ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠰᠢᠭᠤᠶᠢᠲᠤ ᠲᠣᠭᠤᠷᠢᠭ ᠤᠨ ᠠᠵᠢᠯ ᠦᠢᠯᠡᠰ ᠤᠨ ᠨᠢᠭᠡᠴᠡ ᠶᠢᠨ ᠠᠵᠢᠯ ᠳᠤ ᠪᠠᠶᠢᠭ᠎ᠠ ᠠᠵᠢᠯᠲᠠᠨ ᠤ ᠴᠠᠯᠢᠩ ᠵᠢᠴᠢ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/15
        ᠰᠢᠭᠤᠶᠢᠲᠤ ᠲᠣᠭᠤᠷᠢᠭ ᠤᠨ ᠠᠵᠢᠯ ᠦᠢᠯᠡᠰ ᠤᠨ ᠨᠢᠭᠡᠴᠡ ᠶᠢᠨ ᠴᠠᠯᠢᠩ ᠤᠨ ᠵᠢᠷᠤᠮᠵᠢᠭᠰᠠᠨ ᠬᠠᠮᠢᠶᠠᠷᠤᠯᠲᠠ ᠶᠢ ᠦᠨᠡᠨᠬᠦ ᠴᠢᠩᠭᠠᠳᠭᠠᠵᠤ᠂ ᠲᠤᠬᠠᠶᠢᠯᠠᠭᠰᠠᠨ ᠠᠵᠢᠯ ᠤᠨ ᠠᠵᠢᠯᠲᠠᠨ ᠤ ᠲᠥᠷᠥ ᠶᠢᠨ ᠪᠣᠳᠣᠯᠭ᠎ᠠ ᠶᠢᠨ ᠬᠢᠷᠢ ᠬᠡᠮᠵᠢᠶ᠎ᠡ ᠪᠣᠯᠣᠨ ᠭᠠᠷᠳᠠᠨ ᠬᠢᠬᠦ ᠴᠢᠳᠠᠪᠤᠷᠢ ᠶᠢ ᠨᠢ ᠪᠦᠲᠦᠮᠵᠢᠲᠡᠢ ᠳᠡᠭᠡᠭᠰᠢᠯᠡᠭᠦᠯᠬᠦ ᠶᠢᠨ ᠲᠤᠰᠠᠳᠠ᠂ 2024 ᠣᠨ ᠤ 5 ᠰᠠᠷ᠎ᠠ ᠶᠢᠨ 10 ᠤ ᠡᠳᠦᠷ᠂ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠰᠢᠭᠤᠶᠢᠲᠤ ᠲᠣᠭᠤᠷᠢᠭ ᠤᠨ ᠠᠵᠢᠯ ᠦᠢᠯᠡᠰ ᠤᠨ ᠨᠢᠭᠡᠴᠢ ᠶᠢᠨ ᠠᠵᠢᠯ ᠳᠤ ᠪᠠᠶᠢᠭ᠎ᠠ ᠠᠵᠢᠯᠲᠠᠨ ᠤ ᠴᠠᠯᠢᠩ ᠵᠢᠴᠢ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠬᠤ ᠶᠢᠨ ᠬᠠᠮᠲᠤ ︽ᠴᠠᠯᠢᠩ ᠤᠨ ᠲᠤᠬᠠᠶᠢᠯᠠᠭᠰᠠᠨ ᠠᠵᠢᠯ ᠤᠨ ᠵᠢᠯᠤᠭᠤᠳᠬᠤ ᠭᠠᠷ ᠳᠡᠪᠲᠡᠷ︾ ᠲᠠᠷᠬᠠᠭᠠᠵᠤ᠂ ᠪᠥᠬᠦ ᠲᠣᠭᠤᠷᠢᠭ ᠤᠨ ᠡᠯ᠎ᠡ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ 80 ᠭᠠᠷᠤᠢ ᠤᠯᠤᠰ ᠲᠥᠷᠥ ᠶᠢᠨ ᠠᠵᠢᠯᠴᠢᠨ ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠪᠠ᠃        ᠪᠣᠯᠪᠠᠰᠤᠷᠠᠭᠤᠯᠤᠯ ᠤᠨ ᠬᠤᠷᠠᠯ ᠳᠡᠭᠡᠷ᠎ᠡ ᠭᠤᠣᠯᠳᠠᠭᠤ ᠠᠵᠢᠯ ᠦᠢᠯᠡᠰ ᠤᠨ ᠨᠢᠭᠡᠴᠡ ᠶᠢᠨ ᠠᠵᠢᠯ ᠳᠤ ᠪᠠᠶᠢᠭ᠎ᠠ ᠠᠵᠢᠯᠲᠠᠨ ᠤ ᠲᠤᠷᠰᠢᠨ ᠬᠡᠷᠡᠭᠯᠡᠬᠦ ᠬᠤᠭᠤᠴᠠᠭ᠎ᠠ᠂ ᠵᠢᠩᠬᠢᠨᠢᠴᠢᠯᠡᠵᠦ ᠳᠡᠰ ᠲᠣᠭᠲᠠᠭᠠᠬᠤ᠂ ᠠᠵᠢᠯᠯᠠᠭᠰᠠᠨ ᠣᠨ ᠵᠢᠯ ᠢ ᠮᠠᠭᠠᠳᠯᠠᠨ ᠲᠣᠭᠲᠠᠭᠠᠬᠤ᠂ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠬᠤ᠂ ᠵᠠᠰᠠᠭ ᠵᠠᠬᠢᠷᠭᠠᠨ᠂ ᠡᠷᠡᠭᠦᠦ ᠶᠢᠨ ᠰᠢᠳᠬᠡᠯ ᠥᠭᠬᠦ ᠪᠠ ᠴᠠᠯᠢᠩ ᠣᠯᠵᠤ ᠰᠢᠢᠳᠪᠦᠷᠢᠯᠡᠬᠦ ᠵᠢᠴᠢ ᠠᠯᠪᠠᠨ ᠪᠠᠶᠢᠭᠤᠯᠭ᠎ᠠ ᠠᠵᠢᠯ ᠦᠢᠯᠡᠰ ᠤᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ ᠡᠮᠬᠢᠯᠡᠨ ᠲᠠᠶᠢᠯᠤᠮᠵᠢ ᠬᠢᠵᠦ᠂ ᠡᠳᠦᠷ ᠲᠤᠲᠤᠮ ᠤᠨ ᠠᠵᠢᠯ ᠤᠨ ᠳᠤᠮᠳᠠ ᠪᠠᠶᠢᠩᠭᠤ ᠲᠣᠬᠢᠶᠠᠯᠳᠤᠬᠤ ᠠᠰᠠᠭᠤᠳᠠᠯ ᠳᠤ ᠬᠠᠷᠢᠭᠤᠯᠲᠠ ᠥᠭᠬᠦ ᠶᠢᠨ ᠬᠠᠮᠲᠤ ᠠᠵᠢᠯ ᠤᠨ ᠳᠤᠮᠳᠠ ᠪᠠᠶᠢᠩᠭᠤ ᠲᠣᠬᠢᠶᠠᠯᠳᠤᠬᠤ ᠠᠰᠠᠭᠤᠳᠠᠯ ᠳᠤ ᠬᠠᠷᠢᠭᠤᠯᠲᠠ ᠥᠭᠴᠦ᠂ ᠪᠣᠯᠪᠠᠰᠤᠷᠠᠭᠤᠯᠤᠯ ᠳᠤ ᠣᠷᠣᠯᠴᠠᠭᠰᠠᠳ ᠢᠳᠡᠪᠬᠢᠲᠡᠢ ᠪᠠᠷ ᠬᠥᠳᠡᠯᠦᠯᠴᠡᠨ᠂ ᠬᠠᠮᠲᠤ ᠪᠠᠷ ᠰᠣᠯᠢᠯᠴᠠᠵᠤ᠂ ᠪᠣᠯᠪᠠᠰᠤᠷᠠᠭᠤᠯᠤᠯ ᠤᠨ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠪᠡ᠃
1715590377818053235.jpeg
        ᠴᠠᠯᠢᠩ ᠠᠰᠠᠷᠠᠮᠵᠢ ᠶᠢᠨ ᠠᠵᠢᠯ ᠤᠨ ᠬᠡᠪᠴᠢᠶ᠎ᠡ ᠥᠷᠭᠡᠨ᠂ ᠲᠥᠷᠥ ᠶᠢᠨ ᠪᠣᠳᠣᠯᠭ᠎ᠠ ᠶᠢᠨ ᠴᠢᠨᠠᠷ ᠢᠶᠠᠷ ᠴᠢᠩᠭ᠎ᠠ ᠪᠠᠶᠢᠵᠤ᠂ ᠠᠵᠢᠯᠲᠠᠨ ᠠᠵᠢᠯᠴᠢᠨ ᠤ ᠬᠤᠪᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠ ᠪᠣᠳᠠᠲᠠᠢ ᠬᠢᠬᠦ ᠶᠠᠪᠤᠴᠠ ᠳᠤ ᠴᠥᠮ ᠳᠡᠭᠡᠳᠦ ᠬᠡᠮᠵᠢᠶᠡᠨ ᠤ ᠲᠤᠰᠬᠠᠢ ᠠᠵᠢᠯ ᠤᠨ ᠴᠢᠨᠠᠷ ᠪᠠ ᠵᠢᠷᠤᠮᠵᠢᠯ ᠤᠨ ᠴᠢᠨᠠᠷ  ᠢ ᠱᠠᠭᠠᠷᠳᠠᠭᠰᠠᠨ ᠪᠠᠶᠢᠨ᠎ᠠ᠃ ᠲᠣᠰ ᠤᠳᠠᠭᠠᠨ ᠤ ᠪᠣᠯᠪᠠᠰᠤᠷᠠᠭᠤᠯᠤᠯ ᠢ ᠥᠷᠨᠢᠭᠦᠯᠬᠦ ᠨᠢ ᠴᠠᠯᠢᠩ ᠠᠰᠠᠷᠠᠮᠵᠢ ᠶᠢᠨ ᠠᠵᠢᠯ ᠤᠨ ᠵᠢᠷᠤᠮᠵᠢᠭᠰᠠᠨ᠂ ᠰᠢᠨᠵᠢᠯᠡᠬᠦ ᠤᠬᠠᠭᠠᠨᠴᠢᠯᠠᠭᠰᠠᠨ᠂ ᠨᠠᠷᠢᠯᠢᠭᠵᠢᠭᠤᠯᠤᠭᠰᠠᠨ ᠬᠥᠭᠵᠢᠯᠲᠡ ᠶᠢ ᠠᠬᠢᠭᠤᠯᠬᠤ ᠳᠤ ᠠᠰᠢᠭᠲᠠᠢ ᠶᠤᠮ᠃ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠦᠨ ᠪᠠᠲᠤᠯᠠᠭ᠎ᠠ ᠶᠢᠨ ᠲᠣᠪᠴᠢᠶ᠎ᠠ ᠨᠢ ᠴᠠᠯᠢᠩ ᠤᠨ  ᠰᠢᠰᠲ᠋ᠧᠮ ᠳᠤ ᠲᠦᠰᠢᠭᠯᠡᠨ ᠴᠠᠯᠢᠩ ᠤᠨ ᠡᠳᠦᠷ ᠳᠣᠳᠣᠮ ᠤᠨ ᠬᠠᠮᠢᠶᠠᠷᠤᠯᠲᠠ ᠶᠢᠨ ᠠᠵᠢᠯ ᠢ ᠴᠢᠩᠭᠠᠳᠭᠠᠵᠤ᠂ ᠴᠠᠯᠢᠩ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠵᠢᠯᠣᠭᠤᠳᠤᠯᠭ᠎ᠠ ᠪᠠᠨ ᠦᠷᠭᠦᠯᠵᠢᠯᠡᠨ ᠴᠢᠩᠭᠠᠳᠭᠠᠵᠤ᠂ ᠤᠯᠤᠰ ᠲᠥᠷᠥ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ ᠰᠠᠭᠤᠷᠢ ᠶᠢ ᠪᠦᠬᠦ ᠲᠠᠯ᠎ᠠ ᠪᠠᠷ ᠪᠠᠲᠤᠳᠭᠠᠵᠤ᠂ ᠴᠠᠯᠢᠩ ᠤᠨ ᠲᠤᠬᠠᠶᠢᠯᠠᠭᠰᠠᠨ ᠠᠵᠢᠯ ᠤᠨ ᠭᠦᠢᠴᠡᠳᠬᠡᠬᠦ ᠴᠠᠭ ᠬᠤᠭᠤᠴᠠᠭ᠎ᠠ᠂ ᠣᠨᠣᠪᠴᠢᠲᠠᠢ᠂ ᠥᠨᠳᠥᠷ ᠪᠦᠲᠦᠮᠵᠢᠲᠡᠢ ᠪᠠᠶᠢᠬᠤ ᠶᠢ ᠦᠨᠡᠨᠬᠦ ᠠᠬᠢᠭᠤᠯᠵᠤ᠂ ᠥᠷᠭᠡᠨ ᠣᠯᠠᠨ ᠠᠵᠢᠯᠲᠠᠨ ᠠᠵᠢᠯᠴᠢᠨ ᠳᠤ ᠴᠢᠨᠠᠷ ᠰᠠᠶᠢᠲᠠᠢ ᠦᠢᠯᠡᠴᠢᠯᠡᠭᠡ ᠬᠠᠩᠭᠠᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号