠡᠷ ᠢ ᠪᠠᠨ | ᠠᠪᠤᠷᠠᠬᠤ ᠬᠠᠷᠢᠯᠴᠠᠨ ᠠᠪᠤᠷᠠᠬᠤ ᠪᠠᠴᠢᠮ ᠪᠠᠶᠢᠳᠠᠯ ᠢ ᠠᠷᠭᠠᠴᠠᠬᠤ ᠤᠷ᠎ᠠ ᠴᠢᠳᠠᠪᠤᠷᠢ ᠶᠢ ᠭᠤᠣᠯᠳᠠᠯᠭ᠎ᠠ ᠲᠠᠢ | ᠲᠠᠨᠢᠯᠴᠠᠭᠤᠯᠬᠤ ᠶᠢᠨ ᠬᠠᠮᠲᠤ ᠠᠮᠢᠳᠤᠷᠠᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠭᠡᠷ ᠪᠦᠯᠢ ᠶᠢᠨ | ᠴᠠᠬᠢᠯᠭᠠᠨ᠂ ᠬᠡᠢ᠂ ᠤᠰᠤᠨ ᠤ ᠠᠮᠤᠷ ᠲᠦᠪᠰᠢᠨ ᠤ ᠰᠡᠷᠭᠡᠶᠢᠯᠡᠯᠲᠡ ᠵᠡᠷᠭᠡ ᠮᠡᠳᠡᠯᠭᠡ ᠶᠢ ᠭᠤᠣᠯᠳᠠᠯᠭ᠎ᠠ ᠲᠠᠢ | ᠲᠠᠶᠢᠯᠪᠤᠷᠢᠯᠠᠵᠤ᠂ ᠰᠠᠭᠤᠭᠠᠯᠢ ᠠᠷᠠᠳ ᠲᠤ ᠭᠠᠮᠰᠢᠭ ᠢ ᠠᠷᠭᠠᠴᠠᠬᠤ ᠠᠷᠭ᠎ᠠ ᠶᠢ ᠡᠵᠡᠮᠰᠢᠭᠦᠯᠵᠦ᠂ ᠲᠣᠰ ᠤᠳᠠᠭᠠᠨ ᠤ | ᠠᠵᠢᠯᠯᠠᠭ᠎ᠠ ᠳᠤ ᠰᠠᠭᠤᠭᠠᠯᠢ ᠠᠷᠠᠳ ᠲᠤ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ 300 ᠭᠠᠷᠤᠢ | ᠬᠤᠪᠢ ᠲᠠᠷᠬᠠᠭᠠᠵᠤ᠂ ᠰᠠᠭᠤᠭᠠᠯᠢ ᠠᠷᠠᠳ ᠲᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠ ᠥᠪᠡᠷ ᠢ ᠪᠠᠨ | ᠠᠪᠤᠷᠠᠬᠤ ᠬᠠᠷᠢᠯᠴᠠᠨ ᠠᠪᠤᠷᠠᠬᠤ ᠮᠡᠳᠡᠯᠭᠡ ᠶᠢ ᠨᠠᠩ ᠣᠯᠠᠨ ᠡᠵᠡᠮᠰᠢᠭᠦᠯᠪᠡ᠃ | ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠰᠠᠭᠤᠭᠠᠯᠢ ᠠᠷᠠᠳ ᠲᠤ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ ᠦᠨᠳᠦᠰᠦᠨ ᠮᠡᠳᠡᠯᠭᠡ ᠶᠢ ᠤᠯᠠᠮ ᠨᠢᠭᠡ ᠠᠯᠬᠤᠮ ᠡᠵᠡᠮᠰᠢᠭᠦᠯᠵᠦ᠂ ᠬᠠᠷᠢᠶᠠᠲᠤ ᠣᠷᠣᠨ ᠤ | ᠰᠠᠭᠤᠭᠠᠯᠢ ᠠᠷᠠᠳ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠦᠵᠡᠯ ᠤᠬᠠᠮᠰᠠᠷ ᠪᠠ ᠥᠪᠡᠷ ᠢ ᠪᠠᠨ | ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃ ᠵᠠᠯᠭᠠᠭᠠᠳ ᠰᠢᠭᠤᠶᠢᠲᠤ ᠵᠡᠭᠡᠯᠢ | ᠭᠤᠳᠤᠮᠵᠢ ᠤᠬᠠᠭᠤᠯᠭ᠎ᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ | ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠠ ᠬᠤᠳᠠᠯᠳᠤᠭᠠᠨ ᠤ ᠡᠷᠦᠬᠡ ᠶᠢᠨ ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠠᠷᠢᠶᠠᠲᠤ ᠣᠷᠣᠨ ᠤ ᠳᠣᠲᠣᠷᠠᠬᠢ ᠠᠮᠤᠷ | ᠲᠦᠪᠰᠢᠨ ᠤ ᠬᠡᠮ ᠰᠣᠭᠤᠭ ᠢ ᠤᠯᠠᠮ ᠨᠢᠭᠡ ᠠᠯᠬᠤᠮ ᠠᠷᠢᠯᠭᠠᠵᠤ᠂ ᠰᠠᠭᠤᠭᠠᠯᠢ ᠠᠷᠠᠳ ᠤᠨ ᠪᠡᠶ᠎ᠡ ᠮᠠᠬᠠᠪᠤᠳ ᠡᠳ᠋ | ᠬᠥᠷᠥᠩᠭᠡ ᠶᠢᠨ ᠠᠮᠤᠷ ᠲᠦᠪᠰᠢᠨ ᠢ ᠪᠠᠲᠤᠯᠠᠨ᠎ᠠ᠃ | | |